ᠬᠤᠰᠢᠭᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2022 ᠣᠨ ᠤ 4  ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/12
    5 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2022 ᠣᠨ ᠤ 4  ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠤᠨ ᠭᠤᠣᠯ ᠡᠭᠦᠷᠭᠡ ᠪᠣᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠳᠦᠷᠢᠮᠵᠢᠬᠦᠯᠬᠦ᠂ ᠢᠯᠠᠩᠭᠤᠶ᠎ᠠ ᠪᠣᠯᠭᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ  ᠲᠣᠭᠤᠷᠢᠨ ᠳᠤ ᠭᠦᠨᠵᠡᠭᠡᠢ ᠰᠤᠷᠤᠯᠴᠠᠵᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠵᠢᠶᠣᠣ ᠵᠢᠩ᠂ ᠸᠠᠩ ᠶᠦᠩ ᡁᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠬᠠᠨ ᠶᠠᠨ᠂ ᠸᠠᠩ ᠮᠢᠨ᠂ ᠷᠧᠨ ᡁᠢ ᠶᠤᠸᠠᠨ᠂ ᠤᠶᠤᠨᠪᠢᠯᠢᠭ᠌᠂ ᠦ᠋ ᠰᠢᠦᠢ ᠳ᠋ᠦᠩ᠂ ᠵᠠᠩ ᠶᠠ ᠨᠠᠨ ᠂ ᠬᠤᠰᠢᠭᠤᠨ ᠤ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ  ᠪᠠᠶᠢᠴᠠᠭᠠᠬᠴᠢ ᠳᠠᠷᠤᠭ᠎ᠠ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
中心组.jpg     ᠬᠤᠷᠠᠯ ᠳᠡᠭᠡᠷ᠎ᠡ᠂  ᠰᠤᠷᠭᠠᠯᠳᠤ ᠨᠥᠬᠦᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ
ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ᠂ ᠯᠢ ᠶᠣᠣ ᠵᠢᠶᠦ᠋ᠨ ᠨᠥᠬᠦᠷ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠳᠦᠷᠢᠮ ᠤᠳ︾  ᠢ ᠳᠠᠭᠠᠭᠤᠯᠤᠨ ᠰᠤᠷᠤᠯᠴᠠᠵᠠᠢ᠃ ᠬᠤᠰᠢᠭᠤᠨ ᠤ ᠤᠳᠤᠷᠢᠳᠤᠯᠭ᠎ᠠ ᠬᠠᠨ ᠶᠠᠨ᠂ ᠯᠢ ᠶᠣᠣ ᠵᠢᠶᠦ᠋ᠨ᠂ ᠴᠢᠶᠣᠤ ᡁᠢ ᠫᠢᠩ᠂ ᠸᠠᠩ ᠶᠦᠩ ᡁᠢ᠂ ᠵᠢᠶᠣᠣ ᠵᠢᠩ᠂ ᠵᠢᠶᠠ ᠭᠤᠸᠠᠩ ᠬᠤᠸᠠ᠂  ᠰᠤᠷᠭᠠᠯᠳᠤ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ  ᠦᠭᠡ ᠶᠠᠷᠢᠪᠠ᠃ ᠰᠢᠶᠠᠨ ᠤ ᠱᠠᠲᠤᠨ ᠤ ᠪᠤᠰᠤᠳ‌ᠤᠳᠤᠷᠢᠳᠤᠯᠭ᠎ᠠ ᠪᠢᠴᠢᠭ ᠤᠨ  ᠭᠡᠯᠪᠡᠷᠢ ᠪᠠᠷ ᠰᠠᠨᠠᠯ  ᠢᠶᠠᠨ ᠰᠤᠯᠢᠯᠴᠠᠬᠤ ᠮᠠᠲ᠋ᠧᠷᠢᠶᠠᠯ ᠢ ᠳᠤᠰᠢᠶᠠᠪᠠ᠃     ᠬᠤᠷᠠᠯ ᠠᠴᠠ ᠱᠠᠭᠠᠷᠳᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠪᠠᠳᠤᠳᠬᠠᠨ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠴᠢᠬᠤᠯᠠ ᠶᠡᠭᠡ ᠠᠴᠢ ᠬᠤᠯᠪᠣᠭᠳᠠᠯ ᠢ ᠬᠦᠨᠵᠡᠭᠡᠢ ᠳᠠᠨᠢᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠤ ᠦᠢᠯᠡᠳᠦᠯᠭᠡ ᠪᠣᠯᠭᠠᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠠᠭᠤᠷᠢ ᠴᠢᠨᠠᠷᠲᠠᠢ ᠠᠵᠢᠯ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢ  ᠡᠷᠡᠮᠡᠭᠡᠶᠢᠯᠡᠨ ᠤᠷᠤᠭᠰᠢᠯᠠᠬᠤ ᠬᠥᠳᠡᠯᠭᠡᠭᠦ ᠬᠦᠴᠦᠨ ᠢ ᠴᠢᠩᠭᠠᠳᠬᠠᠬᠤ ᠶᠢᠨ ᠴᠢᠬᠤᠯᠠ ᠪᠠᠲᠤᠯᠠᠭ᠎ᠠ ᠪᠣᠯᠭᠠᠨ᠂ ᠤᠯᠠᠨ ᠲᠦᠮᠡᠨ ᠤ ᠳᠡᠷᠭᠡᠳᠡᠬᠢ  ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠴᠢᠩᠭ᠎ᠠ ᠴᠡᠭᠴᠡᠯᠡᠨ ᠵᠠᠰᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠲᠥᠪᠯᠡᠷᠡᠭᠦᠯᠦᠨ ᠵᠠᠰᠠᠬᠤ ᠠᠵᠢᠯ ᠢ ᠰᠠᠶᠢᠲᠤᠷ ᠠᠳᠬᠤᠨ᠂ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠪᠣᠳᠠᠲᠠᠢ ᠠᠳᠬᠤᠵᠤ᠂ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠯᠭ᠎ᠠ ᠳᠤᠮᠳᠠ ᠦᠵᠡᠯ ᠰᠠᠨᠠᠭ᠎ᠠ ᠪᠠᠨ ᠠᠷᠢᠭᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ︔ ᠰᠠᠬᠢᠯᠭ᠎ᠠ ᠪᠠᠲᠤ ᠶᠢ ᠴᠢᠩᠭ᠎ᠠ ᠲᠣᠳᠣᠷᠬᠠᠢ ᠪᠣᠯᠭᠠᠬᠤ ᠶᠢ ᠲᠤᠪᠤᠶᠢᠯᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠶᠢᠳᠠᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ  ᠳᠠᠬᠢ ᠪᠣᠯᠭᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠠᠬᠢᠭᠤᠯᠬᠤ ᠬᠡᠷᠡᠭᠲᠡᠢ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠲᠣᠭᠤᠷᠢᠨ ᠰᠢᠨᠵᠢᠯᠡᠬᠦ᠂ ᠤᠯᠠᠨ ᠲᠦᠮᠡᠨ ᠤ ᠲᠤᠰᠬᠠᠯ᠂ ᠵᠠᠬᠢᠳᠠᠯ ᠰᠣᠷᠪᠤᠯᠵᠢᠯᠠᠯ ᠢᠶᠠᠷ ᠢᠯᠡᠴᠢᠯᠡᠨ ᠮᠡᠳᠡᠭᠦᠯᠵᠤ ᠢᠯᠡᠷᠡᠭᠦᠯᠦᠭᠰᠡᠨ ᠰᠦᠪᠡᠭᠴᠢ ᠶᠢ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠠᠷ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ︔ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠡᠯ᠎ᠡ  ᠳᠦᠷᠤᠯ ᠤᠨ ᠠᠵᠢᠯ  ᠳᠡᠭᠡᠷ᠎ᠠ ᠪᠠᠨ ᠪᠣᠳᠠᠲᠠᠢ ᠦᠷ᠎ᠡ ᠪᠦᠲᠦᠮᠵᠢ ᠣᠯᠬᠤ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠢᠩᠭᠠᠳᠬᠠᠨ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠ ᠵᠠᠰᠠᠭ ᠡᠷᠬᠢᠯᠡᠬᠦ ᠣᠷᠴᠢᠨ  ᠠᠬᠤᠢ ᠶᠢ ᠴᠢᠷᠮᠠᠶᠢᠨ ᠪᠤᠢ ᠪᠣᠯᠭᠠᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠬᠤ ᠳᠠᠭᠠᠨ᠂ ᠰᠢᠶᠠᠨ ᠤ ᠱᠠᠲᠤᠨ ᠤ ᠤᠳᠤᠷᠢᠳᠬᠤ ᠺᠠᠳ᠋ᠷ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠲᠦᠷᠦᠭᠦᠯᠡᠨ ᠰᠤᠷᠤᠯᠴᠠᠨ ᠰᠡᠳᠬᠢᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠰᠠᠬᠢᠯᠭ᠎ᠠ ᠪᠠᠲᠤ ᠶᠢ ᠬᠡᠷᠡᠭᠵᠢᠭᠦᠯᠤᠨ᠂ ᠬᠢᠨᠠᠯᠲᠠ ᠶᠢ ᠬᠦᠯᠢᠶᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠦᠯᠢᠭᠡᠷ ᠳᠠᠭᠤᠷᠢᠶᠠᠯ ᠪᠣᠯᠵᠤ᠂  ᠳᠠᠭᠠᠭᠤᠯᠤᠬᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠱᠠᠲᠤ ᠱᠠᠲᠤ ᠪᠠᠷ ᠳᠠᠷᠤᠯᠲᠠ ᠥᠭᠴᠦ᠂ ᠲᠣᠰ ᠨᠢᠭᠡᠴᠢ ᠶᠢᠨ ᠢᠶᠠᠨ ᠨᠠᠮ ᠤᠨ ᠭᠡᠰᠢᠭᠦᠨ ᠺᠠᠳ᠋ᠷᠴᠤᠳ ᠢ ᠰᠠᠶᠢᠲᠤᠷ ᠵᠣᠬᠢᠶᠠᠨ ᠪᠠᠶᠢᠭᠤᠯᠤᠨ ᠳᠠᠶᠢᠴᠢᠯᠠᠵᠤ᠂ ᠱᠠᠭᠠᠷᠳᠠᠯᠭ᠎ᠠ ᠶᠣᠰᠣᠭᠠᠷ ᠡᠯ᠎ᠡ  ᠳᠦᠷᠤᠯ ᠤᠨ ᠴᠡᠭᠴᠡᠯᠡᠨ ᠵᠠᠰᠠᠬᠤ ᠠᠵᠢᠯ ᠢ ᠰᠠᠶᠢᠲᠤᠷ ᠥᠷᠨᠢᠭᠦᠯᠵᠦ᠂ ᠠᠵᠢᠯ ᠤᠨ ᠡᠷᠴᠢᠮ ᠱᠠᠲᠤ ᠱᠠᠲᠤ ᠪᠠᠷ ᠪᠠᠭᠤᠷᠠᠬᠤ᠂  ᠭᠡᠯᠪᠡᠷᠢ ᠶᠢᠨ ᠳᠡᠳᠤᠢ ᠶᠠᠪᠤᠬᠳᠠᠬᠤ ᠠᠰᠠᠭᠤᠳᠠᠯ ᠢ ᠡᠷᠡᠰ ᠰᠡᠷᠭᠡᠶᠢᠯᠡᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠠᠷᠢᠮᠵᠢᠶ᠎ᠠ ᠶᠢ ᠲᠣᠳᠣᠷᠬᠠᠶᠢᠯᠠᠨ᠂ ᠲᠠᠰ ᠳᠠᠷᠠᠭᠠᠯᠠᠯ ᠢ ᠴᠢᠩᠳᠠᠯᠠᠵᠤ᠂ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠂ ᠬᠡᠪ ᠤᠨ ᠪᠠᠶᠢᠳᠠᠯ ᠢᠶᠠᠷ ᠰᠠᠨᠠᠭᠤᠯᠬᠤ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ᠂ ᠬᠥᠮᠥᠨ ᠰᠣᠩᠭᠤᠵᠤ ᠬᠥᠮᠥᠨ ᠬᠡᠷᠡᠭᠯᠡᠬᠦ ᠶᠢᠨ ᠪᠣᠭᠤᠮᠲᠠ ᠶᠢ ᠡᠵᠡᠮᠳᠡᠬᠦ ᠪᠠ ᠰᠦᠪᠡᠭᠴᠢ ᠶᠢ ᠢᠯᠡᠷᠡᠭᠦᠯᠬᠦ 4 ᠵᠦᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠡᠨᠡ ᠤᠳᠠᠭ᠎ᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠨᠠᠮ ᠤᠨ ᠭᠡᠰᠢᠭᠦᠨ ᠺᠠᠳ᠋ᠷ ᠲᠤ ᠨᠢᠭᠡ ᠤᠳᠠᠭᠠᠨ ᠤ ᠰᠠᠬᠢᠯᠭ᠎ᠠ ᠪᠠᠲᠤ ᠣᠪᠣᠷ ᠰᠤᠷᠲᠠᠯ ᠤᠨ ᠲᠥᠪᠯᠡᠷᠡᠩᠭᠦᠢ ᠴᠡᠭᠴᠡᠯᠡᠯᠲᠡ ᠬᠢᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠺᠠᠳ᠋ᠷᠴᠤᠳ ᠤᠨ ︽ᠬᠡᠪ  ᠢᠶᠠᠨ ᠰᠠᠬᠢᠬᠤ︾ ᠬᠡᠪ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠨᠢᠭᠡ ᠪᠦᠯᠦᠭ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ  ᠳᠠᠬᠢ ᠪᠤᠯᠬᠢᠴᠢᠯᠠᠬᠰᠠᠨ ᠠᠷᠠᠯᠵᠢᠶᠠᠯᠠᠬᠰᠠᠨ ᠪᠣᠳᠠᠲᠠᠢ ᠢᠯᠡᠷᠡᠯ ᠵᠢᠴᠢ ᠨᠢᠭᠤᠭᠳᠠᠮᠠᠯ ᠣᠨᠳᠣᠣᠰᠢᠯ  ᠦᠵᠡᠭᠳᠡᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠥᠬᠦᠷ ᠶᠣᠰᠣᠨ ᠤ ᠠᠷᠢᠭᠤᠨ ᠴᠢᠬᠡᠴᠢ ᠬᠠᠷᠢᠴᠠᠭ᠎ᠠ᠂  ᠳᠡᠭᠡᠳᠦ ᠳᠣᠣᠷᠠᠳᠤ ᠱᠠᠲᠤᠨ ᠤ ᠠᠷᠢᠭᠤᠨ ᠴᠡᠪᠡᠷ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠮᠠᠨ ᠤ ᠬᠤᠰᠢᠭᠤᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠡᠷᠡᠭᠦᠯ ᠰᠠᠷᠠᠭᠤᠯ  ᠳᠦᠷᠢᠮᠵᠢᠭᠰᠡᠨ ᠵᠠᠮ ᠳᠤ ᠪᠦᠭᠦ ᠲᠠᠯ᠎ᠠ ᠪᠠᠷ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ  ᠠᠬᠤᠢ ᠶᠢ ᠪᠤᠢ ᠪᠣᠯᠭᠠᠵᠤ ᠥᠭᠬᠦ ᠭᠡᠷᠡᠭᠳᠡᠢ ᠭᠡᠪᠡ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ