︽ᠳᠤᠮᠳᠠᠳᠤ ᠤᠯᠤᠰ ᠤᠨ ᠪᠠᠷᠠᠭᠤᠨ ᠣᠷᠣᠨ ᠤ ᠲᠡᠷᠢᠭᠦᠨ ᠤ ᠣᠳᠣᠬᠢᠴᠢᠯᠠᠭᠰᠠᠨ ᠴᠢᠨᠠᠷᠯᠢᠭ ᠬᠤᠲᠠ ᠶᠢ ᠪᠦᠲᠦᠭᠡᠨ ᠪᠠᠶᠢᠭᠤᠯᠬᠤ︾ ᠬᠠᠷᠠᠯᠲᠠ ᠶᠢᠨ | ᠲᠣᠭᠤᠷᠢᠨ ᠳᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠵᠢᠶᠠ ᠵᠢᠶᠠ ᠸᠠᠨ ᠤ ᠤᠷᠤᠰᠢᠨ | ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ | ᠶᠢᠨ ᠳᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ | ᠨᠥᠬᠦᠪᠦᠷᠢ ᠥᠭᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 590 ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠦᠷᠢ ᠥᠭᠬᠦ ᠳᠦᠷᠢᠮ︾ ᠵᠡᠷᠭᠡ ᠲᠣᠭᠲᠠᠭᠠᠯ ᠢ | ᠦᠨᠳᠦᠰᠦᠯᠡᠨ᠂ ᠶᠠᠷᠢᠯᠴᠠᠨ ᠰᠤᠳᠤᠯᠬᠤ ᠪᠠᠷ ᠳᠡᠮᠵᠢᠨ᠂ ᠰᠢᠤᠸᠠᠢ ᠵᠢᠶᠠ ᠸᠠᠨ ᠪᠠᠯᠭᠠᠰᠤᠨ ᠤ ᠲᠣᠭᠤᠷᠢᠭ ᠤᠨ ᠵᠢᠶᠠ ᠵᠢᠶᠠ ᠸᠠᠨ ᠤ ᠬᠠᠭᠤᠴᠢᠨ ᠰᠠᠭᠤᠭᠠᠯᠢ | ᠲᠣᠭᠤᠷᠢᠭ ︵ᠬᠤᠲᠠ ᠳᠤᠳᠤᠷᠠᠬᠢ ᠲᠣᠰᠬᠤᠨ︶ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ | ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃ | ᠨᠢᠭᠡ᠂ ᠥᠭᠡᠷᠡᠴᠢᠯᠡᠬᠦ ᠬᠦᠷᠢᠶ᠎ᠠ ᠬᠡᠪᠴᠢᠶ᠎ᠡ ᠵᠢᠴᠢ ᠴᠠᠭ ᠬᠤᠭᠤᠴᠠᠭ᠎ᠠ | ᠵᠡᠭᠦᠨᠰᠢ ᠪᠠᠨ ᠰᠢᠨ᠎ᠠ ᠪᠠᠷ ᠳᠦᠯᠦᠪᠵᠢᠬᠦᠯᠦᠭᠰᠡᠨ ᠵᠠᠮ᠂ ᠬᠤᠶᠢᠰᠢ ᠪᠠᠨ ᠵᠡᠬᠦᠠᠭᠠᠷ ᠠᠷᠪᠠᠳᠤᠭᠠᠷ ᠳᠤᠮᠳᠠᠳᠤ ᠰᠤᠷᠭᠠᠭᠤᠯᠢ ᠶᠢᠨ ᠱᠦᠢᠨᠢ ᠵᠠᠮ ᠠᠴᠠ | ᠤᠷᠲᠤᠳᠬᠠᠭᠠᠳ ᠰᠢᠨ᠎ᠠ ᠪᠠᠷ ᠪᠠᠶᠢᠭᠤᠯᠤᠬᠰᠠᠨ ᠵᠢᠷᠭᠤᠳᠤᠭᠠᠷ ᠳᠤᠮᠳᠠᠳᠤ ᠰᠤᠷᠭᠠᠭᠤᠯᠢ᠂ ᠡᠮᠦᠨᠡᠰᠢ ᠪᠠᠨ ᠳ᠋ᠢᠩ ᠬᠤᠸᠠ ᠠᠮᠳᠠᠳᠤ ᠢᠳᠡᠭᠡᠨ ᠤ ᠵᠡᠭᠡᠯᠢ᠂ | ᠪᠠᠷᠠᠭᠤᠨᠰᠢ ᠪᠠᠨ ᠵᠤᠤ ᠵᠢᠶᠦ᠋ᠨ ᠵᠠᠮ ᠬᠦᠷᠦᠨ᠎ᠡ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠳᠠᠭᠤᠰᠬᠠᠨ᠎ᠠ᠃ | ᠬᠤᠶᠠᠷ᠂ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠢ | ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠦᠷᠦᠭᠦᠯᠡᠨ ᠬᠢᠵᠤ᠂ ᠯᠠᠨ ᠲᠢᠶᠠᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠮᠵᠢᠯᠴᠠᠨ ᠬᠢᠨ᠎ᠠ᠃ | ᠭᠤᠷᠪᠠ᠂ ᠲᠥᠯᠥᠪᠦᠷᠢ ᠥᠭᠴᠦ ᠲᠥᠪᠬᠢᠨᠡᠭᠦᠯᠬᠦ | ︽ᠰᠢᠤᠸᠠᠢ ᠵᠢᠶᠠ ᠸᠠᠨ ᠪᠠᠯᠭᠠᠰᠤᠨ ᠤ ᠳᠤᠭᠤᠷᠢᠭ ᠤᠨ ᠵᠢᠶᠠ ᠵᠢᠶᠠ ᠸᠠᠨ ᠤ ᠬᠠᠭᠤᠴᠢᠨ ᠰᠠᠭᠤᠭᠠᠯᠢ ᠲᠣᠭᠤᠷᠢᠭ ᠤᠨ ᠭᠠᠵᠠᠷ ︵ᠬᠤᠲᠠ ᠳᠤᠳᠤᠷᠠᠬᠢ | ᠲᠣᠰᠬᠤᠨ︶ ᠢ ᠲᠠᠲᠠᠪᠤᠷᠢᠯᠠᠬᠤ ᠪᠠ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠳᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠵᠡᠭᠦᠨᠭᠠᠷ ᠵᠠᠰᠠᠭ ᠠᠯᠪᠠᠨ ᠲᠠᠷᠬᠠᠭᠠᠭᠰᠠᠨ ﹇2021﹈ 112 ᠲᠣᠭᠠᠲᠤ︶ ᠤᠨ ᠶᠣᠰᠣᠭᠠᠷ | ᠬᠡᠷᠡᠭᠵᠢᠭᠦᠯᠦᠨ᠎ᠡ᠃ | ᠳᠥᠷᠪᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ ᠡᠷᠬᠡ ᠵᠡᠷᠭᠡ ᠤᠴᠢᠷ ᠶᠠᠪᠤᠳᠠᠯ | ᠭᠠᠵᠠᠷ ᠨᠢ ᠲᠠᠲᠠᠪᠤᠷᠢᠯᠠᠭᠳᠠᠭᠰᠠᠨ ᠬᠥᠮᠥᠨ ᠬᠡᠷᠪᠡ ᠲᠤᠰ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠵᠠᠰᠠᠬᠤ ᠲᠣᠭᠲᠠᠭᠠᠯ ᠢ ᠵᠥᠪᠰᠢᠶᠡᠷᠡᠬᠦ | ᠦᠭᠡᠢ ᠪᠣᠯ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠬᠠᠷᠢᠶᠠᠯᠠᠬᠤ ᠡᠷᠬᠡ ᠲᠠᠢ ᠰᠢᠭᠦᠬᠦ ᠬᠤᠷᠢᠶᠠᠨ ᠳᠤ 6 ᠰᠠᠷ᠎ᠠ ᠶᠢᠨ ᠳᠣᠲᠣᠷ᠎ᠠ ᠵᠠᠰᠠᠭ | ᠵᠠᠬᠢᠷᠭᠠᠨ ᠤ ᠵᠠᠷᠭᠤ ᠬᠢᠵᠦ ᠪᠣᠯᠣᠨ᠎ᠠ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 2 ᠰᠠᠷ᠎ᠠ ᠶᠢᠨ 18 ᠤ ᠡᠳᠤᠷ | | | |