ᠵᠡᠭᠦᠨᠭᠠᠷ  ᠬᠤᠰᠢᠭᠤᠨ ᠤ  ᠬᠢᠨ ᠰᠠᠨ ᠯᠢᠩ ᠯᠢᠤ ᠯᠢᠩ ︵ᠱᠠᠩᠬᠠᠢ︶ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠤᠷᠰᠢᠭᠰᠠᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2022/5/7
     5 ᠰᠠᠷ᠎ᠠ ᠶᠢᠨ 2 ᠤᠨ ᠡᠳᠦᠷ᠂ ᠵᠡᠭᠦᠨᠭᠠᠷ ᠬᠤᠰᠢᠭᠤ ᠬᠢᠭᠡᠳ ᠰᠠᠨ ᠯᠢᠩ ᠯᠢᠤ ᠯᠢᠩ ︵ᠱᠠᠩᠬᠠᠢ︶  ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠤᠷᠰᠢᠭᠰᠠᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ  ᠶᠢ ᠰᠠᠭᠠᠷᠮᠠᠬᠵᠢᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ  ᠤᠨ ᠬᠢᠨ ᠤ ᠭᠠᠷ ᠤᠨ ᠥᠰᠥᠭ ᠵᠢᠷᠤᠬᠤ ᠶᠣᠰᠣᠯᠠᠯ ᠰᠢᠤᠸᠠᠢ ᠵᠢᠶᠠ ᠸᠠᠨ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ  ᠰᠤ᠋ ᠰᠢᠨ ᠶᠠ᠂ ᠰᠠᠨ ᠯᠢᠩ ᠯᠢᠤ ᠯᠢᠩ ︵ᠱᠠᠩᠬᠠᠢ︶ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠰᠠᠭᠤᠷᠢ  ᠮᠦᠩᠬᠦᠨ ᠤ ᠬᠤᠷᠰᠢᠭᠰᠠᠨ ᠠᠵᠤ ᠠᠬᠤᠶᠢᠯᠠᠯ ᠤᠨ ᠳᠡᠳ᠋ ᠶᠡᠷᠦᠩᠬᠡᠢ ᠵᠠᠬᠢᠷᠤᠯ ᠵᠠᠩ ᠼᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠴᠢᠶᠣᠤ ᠠᠢ ᠫᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠰᠢᠭᠤᠨ ᠤ ᠳᠡᠳ᠋ ᠳᠠᠷᠤᠭ᠎ᠠ ᠴᠢᠦᠢ  ᠱᠤ᠋ ᠴᠢᠩ᠂ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠨᠠᠷ  ᠶᠤᠰᠤᠯᠠᠯ ᠳᠤ ᠣᠷᠣᠯᠴᠠᠵᠤ᠂ ᠭᠡᠷ᠎ᠡ ᠲᠣᠭᠲᠠᠬᠤ ᠶᠢ ᠬᠠᠮᠲᠤ ᠪᠠᠷ ᠭᠡᠷᠡᠴᠢᠯᠡᠪᠡ᠃ ᠭᠠᠷ ᠤᠨ ᠦᠰᠦᠭ ᠵᠢᠷᠤᠬᠤ ᠶᠣᠰᠣᠯᠠᠯ ᠢ ᠴᠢᠦᠢ ᠱᠤ᠋ ᠴᠢᠩ ᠡᠷᠭᠢᠯᠡᠵᠦ᠂ ᠯᠢᠦ ᠢᠦᠢ ᠴᠧᠩ ᠪᠣᠯᠣᠨ ᠵᠠᠩ ᠼᠧ ᠲᠤᠰ ᠲᠤᠰ ᠪᠠᠶᠠᠷ ᠤᠨ ᠦᠭᠡ ᠬᠡᠯᠡᠭᠰᠡᠨ ᠪᠥᠭᠡᠳ ᠬᠤᠶᠠᠷ  ᠡᠳᠡᠭᠡᠳ ᠢ ᠲᠥᠯᠥᠭᠡᠯᠡᠨ ᠭᠡᠷ᠎ᠡ ᠲᠣᠭᠲᠠᠵᠠᠢ᠃
签约1.jpg     ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤᠷᠠᠯᠴᠠᠭᠠᠨ ᠤ ᠪᠤᠷᠤ ᠲᠥᠰᠥᠪ ᠢ
ᠨᠠᠷᠢᠯᠢᠭᠵᠢᠭᠤᠯᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠤᠨ ᠲᠤᠬᠠᠢ ᠬᠡᠯᠡᠯᠴᠡᠭᠡ ᠬᠢᠵᠡᠢ᠃  ᠰᠤ᠋ ᠰᠢᠨ ᠶᠠ ᠵᠢᠭᠠᠵᠤ ᠭᠠᠷᠭᠠᠬᠤ ᠳᠠᠭᠠᠨ᠂ ᠵᠡᠭᠦᠨᠭᠠᠷ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠨᠢ ᠲᠣᠪᠣᠶᠢᠮ᠎ᠠ᠂ ᠰᠢᠨ᠎ᠡ ᠡᠨᠧᠷᠭᠢ ᠶᠢᠨ ᠬᠡᠷᠡᠭᠯᠡᠭᠡᠨ ᠤ ᠪᠠᠶᠢᠳᠠᠯ ᠲᠤᠶᠢᠯ ᠤᠨ ᠥᠷᠭᠡᠨ ᠠᠭᠤᠳᠠᠮ ᠪᠠᠶᠢᠵᠤ᠂ ᠰᠠᠨ ᠯᠢᠩ ᠯᠢᠤ ᠯᠢᠩ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠤᠷᠰᠢᠭᠰᠠᠨ ᠠᠵᠤ ᠠᠬᠤᠶᠢᠯᠠᠯ   ᠲᠠᠢ ᠬᠠᠮᠲᠤᠷᠠᠯᠴᠠᠬᠤ ᠳᠠᠯᠳᠠ ᠬᠦᠴᠦᠨ ᠯᠤᠲᠤ ᠶᠡᠭᠡ ᠪᠠᠶᠢᠨ᠎ᠠ᠃ ᠰᠠᠨ ᠯᠢᠩ ᠯᠢᠤ ᠯᠢᠩ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠤᠷᠰᠢᠭᠰᠠᠨ ᠠᠵᠤ ᠠᠬᠤᠶᠢᠯᠠᠯ ᠤᠨ  ᠬᠢᠨ ᠢ ᠵᠡᠭᠦᠨᠭᠠᠷ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ ᠬᠤᠶᠠᠷ ᠡᠳᠡᠭᠡᠳ ᠢᠶᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃  ᠰᠤ᠋ ᠰᠢᠨ ᠶᠠ᠂ ᠠᠵᠤ ᠠᠬᠤᠶᠢᠯᠠᠯ ᠠᠵᠤ ᠦᠢᠯᠡᠰ ᠤᠨ ᠬᠡᠯᠬᠢᠶ᠎ᠡ ᠶᠢ ᠰᠢᠨᠵᠢᠯᠡᠬᠦ ᠤᠬᠠᠭᠠᠨᠴᠢ ᠪᠠᠷ  ᠵᠦᠢ ᠵᠣᠬᠢᠰᠲᠠᠢ ᠪᠠᠶᠢᠷᠢᠰᠢᠭᠤᠯᠵᠤ᠂ ᠨᠡᠭᠦᠷᠡᠰᠦᠲᠥ᠋ᠷᠥᠭᠴᠢ ᠦᠯᠤ ᠭᠠᠳᠠᠬᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠠᠭᠤᠷᠢᠶᠠᠯ ᠦᠵᠡᠭᠦᠯᠬᠦ ᠣᠷᠣᠨ ᠢ ᠪᠠᠶᠢᠭᠤᠯᠬᠤ ᠶᠢ ᠬᠦᠰᠡᠵᠦ ᠪᠠᠶᠢᠨ᠎ᠠ᠃ ᠲᠤᠰᠬᠠᠢ ᠡᠭᠡᠯᠵᠢ ᠪᠠᠷ ᠠᠬᠢᠭᠤᠯᠬᠤ ᠲᠣᠭᠲᠠᠴᠠ ᠶᠢ ᠪᠠᠶᠢᠭᠤᠯᠵᠤ᠂ ᠨᠢᠭᠡ ᠡᠳᠦᠷ ᠲᠤ ᠨᠢᠭᠡ ᠤᠳᠠᠭ᠎ᠠ ᠲᠣᠬᠢᠷᠠᠭᠤᠯᠵᠤ ᠨᠢᠭᠡ ᠶᠠᠪᠤᠳᠠᠯ ᠢ ᠠᠬᠢᠭᠤᠯᠬᠤ ᠶᠢ ᠪᠠᠷᠢᠮᠲᠠᠯᠠᠨ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠡᠯ᠎ᠡ ᠲᠦᠷᠦᠯ ᠤᠨ ᠠᠰᠠᠭᠤᠳᠠᠯ ᠢ ᠬᠠᠮᠲᠤᠪᠠᠷ ᠵᠣᠬᠢᠴᠠᠭᠤᠯᠤᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ  ᠨᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠳᠡᠮᠵᠢᠯᠭᠡ ᠬᠠᠩᠭᠠᠵᠤ᠂ ᠵᠢᠷᠤᠭ ᠡᠯᠭᠦᠨ  ᠠᠵᠢᠯᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ ᠡᠷᠲᠡ  ᠪᠠᠷᠢᠯᠭ᠎ᠠ ᠡᠬᠢᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃    ᠵᠠᠩ ᠼᠧ ᠬᠠᠮᠲᠤᠷᠠᠯᠴᠠᠭᠠᠨ ᠤ ᠲᠦᠷᠦᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠰᠠᠨ ᠯᠢᠩ ᠯᠢᠤ ᠯᠢᠩ‌ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠤᠷᠰᠢᠭᠰᠠᠨ ᠠᠵᠤ ᠠᠬᠤᠶᠢᠯᠠᠯ  ᠵᠡᠭᠦᠨᠭᠠᠷ ᠬᠤᠰᠢᠭᠤᠨ ᠳᠤ ᠢᠳᠡᠪᠬᠢᠲᠡᠢ ᠪᠠᠷ ᠪᠠᠶᠢᠷᠢᠯᠠᠭᠤᠯᠤᠯᠳᠠ ᠬᠢᠵᠤ ᠬᠥᠭᠵᠢᠭᠦᠯᠤᠨ᠂ ᠬᠠᠮᠲᠤᠷᠠᠨ ᠠᠵᠢᠯᠯᠠᠬᠤ  ᠳᠦᠷᠤᠯ ᠵᠤᠶᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠤᠷᠤᠭᠰᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃
签约2.jpg     ᠰᠠᠨ ᠯᠢᠩ ᠯᠢᠤ ᠯᠢᠩ ︵ᠱᠠᠩᠬᠠᠢ︶ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠤᠷᠰᠢᠭᠰᠠᠨ ᠠᠵᠤ ᠠᠬᠤᠶᠢᠯᠠᠯ ᠢ ᠪᠣᠯ ᠨᠡᠶᠢᠭᠡᠮ ᠤᠨ
ᠥᠷᠲᠡᠭ ᠤᠨ ᠪᠡᠯᠡ ᠣᠷᠣᠭᠤᠯᠤᠯᠲᠠ ᠶᠢᠨ ᠬᠤᠯᠪᠣᠭᠠᠨ ᠤ ᠲᠡᠷᠢᠭᠦᠯᠡᠭᠴᠢ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠭᠡᠭᠡᠨ ᠬᠥᠭᠵᠢᠭᠦᠯᠬᠦ ᠲᠥᠯᠥᠪᠯᠡᠭᠡ  ᠶᠢᠨ ᠵᠠᠬᠢᠷᠭ᠎ᠠ ᠶᠢᠨ ︽ᠦᠷᠭᠦᠯᠵᠢᠯᠡᠬᠦᠶᠢᠴᠡ ᠬᠥᠭᠵᠢᠯᠲᠡ ᠶᠢᠨ ᠬᠠᠷᠠᠯᠲᠠ ᠶᠢᠨ ᠨᠥᠯᠥᠭᠡᠯᠡᠬᠦ ᠬᠦᠴᠦᠨ ᠢ ᠵᠢᠯᠤᠭᠤᠳᠬᠤ  ᠵᠦᠪᠯᠡᠯ︾ ᠤᠨ ᠭᠡᠰᠢᠭᠦᠨ ᠮᠠ ᠸᠧᠢ ᠬᠤᠸᠠ ᠠᠪᠤᠭᠠᠢ ᠠᠬᠢᠭᠤᠯᠤᠨ ᠬᠦᠭᠵᠢᠬᠦᠯᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠨᠡᠷᠡᠳᠤ  ᠮᠦᠩᠬᠦᠨ ᠬᠦᠢᠯᠭᠡᠭᠡᠨ ᠤ ᠪᠠᠶᠢᠭᠤᠯᠤᠮᠵᠢ ᠵᠢᠴᠢ ᠪᠡᠯᠡ ᠤᠷᠤᠭᠤᠯᠤᠬᠴᠢᠳ ᠲᠠᠢ ᠬᠠᠮᠳᠤᠷᠠᠨ᠂ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠢᠯᠡᠰ ᠲᠤ ᠬᠤᠪᠢ ᠨᠡᠮᠡᠷᠢ ᠦᠵᠡᠭᠦᠯᠬᠦ  ᠶᠢᠨ ᠲᠥᠯᠥᠭᠡ ᠡᠭᠦᠰᠬᠡᠨ ᠪᠠᠶᠢᠭᠤᠯᠤᠭᠰᠠᠨ ᠶᠤᠮ᠃ ᠡᠨᠡ ᠤᠳᠠᠭ᠎ᠠ ᠶᠢᠨ ᠬᠠᠮᠲᠤᠷᠠᠯᠴᠠᠭ᠎ᠠ ᠳᠤ᠂ ᠪᠣᠬᠢᠷᠳᠤᠯ ᠦᠭᠡᠢ ᠦᠷᠭᠦᠯᠵᠢᠯᠡᠬᠦᠶᠢᠴᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠵᠢᠯ ᠲᠥᠷᠥᠯ ᠤᠨ ᠳᠣᠲᠣᠷᠠᠬᠢ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠬᠡᠪ ᠵᠠᠭᠪᠤᠷ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠷᠭ᠎ᠠ ᠪᠠᠷᠢᠯ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠷᠥᠩᠭᠡ ᠶᠢ ᠳᠠᠶᠢᠴᠢᠯᠠᠨ ᠵᠡᠭᠦᠨᠭᠠᠷ ᠬᠤᠰᠢᠭᠤᠨ ᠳᠤ ᠲᠥᠪᠯᠡᠷᠡᠭᠦᠯᠵᠦ᠂ ᠳᠣᠣᠷ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠰᠢᠨ᠎ᠡ ᠡᠨᠧᠷᠭᠢ ᠶᠢᠨ ᠮᠠᠲ᠋ᠧᠷᠢᠶᠠᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠳᠡᠮᠵᠢᠨ᠂  ᠤᠯᠠᠨ ᠵᠤᠶᠢᠯ  ᠢ ᠨᠢᠭᠡ ᠴᠣᠭᠴᠠᠵᠢᠭᠤᠯᠤᠭᠰᠠᠨ ᠲᠠᠷᠬᠠᠯᠲᠠ ᠶᠢᠨ ᠮᠠᠶ᠋ᠢᠭ ᠤᠨ ᠰᠦᠯᠵᠢᠶ᠎ᠡ ᠶᠢ ᠪᠠᠶᠢᠭᠤᠯᠵᠤ᠂ ᠵᠡᠭᠦᠨᠭᠠᠷ ᠬᠤᠰᠢᠭᠤᠨ  ᠳᠤ ᠵᠢᠯ ᠳᠤ 100%  ᠶᠢᠨ ᠪᠣᠬᠢᠷᠳᠤᠯ ᠦᠭᠡᠢ ᠡᠨᠧᠷᠭᠢ ᠶᠢᠨ ᠰᠤᠷᠪᠤᠯᠵᠢ ᠪᠠᠷ 350 ᠲᠦᠮᠡᠨ ᠲᠣᠨ ᠴᠠᠶᠢᠶ᠋ᠢᠦ ᠲᠣᠰᠣ ᠣᠷᠣᠯᠠᠭᠤᠯᠬᠤ ᠶᠢ ᠪᠡᠶᠡᠯᠡᠭᠦᠯᠵᠦ᠂ ᠵᠢᠯ ᠳᠤ ᠪᠠᠷᠤᠭ 500 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠷ ᠨᠤᠭᠤᠯᠤᠨ ᠪᠤᠳᠤᠪᠠᠯ᠂ ᠵᠢᠯ ᠪᠦᠷᠢ 1000 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ ᠃ ᠡᠬᠢᠨ ᠤ ᠬᠤᠭᠤᠴᠠᠭᠠᠨ ᠳᠤ᠂ ᠲᠤᠰ ᠲᠥᠷᠥᠯ ᠵᠦᠢᠯ ᠨᠢ ᠰᠢᠨ᠎ᠡ ᠡᠨᠧᠷᠭᠢ ᠶᠢᠨ ᠳ᠋ᠢᠶᠠᠨ ᡂᠢ ᠮᠠᠲ᠋ᠧᠷᠢᠶᠠᠯ ᠤᠶᠢᠯᠡᠳᠪᠤᠷᠢᠯᠡᠬᠦ ᠪᠠᠷᠢᠯᠭ᠎ᠠ ᠶᠢ ᠭᠤᠣᠯᠳᠠᠯᠭ᠎ᠠ  ᠲᠠᠢ ᠪᠠᠶᠢᠭᠤᠯᠵᠤ᠂ 100 ᠲᠦᠮᠡᠨ ᠲᠣᠨ ᠠᠯᠲᠠ᠂ ᠣᠯᠠᠨ ᠲᠡᠮᠦᠷᠯᠢᠭ ᠤᠨ ᠡᠷᠦᠳᠡᠰᠦ ᠶᠢ ᠶᠡᠷᠦᠩᠬᠡᠶᠢᠯᠡᠨ ᠡᠭᠡᠭᠦᠯᠦᠨ ᠬᠤᠷᠢᠶᠠᠵᠤ 80 ᠲᠦᠮᠡᠨ ᠲᠣᠨ ᠬᠦᠬᠦᠷ ᠬᠦᠴᠢᠯ  ᠢ ᠬᠠᠮᠲᠤᠷᠠᠨ ᠤᠶᠢᠯᠡᠳᠪᠤᠷᠢᠯᠡᠬᠦ᠂ 10 ᠲᠦᠮᠡᠨ ᠲᠣᠨ ᠨᠠᠷᠢᠯᠢᠭ ᠹᠣᠰᠹᠣᠷ ᠬᠦᠴᠢᠯ ᠤᠨ ᠳᠠᠭᠠᠯᠲᠠ  ᠪᠦᠳᠤᠭᠡᠭᠳᠡᠬᠦᠨ ᠪᠤᠯᠬᠤ 40 ᠲᠦᠮᠡᠨ ᠲᠣᠨ ᠹᠣᠰᠹᠣᠷ ᠠᠮᠮᠤᠨᠢ  ᠶᠢ ᠤᠶᠢᠯᠡᠳᠪᠤᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠢᠯ ᠳᠤ10  ᠳᠦᠮᠡᠨ ᠳᠤᠨ ᠬᠦᠬᠦᠷ ᠬᠦᠴᠢᠯ ᠤᠨ ᠳᠡᠮᠤᠷ ᠤᠶᠢᠯᠡᠳᠪᠤᠷᠢᠯᠡᠬᠦ ᠪᠠᠷ ᠳᠠᠮᠵᠢᠨ 20  ᠳᠦᠮᠡᠨ ᠳᠤᠨ ᠬᠦᠬᠦᠷ ᠬᠦᠴᠢᠯ ᠤᠨ ᠳᠡᠮᠤᠷᠳᠤ ᠯᠢᠲ᠋ᠢ ᠤᠶᠢᠯᠡᠳᠪᠤᠷᠢᠯᠡᠬᠦ ᠪᠦᠳᠤᠭᠡᠨ ᠪᠠᠶᠢᠭᠤᠯᠤᠯᠳᠠ ᠶᠢᠨ ᠳᠦᠷᠤᠯ ᠵᠤᠶᠢᠯ ᠢ ᠬᠠᠮᠳᠤᠪᠠᠷ ᠨᠡᠭᠡᠭᠡᠨ ᠬᠦᠭᠵᠢᠬᠦᠯᠵᠤ᠂ ᠴᠠᠬᠢᠯᠭᠠᠨ ᠬᠥᠳᠡᠯᠭᠡᠭᠦᠷᠲᠦ ᠬᠦᠨᠳᠦ  ᠠᠴᠢᠶᠠᠨ ᠤ ᠮᠠᠰᠢᠨ᠂ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠥᠷᠭᠡᠨ ᠪᠡᠶᠡᠲᠦ ᠥᠪᠡᠷᠲᠡᠭᠡᠨ ᠪᠠᠭᠤᠯᠭᠠᠬᠤ ᠲᠡᠷᠭᠡ᠂ ᠴᠠᠬᠢᠯᠭᠠᠨ ᠬᠥᠳᠡᠯᠭᠡᠭᠦᠷᠲᠦ ᠮᠠᠯᠲᠠᠭᠤᠷ ᠮᠠᠰᠢᠨ ᠵᠢᠴᠢ ᠶᠡᠷᠦᠩᠬᠡᠶᠢᠯᠡᠨ ᠠᠵᠢᠯᠯᠠᠭᠤᠯᠵᠤ  ᠰᠡᠯᠪᠢᠨ ᠵᠠᠰᠠᠬᠤ᠂  ᠠᠭᠤᠷᠬᠠᠢ ᠶᠢᠨ ᠪᠠᠷᠢᠯᠭ᠎ᠠ ᠶᠢᠨ ᠮᠠᠰᠢᠨ ᠮᠧᠬᠠᠨᠢᠭ ᠲᠤ ᠭᠡᠷᠡᠭᠯᠡᠬᠦ ᠬᠦᠩᠭᠡᠨ ᠳᠡᠰ ᠤᠨ ᠮᠠᠲ᠋ᠧᠷᠢᠶᠠᠯ ᠪᠤᠯᠬᠤ ᠴᠢᠩ ᠬᠤᠸᠠ ᠶᠢᠨ ᠪᠠᠶᠢᠶᠧᠰ ᠪᠤᠯᠤᠳ ᠰᠤᠳᠤᠯᠤᠨ ᠨᠡᠭᠡᠭᠡᠵᠤ᠂  ᠳᠡᠯᠭᠡᠷᠡᠬᠦᠯᠬᠦ ᠳᠦᠪ᠂ ᠰᠢᠨ᠎ᠡ ᠡᠨᠧᠷᠭᠢ ᠬᠢᠭᠡᠳ ᠤᠰᠤᠲᠥ᠋ᠷᠥᠭᠴᠢ ᠶᠢᠨ ᠠᠵᠤ ᠦᠢᠯᠡᠰ ᠤᠨ ᠬᠡᠯᠬᠢᠶ᠎ᠡ ᠶᠢᠨ ᠪᠡᠯᠡ ᠣᠷᠣᠭᠤᠯᠤᠯᠲᠠ ᠶᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠵᠢᠱᠢᠵᠦ ᠪᠣᠶ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ