2 ᠳ᠋ᠤᠭᠠᠷ ᠨᠣᠮᠧᠷᠲᠤ ᠵᠠᠰᠠᠮᠠᠯ ᠵᠠᠮ ᠤᠨ ᠬᠡᠰᠡᠭ ᠵᠠᠮ ᠤᠨ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠡᠪᠲᠡᠷᠡᠬᠦ ᠱᠤᠭᠤᠮ ᠢ ᠰᠢᠯᠢᠳᠡᠭᠵᠢᠬᠦᠯᠬᠦ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠵᠠᠷᠯᠠᠯ
ᠨᠡᠶᠢᠲᠡᠯᠡᠭᠰᠡᠨ ᠴᠠᠭ᠄
2022/6/10
     ᠰᠢᠤᠸᠠᠢ ᠵᠢᠶᠠ ᠸᠠᠨ ᠬᠤᠲᠠ ᠶᠢᠨ ᠶᠠᠪᠤᠳᠠᠯ ᠤᠨ ᠲᠣᠭᠤᠷᠢᠭ ᠤᠨ ᠠᠭᠠᠷ ᠤᠨ ᠪᠣᠬᠢᠷᠳᠤᠯ ᠪᠣᠳᠠᠰ ᠤᠨ ᠥᠳᠬᠡᠴᠡ ᠶᠢ ᠪᠦᠲᠦᠮᠵᠢᠲᠡᠶ ᠪᠠᠭᠤᠷᠠᠭᠤᠯᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠴᠢᠨᠠᠷ ᠢ ᠰᠠᠶᠢᠵᠢᠷᠠᠭᠤᠯᠤᠨ᠂  ᠳᠠᠭᠤ ᠱᠤᠤᠬᠢᠶᠠᠨ ᠪᠤᠯᠤᠨ ᠳᠤᠭᠤᠰᠤ  ᠰᠢᠷᠤᠢ ᠶᠢᠨ ᠪᠤᠬᠢᠷᠳᠤᠯ ᠢ ᠪᠠᠭᠠᠰᠬᠠᠬᠤ  ᠶᠢᠨ ᠳᠤᠰᠠᠳᠠ᠂     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ G109 ᠱᠤᠭᠤᠮ ᠬᠢᠭᠡᠳ 2 ᠳ᠋ᠤᠭᠠᠷ ᠨᠤᠮᠧᠷᠳᠤ ᠵᠠᠰᠠᠮᠠᠯ ᠵᠠᠮ ᠤᠨ  ᠳᠡᠭᠰᠢ ᠤᠬᠳᠤᠯᠤᠯᠴᠠᠬᠤ ᠠᠭᠤᠯᠵᠠᠷ ᠲᠤ 2 ᠳ᠋ᠤᠭᠠᠷ ᠨᠤᠮᠧᠷᠳᠤ ᠵᠠᠰᠠᠮᠠᠯ ᠵᠠᠮ ᠢᠶᠠᠷ ᠲᠠᠩ ᠬᠥᠩ ᠲᠠ ᠶᠢᠨ ᠲᠥᠪᠯᠡᠷᠡᠭᠦᠯᠦᠨ  ᠰᠠᠪᠠᠯᠠᠬᠤ ᠥᠷᠲᠡᠭᠡ ᠳᠤ ᠣᠷᠣᠬᠤ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢ ᠬᠠᠮᠢᠶᠠᠷᠤᠨ ᠡᠵᠡᠮᠳᠡᠨ᠎ᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠬᠠᠮᠢᠶᠠᠷᠤᠨ ᠡᠵᠡᠮᠳᠡᠬᠦ ᠬᠦᠷᠢᠶ᠎ᠡ ᠬᠡᠪᠴᠢᠶ᠎ᠡ      G109 ᠱᠤᠭᠤᠮ ᠬᠢᠭᠡᠳ 2 ᠳ᠋ᠤᠭᠠᠷ ᠨᠣᠮᠧᠷᠲᠤ ᠵᠠᠰᠠᠮᠠᠯ ᠵᠠᠮ ᠤᠨ ᠲᠡᠭᠰᠢ ᠣᠭᠲᠣᠯᠣᠯᠴᠠᠬᠤ ᠠᠭᠤᠯᠵᠠᠷ ᠢᠶᠠᠷ ᠳᠡᠮᠵᠢᠨ 2 ᠳ᠋ᠤᠭᠠᠷ ᠨᠣᠮᠧᠷᠲᠤ ᠵᠠᠰᠠᠮᠠᠯ ᠵᠠᠮ ᠢ ᠳᠠᠭᠠᠵᠤ ᠡᠮᠦᠨ᠎ᠡ ᠠᠴᠠ  ᠬᠤᠶᠢᠰᠢ ᠭᠤᠮᠪᠤ ᠶᠢᠨ ᠤᠰᠤ ᠨᠡᠭᠦᠷᠡᠰᠦᠨ ᠠᠭᠤᠷᠬᠠᠢ᠂ ᠮᠧᠩ ᠲᠠᠢ ᠲᠥᠪᠯᠡᠷᠡᠭᠦᠯᠦᠨ  ᠰᠠᠪᠠᠯᠠᠬᠤ ᠥᠷᠲᠡᠭᠡ᠂ ᠳ᠋ᠦᠩ ᠴᠧᠨ ᠨᠡᠭᠦᠷᠡᠰᠦᠨ ᠠᠭᠤᠷᠬᠠᠢ᠂ ᠷᠦᠢ ᠬᠤᠩ ᠲᠢᠶᠧ ᠶᠢᠨ ᠵᠡᠭᠦᠨᠳᠡᠬᠢ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠳᠤ ᠣᠷᠣᠬᠤ ᠪᠣᠶ ᠪᠦᠬᠦᠢ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ᠂ ᠨᠡᠭᠦᠷᠡᠰᠦᠨ ᠴᠠᠬᠢᠯᠭᠠᠨ ᠤ ᠠᠵᠤ ᠠᠬᠤᠶᠢᠯᠠᠯ ᠵᠢᠴᠢ ᠲᠡᠭᠦᠨ ᠠᠴᠠ ᠡᠮᠦᠨᠡᠰᠢᠬᠢ ᠪᠤᠰᠤᠳ ᠠᠵᠤ ᠠᠬᠤᠶᠢᠯᠠᠯ ᠳᠤ ᠬᠦᠷᠬᠦ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠬᠡᠪ ᠤᠨ ᠪᠠᠶᠢᠳᠠᠯ ᠢᠶᠠᠷ ᠨᠡᠪᠲᠡᠷᠡᠵᠦ ᠪᠣᠯᠣᠨ᠎ᠠ᠃       ᠬᠤᠶᠠᠷ᠂ ᠲᠣᠭᠤᠷᠢᠨ ᠶᠠᠪᠤᠬᠤ ᠵᠠᠮ ᠱᠤᠭᠤᠮ       ᠳ᠋ᠦᠩ ᠴᠧᠨ  ᠨᠡᠭᠦᠷᠡᠰᠦᠨ ᠠᠭᠤᠷᠬᠠᠢ᠂  ᠭᠤᠮᠪᠤ ᠶᠢᠨ ᠤᠰᠤ ᠨᠡᠭᠦᠷᠡᠰᠦᠨ ᠠᠭᠤᠷᠬᠠᠢ᠂ ᠷᠦᠢ ᠬᠤᠩ ᠲᠢᠶᠧ ᠶᠢᠨ ᠵᠡᠭᠦᠨᠳᠡᠬᠢ ᠬᠠᠳᠠᠭᠠᠯᠠᠵᠤ ᠲᠡᠭᠡᠭᠡᠪᠦᠷᠢᠯᠡᠬᠦ ᠦᠷᠳᠡᠭᠡ᠂ ᠮᠧᠩ ᠲᠠᠢ ᠲᠥᠪᠯᠡᠷᠡᠭᠦᠯᠦᠨ ᠲᠡᠭᠡᠭᠡᠪᠦᠷᠢᠯᠡᠬᠦ ᠦᠷᠳᠡᠭᠡ ᠪᠠᠷ ᠣᠷᠣᠵᠤ ᠭᠠᠷᠬᠤ ᠪᠤᠢ ᠪᠦᠬᠦᠢ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢ ᠬᠤᠳᠠ ᠶᠢᠨ ᠵᠡᠬᠦᠨ  ᠳᠤᠭᠤᠷᠢᠭᠤᠯ ᠵᠠᠮ ᠢᠶᠠᠷ ᠦᠩᠭᠡᠷᠡᠬᠦᠯᠤᠨ ᠶᠢᠨ ᠵᠧᠩ ᠲᠠᠢ ᠨᠡᠭᠦᠷᠡᠰᠦᠨ ᠠᠭᠤᠷᠬᠠᠢ ᠶᠢᠨ ᠬᠤᠶᠢᠲᠤ ᠵᠠᠯᠭᠠᠯᠲᠠ ᠶᠢᠨ ᠱᠤᠭᠤᠮ ᠢᠶᠠᠷ ᠣᠷᠣᠵᠤ  ᠭᠠᠷᠭᠠᠭᠤᠯᠤᠨ᠎ᠠ᠃       ᠭᠤᠷᠪᠠ᠂ ᠰᠢᠢᠳᠪᠦᠷᠢᠯᠡᠬᠦ ᠠᠷᠭ᠎ᠠ       ᠲᠤᠰ ᠵᠠᠷᠯᠠᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ ᠶᠣᠰᠣᠭᠠᠷ ᠰᠢᠳᠭᠡᠨ᠎ᠠ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃        ᠲᠤᠰ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠤᠷᠳᠤ ᠬᠤᠭᠤᠴᠠᠭ᠎ᠠ ᠪᠠᠷ ᠬᠦᠴᠦᠨ ᠲᠠᠢ᠃                                                         ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                         2022 ᠣᠨ ᠤ 3 ᠰᠠᠷ᠎ᠠ ᠶᠢᠨ 21 ᠤ ᠡᠳᠤᠷ 
ᠢᠷᠡᠯᠲᠡ᠄ ᠲᠤᠰ ᠰᠦᠯᠵᠢᠶ᠎ᠡ