ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠂ ᠨᠠᠮ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠣᠨ ᠠᠭᠤᠤ | ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠪᠦᠬᠦ ᠨᠠᠮ ᠤᠨ ᠭᠡᠰᠢᠭᠦᠨ ᠤ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠬᠦ ᠶᠢ ᠬᠥᠭᠵᠢᠭᠡᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ | ︽ᠲᠦᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠳᠤᠰᠠᠳᠠ᠂ 6 ᠰᠠᠷ᠎ᠠ ᠶᠢᠨ 23 ᠤ ᠡᠳᠦᠷ᠂ ᠸᠧᠢ ᠵᠢᠶᠠ ᠮᠣᠣ | ᠪᠠᠯᠭᠠᠰᠤ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ ᠨᠠᠮ | ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠶ᠎ᠠ ᠶᠢᠨ ᠱᠦᠵᠢ | ᠶᠠᠩ ᠪᠦᠦ ᠪᠦᠯᠬᠦᠮ ᠳᠠᠭᠠᠭᠤᠯᠤᠨ᠂ ᠠᠯᠪᠠᠨ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠬᠰᠠᠨ ᠪᠠᠶᠢᠨ᠎ᠠ᠃ | | ᠶᠠᠩ ᠪᠦᠦ ᠨᠠᠷ ᠬᠤᠪᠢᠰᠬᠠᠯ ᠤᠨ ᠰᠠᠭᠤᠷᠢᠨ ᠭᠠᠵᠠᠷ ᠪᠤᠯᠬᠤ ᠵᠧᠦ ᠮᠡᠤ ᠲᠤ ᠶᠢᠨ ᠬᠠᠭᠤᠴᠢᠨ ᠰᠠᠭᠤᠴᠠ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠂ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠵᠧᠦ ᠮᠡᠤ ᠲᠤ ᠶᠢᠨ ᠬᠠᠭᠤᠴᠢᠨ ᠰᠠᠭᠤᠴᠠ ᠶᠢᠨ ᠬᠤᠪᠢᠰᠬᠠᠯᠲᠤ ᠬᠤᠪᠢᠰᠬᠠᠯ ᠤᠨ ᠦᠯᠢᠭᠡᠷ ᠢ ᠨᠠᠷᠢᠨ | ᠲᠠᠶᠢᠯᠪᠤᠷᠢᠯᠠᠨ᠂ ᠠᠬᠤᠢ ᠲᠠᠯᠠᠪᠠᠢ ᠶᠢᠨ ᠲᠣᠭᠤᠷᠢᠨ ᠦᠵᠡᠭᠰᠡᠳ ᠬᠤᠪᠢᠰᠬᠠᠯᠲᠤ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠰᠠᠶᠢᠲᠤᠷ ᠤᠯᠠᠮᠵᠢᠯᠠᠵᠤ᠂ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠠᠷᠠᠳ ᠲᠦᠮᠡᠨ ᠳᠤ ᠦᠨᠡᠨᠬᠦ ᠦᠢᠯᠡᠴᠢᠯᠡᠨ᠎ᠡ ᠭᠡᠵᠦ ᠢᠯᠡᠳᠬᠡᠵᠡᠭᠡᠪᠡ᠃ | | ᠠᠵᠢᠯᠯᠠᠭ᠎ᠠ ᠶᠢᠨ ᠡᠴᠦᠰ ᠲᠤ᠂ ᠶᠠᠩ ᠪᠦᠦ ᠤᠯᠠᠨ ᠢ ᠳᠠᠭᠠᠭᠤᠯᠤᠨ ᠤᠯᠤᠰ ᠤᠨ ᠲᠤᠭ ᠤᠷᠤᠭᠤ ᠬᠠᠨᠳᠤᠨ᠂ ᠪᠦᠬᠦ ᠨᠠᠮ ᠤᠨ ᠭᠡᠰᠢᠭᠦᠳ ᠪᠠᠷᠠᠭᠤᠨ | ᠭᠠᠷ ᠢᠶᠠᠨ ᠥᠨᠳᠥᠷ ᠡᠷᠭᠦᠵᠤ᠂ ᠰᠦᠷ ᠳᠠᠯᠠᠶᠢᠴᠠᠳᠠᠢ ᠲᠠᠩᠭᠠᠷᠢᠭᠯᠠᠵᠤ᠂ ᠴᠢᠩᠭ᠎ᠠ ᠠᠮᠠᠯᠠᠯᠲᠠ ᠬᠢᠵᠦ᠂ ᠡᠬᠡ ᠤᠯᠤᠰ ᠪᠣᠯᠣᠨ ᠠᠷᠠᠳ ᠲᠦᠮᠡᠨ ᠤ ᠪᠠᠨ ᠲᠥᠯᠥᠭᠡ | ᠨᠠᠰᠤ ᠪᠠᠷ ᠢᠶᠠᠨ ᠲᠡᠮᠡᠴᠡᠬᠦ ᠢᠲᠡᠭᠡᠯ ᠪᠢᠰᠢᠷᠡᠯ ᠪᠣᠯᠣᠨ ᠵᠣᠷᠢᠭ ᠢᠶᠠᠨ ᠰᠠᠨᠠᠯ ᠨᠢᠭᠡᠲᠡᠢ ᠢᠯᠡᠳᠬᠡᠵᠡᠢ᠃ | | | | ᠸᠧᠢ ᠵᠢᠶᠠ ᠮᠣᠣ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠦᠷᠭᠦᠯᠵᠢᠯᠡᠨ ᠪᠦᠯᠬᠦᠮᠳᠡᠨ ᠲᠡᠮᠡᠴᠡᠵᠦ᠂ ᠳᠤᠰᠢᠢᠶᠠᠯ ᠢᠶᠠᠨ ᠦᠨᠡᠨᠴᠢ ᠪᠠᠷ ᠭᠦᠢᠴᠡᠳᠬᠡᠨ᠂ | ᠬᠠᠷᠢᠭᠤᠴᠠᠯᠭ᠎ᠠ ᠡᠭᠦᠷᠭᠡᠯᠡᠨ ᠰᠠᠶᠢᠳᠤᠷ ᠠᠵᠢᠯᠯᠠᠵᠤ᠂ ᠬᠤᠪᠢᠰᠬᠠᠯ ᠤᠨ ᠭᠧᠨ ᠢ ᠴᠢᠨᠠᠭᠰᠢᠳᠠ ᠤᠯᠠᠮᠵᠢᠯᠠᠨ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ | ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠪᠣᠯᠣᠨ ᠤᠯᠤᠰ ᠲᠤ ᠣᠰᠣᠯᠳᠠᠬᠤ ᠦᠭᠡᠢ ᠬᠢᠷᠢ ᠲᠡᠩᠴᠡᠭᠰᠡᠨ ᠡᠪ ᠬᠠᠮᠲᠤᠴᠤᠳ ᠪᠣᠯᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠵᠤᠷᠢᠭ ᠢᠶᠠᠨ ᠢᠯᠡᠳᠭᠡᠵᠤ ᠪᠠᠶᠢᠯ᠎ᠠ᠃ |