︽ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠵᠤᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ  ᠬᠡᠷᠡᠭᠯᠡᠬᠦ  ᠶᠢ ᠴᠠᠭᠠᠵᠠᠯᠠᠬᠤ ᠬᠡᠷᠡᠭᠵᠢᠭᠦᠯᠬᠦ ᠲᠥᠰᠥᠯ︾ ᠢ  ᠳᠠᠷᠤᠮᠠᠯᠯᠠᠨ ᠳᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡ᠊
ᠨᠡᠶᠢᠲᠡᠯᠡᠭᠰᠡᠨ ᠴᠠᠭ᠄
2022/6/29
ᠬᠤᠯᠪᠣᠭᠳᠠᠯ ᠪᠦᠬᠦᠢ ᠰᠠᠯᠠᠭ᠎ᠠ ᠮᠥᠴᠢᠷ  ᠲᠤ᠄     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ  ᠶᠠᠷᠢᠯᠴᠠᠨ ᠵᠥᠪᠰᠢᠶᠡᠷᠡᠭᠦᠯᠦᠭᠡᠳ᠂ ᠡᠳᠦᠭᠡ ︽ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠵᠤ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ  ᠳᠠᠷᠬᠠᠭᠠᠯ᠎ᠠ᠂  ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                                   ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                      2022 ᠣᠨ ᠤ 2 ᠰᠠᠷ᠎ᠠ ᠶᠢᠨ 9 ᠤ ᠡᠳᠤᠷ    ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠵᠤ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠬᠡᠷᠡᠭᠵᠢᠭᠦᠯᠬᠦ ᠲᠥᠰᠥᠯ       ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠳᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠲᠤᠨ ᠭᠤᠣᠯ ᠤᠨ ᠭᠤᠤᠯ ᠤᠨ ᠵᠠᠮ ᠢ ᠵᠠᠰᠠᠬᠤ ᠠᠵᠢᠯ ᠤᠨ ᠱᠠᠭᠠᠷᠳᠠᠯᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ ᠭᠠᠵᠠᠷ  ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠰᠠᠶᠢᠲᠤᠷ ᠠᠳᠬᠤᠵᠤ᠂ ᠬᠠᠲᠤᠨ ᠭᠤᠣᠯ ᠤᠨ  ᠳᠠᠩ ᠭᠠᠵᠠᠷ ᠤᠨ ᠲᠠᠷᠢᠶᠠᠯᠠᠩ ᠤᠨ ᠨᠤᠨᠳᠠᠭ ᠮᠦᠬᠦᠯᠢᠭᠳᠦ ᠪᠤᠳᠠᠰ ᠤᠨ ᠪᠣᠬᠢᠷᠳᠤᠯ ᠢ ᠵᠠᠰᠠᠬᠤ ᠪᠠ ᠭᠠᠵᠠᠷ ᠰᠢᠷᠣᠢ  ᠶᠢ ᠵᠣᠬᠢᠰᠲᠠᠢ  ᠭᠡᠪᠴᠢᠶᠡᠵᠢᠬᠦᠯᠤᠨ ᠡᠵᠡᠩᠨᠡᠬᠦ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ  ᠶᠢ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠤᠨ᠂ ᠲᠠᠷᠢᠶᠠᠯᠠᠩ ᠤᠨ ᠦᠷ᠎ᠡ ᠠᠰᠢᠭ  ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠠᠲᠤᠨ ᠭᠤᠣᠯ ᠤᠨ ᠴᠢᠬᠤᠯᠠ ᠭᠤᠯᠳᠤᠷᠢᠯ ᠤᠨ ᠣᠷᠣᠨ᠂  ᠳᠠᠩ ᠭᠠᠵᠠᠷ ᠤᠨ ᠣᠶᠢᠷᠠᠯᠴᠠᠭ᠎ᠠ ᠣᠷᠣᠨ ︵ᠲᠣᠰ ᠲᠥᠰᠥᠯ ᠳᠠᠬᠢ ᠳᠠᠩ ᠭᠠᠵᠠᠷ ᠤᠨ ᠤᠶᠢᠷᠠᠯᠴᠠᠭᠠᠬᠢ ᠣᠷᠣᠨ ᠭᠡᠳᠡᠭ ᠨᠢ  ᠳᠠᠩ ᠭᠠᠵᠠᠷ ᠤᠨ ᠣᠶᠢᠷᠠᠯᠴᠠᠭ᠎ᠠ ᠣᠷᠣᠨ ᠤ ᠦᠶᠡᠷ ᠢ ᠨᠥᠯᠥᠭᠡᠯᠡᠬᠦ ᠣᠷᠣᠨ ᠢ ᠲᠤᠰᠬᠠᠶᠢᠯᠠᠨ ᠵᠢᠭᠠᠨ᠎ᠠ︶ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ᠂ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ  ᠶᠢᠨ ᠳᠤᠰᠠᠳᠠ᠂ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃         ᠨᠢᠭᠡ᠂ ᠵᠢᠯᠤᠭᠤᠳᠬᠤ ᠦᠵᠡᠯ ᠰᠠᠨᠠᠭ᠎ᠠ       ᠶᠡᠷᠦᠩᠬᠡᠢ ᠱᠦᠵᠢ  ᠰᠢ ᠶᠢᠨ ᠫᠢᠩ ᠤᠨ ᠠᠮᠢ ᠠᠬᠤᠢ  ᠶᠢᠨ ᠪᠣᠯᠪᠠᠰᠤᠨ  ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ  ᠤᠨ ᠰᠠᠪᠠ ᠭᠠᠵᠠᠷ  ᠤᠨ ᠠᠮᠢ ᠠᠬᠤᠢ  ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ  ᠶᠢᠨ ᠲᠤᠬᠠᠢ ᠴᠢᠬᠤᠯᠠ  ᠶᠠᠷᠢᠶ᠎ᠠ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ᠂ ᠬᠠᠳᠤᠨ ᠭᠤᠣᠯ  ᠤᠨ ᠭᠤᠣᠯ  ᠤᠨ ᠵᠠᠮ  ᠤᠨ ᠬᠤᠯᠪᠣᠭᠳᠠᠯ ᠪᠦᠬᠦᠢ ᠠᠰᠠᠭᠤᠳᠠᠯ  ᠤᠨ ᠲᠤᠬᠠᠢ ᠴᠢᠬᠤᠯᠠ ᠴᠣᠬᠤᠯᠠᠪᠤᠷᠢ  ᠶᠢᠨ ᠵᠣᠷᠢᠭ ᠰᠠᠨᠠᠭ᠎ᠠ᠂ ᠥᠪᠥᠷ ᠮᠣᠩᠭᠤᠯ  ᠤᠨ ᠠᠵᠢᠯ  ᠤᠨ ᠲᠤᠬᠠᠢ ᠴᠢᠬᠤᠯᠠ  ᠶᠠᠷᠢᠶ᠎ᠠ‌‍ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ  ᠳᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢ  ᠤᠷᠢᠳ ᠢᠶᠠᠷ ᠪᠤᠳᠤᠯᠬᠢᠯᠠᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠰᠠᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠠᠲᠤᠨ ᠭᠤᠣᠯ ᠤᠨ ᠦᠶᠡᠷ ᠵᠠᠯᠠᠬᠤ ᠠᠮᠤᠷ ᠲᠦᠪᠰᠢᠨ᠂ ᠰᠠᠪᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠪᠠᠷ ᠭᠤᠣᠯ ᠡᠭᠦᠷᠭᠡ ᠪᠠᠨ ᠪᠣᠯᠭᠠᠵᠤ᠂ ᠶᠡᠭᠡ ᠬᠠᠮᠠᠭᠠᠯᠠᠯᠲᠠ᠂ ᠶᠡᠭᠡ ᠵᠠᠰᠠᠯᠲᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠬᠠᠲᠤᠨ ᠭᠤᠣᠯ ᠤᠨ ᠲᠠᠩ ᠭᠠᠵᠠᠷ ᠤᠨ ᠦᠶᠡᠷ ᠤᠨ ᠤᠰᠤ ᠵᠠᠯᠠᠬᠤ ᠶᠢ ᠬᠠᠷᠰᠢᠯᠠᠬᠤ ᠥᠨᠳᠥᠷ ᠡᠰᠢᠲᠦ ᠲᠠᠷᠢᠮᠠᠯ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠡᠰᠢ ᠰᠦᠷᠡᠯ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠵᠡᠷᠭᠡ ᠶᠡᠷᠦᠩᠬᠡᠶᠢᠯᠡᠭᠰᠡᠨ ᠵᠠᠰᠠᠯᠲᠠ ᠶᠢ ᠭᠤᠣᠯᠳᠠᠯᠭ᠎ᠠ ᠲᠠᠢ ᠪᠠᠷ  ᠠᠬᠢᠭᠤᠯᠤᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠤᠲᠠᠭᠤᠳᠠᠯ ᠪᠠ ᠪᠠᠭᠤᠷᠠᠢ ᠲᠠᠯ᠎ᠠ ᠶᠢ ᠨᠥᠬᠦᠪᠦᠷᠢᠯᠡᠨ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠤ᠂ ᠬᠠᠲᠤᠨ ᠭᠤᠣᠯ ᠤᠨ ᠭᠤᠤᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠣᠳᠠᠲᠠᠢ ᠦᠷ᠎ᠡ ᠪᠦᠲᠦᠮᠵᠢ ᠶᠢ ᠠᠬᠢᠭᠤᠯᠤᠨ᠂ ᠲᠠᠷᠢᠶᠠᠯᠠᠩ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠠᠲᠤᠨ ᠭᠤᠣᠯ ᠤᠨ ᠣᠷᠳᠣ ᠬᠤᠭᠤᠴᠠᠭᠠᠨ ᠤ ᠠᠮᠤᠷ ᠲᠦᠪᠰᠢᠨ ᠢ ᠪᠠᠲᠤᠯᠠᠵᠤ᠂ ᠮᠠᠨ ᠤ ᠬᠤᠰᠢᠭᠤᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠬᠤᠶᠠᠷ᠂ ᠦᠨᠳᠦᠰᠦᠨ ᠵᠠᠷᠴᠢᠮ   ︵ᠨᠢᠭᠡ︶ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ᠎ᠠ᠃ ᠪᠠᠶᠢᠭᠠᠯᠢ ᠶᠢᠨ ᠵᠢᠮ᠎ᠡ ᠶᠣᠰᠣ ᠶᠢ ᠭᠦᠢᠴᠡᠳ ᠬᠦᠨᠳᠦᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠠᠩ ᠭᠠᠵᠠᠷ ᠤᠨ ᠲᠠᠷᠢᠶᠠᠯᠠᠩ ᠤᠨ  ᠨᠤᠨᠳᠠᠭ ᠮᠦᠬᠦᠯᠢᠭᠳᠦ ᠪᠤᠳᠠᠰ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠲᠠᠷᠢᠶᠠᠯᠠᠩ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠲᠠᠢ ᠤᠶᠠᠯᠳᠤᠭᠤᠯᠵᠤ᠂ ᠤᠯᠠᠭᠠᠨ ᠱᠤᠭᠤᠮ ᠢ ᠲᠣᠳᠣᠷᠬᠠᠢ ᠢᠯᠭᠠᠵᠤ᠂ ᠬᠤᠷᠢᠭ᠎ᠠ ᠱᠤᠭᠤᠮ ᠢ ᠰᠠᠬᠢᠨ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠮᠡᠷᠭᠡᠵᠢᠯ ᠢ ᠲᠥᠪᠯᠡᠷᠡᠭᠦᠯᠦᠨ ᠢᠵᠢ ᠪᠦᠷᠢᠳᠦᠭᠦᠯᠬᠦ ᠶᠢ ᠴᠢᠩᠭᠠᠳᠬᠠᠨ᠎ᠠ᠃  ︵ᠬᠤᠶᠠᠷ︶ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ ᠂ ᠬᠠᠲᠤᠨ ᠭᠤᠣᠯ ᠤᠨ  ᠳᠠᠩ ᠭᠠᠵᠠᠷ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠬᠠᠲᠤᠨ ᠭᠤᠣᠯ ᠤᠨ  ᠳᠠᠩ ᠭᠠᠵᠠᠷ ᠤᠨ ᠠᠷᠠᠳ ᠣᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃  ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠬᠠᠲᠤᠨ ᠭᠤᠣᠯ ᠤᠨ ᠲᠠᠩ  ᠭᠠᠨᠵᠷ ᠤᠨ ᠲᠠᠷᠢᠶᠠᠯᠠᠩ ᠤᠨ ᠬᠥᠭᠵᠢᠯᠲᠡ ᠳᠤ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢᠨ  ᠤᠶᠢᠯᠠᠭᠠᠬᠳᠠᠭᠤᠨ ᠢ ᠪᠣᠶ ᠪᠣᠯᠭᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ᠂ ᠥᠷᠭᠡᠨ ᠢᠶᠠᠷ ᠰᠠᠨᠠᠯ ᠬᠤᠷᠢᠶᠠᠨ᠂ ᠭᠦᠢᠴᠡᠳ ᠦᠨᠡᠯᠡᠨ ᠵᠢᠱᠢᠵᠦ ᠨᠤᠲᠠᠯᠠᠯᠳᠠ ᠬᠢᠭᠰᠡᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠯᠠᠪᠳᠠᠭᠤᠨ ᠢᠶᠠᠷ ᠬᠡᠷᠡᠭᠵᠢᠭᠦᠯᠦᠨ᠂ ᠬᠤᠯᠪᠤᠭᠠᠯᠠᠨ ᠠᠬᠢᠭᠤᠯᠵᠤ᠂ ᠵᠣᠬᠢᠬᠤ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠬᠡᠪᠴᠢᠶᠡᠵᠢᠭᠰᠡᠨ ᠦᠢᠯᠡᠳᠦᠯ᠂ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠪᠣᠶ ᠪᠣᠯᠭᠠᠨ᠎ᠠ᠃     ᠭᠤᠷᠪᠠ᠂ ᠠᠵᠢᠯ ᠤᠨ ᠬᠠᠷᠠᠯᠲᠠ  ᠬᠠᠲᠤᠨ ᠭᠤᠣᠯ ᠤᠨ ᠲᠠᠩ ᠭᠠᠵᠠᠷ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠳᠤᠬᠳᠠᠯᠴᠠᠭ᠎ᠠ ᠶᠢ ᠪᠠᠶᠢᠭᠤᠯᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ  ᠠᠴᠠ ᠵᠠᠭᠠᠭᠯᠠᠨ ᠲᠣᠭᠲᠠᠭᠠᠭᠰᠠᠨ ︽ᠳᠠᠷᠢᠬᠤ ᠶᠢ ᠴᠠᠭᠠᠵᠠᠯᠠᠬᠤ︾ ᠣᠷᠣᠨ ᠪᠦᠰᠡ ᠶᠣᠰᠣᠭᠠᠷ᠂ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ︵ᠲᠤᠰᠬᠠᠶᠢᠯᠠᠨ ᠡᠷᠳᠡᠨᠢ ᠰᠢᠰᠢ᠂ ᠰᠢᠰᠢ᠂ ᠨᠡᠷᠡᠨ ᠬᠤᠸᠠᠷ ᠵᠡᠷᠭᠡ ᠶᠢ ᠵᠢᠭᠠᠵᠤ ᠪᠣᠶ︶ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠨ᠎ᠠ᠃  ᠲᠠᠩ ᠭᠠᠵᠠᠷ  ᠠᠴᠠ ᠬᠤᠯᠠ‌ᠣᠷᠣᠨ ᠳᠤ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠶᠡᠭᠡ ᠪᠠᠷ ᠶᠠᠪᠤᠭᠤᠯᠵᠤ᠂ ᠡᠰᠢ ᠰᠦᠷᠡᠯ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠰᠠᠶᠢᠲᠤᠷ  ᠬᠢᠨ᠎ᠠ᠃ 2022 ᠣᠨ ᠳᠤ᠂ ︽ᠳᠠᠷᠢᠬᠤ ᠶᠢ ᠴᠠᠭᠠᠵᠠᠯᠠᠬᠤ︾ ᠣᠷᠣᠨ ᠪᠦᠰᠡ ᠳᠤ ᠥᠨᠳᠥᠷ ᠡᠰᠢᠲᠦ ᠲᠠᠷᠢᠮᠠᠯ ᠳᠠᠷᠢᠬᠤ ᠦᠭᠡᠢ ᠪᠠᠶᠢᠬᠤ ᠪᠠ ᠲᠠᠷᠢᠶᠠᠨ ᠡᠮ  ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠡᠷᠡᠭᠯᠡᠬᠦ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃     ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ   ᠪᠥᠬᠦ ᠬᠤᠰᠢᠭᠤᠨ  ᠳᠤ ᠬᠡᠮᠵᠢᠨ ᠵᠢᠷᠤᠭᠯᠠᠯᠲᠠ ᠬᠢᠬᠦ ᠪᠠᠷ ᠳᠡᠮᠵᠢᠨ᠂ ︽ᠳᠠᠷᠢᠬᠤ ᠶᠢ ᠴᠠᠭᠠᠵᠠᠯᠠᠬᠤ︾ ᠣᠷᠣᠨ ᠤ ᠲᠠᠷᠢᠶᠠᠨ ᠭᠠᠵᠠᠷ ᠤᠨ ᠲᠠᠯᠠᠪᠠᠶ 25067.26 ᠮᠦ  ᠪᠤᠢ᠃  ᠱᠢ ᠡᠯ ᠯᠢᠶᠠᠨ ᠴᠧᠩ ᠰᠢᠶᠠᠩ ᠤᠨ ︽ᠳᠠᠷᠢᠬᠤ ᠶᠢ ᠴᠠᠭᠠᠵᠠᠯᠠᠬᠤ︾ ᠣᠷᠣᠨ ᠤ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠶ ᠨᠢ 22353.15 ᠮᠦ ᠪᠠᠶᠢᠵᠤ᠂ ᠡᠭᠦᠨ ᠳᠤ ᠡᠷᠬᠡ ᠶᠢ ᠨᠢ ᠨᠤᠲᠠᠯᠠᠨ ᠲᠣᠭᠲᠠᠭᠠᠭᠰᠠᠨ ᠲᠠᠯᠠᠪᠠᠶ ᠨᠢ 3828.17 ᠮᠦ ᠪᠠᠶᠢᠵᠤ᠂ ᠡᠷᠬᠡ ᠶᠢ ᠨᠢ ᠨᠤᠲᠠᠯᠠᠨ ᠲᠣᠭᠲᠠᠭᠠᠳᠤᠢ ᠳᠠᠩᠰᠠᠯᠠᠭᠤᠯᠤᠭᠰᠠᠨ ᠲᠠᠯᠠᠪᠠᠶ ᠨᠢ 18524.98 ᠮᠦ ᠪᠠᠶᠢᠨ᠎ᠠ︔ ᠳ᠋ᠠ ᠯᠦ ᠪᠠᠯᠭᠠᠰᠤᠨ ᠤ ︽ᠳᠠᠷᠢᠬᠤ ᠶᠢ ᠴᠠᠭᠠᠵᠠᠯᠠᠬᠤ︾ ᠣᠷᠣᠨ ᠤ ᠲᠠᠷᠢᠶᠠᠨ ᠭᠠᠵᠠᠷ ᠤᠨ ᠲᠠᠯᠠᠪᠠᠶ 2714.11 ᠮᠦ ᠪᠠᠶᠢᠵᠤ᠂ ᠡᠭᠦᠨ ᠳᠤ ᠡᠷᠬᠡ ᠶᠢ ᠨᠢ ᠨᠤᠲᠠᠯᠠᠨ ᠲᠣᠭᠲᠠᠭᠠᠭᠰᠠᠨ ᠲᠠᠯᠠᠪᠠᠶ 1296.83 ᠮᠦ ᠪᠠᠶᠢᠵᠤ᠂ ᠡᠷᠬᠡ ᠶᠢ ᠨᠢ ᠨᠤᠲᠠᠯᠠᠨ ᠲᠣᠭᠲᠠᠭᠠᠳᠤᠢ ᠲᠠᠯᠠᠪᠠᠶ 1417.28 ᠮᠦ ᠪᠠᠶᠢᠨ᠎ᠠ᠃    ︵ᠨᠢᠭᠡ︶ ᠠᠬᠢᠭᠤᠯᠬᠤ ᠠᠷᠭ᠎ᠠ ᠬᠡᠮᠵᠢᠶ᠎ᠡ᠃    1. ᠡᠵᠡᠩᠨᠡᠯᠲᠡ ᠶᠢᠨ ᠵᠠᠭᠪᠤᠷ  ᠤᠨ ᠰᠢᠨ᠎ᠡ ᠶᠢ ᠡᠭᠦᠳᠦᠨ᠎ᠡ᠃ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠳᠠᠷᠢᠬᠤ ᠶᠢ ᠴᠠᠭᠠᠵᠠᠯᠠᠬᠤ ᠣᠷᠣᠨ ᠤ ᠳᠣᠲᠣᠷᠠᠬᠢ ᠪᠥᠬᠦ ᠭᠠᠵᠠᠷ ᠰᠢᠷᠣᠢ ᠶᠢ ᠨᠢᠭᠡᠳᠦᠯᠲᠡᠢ ᠡᠷᠭᠢᠯᠳᠦᠭᠦᠯᠦᠨ ᠡᠵᠡᠩᠨᠡᠭᠦᠯᠵᠦ᠂ ᠠᠵᠤ ᠦᠢᠯᠡᠰ ᠢᠶᠠᠷ  ᠳᠡᠮᠵᠢᠬᠦ  ᠪᠡᠯᠡ ᠮᠥᠩᠭᠦ ᠶᠢ ᠢᠳᠡᠪᠬᠢᠲᠡᠢ ᠪᠠᠷ  ᠬᠤᠪᠢᠳᠠᠨ ᠣᠯᠵᠤ᠂ ᠪᠣᠭᠤᠨᠢ ᠡᠰᠢᠲᠦ ᠲᠠᠷᠢᠮᠠᠯ ᠤᠨ ᠲᠤᠷᠰᠢᠯᠲᠠ ᠶᠢᠨ ᠵᠢᠱᠢᠶ᠎ᠡ ᠦᠵᠡᠭᠦᠯᠦᠨ ᠳᠠᠷᠢᠬᠤ ᠲᠥᠷᠥᠯ ᠵᠦᠢᠯ ᠢ ᠬᠡᠷᠡᠭᠵᠢᠭᠦᠯᠦᠨ᠂ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠲᠠᠷᠢᠶᠠᠯᠠᠩ ᠤᠨ ᠡᠷᠴᠢᠮᠵᠢᠭᠰᠡᠨ ᠬᠢᠷᠢ  ᠳᠦᠪᠰᠢᠨ ᠢ ᠳᠡᠭᠡᠭᠰᠢᠯᠡᠭᠦᠯᠦᠨ᠎ᠡ᠃    2.ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠎ᠠ᠃ ᠲᠠᠷᠢᠮᠠᠯ ᠤᠨ ᠪᠦᠲᠦᠴᠡ ᠳᠤ ᠢᠳᠡᠪᠬᠢᠲᠡᠢ ᠪᠠᠷ ᠲᠣᠬᠢᠷᠠᠭᠤᠯᠤᠯᠲᠠ ᠬᠢᠵᠦ᠂ ᠰᠢᠷ᠎ᠠ ᠪᠤᠷᠴᠠᠭ᠂ ᠨᠣᠶᠢᠯ ᠪᠤᠭᠤᠳᠠᠢ ᠵᠢᠴᠢ  ᠡᠯᠳᠡᠪ ᠠᠮᠤ ᠵᠡᠷᠭᠡ ᠪᠣᠭᠤᠨᠢ ᠡᠰᠢᠲᠦ  ᠲᠠᠷᠢᠮᠠᠯ ᠢ ᠳᠡᠯᠭᠡᠷᠡᠭᠦᠯᠦᠨ᠂ ︽ᠳᠠᠷᠢᠬᠤ ᠪᠠᠷ ᠲᠡᠵᠢᠭᠡᠬᠦ ᠶᠢ ᠠᠬᠢᠭᠤᠯᠵᠤ᠂ ᠲᠡᠵᠢᠭᠡᠬᠦ ᠶᠢᠨ ᠲᠥᠯᠥᠭᠡ ᠳᠠᠷᠢᠬᠤ︾ ᠰᠡᠳᠬᠢᠴᠡ ᠶᠢ ᠪᠠᠷᠢᠮᠲᠠᠯᠠᠨ᠂ ᠲᠠᠩ ᠭᠠᠵᠠᠷ ᠤᠨ ᠡᠩ ᠤᠨ ᠲᠠᠷᠢᠶᠠᠨ ᠭᠠᠵᠠᠷ ᠲᠤ  ᠪᠤᠷᠤ ᠴᠠᠷᠭᠠᠰᠤ᠂ ᠨᠣᠬᠠᠢ ᠶᠢᠨ ᠬᠤᠰᠢᠭᠤ ᠶᠢᠨ ᠡᠪᠡᠰᠦ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠬᠤ ᠶᠢ ᠬᠥᠲᠥᠯᠥᠨ ᠵᠢᠯᠤᠭᠤᠳᠴᠤ᠂  ︽ᠡᠪᠡᠰᠦ ᠶᠢ ᠮᠢᠬ᠎ᠠ ᠪᠣᠯᠭᠠᠨ ᠬᠤᠪᠢᠷᠠᠭᠤᠯᠬᠤ︾  ᠪᠠᠷᠢᠯᠭ᠎ᠠ ᠶᠢ ᠬᠡᠷᠡᠭᠵᠢᠭᠦᠯᠦᠨ᠂ ᠠᠮᠤ ᠪᠤᠳᠠᠭ᠎ᠠ ᠶᠢᠨ ᠳᠠᠷᠢᠮᠠᠯ ᠢ ᠳᠡᠵᠢᠭᠡᠯ ᠪᠣᠷᠳᠤᠭ᠎ᠠ ᠶᠢᠨ ᠳᠠᠷᠢᠮᠠᠯ ᠪᠣᠯᠭᠠᠨ ᠥᠭᠡᠷᠡᠴᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ ᠦᠢᠯᠡᠰ ᠢ ᠲᠦᠷᠭᠡᠳᠬᠡᠨ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠨᠡᠨᠬᠦ ᠪᠠᠲᠤᠯᠠᠨ᠎ᠠ᠃    3. ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ᠂ ᠨᠢᠭᠡᠳᠦᠯᠲᠡᠢ ᠰᠡᠷᠭᠡᠶᠢᠯᠡᠨ  ᠵᠠᠰᠠᠬᠤ᠂ ᠣᠷᠭᠠᠨᠢᠭ ᠪᠣᠷᠳᠣᠭᠤᠷ ᠢᠶᠠᠷ ᠬᠢᠮᠢ ᠶᠢᠨ ᠪᠣᠷᠳᠣᠭᠤᠷ ᠢ ᠣᠷᠣᠯᠠᠭᠤᠯᠬᠤ᠂ ᠡᠰᠢ ᠰᠦᠷᠡᠯ ᠤᠨ ᠦᠯᠡᠳᠡᠭᠳᠡᠯ ᠰᠦᠯᠢᠶᠤᠤ ᠪᠦᠷᠬᠦᠪᠴᠢ ᠶᠢ ᠡᠭᠡᠭᠦᠯᠦᠨ ᠬᠤᠷᠢᠶᠠᠬᠤ ᠵᠡᠷᠭᠡ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠡᠯ᠎ᠡ ᠲᠥᠷᠥᠯ ᠤᠨ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ᠡᠩ ᠲᠡᠷᠢᠭᠦᠨ ᠳᠤ ᠲᠠᠩ ᠤᠨ ᠭᠠᠵᠠᠷ ᠳᠡᠶᠢᠰᠢ ᠬᠡᠯᠪᠡᠶᠢᠯᠭᠡᠨ᠂ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂  ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠲᠠᠢ ᠪᠣᠯᠭᠠᠵᠤ᠂ ᠲᠠᠩ ᠭᠠᠵᠠᠷ ᠤᠨ ᠲᠠᠷᠢᠶᠠᠯᠠᠩ ᠤᠨ ᠨᠤᠨᠳᠠᠭ ᠮᠦᠬᠦᠯᠢᠭᠳᠦ ᠪᠤᠳᠠᠰ ᠤᠨ ᠪᠣᠬᠢᠷᠳᠤᠯ ᠢ ᠵᠠᠰᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠪᠣᠬᠢᠷᠳᠤᠯ ᠦᠭᠡᠢ᠂ ᠣᠷᠭᠠᠨᠢᠭ᠂  ᠪᠠᠶᠢᠭᠠᠯᠢᠯᠢᠭ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃          ︵ᠬᠤᠶᠠᠷ︶ ᠠᠵᠢᠯ ᠤᠨ ᠠᠷᠭ᠎ᠠ ᠬᠡᠮᠵᠢᠶ᠎ᠡ᠃     1. ᠪᠦᠭᠦ ᠲᠠᠯ᠎ᠠ ᠪᠠᠷ ᠤᠬᠠᠭᠤᠯᠵᠤ᠂ ᠬᠥᠮᠥᠰ ᠤᠨ ᠰᠡᠳᠬᠢᠯ ᠳᠤ  ᠬᠠᠳᠠᠩᠰᠢᠭᠤᠯᠤᠨ᠎ᠠ   ︵1︶  ᠭᠤᠣᠯ ᠤᠨ ᠭᠤᠯᠳᠤᠷᠢᠯ ᠤᠨ ᠣᠷᠣᠨ ᠪᠠ ᠳᠠᠩ ᠭᠠᠵᠠᠷ ᠤᠨ ᠣᠶᠢᠷᠠᠯᠴᠠᠭ᠎ᠠ ᠣᠷᠣᠨ ᠤ ᠲᠠᠷᠢᠮᠠᠯ ᠤᠨ ᠡᠷᠦᠬᠡ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠪᠠ ︽ᠣᠳᠣᠬᠠᠨ ᠤ ᠬᠠᠲᠤᠨ ᠭᠤᠣᠯ ᠤᠨ ᠭᠤᠤᠯ ᠤᠨ ᠵᠠᠮ ᠤᠨ ᠳᠣᠲᠣᠷᠠᠬᠢ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠢ ᠪᠠᠴᠢᠮ ᠮᠡᠳᠡᠭᠳᠡᠯ︾ ︵  ᠦᠪᠤᠷ ᠭᠤᠣᠯ ᠮᠥᠷᠡᠨ ᠤ ᠳᠠᠷᠤᠭ᠎ᠠ ᠠᠯᠪᠠᠨ 〔2021〕 2  ᠲᠣᠭᠠᠲᠤ︶ ᠢᠶᠠᠷ ᠭᠤᠣᠯ ᠠᠭᠤᠯᠭ᠎ᠠ ᠪᠣᠯᠭᠠᠭᠰᠠᠨ ᠤᠬᠠᠭᠤᠯᠭ᠎ᠠ ᠪᠠ ᠪᠣᠯᠪᠠᠰᠤᠷᠠᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠵᠤ᠂  ᠳᠡᠷᠡᠴᠢᠯᠡᠨ ᠳᠠᠷᠢᠮᠠᠯ ᠤᠨ ᠡᠷᠦᠬᠡ ᠯᠦᠭᠡ ︽ᠬᠠᠲᠤᠨ ᠭᠤᠣᠯ ᠤᠨ ᠲᠠᠩ ᠭᠠᠵᠠᠷ  ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ︾ ᠪᠠ ︽ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠤᠤ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠠᠮᠠᠯᠠᠯᠲᠠ ᠶᠢᠨ ᠪᠢᠴᠢᠭ︾ ᠲᠣᠭᠲᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠠᠷᠢᠭᠤᠴᠠᠯᠭ᠎ᠠ ᠶᠢ ᠰᠢᠶᠠᠩ ︵ᠪᠠᠯᠭᠠᠰᠤ︶᠂ ᠲᠣᠰᠬᠤᠨ᠂ ᠡᠷᠦᠬᠡ᠂ ᠬᠥᠮᠥᠨ  ᠨᠢᠭᠡᠪᠤᠷᠢ ᠳᠤ ᠬᠦᠷᠲᠡᠯ᠎ᠡ‌ᠨᠠᠶᠢᠳᠠᠪᠤᠷᠢᠵᠢᠭᠤᠯᠤᠨ᠂ ᠭᠤᠣᠯ ᠭᠤᠯᠳᠤᠷᠢᠯ ᠤᠨ ᠤᠷᠤᠨ ᠪᠠ ᠳᠠᠩ ᠭᠠᠵᠠᠷ ᠤᠨ ᠤᠶᠢᠷᠠᠯᠴᠠᠭ᠎ᠠ ᠤᠷᠤᠨ ᠤ ᠳᠠᠷᠢᠮᠠᠯ  ᠤᠨ ᠡᠷᠦᠬᠡ ᠳᠤ ᠬᠠᠲᠤᠨ ᠭᠤᠣᠯ ᠤᠨ ᠲᠠᠩ ᠭᠠᠵᠠᠷ ᠤᠨ ᠳᠠᠷᠢᠬᠤ ᠠᠵᠢᠯ ᠤᠨ ᠲᠥᠷᠥ ᠶᠢᠨ ᠪᠣᠳᠣᠯᠭ᠎ᠠ ᠶᠢ ᠮᠡᠳᠡᠭᠦᠯᠤᠨ᠎ᠠ᠃  ᠬᠠᠷᠢᠭᠤᠴᠠᠯᠭᠠᠲᠤ ᠨᠢᠭᠡᠴᠢ᠄  ᠱᠢ ᠡᠯ ᠯᠢᠶᠠᠨ ᠴᠧᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠳ᠋ᠠ ᠯᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠤᠸᠠᠢ ᠵᠢᠶᠠ ᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠸᠧᠢ ᠵᠢᠶᠠ ᠮᠣᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠯᠦᠩ ᠺᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠨ ᠬᠢᠬᠦ ᠨᠢᠭᠡᠴᠢ᠄ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ ︵ᠴᠠᠭ᠄ 2022 ᠣᠨ ᠤ 1 ᠰᠠᠷ᠎ᠠ ︱ 2022 ᠣᠨ ᠤ 6 ᠰᠠᠷ᠎ᠠ︶   ︵2︶ ᠬᠠᠲᠤᠨ ᠭᠤᠣᠯ ᠤᠨ  ᠳᠠᠩ ᠭᠠᠵᠠᠷ ᠲᠤ ᠣᠷᠣᠬᠤ ᠵᠠᠮ ᠳᠡᠭᠡᠷ᠎ᠡ ᠤᠬᠠᠭᠤᠯᠭ᠎ᠠ ᠶᠢᠨ ᠫᠠᠶᠢᠰᠠ ᠢᠯᠡᠷᠬᠡᠶᠢᠯᠡᠯ ᠭᠠᠷᠭᠠᠵᠤ᠂ ᠳᠠᠷᠢᠬᠤ ᠱᠠᠭᠠᠷᠳᠠᠯᠭ᠎ᠠ ᠶᠢ ᠮᠡᠳᠡᠭᠳᠡᠨ᠂ ᠳᠠᠩ ᠭᠠᠵᠠᠷ ᠲᠤ ᠣᠷᠣᠬᠤ ᠬᠥᠮᠥᠰ ᠲᠤ ᠬᠠᠲᠤᠨ ᠭᠤᠣᠯ ᠤᠨ  ᠳᠠᠩ ᠭᠠᠵᠠᠷ ᠤᠨ ᠳᠠᠷᠢᠬᠤ ᠲᠥᠷᠥ ᠶᠢᠨ ᠪᠣᠳᠣᠯᠭ᠎ᠠ ᠪᠠ ᠳᠠᠷᠢᠬᠤ ᠱᠠᠭᠠᠷᠳᠠᠯᠭ᠎ᠠ ᠶᠢ ᠮᠡᠳᠡᠭᠦᠯᠦᠨ᠎ᠡ᠃  ︵ᠬᠠᠷᠢᠭᠤᠴᠠᠯᠭᠠᠲᠤ ᠨᠢᠭᠡᠴᠢ᠄ ᠱᠢ ᠡᠯ ᠯᠢᠶᠠᠨ ᠴᠧᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠳ᠋ᠠ ᠯᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠤᠸᠠᠢ ᠵᠢᠶᠠ ᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠸᠧᠢ ᠵᠢᠶᠠ ᠮᠣᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠯᠦᠩ ᠺᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠨ ᠬᠢᠬᠦ ᠨᠢᠭᠡᠴᠢ᠄ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ ︵ᠴᠠᠭ᠄ 2022 ᠣᠨ ᠤ 1 ᠰᠠᠷ᠎ᠠ ︱ 2022 ᠣᠨ ᠤ 6 ᠰᠠᠷ᠎ᠠ︶    2. ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠴᠤ᠂ ᠨᠥᠬᠦᠪᠦᠷᠢ ᠶᠢ ᠳᠡᠭᠡᠭᠰᠢᠯᠡᠭᠦᠯᠦᠨ᠎ᠡ   ︵1︶ ᠬᠤᠲᠠ ᠶᠢᠨ ᠱᠠᠲᠤᠨ ᠤ ᠲᠤᠰᠬᠠᠢ ᠳᠦᠷᠤᠯ ᠤᠨ ᠪᠡᠯᠡ ᠮᠥᠩᠭᠦ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠦᠷᠢ ᠪᠡᠯᠡ ᠮᠥᠩᠭᠦ ᠶᠢ ᠠᠰᠢᠭᠯᠠᠨ᠂  ᠴᠢᠬᠤᠯᠠ ᠪᠣᠯᠬᠤ ᠭᠤᠣᠯ ᠤᠨ ᠭᠤᠯᠳᠤᠷᠢᠯ ᠤᠨ ᠣᠷᠣᠨ ᠪᠠ  ᠳᠠᠩ ᠭᠠᠵᠠᠷ ᠤᠨ ᠤᠶᠢᠷᠠᠯᠴᠠᠭ᠎ᠠ ᠤᠷᠤᠨ ᠤ ᠲᠠᠷᠢᠮᠠᠯ ᠤᠨ ᠡᠷᠦᠬᠡ ᠳᠤ ᠣᠷᠭᠠᠨᠢᠭ ᠪᠣᠷᠳᠣᠭᠤᠷ ᠬᠠᠩᠭᠠᠵᠤ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠴᠢᠬᠤᠯᠠ ᠪᠣᠯᠬᠤ ᠭᠤᠣᠯ ᠤᠨ ᠭᠤᠯᠳᠤᠷᠢᠯ ᠤᠨ ᠣᠷᠣᠨ ᠪᠠ ᠳᠠᠩ ᠭᠠᠵᠠᠷ ᠤᠨ ᠤᠶᠢᠷᠠᠯᠴᠠᠭ᠎ᠠ ᠤᠷᠤᠨ ᠤ ᠲᠠᠷᠢᠮᠠᠯ ᠤᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠪᠣᠭᠤᠨᠢ ᠡᠰᠢᠲᠦ ᠲᠠᠷᠢᠮᠠᠯ ᠳᠠᠷᠢᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠬᠠᠮᠵᠢᠯᠴᠠᠨ ᠬᠢᠬᠦ ᠨᠢᠭᠡᠴᠢ᠄ ᠱᠢ ᠡᠯ ᠯᠢᠶᠠᠨ ᠴᠧᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠳ᠋ᠠ ᠯᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠤᠸᠠᠢ ᠵᠢᠶᠠ ᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠸᠧᠢ ᠵᠢᠶᠠ ᠮᠣᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠯᠦᠩ ᠺᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ ︵ᠴᠠᠭ᠄ 2022 ᠣᠨ ᠤ 1 ᠰᠠᠷ᠎ᠠ ︱ 2022 ᠣᠨ ᠤ 6 ᠰᠠᠷ᠎ᠠ︶   ︵2︶  ᠴᠢᠬᠤᠯᠠ ᠪᠣᠯᠬᠤ ᠭᠤᠣᠯ ᠤᠨ ᠭᠤᠯᠳᠤᠷᠢᠯ ᠤᠨ ᠣᠷᠣᠨ ᠪᠠ  ᠳᠠᠩ ᠭᠠᠵᠠᠷ ᠤᠨ ᠤᠶᠢᠷᠠᠯᠴᠠᠭ᠎ᠠ ᠣᠷᠣᠨ ᠤ ᠳᠠᠷᠢᠮᠠᠯ ᠤᠨ ᠡᠷᠦᠬᠡ ᠳᠤ ᠪᠣᠭᠤᠨᠢ ᠡᠰᠢᠲᠦ ᠲᠠᠷᠢᠮᠠᠯ ᠳᠠᠷᠢᠬᠤ ᠮᠡᠷᠭᠡᠵᠢᠯ ᠤᠨ ᠪᠣᠯᠪᠠᠰᠤᠷᠠᠯ ᠬᠢᠵᠦ᠂ ᠪᠣᠭᠤᠨᠢ ᠡᠰᠢᠲᠦ ᠲᠠᠷᠢᠮᠠᠯ ᠳᠠᠷᠢᠬᠤ ᠮᠡᠷᠭᠡᠵᠢᠯ ᠤᠨ ᠭᠠᠷ ᠳᠡᠪᠲᠡᠷ ᠢ ᠲᠠᠷᠬᠠᠭᠠᠨ ᠥᠭᠴᠦ᠂ ᠳᠠᠷᠢᠮᠠᠯ ᠤᠨ ᠡᠷᠦᠬᠡ ᠶᠢᠨ ᠪᠣᠭᠤᠨᠢ ᠡᠰᠢᠲᠦ ᠲᠠᠷᠢᠮᠠᠯ ᠳᠠᠷᠢᠬᠤ ᠳᠤ ᠪᠥᠬᠦ ᠲᠠᠯ᠎ᠠ ᠪᠠᠷ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠦᠶ᠎ᠡ ᠳᠤ᠂ ᠲᠠᠷᠢᠶᠠᠴᠢᠨ ᠡᠷᠦᠬᠡ ᠳᠤ ᠠᠮᠢᠳᠤ ᠪᠣᠳᠠᠰ ᠤᠨ ᠲᠠᠷᠢᠶᠠᠨ ᠡᠮ ᠢᠶᠠᠷ ᠰᠡᠷᠭᠡᠶᠢᠯᠡᠨ ᠵᠠᠰᠠᠬᠤ ᠶᠢ ᠲᠠᠨᠢᠯᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠱᠢ ᠡᠯ ᠯᠢᠶᠠᠨ ᠴᠧᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠳ᠋ᠠ ᠯᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠤᠸᠠᠢ ᠵᠢᠶᠠ ᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠸᠧᠢ ᠵᠢᠶᠠ ᠮᠣᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠯᠦᠩ ᠺᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂  ᠬᠠᠮᠵᠢᠯᠴᠠᠨ ᠬᠢᠬᠦ ᠨᠢᠭᠡᠴᠢ᠄ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ︶ ︵ᠴᠠᠭ᠄ 2022 ᠣᠨ ᠤ 1 ᠰᠠᠷ᠎ᠠ ︱ 2022 ᠣᠨ ᠤ 10 ᠰᠠᠷ᠎ᠠ︶    3. ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠵᠤ᠂ ᠴᠢᠩᠭ᠎ᠠ ᠴᠣᠬᠢᠯᠲᠠ ᠥᠭᠬᠦᠨ᠎ᠠ   ᠳᠠᠷᠢᠬᠤ ᠪᠠ ᠲᠠᠷᠢᠮᠠᠯ ᠤᠨ ᠤᠷᠭᠤᠯᠲᠠ ᠶᠢᠨ ᠬᠤᠭᠤᠴᠠᠭᠠᠨ ᠳᠤ᠂ ᠬᠤᠰᠢᠭᠤ᠂ ᠰᠢᠶᠠᠩ ᠪᠠᠯᠭᠠᠰᠤ ᠬᠤᠶᠠᠷ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠬᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠠᠰᠤᠷᠠᠯᠲᠠ ᠦᠭᠡᠢ ᠲᠣᠭᠤᠷᠢᠨ ᠪᠠᠶᠢᠴᠠᠭᠠᠵᠤ᠂ ᠴᠢᠬᠤᠯᠠ ᠭᠤᠣᠯ ᠤᠨ ᠭᠤᠯᠳᠤᠷᠢᠯ ᠤᠨ ᠣᠷᠣᠨ᠂ ᠳᠠᠩ ᠭᠠᠵᠠᠷ ᠤᠨ ᠣᠶᠢᠷᠠᠯᠴᠠᠭ᠎ᠠ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠰᠠᠨ ᠪᠠ ᠲᠠᠷᠢᠶᠠᠨ ᠡᠮ ᠬᠢᠮᠢ ᠶᠢᠨ ᠪᠣᠷᠳᠣᠭᠤᠷ ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠢᠳᠬᠠᠨ ᠬᠤᠷᠢᠭᠯᠠᠬᠤ ᠶᠢ ᠥᠯᠥ ᠰᠣᠨᠣᠰᠬᠤ ᠲᠠᠷᠢᠮᠠᠯ ᠤᠨ ᠡᠷᠦᠬᠡ ᠳᠤ ᠴᠢᠩᠭ᠎ᠠ ᠰᠢᠳᠬᠡᠯ ᠥᠭᠴᠦ᠂ ᠥᠨᠳᠥᠷ ᠳᠠᠷᠤᠯᠲᠠᠲᠤ ᠪᠠᠶᠢᠳᠠᠯ ᠢ ᠴᠢᠩᠭ᠎ᠠ ᠬᠠᠮᠢᠶᠠᠷᠴᠤ ᠴᠢᠩᠭ᠎ᠠ ᠬᠢᠵᠠᠭᠠᠷᠯᠠᠬᠤ ᠪᠠᠶᠢᠭᠤᠯᠤᠮᠵᠢ ᠶᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶ ︵ᠴᠠᠭ᠄ 2022 ᠣᠨ ᠤ 3 ᠰᠠᠷ᠎ᠠ ︱ 2022 ᠣᠨ ᠤ 10 ᠰᠠᠷ᠎ᠠ︶     ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ᠃  1. ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠶᠢᠨ ᠳᠠᠷᠢᠮᠠᠯ ᠳᠤ ᠨᠥᠬᠦᠪᠦᠷᠢ ᠦᠭᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠥᠨᠳᠥᠷ ᠡᠰᠢᠳᠤ ᠳᠠᠷᠢᠮᠠᠯ ᠳᠠᠷᠢᠬᠤ ᠶᠢ ᠴᠠᠭᠠᠵᠠᠯᠠᠬᠤ ᠣᠷᠣᠨ ᠤ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠷᠢᠭᠰᠠᠨ ᠰᠢᠷ᠎ᠠ ᠪᠤᠷᠴᠠᠭ ᠪᠠ ᠲᠥᠮᠥᠰᠥ   ᠨᠢ᠂ ᠬᠤᠰᠢᠭᠤᠨ  ᠠᠴᠠ ᠬᠡᠷᠡᠭᠵᠢᠭᠦᠯᠵᠤ ᠪᠠᠶᠢᠭ᠎ᠠ ᠲᠥᠰᠥᠯ ᠤᠨ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ︔  ᠲᠠᠩ ᠭᠠᠵᠠᠷ ᠠᠴᠠ ᠬᠤᠯᠠ ᠣᠷᠣᠨ ᠤ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠷᠢᠭᠰᠠᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠨᠢ᠂ ᠬᠤᠰᠢᠭᠤᠨ ᠠᠴᠠ ᠬᠡᠷᠡᠭᠵᠢᠭᠦᠯᠵᠤ ᠪᠠᠶᠢᠭ᠎ᠠ‌‍ᠲ᠋ᠥ᠋ᠰᠥᠯ ᠤᠨ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃  2. ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠳᠠᠷᠢᠮᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃  ᠲᠠᠩ ᠭᠠᠵᠠᠷ ᠠᠴᠠ ᠬᠤᠯᠠ ᠣᠷᠣᠨ ᠳᠤ ᠰᠢᠷ᠎ᠠ ᠪᠤᠷᠴᠠᠭ ᠪᠠ ᠡᠷᠳᠡᠨᠢ ᠰᠢᠰᠢ ᠶᠢ ᠪᠦᠰᠡᠯᠢᠭ  ᠭᠡᠯᠪᠡᠷᠢ ᠪᠠᠷ ᠨᠡᠶᠢᠯᠡᠬᠦᠯᠤᠨ ᠳᠠᠷᠢᠬᠤ ᠲᠥᠷᠥᠯ ᠵᠦᠢᠯ ᠢ ᠬᠡᠷᠡᠭᠵᠢᠭᠦᠯᠦᠭᠰᠡᠨ ᠪᠥᠭᠡᠳ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠠᠷᠢᠬᠤ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠮᠦ ᠪᠦᠷᠢ ᠳᠤ ᠳᠡᠭᠡᠳᠦ ᠱᠠᠲᠤᠨ ᠤ ᠨᠥᠬᠦᠪᠦᠷᠢ ᠶᠢᠨ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃  3. ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠨᠥᠬᠦᠪᠦᠷᠢ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠬᠠᠲᠤᠨ ᠭᠤᠣᠯ ᠤᠨ ᠲᠠᠩ ᠭᠠᠵᠠᠷ ᠤᠨ ᠡᠩ ᠤᠨ ᠲᠠᠷᠢᠶᠠᠨ ᠭᠠᠵᠠᠷ  ᠲᠤ ︽ᠳᠥᠷᠪᠡ ᠶᠢ ᠴᠠᠭᠠᠵᠠᠯᠠᠬᠤ︾ ᠪᠠ        ︽ᠳᠥᠷᠪᠡ ᠶᠢ ᠬᠢᠵᠠᠭᠠᠷᠯᠠᠬᠤ︾ ᠱᠠᠭᠠᠷᠳᠠᠯᠭ᠎ᠠ ᠳᠤ ᠬᠦᠷᠦᠭᠰᠡᠨ ᠪᠤᠷᠤ ᠴᠠᠷᠭᠠᠰᠤ᠂ ᠨᠣᠬᠠᠢ ᠶᠢᠨ ᠬᠤᠰᠢᠭᠤ ᠶᠢᠨ ᠡᠪᠡᠰᠦ ᠳᠠᠷᠢᠬᠤ ᠳᠤ ︽ᠥᠪᠥᠷ ᠮᠣᠩᠭᠤᠯ ᠤᠨ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠥᠨᠳᠥᠷ ᠤᠨᠠᠯᠲᠠ ᠲᠠᠢ ᠴᠢᠨᠠᠷ ᠰᠠᠶᠢᠲᠠᠢ ᠴᠠᠷᠭᠠᠰᠤ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ︶ ᠤᠨ ᠬᠡᠷᠡᠭᠵᠢᠭᠦᠯᠬᠦ ᠲᠥᠰᠥᠯ︾ ᠤᠨ ᠲᠣᠭᠲᠠᠭᠠᠯ ᠶᠣᠰᠣᠭᠠᠷ᠂           ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠠᠷᠭ᠎ᠠ ᠮᠠᠶ᠋ᠢᠭ ᠢᠶᠠᠷ ᠨᠥᠬᠦᠪᠦᠷᠢ ᠥᠭᠭᠦᠨ᠎ᠡ᠃ ᠪᠣᠷᠣ ᠴᠠᠷᠭᠠᠰᠤ ᠳᠠᠷᠢᠬᠰᠠᠨ‌ᠨᠢᠭᠡᠴᠢ ᠲᠠᠯᠠᠪᠠᠶ ᠨᠢ 500 ᠮᠦ ᠠᠴᠠ ᠳᠡᠭᠡᠭᠰᠢ ᠪᠠᠶᠢᠪᠠᠯ᠂ ᠴᠢᠨᠠᠷ ᠰᠠᠶᠢᠲᠠᠢ ᠡᠪᠡᠰᠦᠨ ᠭᠠᠷᠤᠯᠲᠠ ᠶᠢᠨ ᠲᠠᠷᠢᠶᠠᠨ ᠭᠠᠵᠠᠷ ᠲᠤ ᠵᠦᠢ ᠵᠣᠬᠢᠰᠲᠠᠢ ᠤᠷᠭᠤᠯᠲᠠ ᠶᠢᠨ1  ᠦᠶᠡᠯᠡᠯ ᠤᠨ ᠬᠤᠭᠤᠴᠠᠭ᠎ᠠ ︵6 ᠵᠢᠯ︶ ᠪᠠᠷ ᠮᠦ ᠪᠦᠷᠢ ᠳᠤ ᠳᠡᠭᠡᠳᠦ ᠱᠠᠲᠤᠨ ᠤ ᠨᠥᠬᠦᠪᠦᠷᠢ ᠶᠢᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠲᠤᠬᠠᠢ ᠶᠢᠨ ᠵᠢᠯ ᠳᠤ ᠠᠩᠬ᠎ᠠ ᠠᠯᠬᠤᠮ ᠤᠨ ᠰᠢᠯᠭᠠᠨ  ᠬᠤᠷᠢᠶᠠᠬᠤ ᠳᠤ ᠬᠢᠷᠢ ᠲᠡᠩᠴᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠰᠡᠨ  ᠪᠦᠭᠡᠳ ᠣᠨᠳᠣᠣ ᠰᠠᠨᠠᠯ ᠦᠭᠡᠢ ᠪᠣᠯ 50% ᠶᠢᠨ ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠭᠤᠷᠪᠠᠳᠤᠭᠠᠷ ᠵᠢᠯ ᠳᠤ᠂ ᠬᠤᠶᠠᠳᠠᠭᠢ ᠤᠳᠠᠭ᠎ᠠ ᠰᠢᠯᠭᠠᠨ ᠬᠤᠷᠢᠶᠠᠬᠤ ᠪᠠᠷ ᠳᠡᠮᠵᠢᠨ ᠬᠢᠷᠢ ᠲᠡᠩᠴᠡᠪᠡᠯ ᠦᠯᠡᠳᠡᠭᠰᠡᠨ 50% ᠶᠢᠨ ᠨᠥᠬᠦᠪᠦᠷᠢ  ᠪᠡᠯᠡ ᠮᠥᠩᠭᠦ ᠶᠢ ᠤᠯᠭᠤᠨ ᠥᠭᠭᠦᠨ᠎ᠡ᠃ ᠰᠢᠯᠭᠠᠨ  ᠬᠤᠷᠢᠶᠠᠬᠤ  ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠤᠰᠢᠭᠤᠨ ᠤ ᠡᠳ᠋ ᠤᠨ ᠵᠠᠰᠠᠭ ᠠᠴᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠲᠤᠷᠠᠨ ᠤᠷᠢᠳᠴᠢᠯᠠᠨ ᠥᠭᠭᠦᠭᠰᠡᠨ 50% ᠶᠢᠨ ᠨᠥᠬᠦᠪᠦᠷᠢ ᠮᠥᠩᠭᠦ ᠶᠢ ᠨᠡᠬᠡᠮᠵᠢᠯᠡᠨ ᠠᠪᠴᠢᠷᠠᠬᠤ ᠶᠢ ᠬᠠᠷᠢᠭᠤᠴᠠᠨ᠎ᠠ︔ ᠨᠣᠬᠠᠢ ᠶᠢᠨ ᠬᠤᠰᠢᠭᠤ ᠶᠢᠨ ᠡᠪᠡᠰᠦ  ᠳᠠᠷᠢᠬᠰᠠᠨ ᠨᠢᠭᠡᠴᠢ ᠲᠠᠯᠠᠪᠠᠶ ᠨᠢ 300 ᠮᠦ ᠠᠴᠠ ᠳᠡᠭᠡᠭᠰᠢ ᠪᠠᠶᠢᠪᠠᠯ᠂ ᠴᠢᠨᠠᠷ ᠰᠠᠶᠢᠲᠠᠢ  ᠡᠪᠡᠰᠤᠨ ᠳᠤ ᠵᠢᠯ  ᠪᠤᠯᠭᠠᠨ ᠮᠦ ᠪᠦᠷᠢ ᠳᠤ ᠳᠡᠭᠡᠳᠦ ᠱᠠᠲᠤᠨ ᠤ ᠨᠥᠬᠦᠪᠦᠷᠢ ᠶᠢᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ  ᠱᠠᠳᠤᠨ ᠤ ᠲᠤᠰᠬᠠᠢ ᠠᠵᠢᠯᠯᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠬᠤᠯᠪᠤᠬᠳᠠᠯ ᠪᠦᠬᠦᠢ ᠰᠢᠶᠠᠩ ᠪᠠᠯᠭᠠᠰᠤ ᠴᠤ ᠵᠣᠬᠢᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠷᠠᠯᠲᠠ ᠡᠭᠦᠷᠭᠡ ᠪᠠᠨ ᠲᠣᠭᠲᠠᠭᠠᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠴᠢᠬᠤᠯᠠ ᠭᠤᠯᠳᠤᠷᠢᠯ ᠤᠨ ᠤᠷᠤᠨ  ᠳᠠᠩ ᠭᠠᠵᠠᠷ ᠤᠨ ᠤᠶᠢᠷᠠᠯᠴᠠᠭ᠎ᠠ ᠤᠷᠤᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ  ᠶᠢ ᠴᠢᠩᠭ᠎ᠠ ᠬᠠᠮᠢᠶᠠᠷᠴᠤ  ᠴᠢᠩᠭ᠎ᠠ ᠡᠵᠡᠮᠳᠡᠬᠦ ᠪᠣᠳᠠᠲᠠᠢ ᠠᠷᠭ᠎ᠠ ᠬᠡᠮᠵᠢᠶ᠎ᠡ ᠪᠠ ᠠᠷᠭ᠎ᠠ  ᠪᠠᠷᠢᠯ ᠢ ᠰᠤᠳᠤᠯᠤᠨ ᠲᠣᠭᠲᠠᠭᠠᠵᠤ᠂  ᠵᠢᠯᠤᠭᠤᠳᠬᠤ᠂  ᠳᠡᠮᠵᠢᠬᠦ ᠪᠠ ᠮᠡᠷᠭᠡᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠨ᠎ᠠ᠃ ᠠᠮᠢ ᠠᠬᠤᠢ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ  ᠪᠠᠳᠤᠳᠬᠠᠵᠤ᠂ ᠤᠬᠠᠮᠰᠠᠷ ᠠᠴᠠ ᠪᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠶᠢ ᠴᠢᠩᠭᠠᠳᠬᠠᠬᠤ ᠶᠢ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂      ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠵᠤ᠂ ᠬᠠᠲᠤᠨ ᠭᠤᠣᠯ ᠤᠨ ᠭᠤᠣᠯ ᠤᠨ ᠵᠠᠮ ᠤᠨ ︽ᠳᠠᠷᠢᠬᠤ ᠶᠢ ᠴᠠᠭᠠᠵᠠᠯᠠᠬᠤ︾ ᠣᠷᠣᠨ ᠪᠦᠰᠡ  ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠡᠷᠡᠭᠯᠡᠬᠦ ᠶᠢ ᠴᠠᠭᠠᠵᠠᠯᠠᠬᠤ ᠡᠭᠦᠷᠭᠡ ᠶᠢ ᠲᠥᠪ ᠴᠢᠩᠭ᠎ᠠ ᠨᠠᠷᠢᠨ ᠬᠢᠨᠠᠮᠠᠭᠠᠢ ᠪᠡᠶᠡᠯᠡᠭᠦᠯᠵᠦ᠂ ᠡᠯ᠎ᠡ  ᠳᠦᠷᠤᠯ ᠤᠨ ᠠᠵᠢᠯ ᠢ ᠯᠠᠪᠳᠠᠭᠤᠨ ᠪᠥᠭᠡᠳ ᠡᠮᠬᠢ  ᠳᠢᠭᠯᠢᠮ ᠲᠠᠢ ᠠᠬᠢᠭᠤᠯᠬᠤ ᠶᠢ ᠦᠨᠡᠨᠬᠦ ᠪᠠᠲᠤᠯᠠᠨ᠎ᠠ᠃   ︵ᠬᠤᠶᠠᠷ︶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ 2022 ᠣᠨ ᠤ ᠬᠠᠲᠤᠨ ᠭᠤᠣᠯ ᠤᠨ  ᠴᠢᠬᠤᠯᠠ ᠭᠤᠯᠳᠤᠷᠢᠯ ᠤᠨ  ᠤᠷᠤᠨ  ᠳᠠᠩ ᠭᠠᠵᠠᠷ ᠠᠴᠠ ᠤᠶᠢᠷᠠᠯᠴᠠᠭ᠎ᠠ ᠤᠷᠤᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠬᠡᠷᠡᠭᠯᠡᠬᠦ ᠶᠢ ᠴᠠᠭᠠᠵᠠᠯᠠᠬᠤ ᠠᠵᠢᠯ ᠢ ᠴᠢᠨᠠᠷ ᠰᠠᠶᠢᠲᠠᠢ ᠬᠥᠭᠵᠢᠯᠲᠡ ᠶᠢ ᠰᠢᠯᠭᠠᠨ  ᠬᠤᠷᠢᠶᠠᠬᠤ ᠭᠦᠢᠴᠡᠳᠬᠡᠯ ᠲᠤᠭ᠎ᠠ ᠶᠢᠨ  ᠳᠤᠬᠳᠠᠯᠴᠠᠭ᠎ᠠ ᠳᠤ ᠣᠷᠣᠭᠤᠯᠵᠤ᠂ ︽ᠰᠠᠷ᠎ᠠ ᠪᠠᠷ ᠲᠣᠬᠢᠷᠠᠭᠤᠯᠤᠨ᠂ ᠤᠯᠠᠷᠢᠯ ᠢᠶᠠᠷ ᠳ᠋ᠦᠩᠨᠡᠵᠤ᠂ ᠵᠢᠯ ᠢᠶᠠᠷ ᠰᠢᠯᠭᠠᠨ ᠦᠨᠡᠯᠡᠬᠦ︾ ᠳᠦᠷᠢᠮ ᠢ ᠬᠡᠷᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠷ ᠢᠯᠡᠷᠬᠡᠢ ᠰᠢᠶᠠᠩ ᠪᠠᠯᠭᠠᠰᠤ ᠶᠢ ᠱᠠᠩᠨᠠᠨ ᠬᠥᠬᠢᠭᠦᠯᠦᠨ᠎ᠡ᠃ ᠬᠡᠷᠡᠭᠵᠢᠭᠦᠯᠦᠭᠰᠡᠨ ᠢᠶᠠᠷ ᠴᠢᠩᠭ᠎ᠠ ᠪᠢᠰᠢ᠂ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ ᠰᠢᠶᠠᠩ ᠪᠠᠯᠭᠠᠰᠤ ᠪᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠠ᠃  ︵ᠭᠤᠷᠪᠠ︶ ᠤᠬᠠᠭᠤᠯᠭ᠎ᠠ ᠶᠢᠨ  ᠬᠦᠴᠤᠯᠡᠴᠡ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢ ᠷᠠᠳᠢᠣ᠋ ᠨᠡᠪᠲᠡᠷᠡᠭᠦᠯᠭᠡ᠂ ᠲᠧᠯᠸᠢᠰ᠂  ᠵᠢᠷᠬᠢᠶ᠎ᠠ ᠶᠢᠨ ᠤᠯᠠᠨ ᠨᠡᠶᠢᠲᠡ ᠶᠢᠨ  ᠳᠠᠪᠴᠠᠩ‌ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠳᠡᠮᠵᠢᠭᠰᠡᠨ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃  ︵ᠳᠥᠷᠪᠡ︶ ᠵᠢᠯᠣᠭᠤᠳᠤᠯᠭ᠎ᠠ ᠦᠢᠯᠡᠴᠢᠯᠡᠭᠡ ᠶᠢ ᠰᠠᠶᠢᠲᠤᠷ ᠬᠢᠨ᠎ᠡ᠃ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠢᠨ᠎ᠡ ᠪᠠᠶᠢᠳᠠᠯ ᠢ ᠦᠨᠡᠨ ᠬᠦ ᠡᠵᠡᠮᠳᠡᠨ᠂ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠲᠤᠰᠬᠠᠵᠤ᠂ ᠡᠯ᠎ᠡ‌‍ᠲ᠋ᠦ᠋ᠷᠤᠯ ᠤᠨ ᠲᠦᠷᠦ ᠶᠢᠨ ᠪᠣᠳᠣᠯᠭ᠎ᠠ ᠶᠢᠨ ᠭᠡᠷᠡᠭᠵᠢᠬᠦᠯᠦᠯᠳᠡ ᠶᠢ  ᠠᠬᠢᠭᠤᠯᠬᠤ ᠪᠠ ᠨᠠᠶᠢᠳᠠᠪᠤᠷᠢᠵᠢᠭᠤᠯᠬᠤ ᠶᠢ  ᠱᠠᠯᠠᠪᠳᠠᠭᠤᠯᠤᠨ᠂ ᠬᠠᠳᠤᠨ ᠭᠤᠣᠯ ᠤᠨ  ᠴᠢᠬᠤᠯᠠ ᠭᠤᠯᠳᠤᠷᠢᠯ ᠤᠨ ᠣᠷᠣᠨ ᠳᠠᠩ ᠭᠠᠵᠠᠷ ᠠᠴᠠ ᠤᠶᠢᠷᠠᠯᠴᠠᠭ᠎ᠠ‌ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠬᠡᠷᠡᠭᠯᠡᠬᠦ ᠶᠢ ᠴᠠᠭᠠᠵᠠᠯᠠᠬᠤ ᠶᠢ ᠵᠢᠯᠤᠭᠤᠳᠴᠤ ᠦᠢᠯᠡᠴᠢᠯᠡᠬᠦ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠬᠠᠳᠤᠨ ᠭᠤᠣᠯ ᠤᠨ ᠭᠤᠣᠯ ᠤᠨ ᠵᠠᠮ ᠢ ᠴᠡᠭᠴᠡᠯᠡᠨ ᠵᠠᠰᠠᠬᠤ ᠠᠵᠢᠯ  ᠰᠢᠨ᠎ᠡ ᠳᠡᠭᠲᠡᠷ ᠲᠤ ᠭᠠᠷᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ᠳᠠᠭᠠᠯᠳᠤᠭᠤᠯᠤᠯ᠄ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ  ᠭᠠᠵᠠᠷ  ᠤᠨ ︽ᠳᠠᠷᠢᠬᠤ ᠶᠢ ᠴᠠᠭᠠᠵᠠᠯᠠᠬᠤ︾ ᠣᠷᠣᠨ ᠪᠦᠰᠡ ᠶᠢᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ   ᠳᠠᠭᠠᠯᠳᠤᠭᠤᠯᠤᠯ᠄  ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ  ᠭᠠᠵᠠᠷ  ᠤᠨ ︽ᠳᠠᠷᠢᠬᠤ ᠶᠢ ᠴᠠᠭᠠᠵᠠᠯᠠᠬᠤ︾ ᠣᠷᠣᠨ ᠪᠦᠰᠡ  ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ  ᠬᠠᠲᠤᠨ ᠭᠤᠣᠯ ᠤᠨ ᠲᠠᠩ  ᠭᠠᠵᠠᠷ ᠤᠨ ︽ᠳᠠᠷᠢᠬᠤ ᠶᠢ ᠴᠠᠭᠠᠵᠠᠯᠠᠬᠤ︾ ᠣᠷᠣᠨ ᠪᠦᠰᠡ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ  ᠬᠢᠬᠦ ᠶᠢᠨ ᠳᠤᠰᠠᠳᠠ᠂ ᠠᠵᠢᠯ ᠤᠨ ᠵᠣᠬᠢᠶᠠᠨ ᠪᠠᠶᠢᠭᠤᠯᠤᠯᠲᠠ ᠨᠢ ᠬᠦᠴᠦᠲᠡᠢ᠂ ᠬᠠᠷᠢᠭᠤᠴᠠᠯᠭ᠎ᠠ ᠨᠢ ᠲᠣᠳᠣᠷᠬᠠᠢ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠲᠠᠩ ᠭᠠᠵᠠᠷ ᠤᠨ ︽ᠳᠠᠷᠢᠬᠤ ᠶᠢ ᠴᠠᠭᠠᠵᠠᠯᠠᠬᠤ︾ ᠣᠷᠣᠨ ᠪᠦᠰᠡ  ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠵᠤ᠂ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠣᠳᠠᠲᠠᠢ ᠪᠦᠷᠢᠯᠳᠦᠭᠦᠨ  ᠨᠢ ᠳᠣᠣᠷᠠᠬᠢ ᠮᠡᠲᠦ᠄  ᠳᠤᠭᠤᠶᠢᠯᠠᠩ ᠤᠨ ᠳᠠᠷᠤᠭ᠎ᠠ᠄  ᠰᠤᠷᠭᠠᠯᠳᠤ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠢᠩ ᠯᠦᠩ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠪᠦᠷᠢᠯᠳᠦᠭᠦᠨ᠄     ᠸᠠᠩ ᠴᠢᠤᠸᠠᠨ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ᠂  ᠳᠠᠷᠢᠶᠠᠯᠠᠬᠤ ᠮᠠᠯᠵᠢᠬᠤ ᠤᠷᠤᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ     ᠭᠧᠩ ᠪᠥᠸᠧ    ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶᠠᠨ ᠤ  ᠳᠡᠳ᠋ ᠳᠠᠷᠤᠭ᠎ᠠ     ᠵᠣᠣ ᠱᠧᠩ ᠯᠢ  ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ  ᠳᠠᠬᠢ ᠬᠤᠪᠢᠶᠠᠷᠢ ᠲᠣᠪᠴᠢᠶ᠎ᠠ ᠶᠢᠨ ᠳᠠᠷᠤᠭ᠎ᠠ    ᠳ᠋ᠤᠸᠠᠨ ᠯᠠᠢ ᠢ   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ    ᠯᠢᠦ ᠵᠧᠨ ᠯᠢᠨ    ᠱᠢ ᠡᠯ ᠯᠢᠶᠠᠨ ᠴᠧᠩ ᠰᠢᠶᠠᠩ ᠤᠨ ᠳᠠᠷᠤᠭ᠎ᠠ    ᠵᠢᠶᠠ ᠶᠢᠩ ᠵᠢᠶᠦ᠋ᠨ   ᠳ᠋ᠡ ᠯᠦ ᠪᠠᠯᠭᠠᠰᠤᠨ ᠤ ᠳᠠᠷᠤᠭ᠎ᠠ    ᠴᠧᠨ ᠰᠠᠨ ᠵᠢᠶᠦ᠋ᠨ   ᠰᠢᠤᠸᠠᠢ ᠵᠢᠶᠠ ᠸᠠᠨ ᠪᠠᠯᠭᠠᠰᠤᠨ ᠤ ᠳᠠᠷᠤᠭ᠎ᠠ    ᠦ᠋ ᠸᠧᠨ ᠯᠢᠶᠠᠩ    ᠸᠧᠢ ᠵᠢᠶᠠ ᠮᠣᠣ ᠪᠠᠯᠭᠠᠰᠤᠨ ᠤ ᠳᠠᠷᠤᠭ᠎ᠠ    ᠰᠤ᠋ ᠯᠢᠨ            ᠯᠦᠩ ᠺᠧᠦ ᠪᠠᠯᠭᠠᠰᠤᠨ ᠤ ᠳᠠᠷᠤᠭ᠎ᠠ    ᠵᠠᠩ ᠷᠦᠢ ᠹᠧᠩ ᠱᠢ ᠡᠯ ᠯᠢᠶᠠᠨ ᠴᠧᠩ ᠰᠢᠶᠠᠩ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ    ᠯᠢᠶᠠᠩ ᠬᠤᠩ ᠸᠧᠢ    ᠳ᠋ᠡ ᠯᠦ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ    ᠴᠢᠶᠣᠤ ᠱᠧᠩ ᠢᠦᠢ  ᠰᠢᠤᠸᠠᠢ ᠵᠢᠶᠠ ᠸᠠᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ    ᠾᠧ ᠵᠢᠶᠠ     ᠸᠧᠢ ᠵᠢᠶᠠ ᠮᠣᠣ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ    ᠯᠢ ᠱᠤᠸᠠᠩ ᠯᠦᠩ   ᠯᠦᠩ ᠺᠧᠦ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ                                         ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2022 ᠣᠨ ᠤ 2 ᠰᠠᠷ᠎ᠠ ᠶᠢᠨ 9 ᠤ ᠡᠳᠦᠷ ᠳᠠᠷᠤᠮᠠᠯᠯᠠᠨ ᠳᠠᠷᠬᠠᠭᠠᠪᠠ   
ᠢᠷᠡᠯᠲᠡ᠄ ᠲᠤᠰ ᠰᠦᠯᠵᠢᠶ᠎ᠡ