ᠨᠠᠷᠡᠰᠤᠨ ᠪᠠᠯᠭᠠᠰᠤ᠄ ᠨᠠᠮ ᠤᠨ ᠪᠠᠶᠢᠭᠤᠯᠤᠯᠳᠠ ᠶᠢᠨ ᠬᠦᠳᠦᠯᠦᠨ ᠳᠠᠭᠠᠭᠤᠯᠬᠤ ᠶᠢ ᠳᠤᠪᠤᠶᠢᠯᠭᠠᠵᠤ ᠳᠤᠰᠬᠤᠨ ᠤ ᠬᠠᠮᠳᠤ ᠶᠢᠨ ᠠᠵᠤ ᠠᠬᠤᠢ ᠶᠢᠨ ᠴᠢᠨᠠᠷᠵᠢᠯ  ᠢ ᠲᠡᠭᠡᠭᠰᠢᠯᠡᠬᠦᠯᠦᠨ ᠦᠷ᠎ᠡ ᠠᠰᠢᠭ ᠢᠶᠠᠨ ᠨᠡᠮᠡᠭᠳᠡᠬᠦᠯᠬᠦ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2022/5/17
       ᠤᠶᠢᠷ᠎ᠡ ᠶᠢᠨ ᠵᠢᠯ ᠳᠤ᠂ ᠨᠠᠷᠡᠰᠤᠨ ᠪᠠᠯᠭᠠᠰᠤ ᠶᠢᠨ ᠨᠠᠮ ᠤᠨ ᠬᠤᠷᠢᠶ᠎ᠡ ᠨᠠᠮ ᠤᠨ ᠪᠠᠶᠢᠭᠤᠯᠤᠯᠳᠠ ᠶᠢᠨ ᠬᠦᠳᠦᠯᠦᠨ ᠳᠠᠭᠠᠭᠤᠯᠬᠤ ᠶᠢ ᠳᠤᠪᠤᠶᠢᠯᠭᠠᠵᠤ᠂ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂《1234 +N》ᠨᠠᠮ ᠤᠨ ᠪᠠᠶᠢᠭᠤᠯᠤᠯᠳᠠ ᠶᠢᠨ ᠠᠵᠢᠯᠯᠠᠬᠤ ᠵᠠᠬᠪᠤᠷ ᠢ ᠰᠦᠪᠡᠭᠴᠢᠯᠡᠨ ᠪᠦᠷᠢᠯᠳᠦᠬᠦᠯᠵᠤ᠂《ᠬᠠᠮᠤᠭ ᠤᠨ  ᠬᠦᠴᠦᠷᠬᠡᠭ ᠨᠠᠮ ᠤᠨ ᠡᠬᠦᠷ》 ᠢ ᠴᠤᠬᠴᠠᠯᠠᠨ ᠪᠠᠶᠢᠭᠤᠯᠬᠤ ᠪᠠᠷ ᠶᠡᠷᠦᠩᠬᠡᠢ ᠬᠦᠭᠵᠢᠯᠳᠡ  ᠶᠢᠨ ᠬᠠᠷᠠᠯᠳᠠ ᠪᠠᠨ ᠪᠤᠯᠭᠠᠨ᠂ ᠳᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠢ ᠦᠨᠳᠦᠰᠦᠨ ᠱᠠᠳᠤᠨ ᠤ ᠨᠠᠮ ᠤᠨ ᠡᠬᠦᠷ ᠤᠨ ᠵᠤᠬᠢᠶᠠᠨ ᠪᠠᠶᠢᠭᠤᠯᠬᠤ ᠬᠦᠴᠦᠨ ᠢᠶᠠᠨ ᠨᠡᠮᠡᠭᠳᠡᠬᠦᠯᠬᠦ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ᠂ ᠮᠠᠯᠴᠢᠨ ᠲᠠᠷᠢᠶᠠᠴᠢᠨ ᠤᠯᠠᠨ ᠲᠦᠮᠡᠨ ᠢ ᠳᠠᠶᠢᠴᠢᠯᠠᠵᠤ ᠬᠠᠮᠳᠤᠪᠡᠷ ᠴᠢᠨᠡᠬᠡᠯᠢᠭᠵᠢᠬᠦ ᠪᠠᠷ ᠴᠢᠬᠤᠯᠠ ᠭᠠᠷᠳᠡᠴᠡ ᠪᠤᠯᠭᠠᠵᠤ᠂ ᠠᠭᠤᠷᠬᠠᠢ ᠶᠢᠨ ᠤᠷᠤᠨ ᠤ ᠳᠤᠰᠬᠤᠨ ᠤ ᠬᠠᠮᠳᠤ ᠶᠢᠨ ᠠᠵᠤ ᠠᠬᠤᠢ  ᠶᠢᠨ ᠬᠦᠭᠵᠢᠯᠳᠡ ᠶᠢᠨ ᠰᠢᠨ᠎ᠠ ᠠᠷᠭ᠎ᠠ ᠵᠠᠮ ᠢ ᠬᠠᠶᠢᠨ  ᠰᠦᠪᠡᠭᠴᠢᠯᠡᠨ᠂《 ᠨᠠᠮ ᠤᠨ ᠬᠤᠷᠢᠶ᠎ᠠ ᠨᠢᠬᠡᠳᠦᠯᠳᠡᠢ ᠳᠦᠯᠦᠪᠵᠢᠬᠦᠯᠵᠤ᠂ ᠨᠠᠮ ᠤᠨ ᠡᠬᠦᠷ ᠬᠦᠳᠦᠯᠦᠨ ᠳᠠᠭᠠᠭᠤᠯᠵᠤ᠂ ᠨᠠᠮ ᠤᠨ ᠬᠡᠰᠢᠬᠦᠨ ᠳᠤᠯᠤᠭᠠᠶᠢᠯᠠᠵᠤ᠂ ᠨᠡᠶᠢᠬᠡᠮ ᠳᠠᠶᠠᠭᠠᠷ ᠤᠷᠤᠯᠴᠠᠬᠤ》ᠠᠵᠢᠯ ᠤᠨ  ᠨᠡᠶᠢᠯᠡᠯ ᠬᠦᠴᠦᠨ ᠢ ᠪᠦᠷᠢᠯᠳᠦᠬᠦᠯᠵᠦ᠂ ᠬᠠᠮᠳᠤ ᠶᠢᠨ ᠠᠵᠤ ᠠᠬᠤᠢ ᠶᠢᠨ ᠴᠢᠨᠠᠷᠵᠢᠯ ᠢ ᠳᠡᠭᠡᠭᠰᠢᠯᠡᠬᠦᠯᠵᠤ ᠦᠷ᠎ᠡ ᠠᠰᠢᠭ ᠢᠶᠠᠨ ᠨᠡᠮᠡᠭᠳᠡᠬᠦᠯᠬᠦ ᠶᠢ ᠠᠬᠢᠭᠤᠯᠵᠤ ᠪᠠᠶᠢᠨ᠎ᠠ᠃
纳日松1.jpg      ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠭᠤᠤᠯᠯᠠᠬᠤ ᠦᠢᠯᠡᠳᠦᠯ ᠢ ᠪᠠᠳᠠᠷᠠᠭᠤᠯᠪᠠ
ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠳᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ ᠳᠤ ᠦᠵᠡᠬᠦᠯᠬᠦ ᠭᠤᠤᠯᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂  ᠨᠠᠷᠡᠰᠤᠨ ᠪᠠᠯᠭᠠᠰᠤ ᠶᠢᠨ ᠬᠢᠨ《 ᠳᠦᠷᠪᠡᠨ ᠱᠤᠭᠤᠮ ᠭᠤᠷᠪᠡᠨ ᠭᠤᠤᠯ ᠬᠤᠶᠡᠷ ᠪᠠᠯᠭᠠᠰᠤᠨ ᠤ ᠳᠤᠭᠤᠷᠢᠭ ᠨᠢᠬᠡ ᠦᠵᠡᠮᠵᠢ ᠶᠢᠨ ᠤᠷᠤᠨ》 ᠤ ᠠᠵᠤ ᠦᠢᠯᠡᠰ ᠤᠨ ᠬᠦᠭᠵᠢᠯᠳᠡ ᠶᠢᠨ ᠳᠦᠯᠦᠪᠵᠢᠬᠦᠯᠬᠡ ᠳᠤ ᠳᠦᠰᠢᠭᠯᠡᠨ᠂ ᠠᠵᠤ ᠦᠢᠯᠡᠰ ᠢ ᠬᠠᠮᠢᠭ᠎ᠠ ᠬᠦᠷᠳᠡᠯ᠎ᠡ ᠤᠷᠳᠤᠳᠬᠠᠪᠠᠯ ᠬᠦᠮᠦᠰ ᠨᠢ ᠲᠡᠨᠳᠡ ᠲᠦᠪᠯᠡᠷᠡᠵᠦ᠂ ᠨᠠᠮ ᠤᠨ ᠵᠤᠬᠢᠶᠠᠨ ᠪᠠᠶᠢᠭᠤᠯᠤᠯᠳᠠ ᠨᠢ ᠳᠡᠨᠳᠡ ᠬᠦᠷᠳᠡᠯ᠎ᠡ ᠪᠦᠷᠬᠦᠬᠦ ᠶᠢ ᠪᠡᠶᠡᠯᠡᠬᠦᠯᠪᠡ᠃《 ᠬᠠᠮᠤᠭ ᠤᠨ ᠬᠦᠴᠦᠷᠭᠡᠭ ᠨᠠᠮ  ᠤᠨ ᠡᠬᠦᠷ》 ᠢ ᠪᠠᠶᠢᠭᠤᠯᠬᠤ ᠪᠠᠷ ᠳᠠᠮᠵᠢᠨ᠂《 ᠲᠤᠤᠷᠵᠢᠬᠰᠠᠨ ᠬᠠᠮᠢᠶᠠᠷᠤᠯᠳᠡ》᠂《 ᠤᠳᠤᠨ ᠳᠡᠰ ᠤᠨ ᠬᠠᠮᠢᠶᠠᠷᠤᠯᠳᠡ》᠂《 ᠠᠮᠵᠢᠯᠳᠡ ᠪᠦᠳᠦᠮᠵᠢ ᠶᠢ ᠬᠢᠨᠠᠨ ᠰᠢᠯᠭᠠᠬᠤ ᠬᠠᠮᠢᠶᠠᠷᠤᠯᠳᠡ》ᠵᠡᠷᠬᠡ ᠤᠯᠠᠨ ᠵᠦᠢᠯ ᠤᠨ ᠬᠠᠮᠢᠶᠠᠷᠤᠯᠳᠡ ᠶᠢᠨ ᠠᠷᠭ᠎ᠠ ᠮᠠᠶ᠋ᠢᠭ ᠢ ᠶᠡᠷᠦᠩᠬᠡᠶᠢᠯᠡᠨ ᠠᠰᠢᠬᠯᠠᠵᠦ᠂ ᠨᠠᠮ ᠪᠠ ᠤᠯᠠᠨ ᠳᠦᠮᠡᠨ ᠤ ᠰᠡᠳᠬᠢᠯ ᠢ ᠤᠯᠠᠮ ᠨᠢᠬᠡ ᠠᠯᠬᠤᠮ ᠨᠢᠬᠳᠠᠷᠠᠭᠤᠯᠤᠨ᠂  ᠤᠷᠳᠤᠭᠤᠤᠯ ᠳᠤᠰᠬᠤᠨ᠂ ᠤᠷᠳᠤᠭᠤᠤᠯ ᠤᠨ ᠠᠮᠠ ᠳᠤᠰᠬᠤᠨ᠂ ᠬᠠᠭᠠᠯᠭᠠᠴᠢ ᠶᠢᠨ ᠭᠤᠤᠯ ᠲᠤᠰᠬᠤᠨ ᠵᠡᠷᠬᠡ ᠳᠤ ᠨᠢᠬᠡ ᠪᠦᠯᠦᠭ ᠬᠠᠮᠤᠭ ᠤᠨ ᠬᠦᠴᠦᠷᠭᠡᠭ ᠨᠠᠮ ᠤᠨ ᠡᠬᠦᠷ ᠢ ᠴᠤᠬᠴᠠᠯᠠᠨ ᠪᠠᠶᠢᠭᠤᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠷᠰᠢᠶᠡᠵᠢᠯ ᠢ ᠲᠠᠭᠠᠭᠤᠯᠤᠨ ᠡᠷᠬᠢᠯᠡᠬᠦ᠂ ᠳᠤᠰᠬᠤᠨ ᠤ ᠬᠠᠮᠳᠤ ᠶᠢᠨ ᠬᠦᠳᠡᠯᠮᠤᠷᠢ ᠦᠢᠯᠡᠴᠢᠯᠡᠬᠡᠨ ᠤ ᠺᠤᠮᠫᠠᠨᠢ ᠪᠠᠶᠢᠭᠤᠯᠬᠤ᠂ ᠬᠤᠪᠢ ᠤᠷᠤᠵᠤ ᠤᠷᠤᠯᠭ᠎ᠠ ᠪᠠᠨ ᠬᠤᠪᠢᠶᠠᠷᠢᠯᠠᠬᠤ᠂ ᠰᠤᠯᠠ ᠰᠡᠯᠡᠬᠦᠦ ᠪᠠᠶᠢᠬᠤ ᠡᠬᠢ ᠪᠠᠶᠠᠯᠢᠭ ᠢ ᠠᠮᠢᠯᠠᠭᠤᠯᠬᠤ ᠵᠡᠷᠬᠡ ᠠᠷᠭ᠎ᠠ ᠬᠡᠮᠵᠢᠶ᠎ᠡ ᠪᠠᠷ ᠳᠡᠮᠵᠢᠨ᠂ ᠡᠯ ᠳ᠋ᠤᠤ ᠯᠢᠦ ᠼᠦᠨ ᠳᠤᠰᠬᠤᠨ ᠤ ᠬᠡᠷᠡᠯᠯᠢᠭ ᠬᠠᠪᠳᠠᠰᠤ ᠪᠠᠷ ᠴᠠᠬᠢᠯᠭᠠᠨ ᠭᠠᠷᠭᠠᠬᠤ᠂ ᠡᠯ ᠴᠠᠩ  ᠴᠢᠤᠢ ᠼᠦᠨ ᠲᠤᠰᠬᠤᠨ ᠤ ᠪᠤᠷᠤ ᠴᠠᠷᠭᠠᠰᠤ ᠶᠢᠨ ᠮᠦᠬᠦᠯᠢᠭ ᠪᠤᠯᠪᠠᠰᠤᠷᠠᠭᠤᠯᠬᠤ ᠦᠢᠯᠡᠳᠪᠦᠷᠢ ᠵᠡᠷᠬᠡ ᠨᠢᠬᠡ ᠪᠦᠯᠦᠭ ᠳᠤᠰᠬᠤᠨ ᠤ ᠬᠠᠮᠳᠤ ᠶᠢᠨ ᠠᠵᠤ ᠠᠬᠤᠢ ᠶᠢᠨ ᠴᠢᠨᠠᠷᠯᠢᠭ ᠠᠵᠤ ᠦᠢᠯᠡᠰ ᠢ ᠪᠤᠶᠢᠵᠢᠭᠤᠯᠵᠤ᠂ ᠳᠤᠰᠬᠤᠨ ᠤ ᠬᠠᠮᠳᠤ ᠶᠢᠨ ᠠᠵᠤ ᠠᠬᠤᠢ ᠶᠢᠨ ᠤᠯᠠᠨ ᠡᠰᠢᠵᠢᠨ ᠪᠠᠷᠢᠮᠵᠢᠶ᠎ᠠ ᠳᠤ ᠬᠦᠷᠬᠦ ᠶᠢ ᠠᠬᠢᠭᠤᠯᠪᠠ᠃
 纳日松2.jpg    
      ᠲᠤᠯᠤᠭᠠᠶᠢᠯᠠᠬᠴᠢ ᠬᠠᠮᠳᠤ ᠶᠢᠨ ᠠᠵᠤ ᠠᠬᠤᠢ ᠶᠢᠨ ᠵᠢᠱᠢᠶ᠎ᠡ ᠦᠵᠡᠬᠦᠯᠦᠨ ᠲᠠᠶᠢᠴᠢᠯᠠᠬᠤ ᠦᠢᠯᠡᠳᠦᠯ  ᠢ ᠰᠠᠶᠢᠳᠤᠷ ᠪᠠᠳᠠᠷᠠᠭᠤᠯᠪᠠ      ᠨᠠᠷᠠᠰᠤᠨ ᠪᠠᠯᠭᠠᠰᠤ ᠶᠢᠨ ᠨᠡᠬᠦᠷᠡᠰᠦᠨ ᠤ ᠡᠬᠢ ᠪᠠᠶᠠᠯᠢᠭ ᠡᠯᠪᠡᠭ ᠲᠡᠯᠪᠡᠭ᠂ ᠨᠡᠬᠦᠷᠡᠰᠦᠨ ᠤ ᠡᠬᠢ ᠪᠠᠶᠠᠯᠢᠭ ᠳᠦᠪᠯᠡᠷᠡᠭᠰᠡᠨ ᠭᠠᠵᠠᠷ ᠲᠤ ᠪᠠᠶᠢᠷᠢᠯᠡᠵᠤ᠂ 17 ᠵᠠᠰᠠᠭ ᠵᠠᠬᠢᠷᠭᠠᠨ ᠤ ᠭᠠᠴᠠᠭ᠎ᠠ ᠳᠤᠰᠬᠤᠨ ᠨᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠨᠡᠬᠦᠷᠡᠰᠦᠨ ᠬᠤᠳᠳᠤᠭ ᠤᠨ ᠬᠦᠷᠢᠶ᠎ᠡ ᠬᠡᠪᠴᠢᠶᠡᠨ ᠳᠤ ᠪᠠᠶᠢᠵᠤ᠂ ᠨᠡᠷ᠎ᠡ ᠨᠢᠳᠡᠷ ᠲᠡᠭᠡᠨ ᠲᠠᠩᠴᠡᠭᠰᠡᠨ ᠦᠢᠯᠡᠳᠪᠦᠷᠢ ᠠᠭᠤᠷᠬᠠᠢ ᠶᠢᠨ ᠲᠤᠮᠤ ᠪᠠᠯᠭᠠᠰᠤ  ᠪᠤᠯᠬᠤ ᠶᠤᠮ᠃ ᠪᠠᠯᠭᠠᠰᠤ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤᠷᠤᠨ ᠪᠦᠰᠡ ᠶᠢᠨ ᠪᠤᠳᠠᠳᠠᠢ ᠲᠠᠢ ᠪᠠᠨ ᠤᠶᠠᠯᠳᠤᠭᠤᠯᠤᠨ᠂《 ᠳᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ + ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠳᠦᠬᠡᠨ ᠪᠠᠶᠢᠭᠤᠯᠤᠯᠳᠠ+ ᠬᠦᠮᠦᠨ ᠠᠷᠠᠳ ᠤᠨ ᠰᠠᠭᠤᠷᠢᠰᠢᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ》ᠠᠵᠢᠯ ᠤᠨ ᠵᠠᠬᠪᠤᠷ ᠢ ᠢᠳᠡᠪᠬᠢᠳᠡᠢ ᠬᠠᠶᠢᠨ ᠰᠦᠪᠡᠭᠴᠢᠯᠡᠪᠡ᠃ 2020 ᠤᠨ ᠳᠤ ᠳᠦᠷᠦᠬᠦᠯᠡᠨ 19 ᠲᠤᠰᠬᠤᠨ 2 ᠨᠡᠶᠢᠬᠡᠮ ᠳᠤᠭᠤᠷᠢᠭ ᠲᠠᠢ ᠬᠤᠯᠪᠤᠭᠠᠯᠠᠨ ᠵᠡᠬᠦᠡᠭᠠᠷ ᠬᠤᠰᠢᠭᠤᠨ ᠤ ᠵᠢᠤᠢ ᠾᠧ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠤᠮᠫᠠᠨᠢ ᠶᠢ ᠪᠠᠶᠢᠭᠤᠯᠪᠠ᠃      2021 ᠤᠨ ᠳᠤ ᠬᠤᠰᠢᠭᠤ ᠱᠠᠳᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠵᠤᠯᠭᠠᠭᠤᠯᠬᠤ ᠪᠡᠯᠡ ᠮᠦᠡᠭᠬᠦ ᠶᠢ 684 ᠳᠦᠮᠡᠨ ᠳᠦᠬᠦᠷᠢᠭ ᠭᠤᠶᠤᠴᠢᠯᠠᠵᠤ᠂ ᠬᠤᠭ ᠨᠤᠪᠰᠢ ᠠᠷᠢᠯᠭᠠᠬᠤ ᠳᠡᠷᠬᠡ᠂ ᠪᠤᠬᠢᠷ ᠤᠰᠤ ᠶᠢ ᠰᠤᠷᠤᠬᠤ ᠳᠡᠷᠬᠡ᠂《 ᠭᠤᠬ᠎ᠠ ᠮᠠᠶ᠋ᠢᠭ》 ᠤᠨ ᠬᠤᠭ ᠨᠤᠪᠰᠢ ᠠᠷᠢᠯᠭᠠᠬᠤ ᠳᠡᠷᠬᠡ᠂ ᠤᠰᠤ ᠰᠦᠷᠴᠢᠬᠦ ᠳᠡᠷᠬᠡ ᠵᠡᠷᠬᠡ ᠴᠡᠪᠡᠷᠯᠡᠵᠦ ᠵᠦᠬᠡᠬᠡᠪᠦᠷᠢᠯᠡᠬᠦ ᠳᠦᠬᠦᠬᠡᠷᠦᠮᠵᠢ ᠶᠢ ᠬᠤᠳᠠᠯᠳᠤᠨ ᠠᠪᠴᠤ᠂ ᠭᠠᠵᠠᠷ ᠤᠷᠤᠨ ᠳᠤ ᠰᠠᠭᠤᠭ᠎ᠠ ᠠᠵᠤ ᠠᠬᠤᠶᠢᠯᠡᠯ ᠲᠠᠢ ᠤᠯᠠᠨ ᠳᠠᠯ᠎ᠠ ᠶᠢᠨ ᠬᠠᠮᠳᠤᠷᠠᠯᠴᠠᠭ᠎ᠠ ᠦᠷᠨᠢᠬᠦᠯᠬᠦ ᠪᠠᠷ ᠳᠠᠮᠵᠢᠭᠤᠯᠤᠨ᠂ ᠬᠠᠷᠢᠶ᠎ᠡ ᠳᠤᠭᠤᠷᠢᠭ ᠤᠨ ᠵᠠᠮ ᠢ ᠴᠡᠪᠡᠷᠯᠡᠬᠦ᠂ ᠳᠠᠬᠢᠨ ᠬᠠᠭᠠᠯᠪᠤᠷᠢᠯᠡᠵᠤ ᠨᠤᠭᠤᠭᠠᠷᠠᠭᠤᠯᠬᠤ᠂ ᠤᠷᠴᠢᠨ ᠳᠤᠭᠤᠷᠢᠨ ᠢ ᠬᠠᠮᠠᠭᠠᠯᠠᠬᠤ ᠦᠢᠯᠡᠴᠢᠯᠡᠭᠡ ᠵᠡᠷᠬᠡ ᠠᠵᠢᠯ ᠶᠠᠪᠤᠳᠠᠯ ᠢ ᠢᠳᠡᠪᠬᠢᠳᠡᠢ ᠳᠠᠭᠠᠭᠠᠴᠢᠯᠠᠵᠤ ᠠᠪᠴᠠᠢ᠃      2022 ᠤᠨ ᠤ 4 ᠰᠠᠷ᠎ᠡ ᠶᠢᠨ 29 ᠤ ᠡᠳᠦᠷ᠂ ᠨᠠᠷᠡᠰᠤᠨ ᠪᠠᠯᠭᠠᠰᠤ ᠢ ᠲᠠᠢ ᠪᠦᠯᠦᠭᠯᠡᠯ ᠲᠠᠢ ᠬᠡᠯᠡᠯᠴᠡᠬᠡᠷ ᠳᠤᠬᠳᠠᠵᠤ᠂ ᠪᠠᠯᠭᠠᠰᠤᠨ ᠤ ᠬᠠᠷᠢᠶᠠᠳᠤ ᠺᠤᠮᠫᠠᠨᠢ ᠪᠤᠯᠬᠤ ᠵᠡᠬᠦᠡᠭᠠᠷ ᠬᠤᠰᠢᠭᠤᠨ ᠤ ᠵᠢᠤᠢ ᠾᠧ ᠠᠵᠤ ᠦᠢᠯᠡᠳᠪᠦᠷᠢ ᠠᠷᠠᠯᠵᠢᠶᠡᠨ ᠤ ᠬᠢᠵᠠᠭᠠᠷᠳᠤ ᠺᠤᠮᠫᠠᠨᠢ ᠶᠢᠨ ᠡᠵᠡᠮᠰᠢᠯ ᠲᠤᠤᠷᠠᠬᠢ 142 ᠰᠠᠭᠤᠷᠢ ᠴᠢᠩᠬᠡᠯᠢᠭ ᠲᠡᠷᠬᠡ ᠵᠡᠷᠬᠡ ᠡᠬᠢ ᠪᠠᠶᠠᠯᠢᠭ ᠢᠶᠠᠨ ᠢ ᠲᠠᠢ ᠪᠦᠯᠦᠭᠯᠡᠯ ᠤᠨ ᠨᠠᠷᠢᠨ ᠰᠦᠮ᠎ᠡ ᠶᠢᠨ ᠭᠠᠢ ᠭᠠᠮᠰᠢᠭ ᠢ ᠵᠠᠰᠠᠨ ᠴᠡᠭᠴᠡᠯᠡᠬᠦ ᠠᠯᠪᠠᠨ ᠬᠡᠷ ᠲᠤ ᠴᠢᠩᠬᠡᠯᠢᠭ ᠲᠡᠷᠬᠡ ᠪᠠᠨ ᠳᠦᠷᠢᠶᠡᠰᠦᠯᠡᠬᠦ ᠦᠢᠯᠡᠴᠢᠯᠡᠭᠡ ᠬᠠᠨᠭ᠍ᠭᠠᠵᠤ᠂ ᠵᠢᠱᠢᠯᠳᠡ ᠪᠠᠷ ᠵᠢᠯ ᠤᠨ ᠴᠡᠪᠡᠷ ᠤᠷᠤᠯᠭ᠎ᠠ ᠨᠢ120 -150 ᠳᠦᠮᠡᠨ ᠳᠦᠬᠦᠷᠢᠭ ᠲᠤ ᠬᠦᠷᠬᠦ ᠪᠤᠯᠤᠨ᠎ᠡ᠃ ᠵᠡᠬᠦᠡᠭᠠᠷ ᠬᠤᠰᠢᠭᠤᠨ ᠤ ᠵᠢᠤᠢ ᠾᠧ ᠺᠤᠮᠫᠠᠨᠢ ᠶᠢᠨ ᠠᠰᠢᠭ ᠤᠷᠤᠯᠭ᠎ᠠ ᠶᠢ ᠬᠤᠪᠢᠶᠠᠷᠢᠯᠡᠬᠤ ᠳᠦᠰᠤᠯ ᠶᠤᠰᠤᠭᠠᠷ᠂ ᠺᠤᠮᠫᠠᠨᠢ ᠶᠢᠨ ᠴᠡᠪᠡᠷ ᠬᠤᠨᠵᠢᠪᠤᠷᠢ ᠶᠢᠨ 20 % ᠶᠢ ᠨᠠᠷᠠᠰᠤᠨ ᠪᠠᠯᠭᠠᠰᠤ ᠶᠢᠨ ᠶᠠᠳᠠᠭᠤ ᠠᠴᠠ ᠠᠩᠬᠢᠵᠢᠷᠠᠬᠰᠠᠨ ᠡᠷᠦᠬᠡ᠂ ᠬᠢᠨᠠᠨ ᠪᠠᠶᠢᠴᠠᠭᠠᠬᠤ ᠡᠷᠦᠬᠡ᠂ ᠳᠤᠤᠷ᠎ᠡ ᠤᠷᠤᠯᠭ᠎ᠠ ᠲᠠᠢ ᠬᠡᠷ ᠪᠦᠯᠢ ᠪᠤᠯᠤᠨ ᠬᠡᠨᠡᠳᠳᠡ  ᠶᠢᠨ ᠴᠢᠨᠡᠷᠳᠡᠢ ᠡᠪᠡᠳᠴᠢᠨ ᠡᠮᠬᠡᠭ᠂ ᠬᠡᠨᠡᠳᠳᠡ ᠶᠢᠨ ᠠᠳᠡᠯ᠂  ᠪᠠᠶᠢᠭᠠᠯᠢ ᠶᠢᠨ ᠭᠠᠮᠰᠢᠭ ᠵᠡᠷᠬᠡ ᠠᠴᠠ ᠪᠤᠯᠤᠬᠰᠠᠨ ᠤᠨᠴᠠ ᠬᠦᠴᠢᠷᠳᠡᠯᠳᠡᠢ ᠬᠡᠷ ᠪᠦᠯᠢ ᠶᠢ ᠬᠠᠪᠰᠤᠷᠤᠨ ᠳᠡᠳᠬᠦᠬᠦ ᠳᠤ ᠬᠡᠷᠡᠭᠯᠡᠨ᠎ᠡ︔ 80% ᠶᠢ ᠨᠢ ᠪᠦᠬᠦ ᠪᠠᠯᠭᠠᠰᠤᠨ ᠤ 21 ᠳᠤᠰᠬᠤᠨ ︵  ᠨᠡᠶᠢᠬᠡᠮ ᠳᠤᠭᠤᠷᠢᠭ︶  ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠪᠠᠨ ᠪᠤᠵᠠᠭᠠᠶᠢᠷᠠᠭᠤᠯᠬᠤ ᠳᠤ ᠬᠡᠷᠡᠭᠯᠡᠨ᠎ᠡ᠃
纳日松3.jpg       ᠤᠯᠠᠨ ᠲᠠᠯ᠎ᠠ ᠪᠠᠷ ᠬᠠᠮᠳᠤᠷᠠᠨ ᠠᠵᠢᠯᠯᠠᠵᠦ ᠴᠢᠨᠠᠷᠵᠢᠯ ᠢ ᠲᠡᠭᠡᠭᠰᠢᠯᠡᠬᠦᠯᠦᠨ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠪᠠ
       ᠪᠦᠬᠦ ᠪᠠᠯᠭᠠᠰᠤᠨ ᠤ ᠠᠵᠤ ᠦᠢᠯᠡᠰ ᠤᠨ ᠬᠦᠭᠵᠢᠯᠳᠡ ᠶᠢᠨ ᠳᠦᠯᠦᠪᠵᠢᠬᠦᠯᠬᠡ ᠳᠤ ᠳᠦᠰᠢᠭᠯᠡᠨ᠂ ᠤᠷᠤᠨ ᠪᠦᠰᠡ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠦ᠂ ᠤᠯᠠᠨ ᠳᠠᠯ᠎ᠠ ᠶᠢᠨ ᠡᠬᠢ ᠪᠠᠶᠠᠯᠢᠭ ᠢ ᠨᠢᠬᠡᠳᠦᠬᠦᠯᠦᠨ᠂《 ᠨᠠᠮ ᠤᠨ ᠵᠤᠬᠢᠶᠠᠨ ᠪᠠᠶᠢᠭᠤᠯᠤᠯᠳᠠ+ᠬᠤᠯᠪᠤᠭᠠᠯᠠᠨ ᠳᠠᠭᠠᠭᠠᠴᠢᠯᠠᠬᠰᠠᠨ ᠨᠢᠬᠡᠴᠡ + ᠳᠤᠬᠠᠢ ᠶᠢᠨ ᠭᠠᠵᠠᠷ ᠲᠤ ᠰᠠᠭᠤᠭ᠎ᠠ ᠠᠵᠤ ᠠᠬᠤᠶᠢᠯᠡᠯ+ ᠪᠠᠶᠢᠡᠭᠭᠤ ᠰᠠᠭᠤᠭ᠎ᠠ ᠡᠷᠦᠬᠡ》 ᠶᠢᠨ ᠠᠰᠢᠭ ᠳᠤᠰᠠ ᠶᠢ ᠬᠤᠯᠪᠤᠬᠤ ᠳᠤᠬᠳᠠᠴᠠ ᠶᠢ ᠪᠦᠷᠢᠯᠳᠦᠬᠦᠯᠵᠦ᠂ ᠬᠦᠳᠡᠯᠮᠤᠷᠢ ᠬᠦᠴᠦᠨ ᠤ ᠠᠵᠢᠯ ᠤᠨ ᠪᠠᠶᠢᠷᠢᠨ ᠳᠤ ᠭᠠᠷᠴᠤ ᠠᠵᠢᠯ ᠤᠯᠬᠤ ᠶᠢ ᠪᠦᠳᠦᠮᠵᠢᠳᠡᠢ ᠳᠠᠶᠢᠴᠢᠯᠠᠪᠠ᠃ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠤᠨ᠂ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠶᠢ ᠭᠤᠤᠯᠴᠢᠯᠠᠨ ᠠᠬᠢᠭᠤᠯᠵᠤ᠂ ᠨᠡᠬᠦᠷᠡᠰᠦ ᠲᠠᠢ ᠬᠤᠯᠪᠤᠬᠳᠠᠬᠰᠠᠨ ᠳᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ ᠶᠢ ᠤᠯᠠᠮ ᠨᠢᠬᠡ ᠠᠯᠬᠤᠮ ᠪᠤᠵᠠᠭᠠᠶᠢᠷᠠᠭᠤᠯᠤᠬᠰᠠᠨ ᠪᠠᠶᠢᠨ᠎ᠠ᠃
纳日松4.jpg       ᠨᠡᠬᠦᠷᠡᠰᠦ ᠦᠬᠡᠢ ᠳᠤᠰᠬᠤᠨ ᠳᠤ ᠦᠨᠳᠦᠷ ᠪᠠᠷᠢᠮᠵᠢᠶᠠᠳᠤ ᠳᠠᠷᠢᠶᠡᠨ ᠭᠠᠵᠠᠷ ᠢ ᠪᠠᠶᠢᠭᠤᠯᠬᠤ᠂ ᠵᠢᠭᠠᠰᠤᠨ ᠴᠦᠬᠦᠷᠦᠮ ᠪᠠᠶᠢᠭᠤᠯᠬᠤ᠂ ᠳᠡᠵᠢᠬᠡᠨ
ᠦᠷᠡᠵᠢᠬᠦᠯᠬᠦ ᠦᠢᠯᠡᠰ ᠢ ᠬᠦᠭᠵᠢᠬᠦᠯᠵᠤ᠂ ᠳᠡᠷᠢᠵᠤ  ᠳᠡᠵᠢᠬᠡᠨ ᠦᠷᠡᠵᠢᠬᠦᠯᠬᠦ ᠶᠢ ᠬᠦᠨᠵᠡᠬᠡᠢ ᠠᠭᠤᠰᠤᠯᠴᠠᠭᠤᠯᠤᠬᠰᠠᠨ ᠳᠤᠰᠬᠤᠨ ᠤ ᠬᠠᠮᠳᠤ ᠶᠢᠨ ᠠᠵᠤ ᠠᠬᠤᠢ  ᠶᠢᠨ ᠬᠦᠭᠵᠢᠯᠳᠡ ᠶᠢᠨ ᠵᠠᠬᠪᠤᠷ ᠢᠶᠠᠷ ᠵᠠᠮᠨᠠᠭᠤᠯᠵᠦ᠂ ᠠᠭᠤᠷᠬᠠᠢ ᠶᠢᠨ ᠤᠷᠤᠨ ᠤ ᠳᠠᠷᠢᠵᠤ ᠳᠡᠵᠢᠬᠡᠨ ᠦᠷᠡᠵᠢᠬᠦᠯᠬᠦ ᠰᠢᠨ᠎ᠡ ᠬᠢᠯᠡᠰ ᠴᠡᠭ ᠢ ᠡᠬᠦᠳᠪᠡ᠃ ᠤᠳᠤᠬᠠᠨ  ᠳᠤ 18 ᠳᠤᠰᠬᠤᠨ ᠳᠤ ᠳᠤᠰᠬᠤᠨ ᠤ ᠬᠠᠮᠳᠤ ᠶᠢᠨ ᠠᠵᠤ ᠠᠬᠤᠢ ᠶᠢᠨ ᠺᠤᠮᠫᠠᠨᠢ ᠶᠢ ᠬᠠᠤᠯᠢ ᠶᠤᠰᠤᠭᠠᠷ ᠳᠠᠩᠰᠠᠯᠠᠭᠤᠯᠤᠨ ᠪᠠᠶᠢᠭᠤᠯᠵᠤ  ︵7 ᠳᠤᠰᠬᠤᠨ ᠨᠢ ᠬᠦᠳᠡᠯᠮᠤᠷᠢ ᠬᠦᠴᠤᠨ ᠤ ᠺᠤᠮᠫᠠᠨᠢ ᠶᠢ ᠳᠠᠩᠰᠠᠯᠠᠭᠤᠯᠤᠨ ᠪᠠᠶᠢᠭᠤᠯᠵᠤ᠂ 5 ᠳᠤᠰᠬᠤᠨ ᠨᠢ ᠠᠷᠠᠯᠵᠢᠶ᠎ᠡ ᠬᠤᠳᠠᠯᠳᠤᠭᠠᠨ ᠤ ᠺᠤᠮᠫᠠᠨᠢ ᠶᠢ ᠳᠠᠩᠰᠠᠯᠠᠭᠤᠯᠤᠨ ᠪᠠᠶᠢᠭᠤᠯᠵᠤ᠂ 4 ᠲᠤᠰᠬᠤᠨ ᠨᠢ ᠠᠵᠤ ᠦᠢᠯᠡᠳᠪᠤᠷᠢ ᠠᠷᠠᠯᠵᠢᠶᠠᠨ ᠤ ᠺᠤᠮᠫᠠᠨᠢ ᠶᠢ ᠲᠠᠩᠰᠠᠯᠠᠭᠤᠯᠤᠨ ᠪᠠᠶᠢᠭᠤᠯᠵᠦ᠂ 1 ᠳᠤᠰᠬᠤᠨ ᠨᠢ ᠨᠤᠭᠤᠭᠠᠷᠠᠭᠤᠯᠤᠯᠳᠠ ᠶᠢᠨ ᠺᠤᠮᠫᠠᠨᠢ ᠶᠢ ᠳᠠᠩᠰᠠᠯᠠᠭᠤᠯᠤᠨ ᠪᠠᠶᠢᠭᠤᠯᠵᠤ᠂ 1 ᠳᠤᠰᠬᠤᠨ ᠨᠢ ᠳᠠᠷᠢᠶᠠᠯᠠᠩ ᠮᠠᠯ ᠠᠵᠤ ᠠᠬᠤᠢ ᠶᠢᠨ ᠺᠤᠮᠫᠠᠨᠢ ᠶᠢ ᠳᠠᠩᠰᠠᠯᠠᠭᠤᠯᠤᠨ ᠪᠠᠶᠢᠭᠤᠯᠪᠠ︶᠂ 2 ᠳᠤᠰᠬᠤᠨ ᠳᠠᠷᠢᠵᠤ ᠳᠡᠵᠢᠬᠡᠨ ᠦᠷᠡᠵᠢᠬᠦᠯᠬᠦ ᠳᠤᠰᠬᠠᠢ ᠬᠤᠷᠰᠢᠶᠠᠵᠢᠯ ᠢ ᠳᠠᠩᠰᠠᠯᠠᠭᠤᠯᠤᠨ ᠪᠠᠶᠢᠭᠤᠯᠪᠠ᠃ 2021 ᠤᠨ ᠳᠤ ᠪᠦᠬᠦ ᠪᠠᠯᠭᠠᠰᠤ ᠶᠢᠨ 19 ᠳᠤᠰᠬᠤᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠨᠢ ᠨᠡᠶᠢᠳᠡᠮ ᠳᠡᠭᠡᠨ 10 ᠳᠦᠮᠡᠨ ᠳᠦᠬᠦᠷᠢᠭ ᠢ ᠳᠠᠪᠠᠵᠤ  ︵ᠡᠬᠦᠨ ᠳᠤ 10—20 ᠳᠦᠮᠡᠨ ᠳᠦᠬᠦᠷᠢᠭ ᠤᠨ ᠤᠷᠤᠯᠭ᠎ᠠ ᠲᠠᠢ  ᠲᠤᠰᠬᠤᠨ 6᠂ 20—50 ᠳᠦᠮᠡᠨ ᠳᠦᠬᠦᠷᠢᠭ ᠤᠨ ᠤᠷᠤᠯᠭ᠎ᠠ ᠲᠠᠢ ᠳᠤᠰᠬᠤᠨ 7 ᠂ 50—100 ᠳᠦᠮᠡᠨ ᠳᠦᠬᠦᠷᠢᠭ ᠤᠨ ᠤᠷᠤᠯᠭ᠎ᠠ ᠲᠠᠢ ᠳᠤᠰᠬᠤᠨ 2᠂ 100 ᠳᠦᠮᠡᠨ ᠳᠦᠬᠦᠷᠢᠭ ᠠᠴᠠ ᠲᠡᠭᠡᠭᠰᠢᠬᠢ ᠤᠷᠤᠯᠭ᠎ᠠ ᠲᠠᠢ ᠲᠤᠰᠬᠤᠨ 4 ᠪᠤᠢ︶᠃
纳日松5.jpg       ᠳᠠᠷᠠᠭᠠᠴᠢ ᠶᠢᠨ ᠠᠯᠬᠤᠮ ᠳᠤ᠂ ᠨᠠᠷᠡᠰᠤᠨ ᠪᠠᠯᠭᠠᠰᠤᠨ ᠤ ᠨᠠᠮ ᠤᠨ ᠬᠤᠷᠢᠶ᠎ᠡ ᠠᠵᠤ ᠦᠢᠯᠡᠰ ᠤᠶᠢᠷᠠᠯᠴᠠᠭ᠎ᠠ᠂ ᠳᠠᠪᠠᠭᠤᠯᠢᠭ ᠳᠠᠯ᠎ᠠ ᠪᠠᠷ ᠢᠶᠠᠨ ᠬᠠᠷᠢᠯᠴᠠᠨ
ᠨᠦᠬᠦᠪᠦᠷᠢᠯᠡᠬᠦ᠂ ᠡᠬᠢ ᠪᠠᠶᠠᠯᠢᠭ ᠢᠶᠠᠨ ᠬᠠᠮᠳᠤᠪᠡᠷ ᠡᠳ᠋ᠯᠡᠬᠦ᠂ ᠬᠦᠴᠦᠷᠭᠡᠭ ᠢᠶᠠᠷ ᠪᠠᠭᠤᠷᠡᠢ ᠶᠢ ᠳᠠᠶᠢᠴᠢᠯᠠᠬᠤ ᠵᠠᠷᠴᠢᠮ ᠶᠤᠰᠤᠭᠠᠷ᠂ ᠳᠤᠰᠬᠤᠨ ᠤ ᠬᠠᠮᠳᠤ ᠶᠢᠨ ᠠᠵᠤ ᠠᠬᠤᠢ ᠶᠢᠨ ᠡᠬᠢ ᠪᠠᠶᠠᠯᠢᠭ ᠢ ᠤᠯᠠᠮ ᠨᠢᠬᠡ ᠠᠯᠬᠤᠮ ᠨᠢᠬᠡᠳᠦᠬᠦᠯᠵᠤ᠂ ᠪᠦᠳᠦᠮᠵᠢ ᠦᠬᠡᠢ ᠬᠤᠷᠤᠬᠳᠠᠯ ᠢ ᠪᠠᠭᠠᠰᠬᠠᠨ᠂ ᠠᠵᠤ ᠦᠢᠯᠡᠰ ᠤᠨ ᠦᠷ᠎ᠡ ᠪᠦᠳᠦᠮᠵᠢ ᠶᠢ ᠳᠡᠭᠡᠭᠰᠢᠯᠡᠬᠦᠯᠵᠤ᠂ ᠳᠤᠰᠬᠤᠨ ᠤ ᠬᠠᠮᠳᠤ ᠶᠢᠨ ᠠᠵᠤ ᠠᠬᠤᠢ ᠶᠢᠨ《 ᠬᠤᠪᠢ ᠬᠤᠪᠢ ᠪᠠᠷ ᠢᠶᠠᠨ ᠡᠷᠬᠢᠯᠡᠵᠦ》ᠪᠠᠶᠢᠬᠰᠠᠨ ᠢ《 ᠬᠠᠷᠢᠯᠴᠠᠨ ᠬᠠᠪᠰᠤᠷᠤᠯᠴᠠᠬᠤ》ᠪᠤᠯᠭᠠᠨ ᠬᠤᠪᠢᠷᠠᠭᠤᠯᠵᠤ᠂ ᠬᠠᠮᠳᠤ ᠶᠢᠨ ᠠᠵᠤ ᠠᠬᠤᠢ ᠶᠢᠨ ᠬᠦᠭᠵᠢᠯᠳᠡ ᠬᠢᠬᠡᠳ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠬᠦᠨᠵᠡᠬᠡᠢ ᠠᠭᠤᠰᠤᠯᠴᠠᠯ ᠢ  ᠠᠬᠢᠭᠤᠯᠵᠤ᠂ ᠠᠷᠡᠳ ᠤᠯᠠᠨ ᠤ ᠤᠷᠤᠯᠭ᠎ᠠ  ᠪᠠᠨ ᠨᠡᠮᠡᠭᠳᠡᠬᠦᠯᠦᠨ ᠪᠠᠶᠠᠵᠢᠨ ᠴᠢᠨᠡᠬᠡᠯᠢᠭᠵᠢᠬᠦ ᠶᠢ ᠠᠬᠢᠭᠤᠯᠤᠨ᠎ᠠ᠃ 
ᠢᠷᠡᠯᠲᠡ᠄ 《 ᠵᠡᠬᠦᠠᠭᠠᠷ ᠤᠨ ᠨᠡᠶᠢᠳᠡᠯᠡᠯ》ᠲᠠᠪᠴᠠᠩ