ᠱᠢ ᠡᠯ ᠯᠢᠶᠠᠨ ᠴᠧᠩ ᠰᠢᠶ᠋ᠩ ᠤᠨ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ︽ᠴᠢᠨᠡᠭᠡᠯᠢᠭᠵᠢᠯ ᠤᠨ ᠬᠦᠯᠡᠮᠵᠢ︾ ᠪᠣᠯᠵᠤ ᠬᠤᠪᠢᠷᠠᠯ᠎ᠠ
ᠨᠡᠶᠢᠲᠡᠯᠡᠭᠰᠡᠨ ᠴᠠᠭ᠄
2022/6/29
     ᠣᠶᠢᠷ᠎ᠠ ᠶᠢᠨ ᠵᠢᠯ ᠠᠴᠠ ᠨᠠᠭᠠᠰᠢ᠂ ᠱᠢ ᠡᠯ ᠯᠢᠶᠠᠨ ᠴᠧᠩ ᠰᠢᠶ᠋ᠩ ᠤᠨ ᠬᠢᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠂ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ᠶᠢ ︽ᠴᠢᠨᠡᠭᠡᠯᠢᠭᠵᠢᠯ︾  ᠤᠨ ᠬᠦᠯᠡᠮᠵᠢ ᠪᠣᠯᠭᠠᠨ ᠬᠤᠪᠢᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ᠃ ᠣᠳᠣᠬᠠᠨ ᠳᠤ᠂ ᠱᠢ ᠡᠯ ᠯᠢᠶᠠᠨ ᠴᠧᠩ ᠰᠢᠶ᠋ᠩ ᠤᠨ ᠡᠯ᠎ᠡ ᠬᠦᠯᠡᠮᠵᠢ  ᠶᠢᠨ ᠪᠤᠷᠴᠠᠭ᠂ ᠲᠥᠪᠡᠳ ᠬᠠᠰᠢ᠂  ᠶᠠᠩ ᠵᠢᠶᠤᠤ ᠮᠢ ᠠᠮᠳᠠᠳᠤ ᠭᠡᠮᠭᠡ᠂ ᠲᠠᠷᠪᠤᠰ ᠵᠡᠷᠭᠡ ᠵᠢᠮᠢᠰ ᠢᠳᠡᠰᠢᠨ ᠨᠣᠭᠤᠭ᠎ᠠ  ᠵᠠᠬ᠎ᠠ ᠳᠡᠯᠭᠡᠭᠦᠷ ᠲᠤ ᠬᠤᠶᠢᠨ᠎ᠠ ᠬᠤᠶᠢᠨ᠎ᠠ ᠠᠴᠠ ᠪᠠᠨ ᠭᠠᠷᠴᠤ᠂ ᠲᠠᠷᠢᠶᠠᠴᠢᠨ ᠡᠷᠦᠭᠡ ᠲᠡᠭᠦᠵᠦ ᠪᠣᠷᠣᠯᠠᠭᠤᠯᠬᠤ ᠪᠠᠷ ᠶᠠᠭᠠᠷᠠᠯᠳᠤᠨ᠂ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠢ ᠡᠳ᠋ᠯᠡᠵᠡᠭᠡᠨ᠎ᠠ᠃
十二连城1.jpg   
     ᠱᠢ ᠡᠯ ᠯᠢᠶᠠᠨ ᠴᠧᠩ ᠰᠢᠶ᠋ᠩ ᠤᠨ  ᠵᠡᠬᠦᠨ  ᠪᠤᠯᠠᠭ ᠲᠣᠰᠬᠤᠨ ᠤ ᠯᠢᠦ ᠶᠢᠨ ᠬᠠᠢ ᠶᠢᠨ ᠬᠦᠯᠡᠮᠵᠢ ᠳᠤ ᠬᠦᠷᠬᠦ ᠳᠤ᠂ ᠵᠢᠮᠢᠰ ᠤᠨ ᠦᠨᠦᠷ ᠬᠠᠩᠬᠤᠯᠤᠨ᠂ ᠬᠥᠮᠥᠰ ᠤᠨ  ᠰᠢᠯᠤᠰᠤ ᠶᠢ ᠬᠤᠷᠠᠭᠤᠯᠤᠨ᠎ᠠ᠃ ᠬᠦᠯᠡᠮᠵᠢ ᠶᠢᠨ ᠳᠣᠲᠣᠷᠠᠬᠢ  ᠶᠠᠩ ᠵᠢᠶᠤᠤ ᠮᠢ ᠠᠮᠳᠠᠳᠤ ᠭᠡᠮᠭᠡ᠂ ᠲᠠᠷᠪᠤᠰ᠂ ᠲᠥᠪᠡᠳ ᠬᠠᠰᠢ᠂ ᠪᠤᠷᠴᠠᠭ ᠵᠡᠷᠭᠡ ᠣᠯᠠᠨ ᠶᠠᠩᠵᠤ ᠶᠢᠨ ᠵᠢᠮᠢᠰ  ᠢᠳᠡᠰᠢᠨ‌ᠨᠣᠭᠤᠭ᠎ᠠ ᠪᠦᠷ ᠪᠣᠯᠪᠠᠰᠤᠷᠠᠵᠤ᠂ ᠯᠢᠦ ᠶᠢᠨ ᠬᠠᠢ ᠲᠡᠭᠦᠵᠦ ᠶᠠᠭᠠᠷᠠᠬᠤ ᠶᠢᠨ ᠳᠠᠭᠠᠤ  ᠵᠢᠩᠯᠡᠵᠦ᠂ ᠲᠡᠷᠭᠡᠨ ᠳᠤ ᠲᠡᠭᠡᠭᠡᠨ ᠰᠠᠪᠠᠯᠠᠵᠤ᠂ ᠬᠥᠷ ᠬᠥᠭᠵᠢᠶᠡᠨ ᠲᠠᠢ ᠡᠯᠪᠡᠭ ᠬᠤᠷᠢᠶᠠᠯᠲᠠ ᠶᠢᠨ ᠪᠠᠶᠢᠳᠠᠯ ᠢᠶᠠᠷ ᠪᠢᠯᠬᠠᠵᠤ ᠪᠠᠶᠢᠯ᠎ᠠ᠃   ︽ᠪᠢ ᠤᠤᠯ ᠨᠢ ᠭᠠᠳᠠᠭᠤᠷ ᠶᠠᠪᠤᠨ ᠬᠠᠶᠠᠭᠳᠠᠮᠠᠯ ᠪᠣᠳᠠᠰ ᠬᠤᠷᠢᠶᠠᠵᠤ ᠪᠠᠶᠢᠵᠠᠢ᠂ ᠬᠤᠵᠢᠮ ᠨᠢ ᠨᠤᠲᠤᠭ ᠤᠨ ᠬᠦᠮᠤᠰ ᠬᠦᠯᠡᠮᠵᠢ ᠳᠤ  ᠵᠢᠮᠢᠰ ᠢᠳᠡᠰᠢᠨ ᠨᠤᠭᠤᠭ᠎ᠠ ᠲᠠᠷᠢᠵᠦ ᠪᠠᠶᠢᠭ᠎ᠠ ᠬᠦᠷ ᠬᠥᠭᠵᠢᠶᠡᠨ ᠲᠠᠢ ᠪᠠᠶᠢᠳᠠᠯ ᠢ ᠤᠯᠵᠤ ᠦᠵᠡᠭᠡᠳ  ᠭᠡᠷ ᠲᠡᠭᠡᠨ ᠬᠠᠷᠢᠵᠤ ᠬᠦᠯᠡᠮᠵᠢ ᠳᠤ  ᠵᠢᠮᠢᠰ ᠢᠳᠡᠰᠢᠨ ᠨᠤᠭᠤᠭ᠎ᠠ ᠳᠠᠷᠢᠵᠤ ᠡᠬᠢᠯᠡᠭᠰᠡᠨ ᠪᠠᠶᠢᠨ᠎ᠠ᠂ ᠤᠳᠤᠬᠠᠨ ᠪᠤᠯᠬᠤ ᠳᠤ ᠨᠡᠶᠢᠳᠡ 8 ᠰᠠᠭᠤᠷᠢ ᠬᠦᠯᠡᠮᠵᠢ ᠲᠠᠢ ᠪᠣᠯᠵᠠᠢ᠃ ᠮᠠᠨ ᠤ ᠭᠡᠷ ᠤᠨ ᠵᠢᠮᠢᠰ ᠢᠳᠡᠰᠢᠨ ᠨᠣᠭᠤᠭ᠎ᠠ  ᠱᠠᠬᠳᠠᠷ᠂ ᠳ᠋ᠦᠩᠱᠧᠩ᠂  ᠰᠠᠭᠠᠯᠢᠴᠢᠨ᠂  ᠪᠤᠭᠤᠳᠤ ᠵᠡᠷᠭᠡ ᠭᠠᠵᠠᠷ ᠤᠳ  ᠢᠶᠠᠷ ᠪᠣᠷᠣᠯᠠᠭᠤᠯᠤᠭᠳᠠᠵᠤ ᠪᠤᠢ᠂ ᠠᠮᠠᠷᠠᠯᠲᠠ ᠶᠢᠨ ᠡᠳᠦᠷ ᠪᠠᠰᠠ ᠲᠡᠭᠦᠬᠦ ᠪᠠᠷ ᠢᠷᠡᠵᠤ ᠪᠠᠶᠢᠭ᠎ᠠ ᠬᠦᠮᠤᠰ ᠴᠦ ᠪᠤᠢ᠂ ᠨᠢᠭᠡ ᠬᠦᠯᠡᠮᠵᠢ ᠠᠴᠠ ᠲᠠᠪᠤ ᠵᠢᠷᠭᠤᠭᠠᠨ ᠲᠦᠮᠡᠨ ᠲᠥᠭᠦᠷᠢᠭ ᠤᠨ ᠣᠷᠣᠯᠭ᠎ᠠ ᠣᠯᠵᠤ᠂ ᠭᠡᠷ  ᠲᠡᠭᠡᠨ ᠰᠠᠭᠤᠭᠠᠳ ᠵᠣᠭᠤᠰ ᠣᠯᠵᠤ᠂ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ ᠪᠠᠶᠢᠨ᠎ᠠ︾ ᠭᠡᠵᠦ ᠯᠢᠦ ᠶᠢᠨ ᠬᠠᠢ  ᠶᠠᠷᠢᠨ᠎ᠠ᠃    ᠵᠢᠮᠢᠰ ᠢᠳᠡᠰᠢᠨ ᠨᠣᠭᠤᠭᠠᠨ ᠤ ᠬᠦᠯᠡᠮᠵᠢ ᠨᠢ ᠨᠢᠭᠡᠨᠲᠡ ᠱᠢ ᠡᠯ ᠯᠢᠶᠠᠨ ᠴᠧᠩ ᠰᠢᠶ᠋ᠩ ᠤᠨ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠬᠦ ︽ᠠᠯᠳᠠᠨ ᠲᠦᠯᠬᠢᠭᠦᠷ︾ ᠪᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠪᠦᠷᠢᠶ᠎ᠡ ᠶᠢ ᠬᠠᠩᠭᠢᠨᠠᠭᠤᠯᠤᠭᠰᠠᠨ ᠪᠠᠶᠢᠨ᠎ᠠ᠃
十二连城2.jpg 
     ᠱᠢ ᠡᠯ ᠯᠢᠶᠠᠨ ᠴᠧᠩ ᠰᠢᠶ᠋ᠩ ᠤᠨ  ᠬᠦᠭᠡᠪᠤᠷ ᠲᠣᠰᠬᠤᠨ ᠤ  ᠬᠦᠯᠡᠮᠵᠢᠨ ᠤ ᠴᠢᠬᠢ ᠪᠣᠶᠢᠵᠢᠭᠤᠯᠬᠤ ᠰᠠᠭᠤᠷᠢᠨ ᠳᠤ᠂ ᠬᠦᠯᠡᠮᠵᠢ ᠳᠦᠭᠦᠷᠡᠩ ᠨᠣᠮᠢᠨ ᠨᠣᠭᠤᠭᠠᠨ ᠥᠩᠭᠡ‌‍ᠲ᠋ᠠᠢ ᠭᠦᠵᠡᠯᠵᠡᠭᠡᠨ᠎ᠡ ᠶᠢᠨ ᠴᠢᠬᠢ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠣᠰᠬᠤᠨ ᠤ ᠠᠷᠠᠳ ᠬᠦᠵᠡᠯᠵᠡᠭᠡᠨ᠎ᠠ ᠠᠷᠠᠴᠢᠯᠠᠵᠤ ᠶᠠᠭᠠᠷᠠᠯᠳᠤᠵᠤ ᠪᠠᠶᠢᠯ᠎ᠠ᠃  ᠬᠦᠭᠡᠪᠤᠷ ᠲᠣᠰᠬᠤᠨ ᠤᠷᠢᠳ ᠬᠤᠵᠢᠳ 20 ᠥᠨᠳᠥᠷ ᠪᠠᠷᠢᠮᠵᠢᠶᠠᠲᠤ  ᠬᠦᠯᠡᠮᠵᠢ᠂ 11  ᠳᠤᠯᠠᠭᠠᠨ ᠬᠦᠯᠡᠮᠵᠢ ᠶᠢ ᠪᠠᠶᠢᠭᠤᠯᠪᠠ᠂ ᠣᠳᠣᠬᠠᠨ ᠳᠤ ᠶᠠᠭ  ᠰᠠᠶᠢᠬᠠᠨ ᠴᠢᠬᠢ ᠪᠣᠶᠢᠵᠢᠭᠤᠯᠬᠤ ᠴᠠᠭ ᠦᠶ᠎ᠡ  ᠪᠠᠶᠢᠵᠤ᠂  ᠳᠤᠰ ᠲᠣᠰᠬᠤᠨ ᠴᠠᠭ ᠤᠯᠠᠷᠢᠯ ᠢ ᠠᠮᠵᠢᠨ ᠲᠠᠷᠢᠶᠠᠨ ᠴᠢᠬᠢ ᠶᠢ ᠢᠳᠡᠪᠬᠢᠲᠡᠢ ᠪᠣᠶᠢᠵᠢᠭᠤᠯᠵᠤ᠂ ᠲᠠᠷᠢᠶᠠᠯᠠᠩ ᠦᠢᠯᠡᠳᠪᠦᠷᠢᠯᠡᠯ ᠳᠤ ᠦᠷ᠎ᠡ ᠴᠢᠬᠢ ᠶᠢᠨ ᠪᠠᠲᠤᠯᠠᠭ᠎ᠠ ᠬᠠᠩᠭᠠᠵᠤ ᠪᠠᠶᠢᠨ᠎ᠠ᠃    ︽ᠪᠢᠳᠡ ᠡᠨᠡ ᠵᠢᠯ ᠠᠴᠠ ᠡᠬᠢᠯᠡᠨ ᠭᠦᠵᠡᠯᠵᠡᠭᠡᠨ᠎ᠡ ᠶᠢᠨ ᠴᠢᠬᠢ ᠶᠢ ᠪᠣᠶᠢᠵᠢᠭᠤᠯᠵᠠᠢ᠂ ᠭᠦᠵᠡᠯᠵᠡᠭᠡᠨ᠎ᠡ ᠶᠢᠨ ᠴᠢᠬᠢ ᠶᠢᠨ  ᠳᠦᠷᠤᠯ ᠵᠤᠶᠢᠯ ᠨᠢ ᠤᠯᠠᠭᠠᠨ ᠥᠩᠭᠡ ᠲᠠᠢ᠂ ᠪᠠᠷᠤᠭ 200 ᠲᠦᠮᠡᠨ ᠴᠢᠬᠢ ᠶᠢ ᠪᠣᠶᠢᠵᠢᠭᠤᠯᠵᠠᠢ᠂ ᠴᠢᠬᠢ ᠪᠦᠷᠢ ᠶᠢᠨ ᠦᠨ᠎ᠡ ᠨᠢ 1.2 — 1.5 ᠲᠥᠭᠦᠷᠢᠭ ᠲᠤ ᠬᠦᠷᠴᠦ᠂ ᠨᠢᠭᠡ ᠵᠢᠯ ᠤᠨ ᠣᠷᠣᠯᠭ᠎ᠠ ᠨᠢ ᠪᠠᠷᠤᠭ 300  ᠳᠦᠮᠡᠨ ᠳᠦᠬᠦᠷᠢᠭ ᠣᠷᠴᠢᠮ ᠪᠠᠶᠢᠵᠤ᠂ ᠭᠦᠵᠡᠯᠵᠡᠭᠡᠨ᠎ᠡ ᠶᠢ ᠬᠤᠷᠢᠶᠠᠭᠰᠠᠨ ᠤ ᠳᠠᠷᠠᠭᠠᠬᠢ 1 ᠲᠣᠮᠣ  ᠬᠦᠯᠡᠮᠵᠢ 4 —6 ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠦ ᠨᠡᠮᠡᠷᠢᠯᠡᠵᠦ ᠪᠠᠶᠢᠨ᠎ᠠ︾  ᠭᠡᠮᠡᠨ  ᠱᠢ ᠡᠯ ᠯᠢᠶᠠᠨ ᠴᠧᠩ ᠰᠢᠶ᠋ᠩ ᠤᠨ  ᠬᠦᠭᠡᠪᠤᠷ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠬᠤᠸᠠᠩ  ᠸᠧᠨ ᠱᠧᠩ  ᠶᠠᠷᠢᠨ᠎ᠠ᠃
十二连城3.jpg  
      ᠠᠵᠤ ᠦᠢᠯᠡᠰ ᠢ ᠬᠥᠭᠵᠢᠭᠦᠯᠬᠦ ᠪᠣᠯ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠃ ᠣᠶᠢᠷ᠎ᠠ ᠶᠢᠨ ᠵᠢᠯ ᠤᠳ ᠲᠤ᠂ ᠱᠢ ᠡᠯ ᠯᠢᠶᠠᠨ ᠴᠧᠩ ᠰᠢᠶ᠋ᠩ ᠪᠣᠳᠠᠲᠤ ᠪᠠᠶᠢᠳᠠᠯ ᠳᠤ ᠰᠠᠭᠤᠷᠢᠯᠠᠨ᠂ ᠲᠦᠷᠦ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠠᠰᠤᠷᠠᠯᠳᠠ ᠦᠭᠡᠢ ᠬᠤᠪᠢᠷᠠᠭᠤᠯᠵᠤ᠂ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠤ᠂ ᠬᠡᠪᠴᠢᠶᠡᠵᠢᠭᠰᠡᠨ ᠦᠷ᠎ᠡ ᠠᠰᠢᠭ ᠢ ᠠᠯᠬᠤᠮ ᠠᠯᠬᠤᠮ ᠢᠶᠠᠷ ᠪᠤᠢ ᠪᠣᠯᠭᠠᠭᠰᠠᠨ ᠪᠠᠶᠢᠨ᠎ᠠ᠃ ᠤᠳᠤᠬᠠᠨ ᠪᠣᠯᠲᠠᠯ᠎ᠠ᠂ ᠱᠢ ᠡᠯ ᠯᠢᠶᠠᠨ ᠴᠧᠩ ᠰᠢᠶ᠋ᠩ‌‍ᠳᠦ ᠨᠡᠶᠢᠲᠡ 3769 ᠲᠣᠮᠣ ᠬᠦᠯᠡᠮᠵᠢ  ᠲᠠᠢ ᠪᠤᠯᠵᠤ᠂ ᠭᠤᠣᠯᠳᠠᠭᠤ ᠠᠮᠲᠠᠲᠤ ᠬᠡᠮᠬᠡ᠂ ᠭᠦᠵᠡᠯᠵᠡᠭᠡᠨ᠎ᠡ᠂ ᠲᠠᠷᠪᠤᠰ᠂ ᠲᠥᠪᠡᠳ ᠬᠠᠰᠢ᠂ ᠪᠤᠷᠴᠠᠭ᠂ ᠥᠷᠭᠡᠰᠦᠲᠦ ᠬᠡᠮᠬᠡ᠂ ᠦᠵᠦᠮ ᠵᠡᠷᠭᠡ ᠵᠢᠮᠢᠰ ᠢᠳᠡᠰᠢᠨ ᠨᠣᠭᠤᠭ᠎ᠠ ᠳᠠᠷᠢᠵᠤ᠂  ᠤᠶᠢᠷ᠎ᠠ ᠬᠠᠪᠢ ᠶᠢᠨ ᠭᠠᠵᠠᠷ ᠣᠷᠣᠨ ᠤ ᠬᠤᠲᠠ ᠶᠢᠨ ᠠᠷᠠᠳ ᠤᠨ ︽ᠢᠳᠡᠰᠢᠨ ᠨᠣᠭᠤᠭ᠎ᠠ︾ ᠶᠢ ᠬᠦᠴᠦᠲᠡᠢ ᠪᠠᠲᠤᠯᠠᠭᠰᠠᠨ ᠤ ᠬᠠᠮᠲᠤ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠂ ᠰᠡᠯᠡᠭᠦᠴᠡᠨ ᠲᠣᠭᠤᠷᠢᠵᠤ ᠲᠡᠭᠦᠬᠦ ᠪᠠ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠤᠭᠡᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠠᠷ ᠪᠠᠭ᠋ᠠᠳᠤᠯ ᠢ ᠨᠠᠩ ᠣᠯᠠᠨ ᠬᠥᠮᠥᠨ ᠤ ᠰᠡᠳᠬᠢᠯ ᠳᠤ ᠬᠠᠳᠠᠩᠰᠢᠭᠤᠯᠵᠤ ᠪᠠᠶᠢᠨ᠎ᠠ᠃ 
ᠢᠷᠡᠯᠲᠡ᠄ ︽ᠥᠨᠥᠳᠥᠷ ᠤᠨ ᠵᠡᠭᠦᠨᠭᠠᠷ︾ ᠳᠠᠪᠴᠠᠩ