ᠵᠡᠭᠦᠨᠭᠠᠷ ᠬᠤᠰᠢᠭᠤ᠄ ᠣᠶᠤᠨᠴᠢ ᠠᠭᠤᠷᠬᠠᠢ ᠶᠢ ᠡᠬᠦᠳᠤᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2022/5/12
     ᠣᠶᠢᠷ᠎ᠠ ᠶᠢᠨ ᠵᠢᠯ ᠠᠴᠠ ᠨᠠᠭᠠᠰᠢ᠂ ᠵᠡᠭᠦᠨᠭᠠᠷ  ᠬᠤᠰᠢᠭᠤ ᠣᠶᠤᠨᠴᠢᠯᠠᠭᠰᠠᠨ ᠵᠢᠯᠣᠭᠤᠳᠤᠯᠭ᠎ᠠ ᠪᠠᠷ ᠰᠠᠭᠤᠷᠢ ᠪᠣᠯᠭᠠᠨ᠂ ᠨᠡᠭᠦᠷᠡᠰᠦᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠵᠤ᠂ ︽ᠬᠥᠮᠥᠨ ᠡᠵᠡᠮᠳᠡᠵᠤ︾ ᠪᠠᠶᠢᠬᠰᠠᠨ‌ᠡᠴᠡ ︽  ᠳᠤᠭ᠎ᠠ ᠪᠠᠷ ᠡᠵᠡᠮᠳᠡᠬᠦ︾ ᠬᠦᠷᠲᠡᠯᠡᠬᠢ ᠳᠡᠰ ᠳᠡᠪᠰᠢᠭᠰᠡᠨ ᠴᠣᠭᠴᠠᠯᠠᠯᠳᠠ ᠪᠠᠷ ᠳᠠᠮᠵᠢᠭᠤᠯᠤᠨ᠂ ︽ᠠᠦ᠋ᠲ᠋ᠣᠴᠢᠯᠠᠬᠤ︾ ᠠᠴᠠ ︽ᠣᠶᠤᠨᠴᠢᠯᠠᠬᠤ︾ ᠬᠦᠷᠲᠡᠯᠡᠬᠢ ᠶᠢ ᠪᠦᠬᠦ ᠲᠠᠯ᠎ᠠ  ᠪᠠᠷ ᠳᠦᠷᠭᠡᠳᠭᠡᠨ᠂ ᠬᠥᠮᠥᠨ ᠢ ᠴᠥᠭᠡᠳᠬᠡᠨ ᠬᠤᠷᠳᠤᠴᠠ ᠶᠢ  ᠳᠦᠷᠭᠡᠳᠭᠡᠬᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠭᠪᠤᠷ ᠢ ᠪᠦᠷᠢᠯᠳᠦᠭᠦᠯᠵᠦ᠂ ᠣᠶᠤᠨᠴᠢ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠰᠢᠨ᠎ᠡ ᠵᠠᠭᠪᠤᠷ ᠢ ᠢᠳᠡᠪᠬᠢᠲᠡᠢ ᠴᠣᠭᠴᠠᠯᠠᠵᠤ ᠪᠠᠶᠢᠨ᠎ᠠ᠃
绿色1.jpg
     ᠨᠢᠭᠡ ᠳᠠᠷᠤᠪᠴᠢ ᠪᠠᠷ ᠨᠡᠭᠦᠷᠡᠰᠦ ᠮᠠᠯᠲᠠᠵᠤ ᠬᠥᠮᠥᠨ ᠤ ᠬᠦᠴᠦᠨ ᠢ ᠪᠠᠭᠠᠰᠬᠠᠨ     ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠠ     ᠥᠪᠥᠷ ᠮᠣᠩᠭᠤᠯ ᠤᠨ ᠣᠶᠤᠨᠴᠢ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠮᠠ ᠳ᠋ᠢ ᠯᠢᠶᠠᠩ ᠨᠡᠭᠦᠷᠡᠰᠦᠨ ᠠᠭᠤᠷᠬᠠᠢ ᠶᠢᠨ ᠲᠣᠬᠢᠷᠠᠭᠤᠯᠤᠯᠳᠠ ᠶᠢᠨ ᠲᠥᠪᠯᠡᠷᠡᠭᠦᠯᠦᠨ ᠡᠵᠡᠮᠳᠡᠬᠦ ᠲᠥᠪ ᠲᠤ᠂ ᠠᠵᠢᠯᠲᠠᠳ 5G+ᠣᠶᠤᠨᠴᠢ ᠨᠡᠭᠦᠷᠡᠰᠦ ᠮᠠᠯᠲᠠᠬᠤ ᠳᠠᠷᠤᠪᠴᠢ ᠶᠢ ᠳᠠᠷᠤᠵᠤ᠂ ᠠᠯᠤᠰ ᠠᠴᠠ ᠡᠵᠡᠮᠳᠡᠨ᠂ ᠬᠢᠨᠠᠨ ᠡᠵᠡᠮᠳᠡᠬᠦ ᠸᠢᠳᠢᠤ᠋ ᠪᠠᠷ ᠳᠠᠮᠵᠢᠭᠤᠯᠤᠨ ᠠᠭᠤᠷᠬᠠᠢ ᠶᠢᠨ ᠬᠤᠳᠳᠤᠭ ᠲᠤ ᠪᠦᠷᠢᠨ ᠠᠦ᠋ᠲ᠋ᠤᠴᠢᠯᠠᠬᠰᠠᠨ ᠨᠡᠭᠦᠷᠡᠰᠦ ᠮᠠᠯᠲᠠᠬᠤ ᠠᠵᠢᠯ ᠢ ᠪᠡᠶᠡᠯᠡᠭᠦᠯᠤᠨ᠎ᠠ᠃ ᠤᠯᠠᠮᠵᠢᠯᠠᠯᠲᠤ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠠᠵᠢᠯ  ᠳᠤᠮᠳᠠ᠂ ᠡᠨᠡ ᠬᠦ ᠠᠵᠢᠯ ᠢ 6 ᠠᠵᠢᠯᠴᠢᠨ ᠰᠠᠶ᠋ᠢ ᠪᠡᠶᠡᠯᠡᠭᠦᠯᠵᠦ ᠳᠡᠶᠢᠯᠳᠡᠭ᠂  ᠤᠳᠤᠬᠠᠨ ᠳᠤ 5G ᠶᠢᠨ ᠮᠡᠳᠡᠭᠡ ᠬᠤᠯᠪᠣᠭᠠᠨ ᠤ ᠮᠡᠷᠭᠡᠵᠢᠯ  ᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ  ᠢ ᠡᠵᠡᠮᠳᠡᠬᠦ ᠳᠤ ᠭᠡᠷᠡᠭᠯᠡᠵᠤ ᠂ ᠥᠩᠭᠡᠷᠡᠭᠰᠡᠨ ᠤ ᠨᠡᠭᠦᠷᠡᠰᠦ ᠮᠠᠯᠲᠠᠬᠤ ᠠᠵᠢᠯᠴᠢᠨ ᠢ ︽ᠺᠣᠮᠫᠠᠨᠢ ᠶᠢᠨ ᠴᠠᠭᠠᠨ ᠵᠠᠭᠠᠮᠠᠳᠠᠨ︾ ᠪᠣᠯᠭᠠᠨ ᠬᠤᠪᠢᠷᠠᠭᠤᠯᠤᠭᠰᠠᠨ ᠪᠠᠶᠢᠨ᠎ᠠ᠂ ᠡᠶᠢᠮᠦᠷᠬᠦ ᠬᠤᠪᠢᠷᠠᠯᠲᠠ ᠨᠢ ᠨᠡᠭᠦᠷᠡᠰᠦ ᠮᠠᠯᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠪᠠᠰᠠ 30% ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠨ᠎ᠠ᠃
绿色2.jpg     ᠥᠪᠥᠷ ᠮᠣᠩᠭᠤᠯ ᠤᠨ ᠣᠶᠤᠨᠴᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠠ ᠳ᠋ᠢ ᠯᠢᠶᠠᠩ ᠨᠡᠭᠦᠷᠡᠰᠦᠨ ᠠᠭᠤᠷᠬᠠᠢ ᠶᠢ 2017 ᠣᠨ
 ᠠᠴᠠ ᠡᠬᠢᠯᠡᠨ ᠪᠠᠶᠢᠭᠤᠯᠵᠤ᠂ ᠨᠡᠶᠢᠲᠡ 21 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 500 ᠲᠦᠮᠡᠨ ᠲᠣᠨ ᠨᠡᠭᠦᠷᠡᠰᠦ ᠦᠢᠯᠡᠳᠪᠦᠷᠢᠯᠡᠳᠡᠭ᠃ 5G+ᠣᠶᠤᠨᠴᠢ ᠨᠡᠭᠡᠭᠡᠨ ᠮᠠᠯᠲᠠᠬᠤ ᠦᠢᠯᠡᠳᠦᠯᠭᠡ ᠨᠢ ︽ᠬᠦᠴᠦ ᠬᠥᠯᠥᠰᠦ︾ ᠪᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ ᠳᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ︽ᠲᠤᠰᠬᠠᠢ ᠬᠥᠮᠥᠨ ᠬᠡᠷᠡᠭᠯᠡᠬᠦ᠂ ᠠᠵᠢᠯ ᠤᠨ ᠪᠠᠶᠢᠷᠢ ᠰᠣᠯᠢᠬᠤ᠂ ᠲᠤᠰᠬᠠᠢ ᠮᠡᠷᠭᠡᠵᠢᠯ ᠬᠡᠷᠡᠭᠯᠡᠬᠦ︾  ᠶᠢ ︽ᠵᠢᠵᠢᠭᠦᠷᠯᠡᠭᠴᠢ ᠦᠭᠡᠢ᠂ ᠲᠤᠰᠬᠠᠢ ᠬᠥᠮᠥᠨ ᠲᠣᠭᠤᠷᠢᠨ ᠪᠠᠶᠢᠴᠠᠭᠠᠬᠤ︾  ᠳᠡᠶᠢᠰᠢ ᠬᠤᠪᠢᠷᠠᠭᠤᠯᠵᠦ᠂ ᠣᠶᠤᠨᠴᠢ ᠠᠭᠤᠷᠬᠠᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠡᠢ᠃     ᠥᠪᠥᠷ ᠮᠣᠩᠭᠤᠯ ‍ᠤᠨ‌ᠣᠶᠤᠨᠴᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠦ᠋ ᠶᠢᠨ ᠰᠦᠩ᠄ ︽ᠠᠳᠠᠯᠢ ᠬᠡᠪᠴᠢᠶᠡᠨ ᠤ ᠭᠠᠷᠤᠯᠲᠠ ᠲᠠᠢ ᠠᠭᠤᠷᠬᠠᠢ ᠶᠢᠨ ᠬᠤᠳᠳᠤᠭ  ᠢᠶᠠᠷ ᠵᠢᠱᠢᠶᠡᠯᠡᠪᠡᠯ᠂ ᠤᠯᠠᠮᠵᠢᠯᠠᠯᠲᠤ ᠠᠭᠤᠷᠬᠠᠢ ᠶᠢᠨ ᠬᠤᠳᠳᠤᠭ ᠲᠤ 1500 ᠣᠷᠴᠢᠮ ᠬᠥᠮᠥᠨ ᠲᠠᠢ ᠪᠠᠶᠢᠪᠠ᠂ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠣᠯᠣᠨ 5G ᠶᠢᠨ ᠬᠡᠷᠡᠭᠯᠡᠯᠲᠡ ᠪᠠᠷ ᠳᠠᠮᠵᠢᠨ᠂ ᠮᠠᠨ ᠤ ᠤᠳᠤ ᠶᠢᠨ ᠪᠣᠳᠠᠲᠠᠢ ᠬᠥᠮᠥᠨ ᠤ ᠲᠤᠭ᠎ᠠ 700 ᠬᠥᠮᠥᠨ ᠪᠠᠶᠢᠵᠤ᠂ ᠬᠤᠳᠳᠤᠭ ᠳᠣᠣᠷᠠᠬᠢ ᠠᠵᠢᠯ ᠤᠨ ᠪᠠᠶᠢᠷᠢ ᠤᠤᠯ ᠤᠨ 200 ᠭᠠᠷᠤᠢ ᠬᠥᠮᠥᠨ ᠪᠠᠶᠢᠭᠰᠠᠨ ᠠᠴᠠ ᠪᠠᠨ ᠪᠠᠭᠠᠰᠤᠭᠠᠳ ᠤᠳᠤ 100 ᠬᠥᠮᠥᠨ ᠬᠦᠷᠬᠦ ᠦᠭᠡᠢ ᠪᠣᠯᠵᠠᠢ᠃ ᠣᠶᠤᠨᠴᠢᠯᠠᠭᠰᠠᠨ ᠰᠢᠰᠲ᠋ᠧᠮ ᠤᠨ ᠪᠠᠶᠢᠭᠤᠯᠤᠭᠳᠠᠵᠤ ᠦᠷ᠎ᠡ ᠪᠦᠲᠦᠮᠵᠢ ᠣᠯᠬᠤ ᠶᠢ ᠳᠠᠭᠠᠯᠳᠤᠨ᠂ ᠪᠢᠳᠡ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠵᠠᠭᠤᠨ ᠵᠢᠯ ᠤᠨ ᠲᠤᠷᠰᠢ ᠰᠥᠨᠢ ᠶᠢᠨ ᠡᠭᠡᠯᠵᠢᠨ ᠳᠤ ᠭᠠᠷᠬᠤ ᠦᠭᠡᠢ ᠭᠡᠰᠡᠨ ᠬᠦᠰᠡᠯ ᠢ ᠪᠡᠶᠡᠯᠡᠭᠦᠯᠵᠦ᠂ ᠠᠳᠠᠯᠢ ᠬᠡᠪᠴᠢᠶᠡᠨ ᠤ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠪᠡᠷ ᠤᠨ ᠦᠷᠳᠡᠭ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢ ᠠᠴᠠ ᠳᠣᠣᠷ᠎ᠠ ᠪᠠᠶᠢᠬᠤ ᠬᠦᠰᠡᠯ ᠢ ᠪᠡᠶᠡᠯᠡᠭᠦᠯᠪᠡ᠃ ᠪᠢᠳᠡ ᠣᠶᠤᠨᠴᠢᠯᠠᠭᠰᠠᠨ‌‍ᠰᠢᠰᠲ᠋ᠧᠮ ᠤᠨ ᠰᠠᠭᠤᠷᠢᠨ ᠳᠡᠭᠡᠷ᠎ᠡ᠂ ᠣᠶᠤᠨᠴᠢ‌ᠠᠮᠤᠷ ᠲᠦᠪᠰᠢᠨ ᠤ ᠳᠤᠲᠠᠭᠤᠳᠠᠯ ᠢ ᠨᠥᠬᠦᠪᠦᠷᠢᠯᠡᠵᠦ᠂ ᠲᠤᠭ᠎ᠠ ᠪᠠᠷᠢᠮᠲᠠ ᠪᠠᠷ ᠴᠢᠳᠠᠪᠤᠷᠢ ᠣᠯᠭᠤᠬᠤ ᠠᠵᠤ ᠠᠬᠤᠶᠢᠯᠠᠯ ᠢ ᠬᠥᠭᠵᠢᠭᠦᠯᠤᠨ᠂ ᠨᠡᠭᠦᠷᠡᠰᠦᠨ ᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠣᠶᠤᠨᠴᠢ ᠬᠥᠭᠵᠢᠯᠲᠡ ᠶᠢ ᠪᠡᠶᠡᠯᠡᠭᠦᠯᠬᠦ ᠪᠠᠷ ᠪᠡᠯᠡᠬᠡᠨ ᠪᠠᠶᠢᠨ᠎ᠠ︾ ᠭᠡᠵᠦ  ᠶᠠᠷᠢᠨ᠎ᠠ᠃          ᠰᠢᠨᠵᠢᠯᠡᠬᠦ ᠤᠬᠠᠭᠠᠨ ᠮᠡᠷᠭᠡᠵᠢᠯ  ᠢᠶᠠᠷ  ᠴᠢᠳᠠᠪᠤᠷᠢ ᠣᠯᠭᠤᠵᠤ          ᠨᠡᠭᠦᠷᠡᠰᠦᠨ ᠠᠭᠤᠷᠬᠠᠢ ᠠᠶᠤᠯᠭᠦᠢ ᠪᠠᠷ ᠦᠢᠯᠡᠳᠪᠦᠷᠢᠯᠠᠪᠠ      ᠣᠷᠳᠣᠰ ᠬᠤᠲᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠦᠩ ᠸᠠᠩ ᠭᠧᠦ ᠨᠡᠭᠦᠷᠡᠰᠦᠨ ᠠᠭᠤᠷᠬᠠᠢ ᠶᠢᠨ ᠬᠤᠳᠳᠤᠭ ᠲᠤ᠂ ︽ᠣᠶᠤᠨᠴᠢ ᠬᠤᠯᠪᠣᠭ᠎ᠠ︾ ᠭᠡᠬᠦ ︽ᠲᠢᠶᠠᠨ ᠶᠠᠨ︾ᠢᠨᠵᠧᠨᠧᠷᠢᠩ ᠪᠤᠢ᠂ ᠡᠨᠡᠬᠦ ᠢᠨᠵᠧᠨᠧᠷᠢᠩ ᠨᠢ ᠪᠦᠬᠦᠶᠢᠯᠡ ᠠᠭᠤᠷᠬᠠᠢ ᠶᠢᠨ ᠬᠤᠳᠳᠤᠭ ᠲᠤ 240 ᠭᠠᠷᠤᠢ ᠳᠦᠷᠰᠦ ᠰᠢᠩᠭᠡᠭᠡᠬᠦ ᠮᠠᠰᠢᠨ ᠪᠠᠶᠢᠷᠢᠯᠠᠭᠤᠯᠤᠨ᠂ ᠦᠢᠯᠡᠳᠪᠦᠷᠢᠯᠡᠯ ᠬᠥᠮᠥᠷᠭᠡᠯᠡᠯᠲᠡ ᠶᠢ ᠪᠦᠬᠦᠨ ᠢ ᠬᠢᠨᠠᠨ ᠡᠵᠡᠮᠳᠡᠬᠦ ᠶᠢ ᠪᠡᠶᠡᠯᠡᠭᠦᠯᠦᠭᠰᠡᠨ ᠪᠠᠶᠢᠨ᠎ᠠ᠂ ᠡᠨᠡ ᠪᠣᠯ ᠯᠦᠩ ᠸᠠᠩ ᠭᠧᠦ ᠨᠡᠭᠦᠷᠡᠰᠦᠨ ᠠᠭᠤᠷᠬᠠᠢ ᠶᠢᠨ ᠣᠶᠤᠨᠴᠢ ᠠᠭᠤᠷᠬᠠᠢ ᠶᠢᠨ ᠵᠢᠯᠤᠭᠤᠳᠬᠤ ᠲᠥᠪ ᠪᠠᠶᠢᠵᠤ᠂ ᠳ᠋ᠣᠺᠲ᠋ᠣᠷ ᠤᠨ ᠠᠵᠢᠯᠯᠠᠬᠤ ᠦᠷᠳᠡᠭᠡ᠂ ᠵᠥᠭᠡᠯᠡᠨ ᠲᠤᠨᠤᠭ ᠰᠤᠳᠤᠯᠤᠨ ᠨᠡᠭᠡᠭᠡᠬᠦ ᠳᠤᠭᠤᠶᠢᠯᠠᠩ᠂ ᠲᠦᠷᠦᠯ ᠵᠦᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠠᠴᠠ ᠬᠠᠮᠲᠤᠷᠠᠨ ᠪᠠᠶᠢᠭᠤᠯᠵᠡᠢ᠃ ᠡᠳᠡᠭᠡᠷ ᠪᠦᠲᠦᠭᠡᠯᠴᠢ ᠴᠢᠳᠠᠪᠤᠷᠢ ᠪᠠᠷ ᠲᠡᠭᠦᠯᠳᠡᠷ ᠳᠠᠷᠤᠭᠤᠯᠴᠢᠨ ᠤ  ᠠᠵᠢᠯᠯᠠᠬᠤ ᠠᠷᠭ᠎ᠠ ᠨᠢ ᠴᠥᠮ ᠠᠭᠤᠷᠬᠠᠢ ᠶᠢᠨ ᠬᠤᠳᠳᠤᠭ ᠤᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠮᠠᠰᠢᠨᠴᠢᠯᠠᠯᠲᠠ ᠪᠠᠷ ᠬᠥᠮᠥᠨ ᠰᠣᠯᠢᠬᠤ᠂ ᠠᠦ᠋ᠲ᠋ᠣᠴᠢᠯᠠᠯᠲᠠ ᠪᠠᠷ ᠬᠥᠮᠥᠨ ᠬᠠᠰᠤᠬᠤ ᠶᠢ ᠪᠡᠶᠡᠯᠡᠭᠦᠯᠵᠦ᠂ ᠣᠶᠤᠨᠴᠢᠯᠠᠯᠳᠠ ᠶᠢ ᠪᠡᠶᠡᠯᠡᠬᠦᠯᠪᠡ᠃
绿色3.jpg
      ᠣᠷᠳᠣᠰ ᠬᠤᠳᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠦᠩ ᠸᠠᠩ ᠭᠧᠦ ᠨᠡᠭᠦᠷᠡᠰᠦᠨ ᠠᠭᠤᠷᠬᠠᠢ ᠶᠢᠨ ︽ᠣᠶᠤᠨᠴᠢ ᠬᠤᠯᠪᠣᠭ᠎ᠠ︾ ᠨᠢ  ᠤᠳᠤᠬᠠᠨ ᠳᠤ 34 ᠬᠥᠮᠥᠨ ᠲᠠᠢ ᠪᠠᠶᠢᠵᠤ᠂ ᠭᠤᠤ ᠶᠤᠸᠠᠢ ᠪᠣᠯ ᠲᠡᠭᠦᠨ ᠤ ᠳᠣᠲᠣᠷᠠᠬᠢ ᠨᠢᠭᠡ ᠭᠡᠰᠢᠭᠦᠨ ᠪᠣᠯᠣᠨ᠎ᠠ᠂ ᠲᠡᠷᠡ ᠠᠶᠤᠯ ᠲᠦᠭᠰᠢᠭᠦᠷᠢ ᠵᠢᠴᠢ ᠭᠡᠮ ᠰᠣᠭᠤᠭ ᠤᠨ ᠰᠢᠰᠲ᠋ᠧᠮ ᠤᠨ ᠬᠠᠮᠢᠶᠠᠷᠤᠯᠲᠠ ᠳᠤ ᠴᠢᠳᠠᠮᠠᠭᠠᠢ ᠪᠠᠶᠢᠳᠠᠭ ᠪᠥᠭᠡᠳ ᠬᠤᠯᠪᠣᠭ᠎ᠠ ᠶᠢᠨ ᠳᠣᠲᠣᠷᠠᠬᠢ ᠴᠤᠷ ᠤᠨ ᠭᠠᠭᠴᠠ ᠡᠮᠡᠭᠲᠡᠢ ᠭᠡᠰᠢᠭᠦᠨ ᠪᠣᠯᠬᠤᠷ ︽ᠡᠮᠡᠭᠳᠡᠢ ᠴᠢᠳᠠᠪᠤᠷᠢᠳᠠᠨ︾ ᠬᠡᠮᠡᠭᠳᠡᠵᠡᠢ᠃ ᠲᠡᠷᠡ᠄ ︽ᠪᠢ ᠵᠢᠯ ᠭᠠᠷᠤᠢ ᠶᠢᠨ ᠴᠠᠭ ᠢ ᠵᠠᠷᠤᠴᠠᠭᠤᠯᠵᠤ ᠪᠠᠶᠢᠭᠠᠳ᠂  ᠰᠢᠷᠣᠢ ᠶᠢᠨ ᠪᠠᠷᠢᠯᠭ᠎ᠠ ᠶᠢᠨ ᠲᠤᠰᠬᠠᠢ ᠮᠡᠷᠭᠡᠵᠢᠯ ᠠᠴᠠ ᠪᠠᠨ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠤᠰᠬᠠᠢ ᠮᠡᠷᠭᠡᠵᠢᠯ  ᠢ  ᠰᠤᠷᠤᠯᠴᠠᠬᠰᠠᠨ  ᠪᠢᠯᠡ᠂ ᠡᠨᠡ ᠬᠦ ᠶᠠᠪᠤᠴᠠ ᠳᠤ ᠪᠢ ᠮᠠᠰᠢ ᠤᠯᠠᠨ ᠮᠡᠳᠡᠯᠭᠡ ᠶᠢ  ᠰᠤᠷᠴᠤ ᠮᠡᠳᠡᠭᠡᠳ᠂  ᠣᠯᠣᠯᠲᠠ ᠶᠡᠭᠡ ᠪᠠᠶᠢᠨ᠎ᠠ︾ ᠭᠡᠵᠦ  ᠶᠠᠷᠢᠨ᠎ᠠ᠃       ᠲᠤᠰ ᠠᠭᠤᠷᠬᠠᠢ ᠠᠵᠤ ᠠᠬᠤᠶᠢᠯᠠᠯ ᠤᠨ ᠴᠢᠳᠠᠪᠤᠷᠢᠲᠠᠨ ᠤ ᠡᠩᠨᠡᠭᠡ᠂ ᠣᠶᠤᠨᠴᠢ ᠠᠭᠤᠷᠬᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠲᠦᠷᠭᠡᠨ ᠬᠥᠭᠵᠢᠬᠦ ᠶᠢ ᠢᠳᠡᠪᠬᠢᠲᠡᠢ ᠠᠬᠢᠭᠤᠯᠤᠭᠰᠠᠭᠠᠷ ᠢᠷᠡᠵᠠᠢ᠃ ᠣᠳᠣᠬᠠᠨ ᠳᠤ᠂ ᠣᠶᠤᠨᠴᠢ ᠬᠤᠯᠪᠣᠭ᠎ᠠ ᠶᠢᠨ ᠬᠢᠨ ᠨᠢᠭᠡᠨᠲᠡ 126 ᠳᠡᠭᠡᠳᠦ ᠲᠡᠰ ᠤᠨ ᠮᠡᠷᠭᠡᠵᠢᠯ ᠢ ᠰᠦᠪᠡᠭᠴᠢᠯᠡᠨ ᠦᠢᠯᠡᠳᠦᠯᠭᠡᠵᠢᠭᠦᠯᠵᠦ᠂  ᠨᠡᠭᠦᠷᠡᠰᠦᠨ ᠠᠭᠤᠷᠬᠠᠢ ᠳᠤ ᠪᠤᠳᠠᠳᠠᠢ ᠨᠠᠶᠢᠳᠠᠪᠤᠷᠢᠵᠢᠭᠤᠯᠤᠨ ᠬᠡᠷᠡᠭᠯᠡᠭᠰᠡᠨ ᠨᠢ 65 ᠳᠦᠷᠤᠯ᠂  ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠣᠯᠤᠬᠰᠠᠨ ᠨᠢ 31 ᠳᠦᠷᠤᠯ  ᠪᠠᠶᠢᠵᠤ᠂ ᠨᠡᠶᠢᠲᠡ 22 ᠵᠦᠢᠯ ᠤᠨ ᠲᠤᠰᠬᠠᠢ ᠠᠰᠢᠭ ᠤᠨ ᠡᠷᠬᠡ ᠶᠢ ᠭᠤᠶᠤᠴᠢᠯᠠᠨ᠂ 8  ᠳᠦᠷᠤᠯ  ᠤᠨ ᠵᠥᠭᠡᠯᠡᠨ  ᠳᠤᠨᠤᠬᠯᠠᠯ ᠤᠨ ᠪᠦᠲᠦᠭᠡᠯ ᠭᠠᠷᠭᠠᠪᠠ᠂ ᠠᠭᠤᠷᠬᠠᠢ ᠶᠢᠨ ᠳᠣᠲᠣᠷᠠᠬᠢ ᠡᠳᠡᠭᠡᠷ ᠬᠠᠮ ᠬᠡᠯᠪᠡᠷᠢ ᠶᠢᠨ ᠴᠢᠳᠠᠪᠤᠷᠢᠲᠠᠨ ᠨᠢ ᠠᠵᠤ ᠠᠬᠤᠶᠢᠯᠠᠯ ᠢ ᠬᠠᠪᠰᠤᠷᠤᠨ ᠤᠯᠤᠰ ᠤᠨ ᠲᠦᠷᠦᠭᠦᠦ ᠪᠦᠯᠦᠭ 71 ᠣᠶᠤᠨᠴᠢᠯᠠᠭᠰᠠᠨ ᠵᠢᠱᠢᠶ᠎ᠡ ᠦᠵᠡᠭᠦᠯᠬᠦ ᠨᠡᠭᠦᠷᠡᠰᠦᠨ ᠠᠭᠤᠷᠬᠠᠢ ᠳᠤ ᠠᠮᠵᠢᠯᠲᠠᠲᠠᠢ ᠣᠷᠣᠵᠠᠢ᠃ ᠣᠷᠳᠣᠰ ᠬᠤᠳᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠶᠡᠷᠦᠩᠬᠡᠢ ᠳᠠᠭᠠᠭᠠᠮᠠᠯ ᠳ᠋ᠠᠢ ᠶᠧ ᠪᠢᠨ ᠄  ︽ᠮᠠᠨ ᠤ ᠭᠦᠸᠧ ᠶᠤᠸᠠᠨ ᠺᠣᠮᠫᠠᠨᠢ ᠪᠤᠶ ᠪᠦᠬᠦᠢ ᠣᠶᠤᠲᠠᠳ ᠪᠣᠯᠣᠨ ᠰᠢᠯᠢᠳᠡᠭ ᠮᠡᠷᠭᠡᠵᠢᠯ ᠤᠨ ᠴᠢᠳᠠᠪᠤᠷᠢᠲᠠᠨ ᠢ  ᠨᠡᠶᠢᠳᠭᠡᠨ ᠨᠡᠶᠢᠯᠡᠭᠦᠯᠵᠦ᠂ ᠨᠢᠭᠡᠨ ᠳᠡᠭᠡᠳᠦ ᠳᠡᠰ ᠤᠨ ᠪᠦᠯᠬᠦᠮ ᠪᠣᠯᠭᠠᠨ ᠪᠦᠷᠢᠯᠳᠦᠭᠦᠯᠵᠦ᠂ ᠡᠨᠡᠬᠦ ᠪᠦᠯᠬᠦᠮ ᠢᠶᠠᠷ ᠳᠠᠮᠵᠢᠭᠤᠯᠤᠨ ᠡᠳᠡᠭᠡᠷ ᠴᠢᠳᠠᠪᠤᠷᠢᠲᠠᠨ ᠤ ᠳᠠᠯᠳᠠ ᠴᠢᠳᠠᠪᠤᠷᠢ ᠶᠢ ᠠᠭᠤᠳᠠᠯᠵᠤ᠂ ᠵᠠᠯᠠᠭᠤ ᠴᠢᠳᠠᠪᠤᠷᠢᠲᠠᠨ ᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ ᠳᠡᠭᠡᠭᠰᠢᠯᠡᠭᠦᠯᠦᠭᠡᠳ᠂ ᠡᠴᠦᠰ ᠲᠡᠭᠡᠨ ᠠᠵᠤ ᠠᠬᠤᠢ ᠶᠢᠨ ᠦᠷ᠎ᠡ ᠠᠰᠢᠭ ᠤᠨ ᠲᠠᠯ᠎ᠠ ᠪᠠᠷ ᠶᠡᠬᠡᠬᠡᠨ ᠳᠡᠭᠡᠭᠰᠢᠯᠡᠭᠰᠡᠨ ᠪᠠᠶᠢᠨ᠎ᠠ︾  ᠭᠡᠵᠤ ᠶᠠᠷᠢᠨ᠎ᠠ᠃
绿色4.jpg
      ᠣᠷᠳᠣᠰ ᠬᠤᠲᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠦᠩ ᠸᠠᠩ ᠭᠧᠦ ᠨᠡᠭᠦᠷᠡᠰᠦᠨ ᠠᠭᠤᠷᠬᠠᠢ ᠪᠣᠯ ᠮᠠᠨ ᠤ ᠤᠯᠤᠰ ᠤᠨ ᠮᠢᠩᠭᠠᠨ ᠲᠦᠮᠡᠨ ᠲᠣᠨ ᠤ ᠲᠠᠰ ᠤᠨ 52 ᠣᠨᠴᠠ ᠲᠣᠮᠣ ᠬᠡᠯᠪᠡᠷᠢ ᠶᠢᠨ ᠠᠭᠤᠷᠬᠠᠢ ᠶᠢᠨ ᠨᠢᠭᠡ ᠪᠣᠯᠣᠨ᠎ᠠ᠃ 2020 ᠣᠨ ᠤ 7 ᠰᠠᠷ᠎ᠠ ᠳᠤ ᠠᠰᠢᠭᠯᠠᠯᠲᠠ ᠳᠤ ᠣᠷᠣᠭᠰᠠᠨ ᠠᠴᠠ  ᠨᠠᠭᠠᠰᠢ᠂ ᠨᠡᠭᠦᠷᠡᠰᠦ ᠮᠠᠯᠲᠠᠬᠤ ᠲᠡᠷᠢᠭᠦᠨ ᠤ ᠤᠷᠠᠯᠠᠯ ᠪᠣᠯᠣᠨ ᠣᠶᠤᠨᠴᠢᠯᠠᠭᠰᠠᠨ ᠲᠥᠬᠦᠭᠡᠷᠦᠮᠵᠢ ᠨᠢ ᠨᠡᠭᠦᠷᠡᠰᠦᠨ ᠠᠭᠤᠷᠬᠠᠢ  ᠶᠢᠨ ᠠᠮᠤᠷ ᠲᠦᠪᠰᠢᠨ ᠥᠨᠳᠥᠷ ᠪᠦᠲᠦᠮᠵᠢᠲᠡᠢ᠂ ᠣᠶᠤᠨᠴᠢᠯᠠᠭᠰᠠᠨ ᠮᠠᠯᠲᠠᠯᠲᠠ ᠶᠢ ᠪᠡᠶᠡᠯᠡᠭᠦᠯᠵᠡᠢ᠃ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠠᠭᠤᠷᠬᠠᠢ ᠶᠢᠨ ᠠᠮᠤᠷ ᠲᠦᠪᠰᠢᠨ᠂ ᠪᠣᠬᠢᠷᠳᠤᠯ ᠦᠭᠡᠢ ᠨᠡᠭᠡᠭᠡᠨ ᠮᠠᠯᠲᠠᠬᠤ ᠠᠵᠢᠯ ᠢ  ᠠᠬᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠᠷ ᠥᠨᠳᠥᠷ᠂ ᠡᠵᠡᠩᠨᠡᠯᠲᠡ ᠶᠢᠨ ᠦᠷ᠎ᠡ ᠠᠰᠢᠭ ᠢᠶᠠᠷ ᠰᠠᠶᠢᠨ᠂ ᠠᠮᠢ ᠠᠬᠤᠢ ᠣᠷᠴᠢᠨ ᠲᠣᠭᠤᠷᠢᠨ ᠢᠶᠠᠷ ᠰᠠᠶᠢᠨ᠂ ᠠᠵᠢᠯᠲᠠᠨ ᠠᠵᠢᠯᠴᠢᠨ ᠤ ᠵᠣᠯ ᠵᠢᠷᠭᠠᠯᠳᠤ ᠲᠥᠷᠥᠭᠳᠡᠯ ᠢᠶᠠᠷ ᠴᠢᠩᠭ᠎ᠠ ᠨᠡᠭᠦᠷᠡᠰᠦᠲᠥ᠋ᠷᠥᠭᠴᠢ ᠪᠠᠭ᠎ᠠ᠂ ᠣᠶᠤᠨᠴᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ ᠳ᠋ᠠᠢ ᠶᠧ ᠪᠢᠨ᠄ ︽ᠣᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠡᠩ ᠲᠡᠷᠢᠭᠦᠨ ᠳᠤ ᠠᠮᠤᠷ ᠲᠦᠪᠰᠢᠨ ᠢ ᠪᠠᠲᠤᠯᠠᠵᠤ ᠴᠢᠳᠠᠪᠠ᠂  ᠳᠠᠷᠠᠭ᠎ᠠ ᠨᠢ ᠠᠵᠢᠯᠲᠠᠨ ᠢ ᠴᠥᠭᠡᠳᠬᠡᠵᠦ᠂ ᠬᠠᠮᠤᠭ ᠤᠨ ᠶᠡᠭᠡ ᠠᠶᠤᠯ ᠲᠦᠭᠰᠢᠭᠦᠷᠢ ᠪᠠ ᠬᠤᠣᠷ ᠬᠥᠨᠥᠭᠡᠯ ᠢ ᠪᠠᠭᠠᠰᠬᠠᠵᠤ ᠴᠢᠳᠠᠪᠠ᠂ ᠭᠤᠷᠪᠠᠳᠤᠭᠠᠷ ᠲᠤ ᠲᠣᠨᠤᠭ ᠲᠥᠬᠦᠭᠡᠷᠦᠮᠵᠢ ᠶᠢᠨ ᠪᠦᠲᠦᠮᠵᠢᠲᠡᠶ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠪᠠ᠂ ᠠᠵᠤ ᠠᠬᠤᠶᠢᠯᠠᠯ ᠤᠨ ᠦᠷ᠎ᠡ ᠠᠰᠢᠭ ᠢ ᠴᠦ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ ᠴᠢᠳᠠᠬᠰᠠᠨ ᠪᠠᠶᠢᠨ᠎ᠠ︾  ᠭᠡᠵᠤ ᠶᠠᠷᠢᠨ᠎ᠠ᠃       ᠲᠣᠭᠠᠴᠢᠯᠠᠯᠳᠠ ᠨᠢ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ       ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠬᠦᠠᠭᠠᠷ ᠡᠨᠧᠷᠭᠢ ᠶᠢᠨ ᠪᠦᠯᠦᠭᠯᠡᠯ 2017 ᠣᠨ ᠠᠴᠠ ᠡᠬᠢᠯᠡᠨ          ︽ᠲᠣᠭᠠᠴᠢᠯᠠᠭᠰᠠᠨ ᠠᠭᠤᠷᠬᠠᠢ︾  ᠶᠢ ᠢᠳᠡᠪᠬᠢᠲᠡᠢ ᠪᠠᠶᠢᠭᠤᠯᠵᠤ᠂ ᠦᠢᠯᠡᠳᠪᠦᠷᠢᠯᠡᠯ᠂ ᠠᠮᠤᠷ ᠲᠦᠪᠰᠢᠨ᠂ ᠡᠵᠡᠩᠨᠡᠯᠲᠡ᠂ ᠮᠡᠷᠭᠡᠵᠢᠯ ᠵᠡᠷᠭᠡ ᠡᠯ᠎ᠡ ᠬᠦᠷᠢᠶᠡᠨ ᠤ ᠮᠡᠳᠡᠭᠡ ᠵᠠᠩᠭᠢᠵᠢᠯᠲᠠ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠡᠢ᠃2020 ᠣᠨ ᠳᠤ᠂ ᠨᠡᠭᠦᠷᠡᠰᠦᠨ ᠠᠭᠤᠷᠬᠠᠢ ᠶᠢᠨ ᠣᠶᠤᠨᠴᠢᠯᠠᠬᠰᠠᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ︽ᠣᠶᠤᠨᠴᠢ ᠵᠡᠬᠦᠠᠭᠠᠷ ᠤᠨ ᠡᠨᠧᠷᠬᠢ ᠶᠢᠨ ᠪᠦᠯᠦᠭᠯᠡᠯ︾ ᠢ ᠪᠦᠬᠦ ᠬᠦᠴᠦᠨ ᠢᠶᠠᠷ ᠢᠶᠠᠨ  ᠡᠬᠦᠳᠤᠨ ᠪᠠᠶᠢᠭᠤᠯᠵᠤ᠂ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠶᠠᠪᠤᠴᠠ ᠳᠤ  ᠬᠦᠮᠤᠨ ᠢ ᠴᠦᠭᠡᠴᠢᠯᠡᠬᠦ᠂ ᠬᠥᠮᠥᠨ ᠦᠭᠡᠢ ᠪᠣᠯᠭᠠᠬᠤ ᠶᠢ ᠪᠡᠶᠡᠯᠡᠭᠦᠯᠵᠦ᠂ ᠨᠡᠭᠦᠷᠡᠰᠦᠨ ᠠᠭᠤᠷᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃
绿色5.jpg     
       ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠭᠦᠨᠭᠠᠷ ᠡᠨᠧᠷᠭᠢ ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠵᠢᠯᠣᠭᠤᠴᠢ ᠦᠭᠡᠢ ᠲᠥᠪᠯᠡᠷᠡᠭᠦᠯᠦᠨ ᠡᠵᠡᠮᠳᠡᠬᠦ ᠲᠥᠪ ᠤᠨ ᠬᠢᠨᠠᠨ ᠠᠵᠢᠭᠯᠠᠬᠤ ᠳᠡᠯᠭᠡᠴᠡ ᠳᠡᠭᠡᠷ᠎ᠡ ᠠᠴᠠ᠂ ᠠᠵᠢᠯᠲᠠᠳ ᠬᠥᠮᠥᠨ ᠦᠭᠡᠢ ᠲᠡᠭᠡᠭᠡᠪᠦᠷᠢ ᠶᠢᠨ ᠠᠵᠢᠯᠯᠠᠭᠠᠨ ᠤ ᠣᠶᠤᠨᠴᠢ ᠬᠠᠮᠢᠶᠠᠷᠤᠯᠲᠠ ᠪᠠ ᠲᠣᠬᠢᠷᠠᠭᠤᠯᠭ᠎ᠠ ᠶᠢᠨ ᠰᠢᠰᠲ᠋ᠧᠮ ᠢᠶᠠᠷ ᠳᠠᠮᠵᠢᠭᠤᠯᠤᠨ ᠬᠤᠯᠤᠭᠠᠨᠠᠴᠢᠷ ᠢ ᠬᠥᠩᠭᠡᠨ ᠰᠢᠭ  ᠳᠠᠷᠤᠪᠠᠯ᠂ ᠮᠠᠯᠲᠠᠬᠤ ᠣᠷᠣᠨ ᠳᠤ ᠶᠠᠪᠤᠵᠤ ᠪᠠᠶᠢᠭ᠎ᠠ ᠵᠢᠯᠣᠭᠤᠴᠢ ᠦᠭᠡᠢ ᠠᠭᠤᠷᠬᠠᠢ ᠶᠢᠨ ᠲᠡᠷᠭᠡ ᠶᠢ ᠴᠠᠭ ᠲᠤᠬᠠᠢ ᠳᠤᠨᠢ ᠲᠣᠬᠢᠷᠠᠭᠤᠯᠵᠤ᠂ ᠠᠴᠢᠶᠠᠨ ᠤ ᠮᠠᠰᠢᠨ ᠤ ᠪᠣᠯᠵᠣᠯᠲᠤ ᠲᠤᠭ᠎ᠠ᠂ ᠠᠶᠠᠯᠠᠯ ᠤᠨ ᠵᠠᠮ ᠱᠤᠭᠤᠮ ᠢ ᠣᠨᠣᠪᠴᠢᠲᠠᠶ ᠲᠣᠬᠢᠷᠠᠭᠤᠯᠵᠤ᠂ ᠠᠮᠤᠷ ᠲᠦᠪᠰᠢᠨ ᠪᠦᠭᠡᠳ ᠡᠮᠬᠢ ᠳᠢᠭᠯᠢᠮ ᠲᠠᠢ ᠪᠠᠷ ᠠᠵᠢᠯᠯᠠᠭᠤᠯᠵᠤ  ᠪᠠᠶᠢᠬᠤ ᠶᠢ ᠣᠯᠵᠤ ᠬᠠᠷᠠᠨ᠎ᠠ᠃ ᠥᠩᠭᠡᠷᠡᠭᠰᠡᠨ ᠳᠤ ᠰᠢᠨᠵᠢᠯᠡᠬᠦ ᠤᠬᠠᠭᠠᠨ ᠤ ᠬᠡᠢ ᠪᠤᠳᠤᠯ ᠤᠨ ᠺᠢᠨᠣ᠋ ᠳᠤ ᠰᠠᠶ᠋ᠢ ᠭᠠᠷᠴᠤ ᠪᠠᠶᠢᠭᠰᠠᠨ ᠡᠳᠡᠭᠡᠷ ᠦᠵᠡᠭᠳᠡᠯ ᠨᠢ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠠᠬᠢᠬᠤ ᠶᠢ ᠳᠠᠭᠠᠯᠳᠤᠨ᠂ ᠨᠢᠭᠡᠨᠲᠡ ᠠᠯᠬᠤᠮ ᠠᠯᠬᠤᠮ ᠢᠶᠠᠷ ᠪᠣᠳᠠᠲᠤ ᠪᠠᠶᠢᠳᠠᠯ ᠳᠤ ᠲᠤᠰᠬᠠᠭᠳᠠᠭᠰᠠᠨ ᠪᠠᠶᠢᠨ᠎ᠠ᠃  ᠵᠡᠬᠦᠠᠭᠠᠷ ᠡᠨᠧᠷᠬᠢ ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠥᠪ ᠤᠨ ᠨᠠᠮ ᠤᠨ ᠡᠭᠦᠷ ᠤᠨ ᠱᠦᠵᠢ ᠰᠢᠦᠢ ᠵᠦᠩ ᠺᠦᠢ᠄ ︽ᠣᠶᠤᠨᠴᠢᠯᠠᠭᠰᠠᠨ ᠵᠠᠳᠠᠭᠠᠢ ᠨᠡᠬᠦᠷᠡᠰᠤᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠭᠤᠣᠯᠳᠠᠭᠤ ᠣᠶᠤᠨᠴᠢᠯᠠᠭᠰᠠᠨ ᠳᠡᠯᠪᠡᠴᠢᠬᠦ ᠰᠢᠰᠲ᠋ᠧᠮ᠂ ᠣᠶᠤᠨᠴᠢᠯᠠᠭᠰᠠᠨ ᠲᠤᠰᠠᠯᠠᠬᠤ ᠰᠢᠰᠲ᠋ᠧᠮ᠂ ᠪᠠᠰᠠ ᠣᠶᠤᠨᠴᠢᠯᠠᠭᠰᠠᠨ ᠵᠢᠯᠣᠭᠤᠴᠢ ᠦᠭᠡᠢ ᠰᠢᠰᠲ᠋ᠧᠮ ᠵᠡᠷᠭᠡ ᠪᠠᠭᠲᠠᠵᠤ ᠪᠠᠶᠢᠳᠠᠭ᠃ ᠣᠳᠣᠬᠠᠨ ᠳᠤ᠂ ᠮᠠᠨ ᠤ ᠠᠭᠤᠷᠬᠠᠢ ᠳᠤ ᠨᠢᠭᠡᠨᠲᠡ 3 ᠴᠠᠬᠢᠯᠭᠠᠨ ᠬᠤᠰᠤᠭᠤᠷ᠂ 18 ᠠᠴᠢᠶᠠᠨ ᠤ ᠮᠠᠰᠢᠨ ᠢᠶᠠᠷ ᠪᠦᠷᠢᠯᠳᠦᠭᠰᠡᠨ ᠬᠥᠮᠥᠨ ᠦᠭᠡᠢ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠠᠢ᠃ ᠬᠠᠮᠤᠭ ᠤᠨ ᠡᠴᠦᠰ ᠲᠤ᠂ ᠮᠠᠨ ᠤ ᠵᠢᠯᠣᠭᠤᠴᠢ ᠦᠭᠡᠢ ᠰᠢᠰᠲ᠋ᠧᠮ ᠤᠨ ᠬᠢᠨ 66 ᠠᠴᠢᠶᠠᠨ ᠤ ᠮᠠᠰᠢᠨ᠂ 22 ᠮᠠᠯᠲᠠᠬᠤ ᠲᠥᠬᠦᠭᠡᠷᠦᠮᠵᠢ ᠶᠢ ᠪᠠᠶᠢᠭᠤᠯᠵᠤ᠂ ᠬᠥᠳᠡᠯᠦᠩᠭᠦᠢ ᠪᠠᠷ ᠰᠡᠷᠡᠵᠦ ᠮᠡᠳᠡᠬᠦ᠂ ᠣᠶᠤᠨᠴᠢ ᠵᠣᠬᠢᠴᠠᠩᠭᠤᠢ᠂ ᠠᠮᠤᠷ ᠲᠦᠪᠰᠢᠨ ᠥᠨᠳᠥᠷ ᠪᠦᠲᠦᠮᠵᠢᠲᠡᠶ ᠵᠠᠳᠠᠭᠠᠢ ᠨᠡᠬᠦᠷᠡᠰᠤᠨ ᠠᠭᠤᠷᠬᠠᠢ ᠶᠢᠨ ᠥᠯᠢᠭᠡᠷ ᠳᠠᠭᠤᠷᠢᠶᠠᠯᠳᠤ ᠨᠡᠭᠦᠷᠡᠰᠦᠨ ᠠᠭᠤᠷᠬᠠᠢ ᠶᠢ ᠪᠡᠶᠡᠯᠡᠭᠦᠯᠦᠨ᠎ᠡ︾  ᠭᠡᠵᠤ ᠶᠠᠷᠢᠨ᠎ᠠ᠃      ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠬᠦᠠᠭᠠᠷ ᠡᠨᠧᠷᠭᠢ ᠶᠢᠨ ᠪᠦᠯᠦᠭᠯᠡᠯ ᠤᠨ ᠺᠣᠮᠫᠠᠨᠢ ︽ᠲᠣᠭᠠᠴᠢᠯᠠᠭᠰᠠᠨ ᠠᠭᠤᠷᠬᠠᠢ︾ ᠶᠢᠨ  ᠳᠦᠷᠤᠯ ᠵᠤᠶᠢᠯ ᠢ ᠠᠰᠢᠭᠯᠠᠨ 60 ᠭᠠᠷᠤᠢ ᠮᠡᠳᠡᠭᠡ ᠵᠠᠩᠭᠢ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠤᠭᠰᠠᠨ ᠪᠤᠶᠤ ᠡᠮᠬᠢᠯᠡᠨ ᠨᠡᠶᠢᠯᠡᠭᠦᠯᠵᠦ᠂ ᠲᠥᠪᠯᠡᠷᠡᠩᠭᠦᠢ ᠨᠢᠭᠡᠳᠦᠯᠲᠡᠢ ︽ᠳ᠋ᠠᠶᠢᠲ᠋ᠠ ᠶᠢᠨ ᠲᠥᠪ︾ ᠢ ᠪᠦᠷᠢᠯᠳᠦᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠦ᠂ ᠺᠣᠮᠫᠠᠨᠢ ᠶᠢᠨ ᠦᠢᠯᠡᠳᠪᠦᠷᠢᠯᠡᠯ᠂  ᠠᠮᠤᠷ ᠳᠦᠪᠰᠢᠨ᠂ ᠡᠵᠡᠩᠨᠡᠯᠲᠡ᠂ ᠮᠠᠰᠢᠨ ᠴᠠᠬᠢᠯᠭᠠᠨ᠂ ᠮᠡᠷᠭᠡᠵᠢᠯ ᠵᠡᠷᠭᠡ ᠡᠯ᠎ᠡ ᠬᠠᠮᠢᠶᠠᠷᠤᠯᠲᠠ ᠶᠢᠨ ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠬᠠᠮᠢᠶᠠᠷᠤᠯᠲᠠ ᠶᠢ ᠳᠦᠷᠢᠮᠵᠢᠬᠦᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠶᠢᠷ᠎ᠠ ᠶᠢᠨ ᠵᠢᠯ ᠠᠴᠠ ᠨᠠᠭᠠᠰᠢ᠂ ᠲᠠᠰᠤᠷᠠᠯᠳᠡ ᠦᠭᠡᠢ ᠬᠥᠭᠵᠢᠭᠦᠯᠵᠦ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠵᠡᠭᠦᠨᠭᠠᠷ ᠡᠨᠧᠷᠬᠢ ᠶᠢᠨ ᠪᠦᠯᠦᠭᠯᠡᠯ ᠤᠨ  ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠡᠵᠡᠩᠨᠡᠯᠲᠡ ᠶᠢ ᠠᠯᠬᠤᠮ ᠠᠯᠬᠤᠮ ᠢᠶᠠᠷ ᠨᠠᠷᠢᠯᠢᠭᠵᠢᠭᠤᠯᠬᠤ᠂ ᠲᠣᠭᠠᠴᠢᠯᠠᠬᠤ᠂ ᠠᠦ᠋ᠲ᠋ᠣᠴᠢᠯᠠᠬᠤ ᠠᠴᠠ ᠣᠶᠤᠨᠴᠢᠯᠠᠬᠤ  ᠳᠡᠶᠢᠰᠢ ᠬᠤᠪᠢᠷᠠᠭᠤᠯᠵᠤ᠂ ᠬᠥᠮᠥᠨ ᠦᠭᠡᠢ ᠪᠣᠯ ᠠᠮᠤᠷ ᠳᠦᠪᠰᠢᠨ᠂ ᠬᠥᠮᠥᠨ ᠴᠥᠭᠡᠨ ᠪᠣᠯ ᠠᠮᠤᠭᠤᠯᠠᠩ ᠪᠣᠯᠬᠤ ᠣᠶᠢᠯᠠᠭᠠᠭᠳᠠᠬᠤᠨ ᠢ ᠪᠡᠶᠡᠯᠡᠭᠦᠯᠵᠡᠢ᠃ ᠰᠢᠦᠢ ᠵᠥᠩ ᠺᠦᠢ᠄ ︽ᠣᠶᠤᠨᠴᠢᠯᠠᠭᠰᠠᠨ ᠠᠭᠤᠷᠬᠠᠢ ᠶᠢ  ᠡᠬᠦᠳᠤᠨ ᠪᠠᠶᠢᠭᠤᠯᠬᠤ ᠳᠤ ᠭᠤᠣᠯᠳᠠᠭᠤ ᠭᠤᠷᠪᠠᠨ ᠰᠠᠶᠢᠨ ᠲᠠᠯ᠎ᠠ ᠲᠠᠢ  ᠪᠠᠶᠢᠳᠠᠭ᠂ ᠨᠢᠭᠡᠳᠦᠭᠡᠷ ᠲᠤ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠪᠣᠯ ᠵᠠᠳᠠᠭᠠᠢ ᠨᠡᠭᠦᠷᠡᠰᠦᠨ ᠠᠭᠤᠷᠬᠠᠢ ᠶᠢᠨ ᠬᠥᠭᠵᠢᠯᠲᠡ ᠶᠢᠨ ᠬᠠᠨᠳᠤᠰᠢ ᠮᠥᠨ᠂ ᠬᠤᠶᠠᠳᠤᠭᠠᠷ ᠲᠤ ᠣᠶᠤᠨᠴᠢᠯᠠᠭᠰᠠᠨ ᠬᠥᠭᠵᠢᠯᠲᠡ ᠨᠢ ᠠᠶᠤᠯᠭᠦᠢ ᠦᠢᠯᠡᠳᠪᠦᠷᠢᠯᠡᠯ ᠳᠤ ᠠᠰᠢᠭᠲᠠᠢ᠂ ᠭᠤᠷᠪᠠᠳᠤᠭᠠᠷ ᠲᠤ ᠣᠶᠤᠨᠴᠢᠯᠠᠯᠳᠠ ᠨᠢ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠬᠥᠳᠡᠯᠭᠡᠭᠦ ᠬᠦᠴᠦᠨ ᠤ ᠦᠷ᠎ᠡ ᠠᠰᠢᠭ ᠢ ᠳᠡᠭᠡᠭᠰᠢᠯᠡᠭᠦᠯᠬᠦ ᠶᠢᠨ ᠴᠢᠬᠤᠯᠠ ᠢᠯᠡᠷᠡᠯ  ᠪᠤᠯᠤᠨ᠎ᠠ︾  ᠭᠡᠵᠤ ᠶᠠᠷᠢᠨ᠎ᠠ᠃
绿色6.jpg      ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠭᠦᠨᠭᠠᠷ ᠡᠨᠧᠷᠭᠢ ᠶᠢᠨ ᠪᠦᠯᠦᠭᠯᠡᠯ ᠤᠨ  ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠳᠤ᠂ ᠳᠠᠷᠤᠯᠲᠠ ᠶᠢ
ᠬᠢᠨᠠᠨ ᠬᠡᠮᠵᠢᠬᠦ᠂ ᠰᠢᠲᠠᠭᠠᠯᠭ᠎ᠠ ᠶᠢᠨ ᠲᠣᠰᠣ ᠶᠢ ᠬᠢᠨᠠᠨ ᠡᠵᠡᠮᠳᠡᠬᠦ ᠵᠡᠷᠭᠡ ᠣᠶᠤᠨᠴᠢᠯᠠᠭᠰᠠᠨ ᠰᠢᠰᠲ᠋ᠧᠮ ᠨᠢ ᠬᠥᠮᠥᠨ ᠪᠣᠯᠣᠨ ᠮᠠᠰᠢᠨ ᠲᠡᠷᠭᠡ ᠶᠢ ᠠᠦ᠋ᠲ᠋ᠤᠴᠢᠯᠠᠨ ᠢᠯᠭᠠᠨ ᠲᠠᠨᠢᠵᠤ᠂  ᠲᠤᠭ᠎ᠠ ᠪᠠᠷᠢᠮᠲᠠ ᠶᠢ ᠠᠦ᠋ᠲ᠋ᠤᠴᠢᠯᠠᠨ ᠴᠤᠭᠯᠠᠭᠤᠯᠵᠤ ᠦᠢᠯᠡᠴᠢᠯᠡᠭᠦᠷ ᠲᠤ ᠳᠠᠮᠵᠢᠭᠤᠯᠵᠤ᠂ ᠮᠡᠳᠡᠭᠦᠯᠦᠯᠲᠡ ᠶᠢᠨ ᠬᠦᠰᠦᠨᠦᠭᠲᠦ ᠶᠢ ᠪᠦᠷᠢᠯᠳᠦᠭᠦᠯᠤᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢ ᠬᠢᠨᠠᠨ ᠡᠵᠡᠮᠳᠡᠬᠦ ᠪᠠ ᠬᠠᠮᠢᠶᠠᠷᠬᠤ ᠶᠢ ᠪᠡᠶᠡᠯᠡᠭᠦᠯᠵᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠭᠰᠡᠨ ᠤ ᠬᠠᠮᠲᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠡᠢ᠃ ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠭᠦᠨᠭᠠᠷ ᠡᠨᠧᠷᠭᠢ ᠶᠢᠨ ᠪᠦᠯᠦᠭᠯᠡᠯ ᠤᠨ  ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢ ᠲᠣᠬᠢᠷᠠᠭᠤᠯᠤᠨ ᠵᠢᠯᠤᠭᠤᠳᠬᠤ ᠲᠥᠪ ᠤᠨ ᠡᠷᠬᠢᠯᠡᠭᠴᠢ ᠼᠠᠢ ᠯᠢ᠄ ︽ᠥᠩᠭᠡᠷᠡᠭᠰᠡᠨ ᠳᠤ᠂ ᠬᠡᠷᠪᠡ ᠠᠵᠢᠯᠯᠠᠭᠠᠨ ᠤ ᠬᠡᠯᠬᠢᠶ᠎ᠡ ᠶᠢᠨ ᠠᠯᠢ ᠨᠢᠭᠡ ᠭᠤᠭᠴᠤᠭ᠎ᠠ ᠨᠢ ᠲᠠᠰᠤᠯᠳᠠᠬᠤ ᠳᠤ ᠬᠦᠷᠪᠡᠯ᠂ ᠪᠢᠳᠡ ᠵᠣᠬᠢᠬᠤ ᠴᠠᠭ ᠬᠤᠭᠤᠴᠠᠭ᠎ᠠ ᠬᠡᠷᠡᠭᠰᠡᠵᠦ ᠪᠠᠶᠢᠭᠠᠳ ᠡᠨᠡᠬᠦ ᠠᠰᠠᠭᠤᠳᠠᠯ ᠢ ᠣᠶᠢᠯᠠᠭᠠᠵᠤ ᠪᠠᠶᠢᠪᠠ᠃ ᠣᠳᠣᠬᠠᠨ ᠳᠤ ᠳᠡᠭᠡᠬᠦ ᠬᠡᠷᠡᠭ ᠦᠭᠡᠢ ᠪᠣᠯᠵᠠᠢ᠂ ᠪᠢᠳᠡ ᠡᠨᠡ ᠬᠦ ᠰᠢᠰᠲ᠋ᠧᠮ ᠢᠶᠠᠷ ᠳᠠᠮᠵᠢᠭᠤᠯᠤᠨ ᠠᠰᠠᠭᠤᠳᠠᠯ ᠬᠠᠮᠢᠭ᠎ᠠ ᠪᠠᠶᠢᠬᠤ ᠶᠢ ᠰᠢᠭᠤᠳ ᠮᠡᠳᠡᠵᠦ᠂ ᠡᠨᠡ ᠬᠦ ᠦᠷ᠎ᠡ ᠪᠦᠲᠦᠮᠵᠢ ᠶᠢᠨ ᠲᠠᠯ᠎ᠠ ᠪᠠᠷ ᠥᠩᠭᠡᠷᠡᠭᠰᠡᠨ ᠤ ᠬᠢ ᠠᠴᠠ ᠪᠠᠨ ᠨᠡᠯᠢᠶᠡᠳ ᠳᠡᠭᠡᠭᠰᠢᠯᠡᠵᠡᠢ︾ ᠭᠡᠵᠤ ᠶᠠᠷᠢᠨ᠎ᠠ᠃      ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠬᠦᠠᠭᠠᠷ ᠡᠨᠧᠷᠭᠢ ᠶᠢᠨ ᠪᠦᠯᠦᠭᠯᠡᠯ ᠤᠨ ᠺᠣᠮᠫᠠᠨᠢ ᠶᠢᠨ ᠬᠢᠨ ᠲᠣᠭᠠᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠢᠨ‌ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠲᠣᠭᠠᠴᠢᠯᠠᠯᠲᠠ ᠶᠢ ᠣᠶᠤᠨᠴᠢᠯᠠᠬᠤ ᠴᠢᠭᠯᠡᠯ  ᠳᠡᠶᠢᠰᠢ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠮᠠᠰᠢᠨ ᠲᠣᠨᠣᠭᠯᠠᠯ ᠢ ᠣᠶᠤᠨᠴᠢᠯᠠᠨ ᠬᠠᠮᠵᠢᠯᠴᠠᠭᠤᠯᠬᠤ᠂ ᠣᠷᠣᠨ ᠪᠦᠰᠡ ᠳᠤ ᠠᠵᠢᠯᠯᠠᠬᠤ ᠬᠥᠮᠥᠨ ᠦᠭᠡᠢ ᠪᠣᠯᠭᠠᠬᠤ᠂ ᠣᠶᠤᠨᠴᠢ ᠨᠡᠭᠦᠷᠡᠰᠦᠨ ᠠᠭᠤᠷᠬᠠᠢ ᠶᠢᠨ ᠵᠢᠯᠣᠭᠤᠴᠢ ᠦᠭᠡᠢ ᠦᠢᠯᠡᠳᠪᠦᠷᠢᠯᠡᠯ ᠤᠨ ᠬᠠᠮᠢᠶᠠᠷᠤᠨ ᠡᠵᠡᠮᠳᠡᠬᠦ  ᠳᠤᠬᠳᠠᠯᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠺᠣᠮᠫᠠᠨᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ᠃      ᠥᠨᠥᠳᠥᠷ ᠤᠨ ᠣᠶᠤᠨᠴᠢ ᠠᠭᠤᠷᠬᠠᠢ ᠳᠤ ᠨᠡᠭᠦᠷᠡᠰᠦ  ᠮᠠᠯᠳᠠᠬᠤ ᠳᠤ ᠬᠥᠮᠥᠨ ᠬᠠᠷᠠᠭᠳᠠᠬᠤ ᠦᠭᠡᠢ ᠪᠣᠯᠪᠠᠴᠤ ᠲᠤᠨᠤᠭ ᠲᠥᠬᠦᠭᠡᠷᠦᠮᠵᠢ ᠶᠢᠨ ᠲᠠᠭᠤᠨ ᠰᠣᠨᠣᠰᠳᠠᠵᠤ ᠯᠠ ᠪᠠᠶᠢᠳᠠᠭ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ  ᠳᠤᠰᠠᠳᠠ᠂ ᠵᠡᠭᠦᠨᠭᠠᠷ  ᠬᠤᠰᠢᠭᠤ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠨᠡᠭᠦᠷᠡᠰᠦᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ ᠪᠤᠢ᠃  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠵᠡᠭᠦᠨᠭᠠᠷ ᠬᠤᠰᠢᠭᠤᠨ ᠤ ᠲᠦᠷᠦᠭᠦᠸ ᠪᠦᠯᠦᠭ ᠪᠦᠲᠦᠭᠡᠨ ᠪᠠᠶᠢᠭᠤᠯᠤᠭᠰᠠᠨ ᠣᠶᠤᠨᠴᠢᠯᠠᠭᠰᠠᠨ ᠨᠡᠭᠦᠷᠡᠰᠦᠨ ᠠᠭᠤᠷᠬᠠᠢ 23 ᠪᠠᠶᠢᠵᠤ᠂ ᠤᠳᠤᠬᠠᠨ ᠳᠤ  19 ᠨᠡᠭᠦᠷᠡᠰᠦᠨ ᠠᠭᠤᠷᠬᠠᠢ ᠶᠢ ᠪᠦᠲᠦᠭᠡᠨ ᠪᠠᠶᠢᠭᠤᠯᠵᠤ᠂  ᠪᠡᠶ᠎ᠡ ᠪᠠᠨ ᠳᠠᠭᠠᠭᠠᠬᠰᠠᠨ 14 ᠨᠡᠭᠦᠷᠡᠰᠦᠨ ᠠᠭᠤᠷᠬᠠᠢ ᠶᠢ ᠰᠢᠯᠭᠠᠨ  ᠬᠤᠷᠢᠶᠠᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ 6 ᠨᠡᠭᠦᠷᠡᠰᠦᠨ ᠠᠭᠤᠷᠬᠠᠢ ᠶᠢ ᠨᠢ ᠰᠢᠯᠭᠠᠨ  ᠬᠤᠷᠢᠶᠠᠬᠰᠡᠨ‌‍ᠪᠠᠶᠢᠨ᠎ᠠ᠃ ᠳᠠᠷᠠᠭᠠᠴᠢ ᠵᠢᠨ‌ᠠᠯᠬᠤᠮ ᠳᠤ᠂ ᠵᠡᠭᠦᠨᠭᠠᠷ ᠬᠤᠰᠢᠭᠤ ︽ᠠᠦ᠋ᠲ᠋ᠣᠴᠢᠯᠠᠯᠳᠠ︾ ᠠᠴᠠ︽ᠣᠶᠤᠨᠴᠢᠯᠠᠯᠳᠠ︾ ᠬᠦᠷᠲᠡᠯᠡᠬᠢ ᠪᠦᠬᠦ ᠶᠠᠪᠤᠴᠠ ᠶᠢᠨ ᠣᠶᠤᠨᠴᠢᠯᠠᠭᠰᠠᠨ ᠠᠵᠢᠯᠯᠠᠭᠠᠨ ᠤ ᠵᠠᠭᠪᠤᠷ ᠢᠶᠠᠷ᠂ ᠣᠶᠤᠨᠴᠢ ᠪᠣᠬᠢᠷᠳᠤᠯ ᠦᠭᠡᠢ᠂ ᠬᠢᠮᠳᠠ ᠥᠨᠳᠥᠷ ᠦᠷ᠎ᠡ ᠠᠰᠢᠭ ᠲᠠᠢ ᠠᠭᠤᠷᠬᠠᠢ ᠶᠢ ᠪᠦᠲᠦᠭᠡᠨ ᠪᠠᠶᠢᠭᠤᠯᠬᠤ ᠪᠤᠯᠤᠨ᠎ᠠ᠃ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠯᠠᠰ ᠴᠡᠭ ᠢ ᠠᠭᠤᠳᠠᠯᠵᠤ᠂ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠬᠠᠮᠲᠤ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ