ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠪᠢ ᠪᠠᠷ ᠢᠶᠠᠨ ᠮᠠᠯᠲᠠᠬᠤ ᠬᠤᠯᠠᠭᠠᠶᠢᠯᠠᠨ ᠮᠠᠯᠳᠠᠬᠤ ᠠᠵᠢᠯᠯᠠᠭ᠎ᠠ  ᠳᠤ ᠴᠢᠩᠭ᠎ᠠ ᠴᠤᠬᠢᠯᠳᠠ ᠦᠭᠬᠦ ᠳᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ  ︵19​ ᠳ᠋ᠤᠭᠡᠷ ᠲᠣᠭᠠᠲᠤ︶
ᠨᠡᠶᠢᠲᠡᠯᠡᠭᠰᠡᠨ ᠴᠠᠭ᠄
2022/5/7
                                                                             ᠪᠦᠬᠦ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠡᠮᠬᠢ ᠳᠢᠭᠯᠢᠮ ᠢ ᠴᠢᠨᠠᠬᠰᠢᠳᠠ ᠳᠦᠷᠢᠮᠵᠢᠬᠦᠯᠤᠨ᠂ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢᠨ ᠳᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠨᠠᠷᠢᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠳᠤᠬᠳᠠᠭᠠᠯ ᠤᠨ ᠳᠤᠬᠳᠠᠭᠠᠯ ᠢ ᠦᠨᠳᠤᠰᠤᠯᠡᠨ᠂ ᠬᠠᠮᠲᠤ ᠳᠤᠨᠢ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠱᠠᠯᠠᠪᠳᠠᠭᠤᠯᠤᠨ ᠪᠠᠶᠢᠴᠠᠭᠠᠯᠳᠠ ᠳᠤᠮᠳᠠᠬᠢ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠠᠭᠤᠷᠬᠠᠢ ᠨᠡᠭᠡᠭᠡᠨ ᠮᠠᠯᠲᠠᠭᠰᠠᠨ ᠨᠡᠶᠢᠲᠡᠯᠢᠭ ᠬᠡᠷᠡᠭ ᠠᠴᠠ ᠰᠤᠷᠭᠠᠮᠵᠢ ᠠᠪᠴᠤ᠂ ᠲᠣᠰ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠠᠬᠢ ᠪᠣᠶ ᠪᠦᠬᠦᠢ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠪᠠ ᠭᠤᠣᠯ ᠤᠨ ᠵᠠᠮ  ᠳᠠᠭᠠᠤ ᠡᠯᠡᠰᠦ ᠮᠠᠯᠲᠠᠬᠤ ᠠᠵᠤ ᠠᠬᠤᠶᠢᠯᠠᠯ ᠢ ᠪᠥᠬᠦ ᠲᠠᠯ᠎ᠠ ᠪᠠᠷ ᠶᠡᠷᠦᠩᠬᠡᠶᠢᠯᠡᠨ ᠴᠡᠭᠴᠡᠯᠡᠨ ᠵᠠᠰᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠪᠢ ᠪᠠᠷ ᠵᠶ᠋ᠠᠨ‌ᠮᠠᠯᠲᠠᠬᠤ ᠪᠠ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄   ᠨᠢᠭᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯ ᠤᠯᠤᠰ ᠤᠨ ᠥᠮᠴᠢ ᠮᠥᠨ᠂ ᠶᠠᠮᠠᠷᠪᠠ ᠨᠢᠭᠡᠴᠢ ᠪᠠ ᠬᠤᠪᠢ ᠬᠥᠮᠥᠨ ᠤ ᠬᠤᠯᠠᠭᠠᠶᠢᠯᠠᠨ ᠮᠠᠯᠲᠠᠬᠤ ᠶᠢ ᠴᠢᠩᠭ᠎ᠠ ᠴᠠᠭᠠᠵᠠᠯᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ ᠠᠷᠭ᠎ᠠ ᠬᠡᠯᠪᠡᠷᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠨᠡᠭᠡᠭᠡᠨ ᠮᠠᠯᠲᠠᠵᠤ᠂ ᠡᠵᠡᠯᠡᠵᠦ᠂ ᠬᠤᠳᠠᠯᠳᠤᠭᠠᠯᠠᠵᠤ᠂ ᠡᠪᠳᠡᠵᠦ ᠪᠣᠯᠬᠤ ᠦᠭᠡᠢ᠃    ᠬᠤᠶᠠᠷ᠂ ᠮᠠᠨ ᠤ ᠬᠤᠰᠢᠭᠤᠨ ᠤ ᠬᠠᠷᠢᠶ᠎ᠠ ᠣᠷᠣᠨ ᠳᠤ ︽ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ︾᠂    ︽ᠭᠤᠣᠯ ᠤᠨ ᠵᠠᠮ  ᠳᠠᠭᠠᠤ ᠡᠯᠡᠰᠦ ᠮᠠᠯᠲᠠᠬᠤ ᠦᠨᠡᠮᠯᠡᠯ︾ ᠦᠭᠡᠢ᠂ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠪᠤᠶᠤ ᠦᠨᠡᠮᠯᠡᠯ ᠤᠨ ᠵᠥᠪᠰᠢᠶᠡᠷᠡᠯ ᠤᠨ ᠬᠦᠷᠢᠶ᠎ᠡ ᠬᠡᠪᠴᠢᠶ᠎ᠡ ᠨᠢ ᠪᠣᠳᠠᠲᠠᠢ ᠨᠡᠭᠡᠭᠡᠨ ᠮᠠᠯᠲᠠᠬᠤ ᠬᠦᠷᠢᠶ᠎ᠡ ᠬᠡᠪᠴᠢᠶ᠎ᠡ᠂ ᠨᠡᠭᠡᠭᠡᠨ ᠮᠠᠯᠲᠠᠬᠤ ᠠᠷᠭ᠎ᠠ ᠮᠠᠶ᠋ᠢᠭ᠂ ᠨᠡᠭᠡᠭᠡᠨ ᠮᠠᠯᠲᠠᠬᠤ ᠳᠠᠪᠬᠤᠷᠭ᠎ᠠ ᠯᠤᠭ᠎ᠠ ᠨᠢᠭᠡᠳᠦᠯ ᠦᠭᠡᠢ ᠪᠣᠶ ᠪᠦᠬᠦᠢ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠂  ᠰᠢᠷᠤᠢ ᠶᠢᠨ ᠲᠠᠯᠠᠪᠠᠶ  ᠵᠢᠴᠢ ᠪᠤᠰᠤᠳ ᠨᠢᠭᠡᠴᠢ ᠪᠣᠯᠣᠨ ᠬᠤᠪᠢ ᠬᠥᠮᠥᠨ ᠡᠯ᠎ᠡ ᠵᠦᠢᠯ ᠤᠨ ᠨᠡᠷ᠎ᠡ ᠪᠠ ᠬᠡᠯᠪᠡᠷᠢ ᠪᠠᠷ ᠬᠠᠤᠯᠢ ᠪᠤᠰᠤ ᠪᠠᠷ ᠨᠡᠭᠡᠭᠡᠨ ᠮᠠᠯᠲᠠᠬᠤ ︵ᠢᠯᠠᠩᠭᠤᠶ᠎ᠠ ᠲᠤᠶᠢᠯ ᠤᠨ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠨᠦᠬᠡ ᠮᠠᠯᠲᠠᠬᠤ︶᠂ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠭᠠᠵᠠᠷ ᠰᠢᠷᠣᠢ᠂ ᠣᠶᠢᠲᠤ ᠭᠠᠵᠠᠷ᠂ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠨᠡᠭᠡᠭᠡᠨ ᠮᠠᠯᠲᠠᠬᠤ ᠠᠵᠢᠯᠯᠠᠭ᠎ᠠ  ᠨᠢ ᠴᠥᠮ ᠴᠡᠭᠴᠡᠯᠡᠨ ᠵᠠᠰᠠᠵᠤ ᠴᠣᠬᠢᠯᠲᠠ ᠥᠭᠬᠦ ᠬᠦᠷᠢᠶ᠎ᠡ ᠬᠡᠪᠴᠢᠶᠡᠨ ᠳᠤ ᠪᠠᠭᠲᠠᠨ᠎ᠠ᠃    ᠭᠤᠷᠪᠠ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠪᠠ ᠬᠤᠯᠠᠭᠠᠶᠢᠯᠠᠨ ᠮᠠᠯᠲᠠᠬᠤ  ᠠᠵᠢᠯᠯᠠᠭ᠎ᠠ ᠶᠢ ᠡᠷᠬᠡᠪᠰᠢ ᠳᠠᠷᠤᠶᠢᠬᠠᠨ ᠵᠣᠭᠰᠤᠭᠠᠬᠤ ᠬᠡᠷᠡᠭᠲᠡᠢ᠃ ᠨᠢᠭᠡᠨᠲᠡ ᠬᠤᠯᠠᠭᠠᠶᠢᠯᠠᠨ ᠮᠠᠯᠲᠠᠬᠤ ᠶᠢ ᠬᠡᠷᠡᠭᠵᠢᠭᠦᠯᠦᠭᠰᠡᠨ ᠪᠥᠭᠡᠳ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢ ᠪᠦᠷᠢᠯᠳᠦᠭᠦᠯᠦᠭᠰᠡᠨ ᠪᠠᠶᠢᠪᠠᠯ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠮᠡᠳᠡᠷᠡᠭᠰᠡᠨ ᠪᠥᠭᠡᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠᠨ ᠦᠨᠡᠨ ᠮᠥᠨ ᠢᠶᠠᠷ ᠨᠢ ᠥᠴᠢᠭᠯᠡᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠬᠥᠩᠭᠡᠨ ᠢᠶᠠᠷ ᠬᠥᠩᠭᠡᠷᠡᠭᠦᠯᠦᠨ ᠰᠢᠢᠳᠭᠡᠵᠤ ᠪᠣᠯᠣᠨ᠎ᠠ︔ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠬᠦᠯᠢᠶᠡᠭᠰᠡᠨ ᠦᠭᠡᠢ ᠪᠥᠭᠡᠳ ᠬᠤᠯᠠᠭᠠᠶᠢᠯᠠᠨ ᠮᠠᠯᠲᠠᠭᠰᠠᠨ ᠠᠵᠢᠯᠯᠠᠭ᠎ᠠ ᠪᠠᠨ ᠦᠨᠡᠨ ᠮᠥᠨ ᠢᠶᠠᠷ ᠨᠢ ᠲᠤᠰᠢᠶᠠᠭᠰᠠᠨ ᠦᠭᠡᠢ ᠪᠠᠶᠢᠪᠠᠯ᠂ ᠪᠠᠶᠢᠴᠠᠭᠠᠨ ᠲᠣᠳᠣᠯᠠᠵᠤ᠂ ᠴᠢᠩᠭ᠎ᠠ  ᠰᠢᠢᠳᠭᠡᠨ᠂ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠰᠢᠭᠤᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠶᠢ ᠵᠥᠷᠢᠴᠡᠨ ᠨᠡᠭᠡᠭᠡᠨ ᠮᠠᠯᠲᠠᠭᠰᠠᠨ ᠠᠴᠠ ᠪᠣᠯᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠢ ᠡᠪᠳᠡᠭᠰᠡᠨ ᠪᠠᠶᠢᠪᠠᠯ᠂  ᠬᠤᠯᠪᠤᠬᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠶᠢ ᠵᠥᠷᠢᠴᠡᠭᠰᠡᠨ ᠠᠵᠢᠯᠯᠠᠭᠠᠲᠤ ᠬᠥᠮᠥᠨ ᠢ ᠵᠠᠷᠯᠢᠭᠳᠠᠵᠤ ᠪᠠᠶᠢᠭᠠᠳ ᠬᠤᠬᠢᠷᠠᠯ ᠢ ᠲᠥᠯᠥᠭᠦᠯᠵᠦ᠂ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠬᠦ ᠶᠢᠨ ᠬᠠᠮᠲᠤ ᠮᠠᠯᠲᠠᠵᠤ ᠭᠠᠷᠭᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︔ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠪᠠ ᠬᠤᠯᠠᠭᠠᠶᠢᠯᠠᠨ ᠮᠠᠯᠲᠠᠬᠤ ᠳᠤ ᠬᠡᠷᠡᠭᠯᠡᠭᠰᠡᠨ ᠬᠤᠯᠠᠭᠠᠶᠢᠯᠠᠨ ᠮᠠᠯᠲᠠᠬᠤ ᠪᠠᠭᠠᠵᠢ ᠬᠡᠷᠡᠭᠰᠡᠯ᠂ ᠲᠡᠭᠡᠭᠡᠪᠦᠷᠢ ᠶᠢᠨ ᠲᠡᠷᠭᠡ ᠬᠥᠰᠬᠡ᠂ ᠲᠥᠬᠦᠭᠡᠷᠦᠮᠵᠢ ᠵᠡᠷᠭᠡ ᠳᠤ ᠬᠠᠤᠯᠢ ᠶᠣᠰᠣᠭᠠᠷ ᠲᠠᠩᠰᠠᠯᠠᠨ ᠬᠠᠳᠠᠭᠠᠯᠠᠬᠤ᠂ ᠪᠠᠶᠢᠴᠠᠭᠠᠨ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠴᠠᠭᠠᠵᠤ ᠭᠡᠷᠡᠴᠢ ᠠᠪᠬᠤ ᠳᠤ ᠬᠦᠴᠢᠷᠲᠡᠢ ᠬᠡᠷᠡᠭ ᠢ ᠰᠢᠭᠤᠳ ᠭᠥᠯᠢᠶᠡᠨ ᠠᠪᠴᠤ ᠬᠠᠮᠢᠶᠠᠷᠤᠨ᠂ ᠲᠤᠷᠰᠢᠨ ᠪᠠᠶᠢᠴᠠᠭᠠᠵᠤ ᠰᠢᠢᠳᠪᠦᠷᠢᠯᠡᠨ᠂ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠶᠠᠯ᠎ᠠ ᠪᠣᠯᠵᠤ ᠪᠦᠷᠢᠯᠳᠦᠭᠰᠡᠨ ᠪᠠᠶᠢᠳᠠᠯ ᠢ ᠦᠨᠳᠦᠰᠦᠯᠡᠨ ᠰᠢᠭᠤᠳ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠳᠠᠯ ᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠂ ᠣᠯᠠᠨ ᠰᠠᠯᠠᠭ᠎ᠠ ᠮᠥᠴᠢᠷ ᠬᠤᠯᠪᠤᠭᠠᠯᠠᠨ ᠴᠣᠬᠢᠯᠲᠠ ᠥᠭᠬᠦ ᠪᠠᠶᠢᠳᠠᠯ ᠢ ᠪᠣᠶ ᠪᠣᠯᠭᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠡᠮᠢᠶᠡᠯᠭᠡᠨ ᠰᠦᠷᠳᠡᠭᠦᠯᠦᠨ᠎ᠡ᠃    ᠳᠥᠷᠪᠡ᠂ ᠬᠠᠤᠯᠢ ᠪᠤᠰᠤ ᠪᠠᠷ ᠮᠠᠯᠲᠠᠵᠤ ᠭᠠᠷᠭᠠᠭᠰᠠᠨ ᠠᠭᠤᠷᠬᠠᠢ ᠶᠢᠨ ᠭᠠᠷᠤᠯᠲᠠ ᠶᠢ ᠶᠠᠮᠠᠷᠪᠠ ᠨᠢᠭᠡᠴᠢ ᠪᠠ ᠬᠤᠪᠢ ᠬᠥᠮᠥᠨ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠬᠠᠤᠯᠢ ᠪᠤᠰᠤ ᠪᠠᠷ ᠮᠠᠯᠲᠠᠵᠤ ᠭᠠᠷᠭᠠᠭᠰᠠᠨ ᠠᠭᠤᠷᠬᠠᠢ ᠶᠢᠨ ᠭᠠᠷᠤᠯᠲᠠ ᠶᠢ ᠬᠤᠳᠠᠯᠳᠤᠨ ᠠᠪᠤᠭᠰᠠᠨ᠂ ᠬᠠᠳᠠᠭᠠᠯᠠᠭᠰᠠᠨ᠂ ᠵᠥᠭᠡᠭᠡᠪᠦᠷᠢᠯᠡᠭᠰᠡᠨ᠂ ᠪᠣᠯᠪᠠᠰᠤᠷᠠᠭᠤᠯᠤᠭᠰᠠᠨ᠂ ᠪᠣᠷᠣᠯᠠᠭᠤᠯᠤᠭᠰᠠᠨ ᠨᠢᠭᠡᠴᠢ ᠪᠠ ᠬᠤᠪᠢ ᠬᠥᠮᠥᠨ ᠠᠴᠠ ᠠᠭᠤᠷᠬᠠᠢ ᠶᠢᠨ ᠭᠠᠷᠤᠯᠲᠠ ᠵᠢᠴᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ  ᠨᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠪᠠ ᠬᠤᠯᠠᠭᠠᠶᠢᠯᠠᠨ ᠮᠠᠯᠲᠠᠬᠤ ᠳᠤ ᠣᠷᠣᠨ ᠰᠠᠭᠤᠴᠠ᠂ ᠴᠠᠬᠢᠯᠭᠠᠨ ᠬᠦᠴᠦ  ᠮᠠᠰᠢᠨ ᠲᠥᠬᠦᠭᠡᠷᠦᠮᠵᠢ᠂ ᠲᠡᠭᠡᠭᠡᠪᠦᠷᠢ ᠶᠢᠨ ᠪᠠᠭᠠᠵᠢ᠂ ᠭᠠᠯ ᠵᠡᠪᠰᠡᠭ ᠤᠨ ᠦᠢᠯᠡᠳᠬᠦᠨ᠂ ᠣᠪᠣᠭᠠᠯᠠᠵᠤ ᠲᠠᠯᠪᠢᠬᠤ ᠭᠠᠵᠠᠷ ᠵᠡᠷᠭᠡ ᠨᠥᠬᠦᠴᠡᠯ ᠢ ᠬᠠᠩᠭᠠᠵᠤ ᠪᠣᠯᠬᠤ ᠦᠭᠡᠢ᠂ ᠵᠥᠷᠢᠴᠡᠭᠰᠡᠳ ᠢ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠨ᠎ᠡ᠃   ᠲᠠᠪᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠠᠴᠠ ᠵᠥᠷᠢᠴᠡᠨ ᠨᠡᠭᠡᠭᠡᠨ ᠮᠠᠯᠲᠠᠭᠰᠠᠨ ᠪᠦᠷᠢᠯᠳᠦᠭᠦᠨ ᠢ ᠥᠮᠥᠭᠯᠡᠭᠰᠡᠨ᠂ ᠨᠢᠭᠤᠨ ᠳᠠᠯᠳᠠᠯᠠᠭᠰᠠᠨ᠂ ᠬᠠᠤᠯᠢ ᠬᠡᠷᠡᠭᠵᠢᠭᠦᠯᠦᠭᠴᠢ ᠶᠢᠨ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠲᠡᠪᠴᠢᠭᠰᠡᠨ᠂ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠵᠢᠷᠭᠤᠭ᠎ᠠ᠂  ᠤᠯᠤᠰ ᠤᠨ ᠠᠵᠢᠯᠲᠠᠨ᠂ ᠭᠠᠴᠠᠭ᠎ᠠ ᠲᠣᠰᠬᠤᠨ ᠤ ︽  ᠡᠬᠦᠷ ᠵᠥᠪᠯᠡᠯ︾ ᠤᠨ ᠺᠠᠳ᠋ᠷ ᠬᠠᠤᠯᠢ ᠪᠤᠰᠤ ᠪᠠᠷ ᠨᠡᠭᠡᠭᠡᠨ ᠮᠠᠯᠲᠠᠬᠤ ᠳᠤ ᠣᠷᠣᠯᠴᠠᠭᠰᠠᠨ ᠪᠤᠶᠤ ᠥᠮᠥᠭᠯᠡᠨ ᠳᠤᠷ᠎ᠠ ᠪᠠᠷ ᠨᠢ ᠲᠠᠯᠪᠢᠵᠤ᠂ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠲᠠᠢ ᠬᠥᠮᠥᠨ ᠳᠤ ︽ᠦᠮᠦᠭᠯᠡᠭᠴᠢ︾  ᠪᠤᠯᠬᠤ ᠵᠡᠷᠭᠡ ᠦᠶᠯᠡ ᠠᠵᠢᠯᠯᠠᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠴᠢᠩᠭ᠎ᠠ  ᠰᠢᠢᠳᠭᠡᠬᠦᠯᠤᠨ᠎ᠠ︔ ᠨᠡᠭᠡᠭᠡᠨ ᠮᠠᠯᠲᠠᠬᠤ ᠡᠵᠡᠩᠨᠡᠯᠲᠡ ᠳᠤ ᠣᠷᠣᠯᠴᠠᠭᠰᠠᠨ ᠪᠤᠶᠤ ᠬᠤᠪᠢ ᠣᠷᠣᠭᠤᠯᠤᠭᠰᠠᠨ ᠠᠯᠪᠠᠨ ᠲᠤᠰᠢᠶᠠᠯᠲᠠᠨ᠂ ᠢᠯᠠᠩᠭᠤᠶ᠎ᠠ ᠤᠳᠤᠷᠢᠳᠬᠤ ᠺᠠᠳ᠋ᠷᠴᠤᠳ ᠢ ᠪᠠᠶᠢᠴᠠᠭᠠᠨ ᠲᠣᠳᠣᠯᠠᠮᠠᠭᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠠ᠃   ᠳᠣᠯᠤᠭ᠎ᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠠᠯᠬᠤᠮ ᠢᠶᠠᠨ ᠨᠢᠭᠡᠳᠬᠡᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠢᠴᠢ ᠬᠡᠷᠡᠭ ᠢ ᠰᠢᠯᠵᠢᠭᠦᠯᠦᠨ ᠬᠦᠷᠭᠡᠬᠦ ᠳᠤ ᠲᠥᠬᠦᠮ ᠪᠥᠭᠡᠳ ᠰᠢᠯᠤᠭᠤᠬᠠᠨ ᠲᠣᠭᠲᠠᠴᠠ ᠶᠢ ᠪᠠᠶᠢᠭᠤᠯᠵᠤ᠂ ︽ᠬᠤᠶᠠᠷ ᠲᠠᠯ᠎ᠠ ᠳᠤ ᠴᠣᠬᠢᠯᠲᠠ ᠥᠭᠴᠦ᠂ ᠳᠤᠮᠳᠠᠬᠢ ᠶᠢ  ᠨᠢ ᠬᠤᠷᠢᠭᠯᠠᠬᠤ︾ ᠶᠢ ᠦᠨᠡᠨ ᠬᠦ ᠪᠡᠶᠡᠯᠡᠭᠦᠯᠦᠨ᠎ᠡ᠂ ᠳᠠᠷᠤᠢ ᠬᠠᠤᠯᠢ ᠪᠤᠰᠤ ᠪᠠᠷ  ᠨᠡᠭᠡᠭᠡᠨ ᠮᠠᠯᠲᠠᠬᠤ ᠳᠤ ᠴᠣᠬᠢᠯᠲᠠ ᠥᠭᠴᠦ᠂  ᠠᠭᠤᠷᠬᠠᠢ ᠶᠢᠨ ᠭᠠᠷᠤᠯᠲᠠ ᠶᠢ ᠬᠠᠤᠯᠢ ᠪᠤᠰᠤ ᠪᠠᠷ ᠬᠤᠳᠠᠯᠳᠤᠨ ᠠᠪᠴᠤ ᠡᠵᠡᠩᠨᠡᠬᠦ ᠠᠵᠢᠯᠯᠠᠭ᠎ᠠ ᠳᠤ ᠴᠣᠬᠢᠯᠲᠠ ᠥᠭᠴᠦ᠂  ᠠᠭᠤᠷᠬᠠᠢ ᠶᠢᠨ ᠭᠠᠷᠤᠯᠲᠠ ᠶᠢ ᠬᠠᠤᠯᠢ ᠪᠤᠰᠤ ᠪᠠᠷ ᠲᠡᠭᠡᠭᠡᠪᠦᠷᠢᠯᠡᠬᠦ ᠭᠤᠭᠴᠤᠭ᠎ᠠ ᠶᠢ ᠬᠠᠰᠢᠵᠤ᠂ ᠥᠩᠭᠡᠨ ᠲᠠᠯ᠎ᠠ ᠪᠠ ᠦᠨᠳᠦᠰᠤᠨ ᠠᠴᠠ ᠨᠢ ᠵᠠᠰᠠᠬᠤ ᠶᠢ ᠦᠨᠡᠨ ᠬᠦ ᠪᠡᠶᠡᠯᠡᠭᠦᠯᠵᠦ᠂ ᠪᠥᠬᠦ ᠬᠤᠰᠢᠭᠤᠨ ᠤ ᠠᠭᠤᠷᠬᠠᠢ ᠶᠢᠨ ᠦᠢᠯᠡᠰ ᠤᠨ ᠡᠮᠬᠢ ᠳᠢᠭᠯᠢᠮ‌ᠦᠷᠭᠦᠯᠵᠢᠯᠡᠨ ᠰᠠᠶᠢᠵᠢᠷᠠᠨ ᠬᠥᠭᠵᠢᠬᠦ ᠶᠢ ᠪᠠᠲᠤᠯᠠᠨ᠎ᠠ᠃    ᠨᠠᠢᠮᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠬᠤ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠬᠤᠷᠢᠭᠯᠠᠨ ᠵᠣᠭᠰᠣᠭᠠᠵᠤ᠂ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠥᠷᠭᠡᠨ ᠤᠯᠠᠨ ᠲᠦᠮᠡᠨ ᠤ ᠢᠳᠡᠪᠬᠢᠲᠡᠢ ᠪᠠᠷ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠨ᠎ᠠ᠃      ᠢᠯᠡᠴᠢᠯᠡᠨ ᠮᠡᠳᠡᠭᠦᠯᠬᠦ ᠠᠭᠤᠯᠭ᠎ᠠ ᠵᠢᠴᠢ ᠠᠷᠭ᠎ᠠ ᠵᠠᠮ᠄  ︵ᠨᠢᠭᠡ︶ ᠬᠠᠤᠯᠢ ᠪᠤᠰᠤ ᠪᠠᠷ ᠮᠠᠯᠲᠠᠵᠤ ᠭᠠᠷᠭᠠᠭᠰᠠᠨ ᠨᠡᠭᠦᠷᠡᠰᠦᠨ  ᠤ ᠡᠬᠢ ᠪᠠᠶᠠᠯᠢᠭ ᠢ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ᠃  ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠤᠲᠠᠰᠤ᠄ 0477 ︱ 4705632  ︵ᠬᠤᠶᠠᠷ︶  ᠤᠶᠢᠳᠤ ᠭᠠᠵᠠᠷ ᠢ ᠳᠤᠷ᠎ᠠ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠵᠤ ᠡᠪᠳᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ᠃  ᠬᠤᠰᠢᠭᠤᠨ ᠤ ᠣᠶ ᠰᠢᠭᠤᠢ  ᠨᠤᠳᠤᠭ ᠪᠡᠯᠴᠢᠭᠡᠷ ᠤᠨ ᠲᠣᠪᠴᠢᠶ᠎ᠠ ᠶᠢᠨ ᠤᠲᠠᠰᠤ᠄ 0477 ︱ 3863111 ︵ᠭᠤᠷᠪᠠ︶ ᠨᠡᠭᠦᠷᠡᠰᠦᠨ ᠠᠭᠤᠷᠬᠠᠢ ᠪᠣᠯᠣᠨ ᠨᠡᠭᠦᠷᠡᠰᠦᠨ ᠤ ᠪᠤᠰᠤ ᠠᠭᠤᠷᠬᠠᠢ ᠶᠢᠨ ᠬᠠᠤᠯᠢ ᠠᠴᠠ ᠵᠥᠷᠢᠴᠡᠨ ᠨᠡᠭᠡᠭᠡᠨ ᠮᠠᠯᠲᠠᠭᠰᠠᠨ ᠵᠡᠷᠭᠡ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ᠃  ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4705319 ︵ᠳᠥᠷᠪᠡ︶ ᠡᠪᠡᠰᠤᠳᠤ ᠭᠠᠵᠠᠷ ᠢ ᠳᠤᠷ᠎ᠠ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠭᠰᠠᠨ᠂ ᠭᠤᠣᠯ ᠤᠨ ᠵᠠᠮ  ᠢ ᠡᠪᠳᠡᠵᠦ ᠬᠠᠤᠯᠢ ᠠᠴᠠ ᠵᠥᠷᠢᠴᠡᠨ ᠡᠯᠡᠰᠦ ᠮᠠᠯᠲᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ᠃  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠤᠲᠠᠰᠤ᠄ 0477 ︱ 4212774  ︵ᠲᠠᠪᠤ︶ ᠬᠠᠤᠯᠢ ᠠᠴᠠ ᠵᠥᠷᠢᠴᠡᠨ ᠠᠭᠤᠷᠬᠠᠢ ᠮᠠᠯᠲᠠᠭᠠᠳ ᠭᠠᠵᠠᠷ ᠰᠢᠷᠣᠢ ᠶᠢ ᠡᠪᠳᠡᠭᠰᠡᠨ᠂ ᠭᠤᠣᠯ ᠤᠨ ᠵᠠᠮ  ᠳᠠᠭᠠᠤ ᠬᠠᠤᠯᠢ ᠠᠴᠠ ᠵᠥᠷᠢᠴᠡᠨ ᠡᠯᠡᠰᠦ ᠮᠠᠯᠲᠠᠭᠠᠳ ᠭᠠᠵᠠᠷ ᠰᠢᠷᠣᠢ ᠶᠢ ᠡᠪᠳᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ︵ᠡᠯ᠎ᠡ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠃  ᠪᠤᠷᠤᠳᠤᠬᠤᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477—2781868 ᠱᠢ ᠡᠯ ᠯᠢᠶᠠᠨ ᠴᠧᠩ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4290045  ᠬᠠᠷᠠᠵᠠᠳᠠᠢ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4758255  ᠰᠢᠤᠸᠠᠢ ᠵᠢᠶᠠ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4896025  ᠱᠠᠬᠳᠠᠷ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 3866692  ᠳ᠋ᠠ ᠯᠦ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4880307 ᠨᠠᠷᠠᠰᠤᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4771763 ᠵᠡᠭᠦᠨᠭᠠᠷ ᠵᠤᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠳᠤᠪᠴᠢᠶ᠎ᠠ ᠶᠢᠨ ᠤᠲᠠᠰᠤ᠄ 0477—8121008  ᠯᠦᠩᠺᠸᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4871511  ᠸᠧᠢ ᠵᠢᠶᠠ ᠮᠣᠣ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠲᠠᠰᠤ᠄ 0477 ︱ 4882238  ᠶᠢᠰᠦ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                      ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                      2022 ᠣᠨ ᠤ 5 ᠰᠠᠷ᠎ᠠ ᠶᠢᠨ 5 ᠤ ᠡᠳᠤᠷ 
ᠢᠷᠡᠯᠲᠡ᠄ ᠲᠤᠰ ᠰᠦᠯᠵᠢᠶ᠎ᠡ