ᠬᠠᠲᠤᠨ ᠭᠤᠣᠯ ᠤᠨ ᠲᠠᠩ ᠭᠠᠵᠠᠷ  ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠵᠠᠷᠯᠠᠯ
ᠨᠡᠶᠢᠲᠡᠯᠡᠭᠰᠡᠨ ᠴᠠᠭ᠄
2022/6/10
      ᠶᠡᠷᠦᠩᠬᠡᠢ ᠱᠦᠵᠢ  ᠰᠢ ᠶᠢᠨ ᠫᠢᠩ ᠤᠨ  ᠬᠠᠲᠤᠨ ᠭᠤᠣᠯ ᠤᠨ ᠭᠤᠤᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ  ᠳᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠠᠲᠤᠨ ᠭᠤᠣᠯ ᠤᠨ  ᠳᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠭᠤᠣᠯ  ᠲᠠᠢ ᠬᠤᠯᠪᠣᠭᠳᠠᠬᠤ ᠡᠯ᠎ᠡ ᠳᠦᠷᠤᠯ ᠤᠨ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠠᠲᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠶᠠᠨ ᠭᠠᠵᠠᠷ᠂ ᠭᠡᠷ ᠪᠠᠶᠢᠰᠢᠩ ᠵᠢᠴᠢ ᠬᠤᠯᠪᠣᠭᠳᠠᠯ ᠪᠦᠬᠦᠢ ᠲᠥᠬᠦᠭᠡᠷᠦᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠴᠢᠬᠤᠯᠠ ᠶᠡᠭᠡ ᠰᠠᠭᠤᠷᠢ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠭᠠᠷᠭᠠᠪᠠᠯ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠨᠲᠡ ᠵᠥᠪᠰᠢᠶᠡᠷᠡᠭᠰᠡᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠢ ᠲᠥᠷᠥᠯ ᠵᠦᠢᠯ ᠢ ᠴᠥᠮ ᠲᠦᠷ ᠵᠣᠭᠰᠣᠭᠠᠨ᠎ᠠ᠃ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠳᠳᠤᠭ ᠮᠠᠯᠲᠠᠬᠤ᠂ ᠵᠣᠭᠤᠷᠢ ᠮᠠᠯᠲᠠᠬᠤ᠂  ᠨᠦᠭᠡᠨ ᠭᠡᠷ ᠪᠠᠷᠢᠬᠤ᠂ ᠬᠡᠭᠦᠷ ᠪᠤᠯᠠᠰᠢᠯᠠᠬᠤ᠂ ᠰᠢᠷᠣᠢ ᠠᠪᠬᠤ᠂  ᠬᠠᠶᠢᠷ ᠰᠢᠷᠤᠢ ᠮᠠᠯᠲᠠᠬᠤ᠂ ᠮᠠᠯ ᠬᠠᠷᠢᠭᠤᠯᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠡᠷᠢᠬᠤ ᠵᠡᠷᠭᠡ ᠭᠤᠣᠯ ᠤᠨ ᠵᠠᠮ  ᠤᠨ ᠤᠰᠦᠠ ᠣᠷᠣᠨ  ᠤ  ᠬᠦᠪᠡᠭᠡ ᠳᠠᠭᠠᠤ ᠤᠷᠤᠨ ᠢ ᠡᠵᠡᠯᠡᠬᠦ ᠵᠢᠴᠢ ᠵᠣᠷᠢᠭᠤᠳᠠ ᠰᠠᠭᠠᠳ ᠲᠠᠯᠪᠢᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃      ᠬᠤᠶᠠᠷ᠂ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ ᠥᠪᠡᠷᠲᠡᠭᠡᠨ ᠵᠠᠰᠠᠬᠤ ᠣᠷᠣᠨ  ᠠᠴᠠ ᠪᠠᠭᠤᠯᠭᠠᠭᠰᠠᠨ 2022 ᠣᠨ ᠤ ᠬᠠᠲᠤᠨ ᠭᠤᠣᠯ ᠤᠨ ᠳᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠭᠰᠠᠨ ᠴᠢᠭᠯᠡᠯᠲᠦ ᠭᠡᠮᠵᠢᠭᠳᠡᠬᠦᠨ ᠤ ᠲᠤᠭ᠎ᠠ ᠪᠠᠷᠢᠮᠲᠠ ᠶᠢ ᠦᠨᠳᠦᠰᠦᠯᠡᠪᠡᠯ᠂ ᠲᠠᠩ ᠭᠠᠵᠠᠷ ᠤᠨ  ᠭᠤᠣᠯ ᠭᠤᠯᠳᠤᠷᠢᠯ ᠤᠨ ᠲᠥᠪ ᠠᠴᠠ ᠭᠠᠳᠠᠭᠰᠢ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠱᠤᠭᠤᠮ ᠤᠨ ᠬᠤᠭᠤᠷᠣᠨᠳᠣᠬᠢ ᠣᠷᠣᠨ ᠪᠦᠰᠡ ᠳᠤ ᠲᠠᠷᠢᠮᠠᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠥᠨᠳᠥᠷ ᠡᠰᠢᠲᠦ ᠲᠠᠷᠢᠮᠠᠯ ︵ᠵᠢᠱᠢᠶᠡᠯᠡᠪᠡᠯ ᠡᠷᠳᠡᠨᠢ ᠰᠢᠰᠢ᠂ ᠨᠡᠷᠡᠨ ᠬᠤᠸᠠᠷ᠂ ᠰᠢᠰᠢ ᠵᠡᠷᠭᠡ ᠲᠠᠷᠢᠮᠠᠯ︶ ᠳᠠᠷᠢᠬᠤ ᠶᠢ ᠴᠢᠩᠭ᠎ᠠ ᠴᠠᠭᠠᠵᠠᠯᠠᠨ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠡᠪᠡᠰᠦ ᠠᠷᠢᠯᠭᠠᠭᠴᠢ ᠵᠡᠷᠭᠡ  ᠨᠤᠨᠳᠠᠭ ᠮᠦᠬᠦᠯᠢᠭᠳᠦ ᠪᠤᠳᠠᠰ ᠤᠨ ᠪᠣᠬᠢᠷᠳᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠠᠩ ᠭᠠᠵᠠᠷ ᠤᠨ ᠪᠤᠰᠤᠳ ᠭᠠᠵᠠᠷ ᠣᠷᠣᠨ ᠳᠤ ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠥᠦ ᠪᠦᠷᠬᠦᠪᠴᠢ ᠵᠡᠷᠭᠡ ᠶᠢᠨ ᠰᠥᠭᠡᠷᠭᠦ ᠨᠡᠮᠡᠭᠳᠡᠯ  ᠲᠠᠢ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃      ᠭᠤᠷᠪᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠠᠲᠤᠨ ᠭᠤᠣᠯ ᠳᠠᠭᠠᠤ  ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠤᠬᠳᠠᠯ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠪᠥᠬᠦ ᠲᠠᠯ᠎ᠠ ᠪᠠᠷ ᠴᠢᠩᠭᠠᠳᠬᠠᠵᠤ᠂ ᠲᠣᠰ ᠵᠠᠷᠯᠠᠯ ᠤᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠠᠴᠠ ᠵᠥᠷᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠢ ᠦᠨᠳᠦᠰᠦᠯᠡᠨ᠂ ᠵᠣᠬᠢᠬᠤ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠢ᠃ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠳ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠭᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ ᠬᠠᠤᠯᠢ ᠶᠢ ᠵᠥᠷᠢᠴᠡᠭᠰᠡᠨ ᠠᠵᠢᠯᠯᠠᠭᠠᠲᠤ ᠬᠥᠮᠥᠨ ᠳᠤ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦᠯᠤᠨ᠎ᠠ᠂ ᠤᠴᠠᠷᠠᠭᠤᠯᠤᠭᠰᠠᠨ ᠠᠯᠢᠪᠠ ᠬᠤᠬᠢᠷᠠᠯ ᠢ ᠴᠥᠮ ᠬᠠᠤᠯᠢ ᠶᠢ ᠵᠥᠷᠢᠴᠡᠭᠰᠡᠨ ᠠᠵᠢᠯᠯᠠᠭᠠᠲᠤ ᠬᠥᠮᠥᠨ ᠥᠪᠡᠷ ᠢᠶᠠᠨ ᠡᠭᠦᠷᠭᠡᠯᠡᠨ᠎ᠡ᠃      ᠳᠥᠷᠪᠡ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠲᠠᠩ ᠭᠠᠵᠠᠷ ᠤᠨ ᠲᠠᠷᠢᠮᠠᠯ ᠤᠨ ᠪᠦᠲᠦᠴᠡ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠨᠤᠨᠳᠠᠭ ᠮᠦᠬᠦᠯᠢᠭᠳᠦ ᠪᠤᠳᠠᠰ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ ᠬᠠᠲᠤᠨ ᠭᠤᠣᠯ ᠳᠠᠭᠠᠤ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠬᠠᠭᠤᠯᠬᠤ ᠰᠠᠯᠠᠭ᠎ᠠ ᠮᠥᠴᠢᠷ  ᠨᠢ ᠤᠬᠠᠭᠤᠯᠵᠤ ᠬᠥᠲᠥᠯᠥᠨ ᠵᠢᠯᠤᠭᠤᠳᠬᠤ ᠪᠠᠨ ᠦᠨᠡᠨᠬᠦ ᠴᠢᠩᠭᠠᠳᠬᠠᠵᠤ᠂  ᠵᠢᠷᠬᠢᠶ᠎ᠠ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂  ᠬᠤᠯᠪᠤᠬᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠵᠤ᠂ ᠲᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠣᠯᠠᠨ ᠲᠦᠮᠡᠨ ᠤ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠰᠠᠶᠢᠲᠤᠷ ᠬᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠬᠤ ᠶᠢ ᠴᠠᠭᠠᠵᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃      ᠲᠠᠪᠤ᠂ ᠢᠳᠡᠪᠬᠢᠲᠡᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠤᠨ᠎ᠠ ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠲᠠᠷᠢᠬᠤ ᠶᠢ ᠴᠠᠭᠠᠵᠠᠯᠠᠬᠤ ᠬᠡᠪᠴᠢᠶᠡᠨ ᠳᠣᠲᠣᠷ᠎ᠠ ᠵᠠᠷᠯᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠥᠮ ᠢᠳᠬᠠᠨ ᠬᠤᠷᠢᠭᠯᠠᠬᠤ ᠡᠷᠬᠡ ᠲᠠᠢ ᠪᠥᠭᠡᠳ ᠪᠠᠶᠢᠭ᠎ᠠ ᠰᠤᠮᠤ ᠪᠠᠯᠭᠠᠰᠤ ᠶᠢᠨ ᠠᠷᠠᠳ  ᠤᠨ ᠵᠠᠰᠠᠭ ᠤᠨ ᠣᠷᠳᠣᠨ ᠬᠢᠭᠡᠳ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠤᠨ᠎ᠠ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                            ᠡᠭᠦᠨ ᠤ ᠲᠤᠯᠠ ᠣᠨᠴᠠᠭᠠᠶᠢᠯᠠᠨ ᠵᠠᠷᠯᠠᠪᠠ                                                  ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                   2022 ᠣᠨ ᠤ 2 ᠰᠠᠷ᠎ᠠ ᠶᠢᠨ 10 ᠤ ᠡᠳᠤᠷ 
ᠢᠷᠡᠯᠲᠡ᠄ ᠲᠤᠰ ᠰᠦᠯᠵᠢᠶ᠎ᠡ