| | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠡᠭᠦᠨᠭᠠᠷ ᠬᠤᠰᠢᠭᠤᠨ ᠤ 2022 ᠣᠨ ᠤ ᠪᠣᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠢ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 25 ᠤ ᠡᠳᠤᠷ | | | | ᠵᠡᠭᠦᠨᠭᠠᠷ ᠬᠤᠰᠢᠭᠤᠨ ᠤ 2022 ᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠬᠡᠷᠡᠭᠵᠢᠭᠦᠯᠬᠦ ᠲᠥᠰᠥᠯ | ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠶᠡᠷᠦᠩᠬᠡᠢ | ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠳᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠴᠢᠷᠮᠠᠶᠢᠨ ᠪᠠᠶᠢᠭᠤᠯᠤᠨ᠂ ᠵᠡᠭᠦᠨᠭᠠᠷ ᠤᠨ ᠪᠣᠬᠢᠷᠳᠤᠯ ᠦᠭᠡᠢ᠂ ᠡᠷᠡᠭᠦᠯ᠂ ᠦᠷᠭᠦᠯᠵᠢᠯᠡᠭᠰᠡᠨ ᠬᠥᠭᠵᠢᠯᠲᠡ ᠶᠢ ᠪᠡᠶᠡᠯᠡᠭᠦᠯᠬᠦ ᠶᠢᠨ ᠳᠤᠰᠠᠳᠠ᠂ ︽ | ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 18 ᠲᠣᠭᠠᠲᠤ︶ | ᠪᠠ ︽ᠣᠷᠳᠣᠰ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2021﹈ 26 ᠲᠣᠭᠠᠲᠤ︶ ᠤᠨ | ᠶᠣᠰᠣᠭᠠᠷ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | 2022 ᠣᠨ ᠳᠤ ᠬᠤᠲᠠ ᠶᠢᠨ ᠵᠠᠰᠠᠭ ᠤᠨ ᠣᠷᠳᠣᠨ ᠠᠴᠠ ᠮᠠᠨ ᠤ ᠬᠤᠰᠢᠭᠤᠨ ᠳᠤ 21 ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠬᠢᠬᠦ ᠡᠭᠦᠷᠭᠡ ᠪᠠᠭᠤᠯᠭᠠᠵᠤ᠂ ᠪᠥᠬᠦ ᠬᠤᠰᠢᠭᠤᠨ ᠤ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠬᠢᠬᠦ ᠪᠠ ᠣᠯᠠᠨ ᠨᠡᠶᠢᠲᠡ ᠶᠢᠨ ᠣᠷᠣᠨ | ᠪᠦᠰᠡ ᠶᠢᠨ 10 ᠺᠢᠯᠣᠮᠧᠲᠷ ᠤᠨ ᠬᠡᠪᠴᠢᠶᠡᠨ ᠳᠤ ᠰᠠᠶᠢᠵᠢᠷᠠᠭᠤᠯᠤᠨ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 2022 ᠣᠨ ᠤ 8 ᠰᠠᠷ᠎ᠠ ᠶᠢᠨ | ᠰᠡᠭᠦᠯᠴᠢ ᠠᠴᠠ ᠡᠮᠦᠨ᠎ᠡ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ᠮᠠᠨ ᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠶᠢᠨ ᠣᠨᠴᠠᠯᠢᠭ ᠵᠢᠴᠢ ᠠᠭᠤᠷᠬᠠᠢ ᠶᠢᠨ ᠭᠡᠪᠴᠢᠶᠡᠵᠢᠯ ᠤᠨ | ᠵᠥᠷᠢᠶ᠎ᠡ ᠶᠢ ᠦᠨᠳᠦᠰᠦᠯᠡᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ | ︵ᠨᠢᠭᠡ︶ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶᠠᠵᠢᠬᠰᠠᠨ ᠳᠤᠬᠳᠠᠯᠴᠠᠭ᠎ᠠ ᠶᠢ ᠴᠢᠩᠭ᠎ᠠ ᠬᠡᠷᠡᠭᠵᠢᠭᠦᠯᠦᠨ᠎ᠡ᠃ ︽ᠪᠣᠬᠢᠷᠳᠤᠯ ᠦᠭᠡᠢ ᠠᠭᠤᠷᠬᠠᠢ ᠶᠢᠨ | ᠦᠨᠡᠯᠡᠯᠲᠡ ᠶᠢᠨ ᠭᠦᠢᠴᠡᠳᠬᠡᠯ ᠲᠤᠭ᠎ᠠ︾᠂ ︽ᠵᠡᠭᠦᠨᠭᠠᠷ ᠬᠤᠰᠢᠭᠤᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵ | 2021 ︱ 2025 ᠣᠨ︶︾ ᠶᠢᠨ ᠵᠣᠷᠢᠭ ᠰᠠᠨᠠᠭ᠎ᠠ ᠶᠣᠰᠣᠭᠠᠷ᠂ 2022 ᠣᠨ ᠳᠤ ᠪᠠᠶᠢᠭᠤᠯᠬᠤ ᠪᠠᠷ ᠪᠠᠶᠢᠭ᠎ᠠ ᠪᠣᠬᠢᠷᠳᠤᠯ ᠦᠭᠡᠢ ᠠᠭᠤᠷᠬᠠᠢ ᠶᠢᠨ ᠠᠵᠤ | ᠠᠬᠤᠶᠢᠯᠠᠯ ᠨᠢ ᠴᠡᠭᠴᠡᠯᠡᠨ ᠰᠠᠶᠢᠵᠢᠷᠠᠭᠤᠯᠬᠤ ᠲᠥᠰᠥᠯ ᠢᠶᠠᠨ ᠲᠦᠷᠭᠡᠪᠴᠢᠯᠡᠨ ᠲᠣᠭᠲᠠᠭᠠᠵᠤ᠂ ᠪᠠᠷᠢᠮᠵᠢᠶ᠎ᠠ ᠪᠠᠷ ᠬᠠᠷᠭᠤᠭᠤᠯᠤᠨ ᠲᠥᠷᠥᠯ ᠳᠠᠷᠠᠭᠠᠯᠠᠨ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠨᠢᠭᠡᠨᠲᠡ ᠪᠠᠶᠢᠭᠤᠯᠤᠭᠰᠠᠨ ᠪᠣᠬᠢᠷᠳᠤᠯ ᠦᠭᠡᠢ ᠠᠭᠤᠷᠬᠠᠢ ᠶᠢᠨ ᠰᠠᠶᠢᠵᠢᠷᠠᠭᠤᠯᠤᠨ ᠥᠭᠡᠷᠡᠴᠢᠯᠡᠬᠦ ᠠᠵᠢᠯ ᠢ ᠰᠠᠶᠢᠲᠤᠷ | ᠬᠢᠵᠦ᠂ ︽ᠡᠷᠭᠢᠨ ᠬᠠᠷᠠᠬᠤ︾᠂ ︽ᠬᠤᠶᠠᠷ ᠢ ᠰᠤᠭᠤᠴᠢᠨ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠤᠨ ᠳᠠᠬᠢᠨ ᠪᠠᠶᠢᠴᠠᠭᠠᠬᠤ ᠲᠠᠰ | ᠳᠠᠷᠠᠭᠠᠯᠠᠯ ᠢ ᠡᠬᠢᠯᠡᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠪᠠ ᠱᠠᠭᠠᠷᠳᠠᠯᠭ᠎ᠠ ᠳᠤ ᠨᠡᠶᠢᠴᠡᠬᠦ ᠦᠭᠡᠢ ᠠᠭᠤᠷᠬᠠᠢ ᠶᠢᠨ ᠠᠵᠤ ᠠᠬᠤᠶᠢᠯᠠᠯ ᠢ | ᠪᠣᠬᠢᠷᠳᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠭᠤᠷᠬᠠᠢ ᠶᠢᠨ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ︔ ᠬᠠᠮᠵᠢᠯᠴᠠᠨ ᠬᠢᠬᠦ ᠨᠢᠭᠡᠴᠢ᠄ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠬᠤᠶᠠᠷ︶ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠪᠠᠷᠢᠮᠵᠢᠶ᠎ᠠ ᠲᠠᠢ ᠪᠠᠷ ᠪᠠᠶᠢᠭᠤᠯᠤᠨ᠎ᠠ᠃ ᠵᠡᠭᠦᠨᠭᠠᠷ ᠤᠨ ᠪᠣᠬᠢᠷᠳᠤᠯ | ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠲᠦᠷᠭᠡᠳᠬᠡᠨ ᠪᠣᠶ | ᠪᠣᠯᠭᠠᠵᠤ᠂ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠳᠦᠷᠢᠮ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ | ᠂ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠪᠦᠬᠦᠯᠢ ᠴᠣᠭᠴᠠ ᠪᠠᠷ ᠠᠬᠢᠭᠤᠯᠤᠨ᠎ᠠ᠃ ᠵᠠᠯᠭᠠᠯᠳᠤᠭᠰᠠᠨ ᠵᠢᠱᠢᠶ᠎ᠡ ᠦᠵᠡᠭᠦᠯᠬᠦ ᠪᠠᠷᠢᠯᠭ᠎ᠠ ᠶᠢ ᠲᠥᠪᠯᠡᠷᠡᠭᠦᠯᠦᠨ ᠪᠠᠶᠢᠭᠤᠯᠵᠤ᠂ ᠣᠷᠣᠨ ᠪᠦᠰᠡ ᠬᠤᠪᠢᠶᠠᠨ 6 | ᠵᠠᠯᠭᠠᠯᠳᠤᠭᠰᠠᠨ ᠵᠠᠰᠠᠯᠲᠠ ᠶᠢᠨ ᠣᠷᠣᠨ ᠢ ᠰᠣᠩᠭᠤᠨ᠂ ᠲᠤᠰ ᠲᠤᠰ ︽ᠵᠡᠭᠦᠨᠭᠠᠷ ᠵᠣᠣ ᠪᠠᠯᠭᠠᠰᠤᠨ ᠤ ᠬᠤᠸᠠᠩ ᠳᠡᠮᠡᠭᠡᠳᠤ ᠶᠢᠨ ᠲᠥᠪᠯᠡᠷᠡᠭᠦᠯᠦᠨ ᠵᠠᠰᠠᠬᠤ ᠣᠷᠣᠨ᠂ | ᠨᠠᠷᠠᠰᠤᠨ ᠪᠠᠯᠭᠠᠰᠤᠨ ᠤ ᠴᠠᠩ ᠰᠢᠦᠢ ᠨᠡᠭᠦᠷᠡᠰᠦᠨ ᠠᠭᠤᠷᠬᠠᠢ᠂ ᠬᠤᠭᠤᠯᠠᠢ ᠭᠤᠤᠯ ᠨᠡᠭᠦᠷᠡᠰᠦᠨ ᠠᠭᠤᠷᠬᠠᠢ ᠶᠢᠨ ᠤᠶᠢᠷ᠎ᠠ ᠬᠠᠪᠢ ᠶᠢᠨ ᠲᠥᠪᠯᠡᠷᠡᠭᠦᠯᠦᠨ ᠵᠠᠰᠠᠬᠤ | ᠣᠷᠣᠨ᠂ ᠱᠠᠬᠳᠠᠷ ᠪᠠᠯᠭᠠᠰᠤᠨ ᠤ ᠮᠧᠩ ᠲᠠᠢ ᠰᠢᠨ ᠰᠢᠨ ᠨᠡᠭᠦᠷᠡᠰᠦᠨ ᠠᠭᠤᠷᠬᠠᠢ᠂ ᠦ᠋ ᠵᠢᠶᠠ ᠯᠢᠶᠠᠩ ᠨᠡᠭᠦᠷᠡᠰᠦᠨ ᠠᠭᠤᠷᠬᠠᠢ᠂ ᠶᠦᠨ ᠺᠠᠢ ᠨᠡᠭᠦᠷᠡᠰᠦᠨ | ᠠᠭᠤᠷᠬᠠᠢ ᠶᠢᠨ ᠤᠶᠢᠷ᠎ᠠ ᠬᠠᠪᠢ ᠶᠢᠨ ᠲᠥᠪᠯᠡᠷᠡᠭᠦᠯᠦᠨ ᠵᠠᠰᠠᠬᠤ ᠣᠷᠣᠨ᠂ ᠯᠦᠩ ᠺᠧᠦ ᠪᠠᠯᠭᠠᠰᠤᠨ ᠤ ᠬᠤᠢ ᠯᠦᠩ ᠨᠡᠭᠦᠷᠡᠰᠦᠨ ᠠᠭᠤᠷᠬᠠᠢ ᠶᠢᠨ ᠤᠶᠢᠷ᠎ᠠ ᠬᠠᠪᠢ | ᠶᠢᠨ ᠲᠥᠪᠯᠡᠷᠡᠭᠦᠯᠦᠨ ᠵᠠᠰᠠᠬᠤ ᠣᠷᠣᠨ᠂ ᠰᠢᠤᠸᠠᠢ ᠵᠢᠶᠠ ᠸᠠᠨ ᠪᠠᠯᠭᠠᠰᠤᠨ ᠤ ᠶᠢᠨ ᠵᠧᠩ ᠲᠠᠢ ᠨᠡᠭᠦᠷᠡᠰᠦᠨ ᠠᠭᠤᠷᠬᠠᠢ ᠶᠢᠨ ᠤᠶᠢᠷ᠎ᠠ ᠬᠠᠪᠢ ᠶᠢᠨ ᠲᠥᠪᠯᠡᠷᠡᠭᠦᠯᠦᠨ | ᠵᠠᠰᠠᠬᠤ ᠣᠷᠣᠨ᠂ ᠨᠠᠷᠠᠰᠤᠨ ᠪᠠᠯᠭᠠᠰᠤᠨ ᠤ ᠨᠠᠷᠢᠨ ᠰᠦᠮ᠎ᠡ ᠶᠢᠨ ᠭᠠᠮᠰᠢᠭ ᠢ ᠰᠡᠷᠭᠡᠶᠢᠯᠡᠨ ᠵᠠᠰᠠᠬᠤ ᠲᠦᠷᠦᠯ ᠵᠦᠢᠯ ᠤᠨ ᠲᠥᠪᠯᠡᠷᠡᠨ ᠵᠠᠯᠭᠠᠯᠳᠤᠭᠰᠠᠨ ᠵᠠᠰᠠᠬᠤ | ᠣᠷᠣᠨ︾ ᠪᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠴᠣᠭᠴᠠᠯᠠᠨ ᠪᠠᠶᠢᠭᠤᠯᠵᠤ᠂ ᠥᠯᠢᠭᠡᠷ ᠳᠠᠭᠤᠷᠢᠶᠠᠯ ᠪᠠᠷᠢᠯᠭ᠎ᠠ ᠶᠢ ᠡᠷᠲᠡᠬᠡᠨ ᠪᠣᠶ ᠪᠣᠯᠭᠠᠵᠤ | ᠂ ᠪᠥᠬᠦ ᠬᠤᠰᠢᠭᠤᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠵᠢᠱᠢᠶ᠎ᠡ | ᠦᠵᠡᠭᠦᠯᠦᠨ ᠳᠠᠭᠠᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠭᠤᠷᠬᠠᠢ ᠶᠢᠨ ᠣᠷᠣᠨ ᠤ | ᠠᠵᠢᠯ ᠦᠢᠯᠡᠰ ᠤᠨ ᠬᠥᠭᠵᠢᠯᠲᠡ ᠶᠢᠨ ᠲᠥᠪ︔ ᠬᠠᠮᠵᠢᠯᠴᠠᠨ ᠬᠢᠬᠦ ᠨᠢᠭᠡᠴᠢ᠄ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︶ | ︵ᠭᠤᠷᠪᠠ︶ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ ᠡᠮᠬᠢ ᠳᠢᠭᠯᠢᠮ ᠢ ᠳᠦᠷᠢᠮᠵᠢᠬᠦᠯᠤᠨ᠎ᠠ᠃ ᠬᠠᠤᠯᠢ ᠠᠴᠠ ᠵᠥᠷᠢᠴᠡᠨ ᠬᠠᠶᠢᠨ ᠪᠠᠶᠢᠴᠠᠭᠠᠵᠤ ᠨᠡᠭᠡᠭᠡᠨ | ᠮᠠᠯᠲᠠᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠦᠨᠡᠮᠯᠡᠯ ᠦᠭᠡᠢ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠳᠠᠪᠬᠤᠷᠭ᠎ᠠ ᠠᠴᠠ ᠬᠡᠲᠦᠷᠡᠭᠦᠯᠦᠨ | ᠵᠠᠭᠠᠭ ᠳᠠᠪᠠᠵᠤ ᠨᠡᠭᠡᠭᠡᠨ ᠮᠠᠯᠲᠠᠬᠤ᠂ ᠬᠠᠤᠯᠢ ᠪᠤᠰᠤ ᠪᠠᠷ ᠰᠢᠯᠵᠢᠭᠦᠯᠦᠨ ᠥᠭᠬᠦ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠪᠠ ᠭᠠᠵᠠᠷ ᠰᠢᠷᠣᠢ ᠶᠢ ᠳᠠᠬᠢᠨ | ᠬᠠᠭᠠᠯᠪᠤᠷᠢᠯᠠᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠬᠦ ᠵᠡᠷᠭᠡ ᠦᠶᠯᠡ ᠠᠵᠢᠯᠯᠠᠭ᠎ᠠ ᠶᠢᠨ ᠲᠣᠭᠤᠷᠢᠨ ᠳᠤ ᠲᠤᠰᠬᠠᠢ ᠳᠦᠷᠤᠯ ᠤᠨ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠭᠸᠤᠯᠤᠬᠢ ᠶᠢᠨ ᠭᠠᠮᠰᠢᠭ ᠤᠨ | ᠲᠠᠯᠳᠠ ᠭᠡᠮ ᠶᠢᠨ ᠵᠢᠭᠰᠠᠭᠠᠨ ᠪᠠᠶᠢᠴᠠᠭᠠᠬᠤ ᠡᠷᠴᠢᠮ ᠢ ᠨᠡᠮᠡᠭᠳᠡᠭᠦᠯᠦᠨ᠂ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠬᠤᠶᠠᠷ ᠲᠠᠯ᠎ᠠ ᠠᠴᠠ ᠵᠢᠭᠰᠠᠭᠠᠨ ᠪᠠᠶᠢᠴᠠᠭᠠᠵᠤ | ᠵᠠᠰᠠᠬᠤ ᠠᠵᠢᠯ ᠤᠨ ᠪᠠᠶᠢᠭᠤᠯᠤᠮᠵᠢ ᠪᠣᠯᠣᠨ ᠪᠡᠯᠡ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠢ | ᠱᠠᠯᠠᠪᠳᠠᠭᠤᠯᠵᠤ ᠪᠠᠶᠢᠭᠠᠳ ᠳᠦᠷᠢᠮ ᠲᠣᠭᠲᠠᠭᠠᠯ ᠢ ᠴᠢᠩᠭ᠎ᠠᠨᠠᠶᠢᠳᠠᠪᠤᠷᠢᠵᠢᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ | ᠰᠠᠬᠢᠵᠤ᠂ ᠡ᠊ᠨᠳᠡᠯ ᠭᠡᠷᠡᠭ ᠤᠨ ᠲᠠᠯᠳᠠ ᠭᠡᠮ ᠢ ᠰᠠᠨᠠᠭᠠᠴᠢᠯᠠᠭ᠎ᠠ ᠠᠴᠠ ᠪᠠᠨ ᠡᠷᠢᠨ᠂ ᠳᠣᠲᠣᠭᠠᠳᠤ ᠶᠢᠨ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠨ᠎ᠠ᠃ ︵ | ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠨᠧᠷᠭᠢ ᠶᠢᠨ ᠲᠣᠪᠴᠢᠶ᠎ᠠ︔ | ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︶ | ︵ᠳᠥᠷᠪᠡ︶ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠬᠢᠭᠡᠳ ᠭᠠᠵᠠᠷ ᠰᠢᠷᠣᠢ ᠶᠢ ᠲᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠶᠢ ᠴᠢᠩᠭᠠᠳᠬᠠᠨ᠎ᠠ | 1. ᠠᠭᠤᠷᠬᠠᠢ ᠶᠢᠨ ᠠᠵᠤ ᠠᠬᠤᠶᠢᠯᠠᠯ ᠤᠨ ᠴᠡᠪᠡᠷᠰᠢᠬᠦᠯᠤᠨ ᠦᠢᠯᠡᠳᠪᠦᠷᠢᠯᠡᠬᠦ ᠪᠠ ᠡᠷᠭᠢᠯᠳᠦᠭᠦᠯᠦᠨ ᠠᠰᠢᠭᠯᠠᠬᠤ ᠶᠢ ᠴᠢᠩᠭ᠎ᠠ ᠬᠢᠨᠠᠨ ᠬᠠᠮᠢᠶᠠᠷᠴᠤ᠂ ᠪᠤᠶ ᠪᠦᠬᠦᠢ | ᠦᠢᠯᠡᠳᠪᠦᠷᠢᠯᠡᠯ ᠤᠨ ᠠᠭᠤᠷᠬᠠᠢ ᠶᠢᠨ ᠬᠤᠳᠳᠤᠭ ᠪᠠ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠡᠷᠬᠡᠪᠰᠢ ᠴᠡᠪᠡᠷᠰᠢᠬᠦᠯᠦᠭᠰᠡᠨ ᠦᠢᠯᠡᠳᠪᠦᠷᠢᠯᠡᠯ ᠤᠨ | ᠱᠠᠭᠠᠷᠳᠠᠯᠭ᠎ᠠ ᠳᠤ ᠨᠡᠶᠢᠴᠡᠬᠦᠯᠵᠤ᠂ ︽ᠭᠤᠷᠪᠠᠨ ᠬᠠᠶᠠᠭᠳᠠᠮᠠᠯ︾ ᠢ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠭᠡᠨ᠂ ᠲᠣᠭᠤᠰᠣ ᠰᠢᠷᠤᠢ ᠪᠠ ᠳᠠᠭᠤ | ᠱᠤᠤᠭᠢᠶᠠᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠭᠤᠷᠬᠠᠢ ᠶᠢᠨ ᠨᠡᠬᠦᠷᠡᠰᠤᠨ ᠴᠢᠯᠠᠭᠤ᠂ ᠦᠯᠡᠳᠡᠭᠳᠡᠯ ᠬᠦᠳᠡᠷ ᠢ ᠭᠦᠢᠴᠡᠳ | ᠠᠰᠢᠭᠯᠠᠵᠤ᠂ ᠠᠭᠤᠷᠬᠠᠢ ᠶᠢᠨ ᠬᠤᠳᠳᠤᠭ ᠤᠨ ᠴᠡᠪᠡᠷᠰᠢᠬᠦᠯᠦᠭᠰᠡᠨ ᠤᠰᠤ ᠵᠢᠴᠢ ᠦᠢᠯᠡᠳᠪᠦᠷᠢ ᠠᠭᠤᠷᠬᠠᠢ ᠶᠢᠨ ᠬᠡᠷᠡᠭᠯᠡᠬᠦ ᠤᠰᠤ ᠶᠢ ᠡᠷᠭᠢᠯᠳᠦᠭᠦᠯᠦᠨ | ᠠᠰᠢᠭᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠲᠠᠪᠴᠠᠩ ︵ᠵᠡᠭᠦᠨᠭᠠᠷ ᠬᠤᠰᠢᠭᠤᠨ ᠤ ᠠᠭᠤᠷᠬᠠᠢ ᠶᠢᠨ ᠣᠷᠣᠨ ᠤ | ᠠᠮᠢ ᠠᠬᠤᠢ ᠶᠢ ᠰᠡᠷᠭᠦᠭᠡᠬᠦ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠤᠳᠤᠯᠭᠠᠨ ᠤ ᠬᠦᠷᠢᠶᠡᠯᠡᠩ ᠪᠤᠶᠤ ᠲᠤᠰᠬᠠᠢ ᠮᠡᠷᠭᠡᠵᠢᠯᠲᠡᠨ | ᠠᠺᠠᠳᠧᠮᠢᠴᠢ ᠶᠢᠨ ᠠᠵᠢᠯᠯᠠᠬᠤ ᠥᠷᠲᠡᠭᠡ ᠶᠢ ᠪᠡᠯᠡᠳᠬᠡᠨ ᠪᠠᠶᠢᠭᠤᠯᠬᠤ︶ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢᠶᠠᠷ ᠠᠭᠤᠷᠬᠠᠢ ᠶᠢᠨ | ᠣᠷᠣᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠵᠡᠭᠦᠨᠭᠠᠷ ᠳᠣᠣᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠠᠵᠤ ᠠᠬᠤᠢ ᠶᠢᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ | ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ︔ ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠠᠭᠤᠷᠬᠠᠢ ᠶᠢᠨ ᠣᠷᠣᠨ ᠤ ᠠᠵᠢᠯ ᠦᠢᠯᠡᠰ ᠤᠨ | ᠬᠥᠭᠵᠢᠯᠲᠡ ᠶᠢᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ︶ | 2. ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠨ᠂ ︽ᠬᠥᠮᠥᠨ ᠬᠢᠭᠡᠳ ᠪᠠᠶᠢᠭᠠᠯᠢ ᠶᠢ ᠬᠠᠷᠢᠯᠴᠠᠨ | ᠡᠶ᠎ᠡ ᠵᠣᠬᠢᠴᠠᠯ ᠲᠠᠢ ᠪᠠᠶᠢᠯᠭᠠᠬᠤ᠂ ᠣᠳᠣᠬᠢᠴᠢᠯᠠᠭᠰᠠᠨ ᠠᠭᠤᠷᠬᠠᠢ ᠶᠢᠨ ᠬᠤᠳᠳᠤᠭ ᠤᠨ ᠪᠦᠲᠦᠭᠡᠨ ᠪᠠᠶᠢᠭᠤᠯᠤᠯᠲᠠ ᠶᠢ ᠴᠡᠴᠡᠷᠯᠢᠭᠵᠢᠭᠦᠯᠦᠭᠰᠡᠨ ᠠᠭᠤᠷᠬᠠᠢ ᠶᠢᠨ | ᠣᠷᠣᠨ ᠤ ᠬᠥᠭᠵᠢᠯᠲᠡ ᠯᠦᠭᠡ ᠬᠠᠷᠢᠯᠴᠠᠨ ᠨᠢᠭᠡᠳᠬᠡᠬᠦ︾ ᠰᠡᠳᠬᠢᠴᠡ ᠶᠣᠰᠣᠭᠠᠷ᠂ ᠠᠭᠤᠷᠬᠠᠢ ᠶᠢᠨ ᠣᠷᠣᠨ ᠢ ᠨᠣᠭᠤᠭᠠᠷᠠᠭᠤᠯᠬᠤ᠂ ᠣᠷᠴᠢᠨ ᠲᠣᠭᠤᠷᠢᠨ ᠢ | ᠭᠤᠶᠣᠵᠢᠭᠤᠯᠬᠤ᠂ ᠵᠠᠮ ᠢ ᠬᠠᠲᠠᠭᠤᠷᠠᠭᠤᠯᠬᠤ᠂ ᠭᠡᠷᠡᠯᠳᠦᠭᠦᠯᠬᠦ᠂ ᠠᠭᠤᠷᠬᠠᠢ ᠶᠢᠨ ᠬᠤᠳᠳᠤᠭ ᠤᠨ ᠳᠦᠩᠰᠡᠨ ᠬᠥᠮᠥᠷᠭᠡ ᠪᠤᠶᠤ ᠰᠠᠯᠬᠢ ᠶᠢ ᠬᠠᠯᠬᠠᠯᠠᠵᠤ | ᠲᠣᠭᠤᠰᠣ ᠶᠢ ᠬᠤᠷᠢᠭᠯᠠᠬᠤ ᠲᠣᠣᠷ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ | ᠡᠨᠧᠷᠭᠢ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ︔ | ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠠᠭᠤᠷᠬᠠᠢ ᠶᠢᠨ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ | ᠶᠢᠨ ᠭᠡᠷᠡᠭ ᠡᠷᠬᠢᠯᠡᠬᠦ ᠭᠠᠵᠠᠷ︶ | 3. ᠠᠭᠤᠷᠬᠠᠢ ᠶᠢᠨ ᠭᠸᠤᠯᠤᠬᠢ ᠶᠢᠨ ᠣᠷᠴᠢᠨ ᠲᠣᠭᠤᠷᠢᠨ ᠢ ᠵᠠᠰᠠᠬᠤ ᠪᠠ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ ᠠᠭᠤᠷᠬᠠᠢ ᠶᠢ ︽ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ᠵᠠᠷᠴᠢᠮ ᠶᠣᠰᠣᠭᠠᠷ᠂ | ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠪᠠ ᠵᠠᠳᠠᠭᠠᠢ ᠮᠠᠯᠲᠠᠭᠰᠠᠨ ᠭᠠᠵᠠᠷ ᠰᠢᠷᠣᠢ ᠶᠢᠨ ᠳᠠᠬᠢᠨ ᠬᠠᠭᠠᠯᠪᠤᠷᠢᠯᠠᠭᠰᠠᠨ ᠣᠷᠣᠨ ᠢ | ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ︽ᠰᠢᠨ᠎ᠡ ᠪᠠᠷ ᠮᠠᠭᠤᠳᠠᠭᠤᠯᠬᠤ ᠦᠭᠡᠢ᠂ ᠳᠤᠷᠤᠬᠰᠢ ᠰᠠᠭᠤᠬᠰᠠᠨ ᠪᠠ ᠵᠠᠳᠠᠭᠠᠢ ᠮᠠᠯᠳᠠᠬᠰᠠᠨ ᠢ | ᠲᠦᠷᠭᠡᠨ ᠰᠡᠷᠬᠦᠭᠡᠬᠦ︾ ᠶᠢ ᠦᠨᠡᠨᠬᠦ ᠪᠡᠶᠡᠯᠡᠭᠦᠯᠤᠨ᠎ᠠ᠃ ᠠᠭᠤᠷᠬᠠᠢ ᠶᠢᠨ ᠬᠤᠳᠳᠤᠭ ᠤᠨ ᠠᠵᠢᠯᠴᠢᠨ ᠤ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ | ᠰᠠᠭᠤᠭᠰᠠᠨ ᠣᠷᠣᠨ ᠪᠠ ᠵᠠᠳᠠᠭᠠᠢ ᠮᠠᠯᠲᠠᠭᠰᠠᠨ ᠭᠠᠵᠠᠷ ᠰᠢᠷᠣᠢ ᠶᠢᠨ ᠳᠠᠬᠢᠨ ᠬᠠᠭᠠᠯᠪᠤᠷᠢᠯᠠᠬᠤ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠵᠦ᠂ ︽ | ᠵᠡᠭᠦᠨᠭᠠᠷ ᠬᠤᠰᠢᠭᠤᠨ ᠤ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ︽ᠨᠢᠭᠡ ᠠᠭᠤᠷᠬᠠᠢ | ᠨᠢᠭᠡ ᠲᠥᠷᠥ ᠶᠢᠨ ᠪᠣᠳᠣᠯᠭ᠎ᠠ ᠨᠢᠭᠡ ᠲᠥᠰᠥᠯ︾ ᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠠᠬᠢᠭᠤᠯᠵᠤ᠂ ᠪᠥᠬᠦ ᠬᠤᠰᠢᠭᠤᠨ ᠤ ᠠᠳᠠᠯᠢ ᠪᠤᠰᠤ | ᠭᠠᠵᠠᠷ ᠤᠨ ᠪᠠᠶᠢᠴᠠ᠂ ᠰᠢᠷᠣᠢ ᠶᠢᠨ ᠳᠠᠪᠬᠤᠷᠭ᠎ᠠ ᠶᠢᠨ ᠪᠦᠷᠬᠦᠴᠡ ᠶᠢᠨ ᠵᠤᠵᠠᠭᠠᠨ ᠤ ᠬᠡᠮᠵᠢᠶ᠎ᠡ᠂ ᠳᠠᠬᠢᠨ ᠬᠠᠭᠠᠯᠪᠤᠷᠢᠯᠠᠬᠤ ᠬᠦᠴᠢᠷ ᠪᠠ ᠳᠦᠬᠦᠮ ᠤᠨ ᠬᠡᠮᠵᠢᠶ᠎ᠡ᠂ | ᠡᠷᠬᠢᠨ ᠲᠣᠭᠤᠷᠢᠨ ᠤ ᠭᠠᠵᠠᠷ ᠤᠨ ᠪᠠᠶᠢᠴᠠ ᠵᠡᠷᠭᠡ ᠪᠠᠶᠢᠳᠠᠯ ᠢ ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠭᠤᠷᠬᠠᠢ ᠶᠢᠨ | ᠠᠮᠢ ᠠᠬᠤᠢ ᠶᠢ ᠰᠡᠷᠭᠦᠭᠡᠨ ᠵᠠᠰᠠᠬᠤ ᠲᠥᠰᠥᠯ ᠢ ᠲᠣᠭᠲᠠᠭᠠᠵᠤ᠂ ᠡᠯ᠎ᠡ ᠰᠢᠯᠭᠠᠨ ᠬᠤᠷᠢᠶᠠᠬᠤ ᠵᠠᠩᠭᠢᠯᠠᠭ᠎ᠠ ᠶᠢ ᠴᠢᠩᠭ᠎ᠠ ᠠᠳᠬᠤᠨ᠂ ᠵᠠᠰᠠᠯᠳᠠ ᠬᠢᠵᠤ ᠳᠠᠬᠢᠨ | ᠬᠠᠭᠠᠯᠪᠤᠷᠢᠯᠠᠭᠰᠠᠨ ᠤ ᠳᠠᠷᠠᠭ᠎ᠠ ᠭᠠᠵᠠᠷ ᠰᠢᠷᠣᠢ ᠶᠢᠨ ᠶᠠᠰᠤ ᠴᠢᠨᠠᠷ ᠢ ᠪᠠᠭᠤᠷᠠᠭᠤᠯᠬᠤ ᠦᠭᠡᠢ᠂ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠥᠨᠳᠥᠷ ᠪᠦᠲᠦᠮᠵᠢᠲᠡᠶ | ᠠᠰᠢᠭᠯᠠᠬᠤ ᠶᠢ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠠᠭᠤᠷᠬᠠᠢ ᠶᠢᠨ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ︔ | ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ︶ | 4. ᠤᠯᠠᠨ ᠨᠡᠶᠢᠲᠡ ᠶᠢᠨ ᠣᠷᠣᠨ ᠪᠦᠰᠡ ᠶᠢᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠡᠯ᠎ᠡ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠳᠦᠰᠤᠪᠯᠡᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠯᠦᠪᠵᠢᠭᠦᠯᠭᠡ᠂ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ | ᠤᠶᠠᠯᠳᠤᠭᠤᠯᠤᠨ ᠲᠤᠰ ᠬᠠᠷᠢᠶ᠎ᠠ ᠣᠷᠣᠨ ᠤ ᠤᠯᠠᠨ ᠨᠡᠶᠢᠲᠡ ᠶᠢᠨ ᠣᠷᠣᠨ ᠪᠦᠰᠡ ᠶᠢᠨ ᠵᠠᠰᠠᠯᠲᠠ ᠶᠢᠨ ᠲᠥᠯᠦᠪᠵᠢᠭᠦᠯᠭᠡ ᠪᠣᠯᠣᠨ ᠲᠥᠰᠥᠯ ᠢ ᠲᠣᠭᠲᠠᠭᠠᠵᠤ᠂ | ᠵᠠᠰᠠᠯᠲᠠ ᠬᠢᠬᠦ ︽ᠨᠢᠭᠡ ᠵᠢᠷᠤᠭ ᠳᠦᠯᠦᠪᠯᠡᠭᠡ︾ ᠶᠢ ᠲᠦᠷᠭᠡᠨ ᠪᠦᠷᠢᠯᠳᠦᠭᠦᠯᠤᠨ᠎ᠠ᠃ ᠡᠭᠦᠨ ᠤ ᠬᠠᠮᠲᠤ᠂ ᠠᠭᠤᠷᠬᠠᠢ ᠶᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ | ᠬᠥᠰᠢᠭᠦᠷᠭᠡ ᠶᠢᠨ ᠦᠢᠯᠡᠳᠦᠯ ᠢ ᠭᠦᠢᠴᠡᠳ ᠠᠰᠢᠭᠯᠠᠨ᠂ ᠣᠯᠠᠨ ᠨᠡᠶᠢᠲᠡ ᠶᠢᠨ ᠣᠷᠣᠨ ᠪᠦᠰᠡ ᠶᠢ ᠵᠢᠯ ᠢᠶᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ | 2022 ᠣᠨ ᠤ ᠵᠢᠯ ᠤᠨ ᠰᠡᠭᠦᠯᠴᠢ ᠠᠴᠠ ᠡᠮᠦᠨ᠎ᠡ ᠵᠠᠰᠠᠯᠳᠠ ᠬᠢᠭᠰᠡᠨ ᠦᠷ᠎ᠡ ᠪᠦᠲᠦᠮᠵᠢ ᠲᠠᠢ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠢ᠄ ᠡᠯ᠎ᠡ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︔ ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠠᠭᠤᠷᠬᠠᠢ ᠶᠢᠨ ᠣᠷᠣᠨ ᠤ ᠠᠵᠢᠯ ᠦᠢᠯᠡᠰ ᠤᠨ | ᠬᠥᠭᠵᠢᠯᠲᠡ ᠶᠢᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶ | ︵ᠲᠠᠪᠤ︶ ᠰᠠᠭᠤᠷᠢ ᠪᠠᠨ ᠪᠠᠬᠢᠵᠢᠭᠦᠯᠵᠦ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠰᠠᠶᠢᠲᠤᠷ ᠬᠢᠨ᠎ᠡ᠃ ᠤᠯᠤᠰ ᠤᠨ ︽ᠨᠡᠭᠦᠷᠡᠰᠦᠲᠥ᠋ᠷᠥᠭᠴᠢ ᠶᠢ | ᠣᠷᠭᠢᠯ ᠭᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠤᠷᠢᠶᠠᠯᠠᠭ᠎ᠠ ᠶᠢ ᠳᠠᠭᠠᠵᠤ᠂ ︽ᠣᠷᠳᠣᠰ ᠬᠤᠲᠠ ᠶᠢᠨ ᠠᠭᠤᠷᠬᠠᠢ ᠶᠢᠨ | ᠭᠸᠤᠯᠤᠬᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠪᠥᠬᠦ | ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠭᠸᠤᠯᠤᠬᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠪᠠᠷ ᠰᠢᠨ᠎ᠡ | ᠡᠨᠧᠷᠭᠢ ᠶᠢᠨ ᠠᠭᠤᠷᠬᠠᠢ ᠮᠠᠯᠲᠠᠬᠤ ᠲᠥᠬᠦᠭᠡᠷᠦᠮᠵᠢ ᠬᠤᠳᠠᠯᠳᠤᠨ ᠠᠪᠬᠤ ᠶᠢ ᠵᠣᠷᠢᠭᠵᠢᠭᠤᠯᠵᠤ᠂ ᠨᠡᠭᠦᠷᠡᠰᠦ ᠮᠠᠯᠲᠠᠬᠤ ᠲᠥᠬᠦᠭᠡᠷᠦᠮᠵᠢ ᠶᠢ ᠴᠡᠪᠡᠷ ᠡᠨᠧᠷᠭᠢ ᠳᠡᠶᠢᠰᠢ | ᠬᠤᠪᠢᠷᠠᠭᠤᠯᠬᠤ ᠶᠢ ᠰᠠᠶᠢᠲᠤᠷ ᠬᠢᠵᠦ᠂ ᠪᠥᠬᠦ ᠬᠤᠰᠢᠭᠤᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ | ᠲᠣᠪᠴᠢᠶ᠎ᠠ︶ | ︵ᠵᠢᠷᠭᠤᠭ᠎ᠠ︶ ᠡᠶ᠎ᠡ ᠵᠣᠬᠢᠴᠠᠯ ᠲᠠᠢ ᠠᠭᠤᠷᠬᠠᠢ ᠶᠢᠨ ᠣᠷᠣᠨ ᠢ ᠪᠠᠶᠢᠭᠤᠯᠤᠨ᠎ᠠ | 1. ᠠᠭᠤᠷᠬᠠᠢ ᠶᠢᠨ ᠣᠷᠣᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠬᠦᠯᠬᠦ ᠠᠵᠢᠯ ᠢ ᠰᠠᠶᠢᠲᠤᠷ ᠬᠢᠵᠦ᠂ ︽ᠬᠥᠮᠥᠨ ᠢᠶᠠᠷ | ᠦᠨᠳᠦᠰᠦ ᠪᠣᠯᠭᠠᠬᠤ᠂ ᠪᠠᠭ᠎ᠠ ᠳᠡᠭᠡᠷ᠎ᠡ ᠨᠢ ᠰᠡᠷᠭᠡᠶᠢᠯᠡᠬᠦ︾᠂ ︽ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠤᠷᠤᠨ ᠳᠤᠨᠢ ᠬᠠᠮᠢᠶᠠᠷᠤᠭᠤᠯᠬᠤ︾ ᠵᠠᠷᠴᠢᠮ | ᠶᠣᠰᠣᠭᠠᠷ᠂ ᠠᠭᠤᠷᠬᠠᠢ ᠶᠢᠨ ᠣᠷᠣᠨ ᠤ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠨᠥᠯᠥᠭᠡᠯᠡᠵᠤ ᠮᠡᠳᠡᠬᠦ ᠡᠯ᠎ᠡ ᠳᠦᠷᠤᠯ ᠤᠨ ᠵᠥᠷᠢᠴᠡᠯ ᠢ | ᠰᠢᠢᠳᠪᠤᠷᠢᠯᠡᠨ ᠠᠷᠢᠯᠭᠠᠵᠤ᠂ ᠠᠭᠤᠷᠬᠠᠢ ᠶᠢᠨ ᠣᠷᠣᠨ ᠤ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠨ᠂ ᠠᠭᠤᠷᠬᠠᠢ ᠶᠢᠨ ᠠᠵᠤ ᠠᠬᠤᠢ ᠶᠢᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠭᠤᠷᠬᠠᠢ ᠶᠢᠨ ᠣᠷᠣᠨ ᠠᠴᠠ ᠰᠢᠯᠵᠢᠬᠦᠯᠤᠨ ᠨᠡᠭᠦᠯᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠡᠶ᠎ᠡ ᠵᠣᠬᠢᠴᠠᠯ ᠲᠠᠢ ᠪᠠᠷ ᠰᠢᠯᠵᠢᠬᠦᠯᠤᠨ ᠨᠡᠭᠦᠯᠭᠡᠬᠦ ᠶᠢ ᠪᠡᠶᠡᠯᠡᠭᠦᠯᠦᠨ᠂ ᠰᠢᠯᠵᠢᠬᠦᠯᠤᠨ | ᠨᠡᠭᠦᠯᠭᠡᠭᠰᠡᠨ ᠲᠣᠰᠬᠤᠨ ᠤ ᠠᠷᠠᠳ ᠢ ᠨᠡᠭᠦᠯᠭᠡᠵᠤ ᠳᠡᠶᠢᠯᠬᠦ᠂ ᠳᠤᠬᠳᠠᠪᠤᠷᠢᠵᠢᠭᠤᠯᠵᠤ ᠳᠡᠶᠢᠯᠬᠦ᠂ ᠪᠠᠶᠠᠵᠢᠵᠤ ᠳᠡᠶᠢᠯᠬᠦ ᠶᠢ ᠦᠨᠡᠨ ᠬᠦ ᠪᠠᠲᠤᠯᠠᠨ᠎ᠠ᠃ ︵ | ᠲᠦᠷᠦᠭᠦᠯᠡᠨ ᠬᠢᠬᠦ ᠨᠢᠭᠡᠴᠢ᠄ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠠᠭᠤᠷᠬᠠᠢ ᠶᠢᠨ ᠣᠷᠣᠨ ᠤ | ᠠᠵᠢᠯ ᠦᠢᠯᠡᠰ ᠤᠨ ᠬᠥᠭᠵᠢᠯᠲᠡ ᠶᠢᠨ ᠲᠥᠪ︔ ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ︶ | 2. ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠠᠭᠤᠷᠬᠠᠢ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠡᠭᠦᠷᠭᠡᠯᠡᠪᠡᠰᠦ | ᠵᠣᠬᠢᠬᠤ ᠨᠡᠶᠢᠭᠡᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠭᠡᠪ ᠤᠨ ᠮᠦᠷᠳᠡᠭᠡᠨ ᠬᠠᠤᠯᠢ ᠶᠤᠰᠤ ᠪᠠᠷ ᠨᠡᠭᠡᠭᠡᠨ | ᠬᠥᠭᠵᠢᠭᠦᠯᠬᠦ ᠠᠵᠢᠯᠯᠠᠭ᠎ᠠ ᠶᠢ ᠬᠠᠮᠠᠭᠠᠯᠠᠨ᠂ ᠠᠭᠤᠷᠬᠠᠢ ᠶᠢᠨ ᠠᠵᠤ ᠠᠬᠤᠶᠢᠯᠠᠯ ᠬᠢᠭᠡᠳ ᠲᠤᠬᠠᠢ ᠶᠢᠨ ᠭᠠᠵᠠᠷ ᠤᠨᠤᠯᠠᠨ ᠲᠦᠮᠡᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ | ᠠᠭᠤᠷᠬᠠᠢ ᠶᠢᠨ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ︔ ᠬᠠᠮᠵᠢᠯᠴᠠᠨ ᠬᠢᠬᠦ ᠨᠢᠭᠡᠴᠢ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠠᠷᠢᠭᠤᠴᠠᠵᠤ ᠰᠢᠯᠭᠠᠨ ᠬᠤᠷᠢᠶᠠᠬᠤ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ | ᠡᠯ᠎ᠡ ᠰᠠᠯᠠᠭ᠎ᠠ ᠮᠥᠴᠢᠷ ᠨᠢ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠢᠯ ᠤᠨ ᠡᠴᠦᠰ ᠤᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠤᠷᠢᠶᠠᠬᠤ ᠳᠤᠬᠳᠠᠯᠴᠠᠭ᠎ᠠ ᠳᠤ ᠣᠷᠣᠭᠤᠯᠵᠤ᠂ ᠵᠢᠯ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠵᠢᠴᠢ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠭᠤᠣᠯ ᠬᠠᠷᠠᠯᠲᠠ ᠶᠢᠨ ᠭᠦᠢᠴᠡᠳᠬᠡᠯ ᠲᠤᠭ᠎ᠠ᠂ ᠭᠤᠣᠯᠳᠠᠯᠭ᠎ᠠ | ᠲᠠᠢ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠵᠤ᠂ | ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠢᠴᠢ ᠠᠭᠤᠷᠬᠠᠢ ᠶᠢᠨ ᠭᠸᠤᠯᠤᠬᠢ ᠶᠢᠨ ᠣᠷᠴᠢᠨ ᠲᠣᠭᠤᠷᠢᠨ ᠤ ᠵᠠᠰᠠᠯᠲᠠ ᠳᠤ ᠡᠬᠦᠷᠭᠡ | ᠬᠠᠷᠢᠭᠤᠴᠠᠯᠭ᠎ᠠ ᠪᠠᠨ ᠠᠯᠳᠠᠭᠰᠠᠨ ᠪᠠᠶᠢᠪᠠᠯ᠂ ︽︿ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2016﹈ 7 ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ | ︵ᠬᠤᠶᠠᠷ︶ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃ ᠲᠧᠯᠸᠢᠰ᠂ ᠷᠠᠳᠢᠣ᠋᠂ ᠢᠨᠲ᠋ᠧᠷ ᠰᠦᠯᠵᠢᠶ᠎ᠡ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠤᠨ | ᠡᠬᠢ ᠪᠠᠶᠠᠯᠢᠭ ᠢᠶᠠᠷ ᠳᠠᠮᠵᠢᠭᠤᠯᠤᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠠ ᠠᠬᠢᠯᠲᠠ ᠶᠢᠨ ᠦᠷ᠎ᠡ | ᠪᠦᠲᠦᠮᠵᠢ ᠶᠢ ᠥᠷᠭᠡᠨ ᠢᠶᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠥᠬᠦ ᠨᠡᠶᠢᠭᠡᠮ ᠢᠯᠠᠩᠭᠤᠶ᠎ᠠ | ᠠᠭᠤᠷᠬᠠᠢ ᠶᠢᠨ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠳᠤ ᠦᠵᠡᠯ ᠤᠬᠠᠮᠰᠠᠷ ᠪᠠ ᠣᠷᠤᠯᠴᠠᠬᠤ ᠦᠵᠡᠯ | ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠨᠡᠶᠢᠲᠡ ᠶᠢᠨ ᠬᠢᠨ ᠳᠤ ᠪᠣᠬᠢᠷᠳᠤᠯ ᠦᠭᠡᠢ ᠠᠭᠤᠷᠬᠠᠢ ᠶᠢ ᠣᠶᠢᠯᠠᠭᠠᠭᠤᠯᠵᠤ᠂ ᠪᠣᠬᠢᠷᠳᠤᠯ ᠦᠭᠡᠢ ᠠᠭᠤᠷᠬᠠᠢ ᠶᠢ | ᠲᠠᠨᠢᠭᠤᠯᠤᠨ᠂ ᠪᠣᠬᠢᠷᠳᠤᠯ ᠦᠭᠡᠢ ᠠᠭᠤᠷᠬᠠᠢ ᠶᠢ ᠮᠡᠳᠡᠷᠡᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠤᠶᠢᠯᠠᠭᠠᠬᠳᠠᠬᠤᠨ ᠢ | ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠠᠭᠤᠷᠬᠠᠢ ᠶᠢᠨ ᠠᠵᠤ ᠠᠬᠤᠶᠢᠯᠠᠯ᠂ ᠠᠭᠤᠷᠬᠠᠢ ᠶᠢᠨ ᠣᠷᠣᠨ ᠤ ᠣᠯᠠᠨ ᠲᠦᠮᠡᠨ ᠳᠤ ᠲᠣᠰ ᠠᠵᠢᠯ ᠤᠨ ᠴᠢᠬᠤᠯᠠ | ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠤᠰᠢᠭᠤᠨ ᠤ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠ ᠡᠯ᠎ᠡ ᠰᠤᠮᠤ | ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠠᠭᠤᠷᠬᠠᠢ ᠶᠢᠨ ᠣᠷᠣᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ | ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠬᠦ ᠬᠠᠮᠳᠤᠷᠠᠯ ᠬᠦᠴᠦᠨ ᠢ | ᠪᠣᠶ ᠪᠣᠯᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠢ ᠬᠢᠨᠠᠨ ᠬᠠᠮᠢᠶᠠᠷᠬᠤ ᠪᠠ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ | ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ︵ᠳᠥᠷᠪᠡ︶ ᠬᠢᠨᠠᠨ ᠵᠥᠪᠰᠢᠶᠡᠷᠡᠬᠦ ᠶᠢ ᠴᠢᠩᠭ᠎ᠠ ᠳᠦᠷᠢᠮᠵᠢᠬᠦᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠬᠢᠨᠠᠨ ᠵᠥᠪᠰᠢᠶᠡᠷᠡᠬᠦ ᠪᠠ ᠵᠥᠪᠰᠢᠶᠡᠷᠡᠬᠦ | ᠪᠣᠭᠤᠮᠲᠠ ᠶᠢ ᠴᠢᠩᠭ᠎ᠠ ᠠᠳᠬᠤᠵᠤ᠂ ︽ᠬᠡᠨ ᠬᠢᠨᠠᠨ ᠵᠥᠪᠰᠢᠶᠡᠷᠡᠭᠰᠡᠨ ᠪᠣᠯ ᠬᠡᠨ ᠬᠠᠷᠢᠭᠤᠴᠠᠵᠤ᠂ ᠬᠡᠨ ᠬᠢᠨᠠᠨ ᠬᠠᠮᠢᠶᠠᠷᠴᠤ᠂ ᠬᠡᠨ ᠬᠠᠷᠢᠭᠤᠴᠠᠬᠤ︾ ᠵᠠᠷᠴᠢᠮ ᠢ | ᠪᠠᠷᠢᠮᠲᠠᠯᠠᠨ᠎ᠠ᠃ ᠠᠭᠤᠷᠬᠠᠢ ᠶᠢᠨ ᠠᠵᠤ ᠠᠬᠤᠶᠢᠯᠠᠯ ᠢ ᠬᠢᠨᠠᠨ ᠵᠥᠪᠰᠢᠶᠡᠷᠡᠬᠦ ᠶᠠᠪᠤᠴᠠ ᠳᠤ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠨᠢ ᠲᠥᠷᠥᠯ ᠵᠦᠢᠯ ᠪᠣᠯᠣᠨ ᠡᠯ᠎ᠡ ᠲᠥᠷᠥᠯ ᠤᠨ ᠲᠥᠰᠥᠯ ᠢ ᠴᠢᠩᠭ᠎ᠠ ᠬᠢᠨᠠᠨ ᠪᠠᠶᠢᠴᠠᠭᠠᠵᠤ᠂ ᠬᠤᠯᠪᠤᠬᠳᠠᠯ ᠪᠦᠬᠦᠢ ᠪᠠᠷᠢᠮᠵᠢᠶ᠎ᠠ᠂ ᠠᠷᠭ᠎ᠠ ᠬᠡᠮᠵᠢᠶ᠎ᠡ ᠪᠣᠯᠣᠨ | ᠬᠠᠷᠠᠯᠲᠠ ᠶᠣᠰᠣᠭᠠᠷ᠂ ᠲᠥᠰᠥᠯ ᠤᠨ ᠦᠨᠡᠨᠬᠦ ᠭᠡᠷᠡᠭᠵᠢᠬᠦᠯᠦᠰᠢᠳᠡᠢ ᠪᠠᠶᠢᠬᠤ ᠶᠢ ᠦᠨᠡᠨᠬᠦ ᠪᠠᠲᠤᠯᠠᠨ᠎ᠠ᠃ ᠬᠢᠨᠠᠨ ᠪᠠᠶᠢᠴᠠᠭᠠᠵᠤ ᠪᠠᠲᠤᠯᠠᠭᠰᠠᠨ ᠤ ᠲᠡᠷᠠᠭ᠎ᠠ᠂ | ᠠᠭᠤᠷᠬᠠᠢ ᠶᠢᠨ ᠠᠵᠤ ᠠᠬᠤᠶᠢᠯᠠᠯ ᠨᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠠᠮᠠᠯᠠᠯᠲᠠ ᠬᠢᠵᠦ᠂ ᠠᠭᠤᠷᠬᠠᠢ ᠶᠢᠨ ᠠᠵᠤ ᠠᠬᠤᠶᠢᠯᠠᠯ ᠨᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠭᠡᠷ᠎ᠡ ᠲᠣᠭᠲᠠᠨ᠎ᠠ᠃ ᠬᠢᠨᠠᠨ ᠲᠣᠭᠲᠠᠭᠠᠭᠰᠠᠨ ᠲᠥᠰᠥᠯ ᠶᠣᠰᠣᠭᠠᠷ ᠵᠠᠰᠠᠯᠳᠠ ᠬᠢᠭᠰᠡᠨ ᠦᠭᠡᠢ ᠶᠢ ᠨᠢ ᠴᠢᠩᠭ᠎ᠠ ᠰᠢᠳᠭᠡᠵᠦ᠂ ᠠᠵᠤ | ᠠᠬᠤᠶᠢᠯᠠᠯ ᠤᠨ ᠶᠡᠷᠦᠩᠬᠡᠶᠢᠯᠡᠨ ᠵᠠᠰᠠᠯᠳᠠ ᠬᠢᠬᠦ ᠠᠵᠢᠯ ᠤᠨ ᠲᠥᠰᠥᠯ ᠶᠣᠰᠣᠭᠠᠷ ᠲᠣᠭᠲᠠᠭᠰᠠᠨ ᠬᠤᠭᠤᠴᠠᠭᠠᠨ ᠳᠠᠭᠠᠨ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃ | ᠵᠠᠰᠠᠯᠲᠠ ᠶᠢ ᠪᠣᠳᠠᠲᠠᠶᠢᠵᠢᠭᠤᠯᠤᠭᠰᠠᠨ ᠦᠭᠡᠢ ᠠᠵᠤ ᠠᠬᠤᠶᠢᠯᠠᠯ ᠤᠨ ᠦᠶᠯᠡ ᠠᠵᠢᠯᠯᠠᠭ᠎ᠠ ᠶᠢ ᠨᠡᠶᠢᠭᠡᠮ ᠤᠨ ᠢᠲᠡᠭᠡᠮᠵᠢ ᠶᠢᠨ ᠳᠤᠬᠳᠠᠯᠴᠠᠭ᠎ᠠ ᠳᠤ ᠣᠷᠣᠭᠤᠯᠵᠤ᠂ | ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠯᠦᠭᠡ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢᠨ ᠬᠠᠮᠲᠤ᠂ ᠰᠢᠨ᠎ᠡ | ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠲᠦᠷ ᠵᠣᠭᠰᠣᠭᠠᠨ᠎ᠠ᠃ | ᠵᠠᠬᠦᠠᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2022 ᠤᠨ ᠤ 2 ᠰᠠᠷ᠎ᠠ ᠶᠢᠨ 25 ᠤ ᠡᠳᠤᠷ ᠳᠠᠷᠤᠮᠠᠯᠯᠠᠨ ᠳᠠᠷᠬᠠᠭᠠᠪᠠ | | | |