ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ | ᠨᠢᠭᠡᠴᠢ᠂ ᠡᠯ᠎ᠡ ᠲᠣᠮᠣ ᠠᠵᠤ ᠠᠬᠤᠶᠢᠯᠠᠯ ᠳᠤ᠄ | ︽ᠵᠡᠭᠦᠨᠭᠠᠷ ᠬᠤᠰᠢᠭᠤᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠢ ᠬᠥᠭᠵᠢᠯᠳᠡ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ︵ | 2021 ︱ 2025 ᠣᠨ︶︾ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ | ᠤᠨ ᠬᠤᠷᠠᠯ ᠢᠶᠠᠷ ᠶᠠᠷᠢᠯᠴᠠᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠰᠠᠶᠢᠲᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 3 ᠰᠠᠷ᠎ᠠ ᠶᠢᠨ 3 ᠤ ᠡᠳᠤᠷ | | ᠵᠡᠭᠦᠨᠭᠠᠷ ᠬᠤᠰᠢᠭᠤᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ | ᠰᠠᠶᠢᠲᠠᠢ ᠬᠥᠭᠵᠢᠯᠳᠡ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ | ︵2021—2025 ᠣᠨ︶ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠮᠡᠳᠡᠯᠭᠡ ᠶᠢᠨ ᠥᠮᠴᠢᠯᠡᠯ ᠤᠨ ᠡᠷᠬᠡ ᠶᠢᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶︾ ︵ᠲᠥᠪ ᠲᠠᠷᠬᠠᠭᠠᠭᠰᠠᠨ ﹇2021﹈ 32 ᠲᠣᠭᠠᠲᠤ︶ ᠶᠢᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠬᠤᠰᠢᠭᠤ ᠪᠠᠨ ᠬᠦᠴᠦᠷᠬᠡᠭᠵᠢᠭᠦᠯᠬᠦ | ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨᠭᠠᠷ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠣᠳᠣᠬᠢᠴᠢᠯᠠᠭᠰᠠᠨ ᠵᠡᠭᠦᠨᠭᠠᠷ ᠤᠨ ᠪᠦᠳᠤᠭᠡᠨ ᠪᠠᠶᠢᠭᠤᠯᠤᠯᠲᠠ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠶᠢᠨ ᠳᠤᠰᠠᠳᠠ᠂ ᠲᠣᠰ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠶᠡᠷᠦᠩᠬᠡᠢ ᠱᠦᠵᠢ ᠰᠢ ᠶᠢᠨ ᠫᠢᠩ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ | ᠦᠨᠳᠦᠰᠦᠨ ᠵᠢᠷᠤᠮᠯᠠᠯ ᠪᠣᠯᠭᠠᠵᠤ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ︽ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠦᠳᠤᠯᠤᠮᠵᠢ︾ ᠶᠢ ᠬᠦᠨᠵᠡᠭᠡᠢ ᠭᠡᠷᠡᠭᠵᠢᠬᠦᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ | ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠪᠦᠬᠦ ᠬᠡᠯᠬᠢᠶ᠎ᠡ ᠶᠢᠨ ᠠᠵᠢᠯ ᠤᠨ ᠳᠤᠭᠤᠷᠢᠨ ᠳᠤ᠂ ᠮᠡᠳᠡᠯᠭᠡ ᠶᠢᠨ ᠦᠮᠴᠢᠯᠡᠯ ᠤᠨ | ᠡᠷᠬᠡ ᠶᠢᠨ ᠬᠠᠮᠠᠭᠠᠯᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯ ᠪᠣᠯᠬᠤ ᠲᠤᠰᠬᠠᠢ ᠠᠰᠢᠭ᠂ ᠨᠠᠷᠠᠲᠤ ᠲᠥᠷᠥᠯ ᠲᠡᠮᠳᠡᠭᠲᠦ᠂ ᠰᠣᠳᠣᠨ | ᠬᠡᠪᠯᠡᠯ ᠤᠨ ᠡᠷᠬᠡ᠂ ᠴᠢᠨᠠᠷ ᠰᠠᠶᠢᠲᠠᠢ ᠭᠠᠵᠠᠷ ᠵᠦᠢ ᠶᠢᠨ ᠲᠡᠮᠳᠡᠭ᠂ ᠨᠠᠷᠠᠲᠤ ᠲᠠᠸᠠᠷ ᠤᠨ ᠲᠡᠮᠳᠡᠭ ᠵᠡᠷᠭᠡ ᠶᠢ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠮᠡᠭᠳᠡᠭᠦᠯᠬᠦ᠂ ᠠᠵᠤ ᠦᠢᠯᠡᠰ ᠪᠠ ᠭᠠᠵᠠᠷ ᠣᠷᠣᠨ ᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠳᠬᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ | ᠪᠠᠶᠠᠯᠢᠭ ᠤᠨ ᠬᠦᠴᠤᠨ ᠵᠤᠶᠢᠯ ᠪᠣᠯᠭᠠᠬᠤ ᠪᠠᠷ ᠴᠢᠷᠮᠠᠶᠢᠨ᠎ᠠ᠃ ᠴᠢᠬᠤᠯᠠ ᠶᠡᠭᠡ ᠲᠥᠷᠥᠯ ᠵᠦᠢᠯ ᠳᠤ ᠦᠢᠯᠡᠴᠢᠯᠡᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ | ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ | ᠯᠠᠪᠳᠠᠭᠤᠨ ᠪᠠᠳᠤᠳᠠᠢ ᠭᠡᠷᠡᠭᠵᠢᠬᠦᠯᠦᠭᠳᠡᠬᠦ ᠶᠢ ᠠᠬᠢᠭᠤᠯᠤᠨ᠎ᠠ᠃ | ᠬᠤᠶᠠᠷ᠂ ᠭᠤᠣᠯ ᠬᠠᠷᠠᠯᠲᠠ | 2025 ᠣᠨ ᠪᠣᠯᠬᠤ ᠳᠤ᠂ ᠥᠨᠳᠥᠷ ᠥᠷᠲᠡᠭᠲᠦ ᠲᠤᠰᠬᠠᠢ ᠠᠰᠢᠭ᠂ ᠥᠨᠳᠥᠷ ᠠᠯᠳᠠᠷᠰᠢᠯᠳᠤ ᠲᠠᠸᠠᠷ ᠤᠨ ᠲᠡᠮᠳᠡᠭ᠂ ᠥᠨᠳᠥᠷ ᠦᠷ᠎ᠡ ᠠᠰᠢᠭ ᠲᠠᠢ | ᠡᠵᠡᠩᠨᠡᠯᠲᠡ᠂ ᠥᠨᠳᠥᠷ ᠳᠠᠭᠠᠯᠳᠠ ᠥᠷᠲᠡᠭᠲᠦ ᠦᠢᠯᠡᠳᠬᠦᠨ᠂ ᠬᠠᠮᠤᠭ ᠤᠨ ᠴᠢᠩᠭ᠎ᠠ ᠬᠠᠮᠠᠭᠠᠯᠠᠯᠲᠠ ᠲᠠᠢ᠂ ᠬᠠᠮᠤᠭ ᠤᠨ ᠰᠢᠯᠢᠳᠡᠭ ᠦᠢᠯᠡᠴᠢᠯᠡᠭᠡ ᠲᠠᠢ | ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠬᠡᠯᠬᠢᠶ᠎ᠡ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠪᠥᠬᠦ ᠬᠤᠰᠢᠭᠤᠨ ᠤ ᠰᠢᠨ᠎ᠡ ᠬᠥᠭᠵᠢᠯᠲᠡ ᠶᠢᠨ | ᠤᠶᠢᠯᠠᠭᠠᠬᠳᠠᠬᠤᠨ ᠢ ᠳᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠨ᠎ᠠ᠃ | ᠲᠠᠪᠤᠨ ᠵᠢᠯ ᠤᠨ ᠪᠣᠳᠠᠲᠠᠢ ᠬᠠᠷᠠᠯᠲᠠ᠄ | 2021 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠲᠤᠰᠬᠠᠢ ᠠᠰᠢᠭ ᠤᠨ ᠡᠷᠬᠡ 2486 ᠬᠤᠪᠢ ᠪᠣᠯᠪᠠ︔ ᠲᠦᠮᠡᠨ ᠬᠥᠮᠥᠨ ᠪᠤᠯᠭᠠᠨ ᠳᠤ | ᠨᠤᠬᠳᠠᠬᠤ ᠲᠤᠰᠬᠠᠢ ᠠᠰᠢᠭ 73 ᠬᠤᠪᠢ᠂ ᠲᠦᠮᠡᠨ ᠬᠥᠮᠥᠨ ᠪᠤᠯᠭᠠᠨ ᠳᠤ ᠨᠤᠬᠳᠠᠬᠤ ᠡᠭᠦᠳᠦᠯᠲᠡ ᠶᠢᠨ ᠲᠤᠰᠬᠠᠢ ᠠᠰᠢᠭ 4.1 ᠬᠤᠪᠢ ᠪᠤᠯᠪᠠ︔ ᠥᠨᠳᠥᠷ | ᠥᠷᠲᠡᠭᠲᠦ ᠡᠭᠦᠳᠦᠯᠲᠡ ᠶᠢᠨ ᠲᠤᠰᠬᠠᠢ ᠠᠰᠢᠭ 10 ᠬᠤᠪᠢ ᠪᠤᠯᠵᠠᠢ︔ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ 2536 ᠬᠤᠪᠢ ᠪᠠᠶᠢᠵᠤ᠂ | ᠡᠭᠦᠨ ᠳᠤ ︽ᠵᠡᠭᠦᠨᠭᠠᠷ ᠤᠨ ᠰᠡᠷᠭᠡ︾᠂ ︽ᠵᠡᠭᠦᠨᠭᠠᠷ ᠤᠨ ᠠᠮᠤ︾ ᠨᠢ ᠭᠠᠵᠠᠷ ᠵᠦᠢ ᠶᠢᠨ ᠪᠡᠯᠭᠡ ᠳᠡᠮᠳᠡᠭᠳᠤ ᠭᠡᠷᠡᠴᠢᠯᠡᠯᠳᠡ ᠶᠢᠨ ᠲᠠᠸᠠᠷ ᠤᠨ ᠲᠡᠮᠳᠡᠭ ᠪᠣᠯᠣᠨ᠎ᠠ᠃ | | 2022 ᠣᠨ ᠤ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠲᠤᠰᠬᠠᠢ ᠠᠰᠢᠭ ᠤᠨ ᠡᠷᠬᠡ ᠶᠢ 3000 ᠬᠤᠪᠢ ᠳᠤ ᠬᠦᠷᠭᠡᠨ᠎ᠠ︔ ᠲᠦᠮᠡᠨ ᠬᠥᠮᠥᠨ | ᠪᠤᠯᠭᠠᠨ ᠳᠤ ᠨᠤᠬᠳᠠᠬᠤ ᠲᠤᠰᠬᠠᠢ ᠠᠰᠢᠭ ᠢ 81 ᠬᠤᠪᠢ᠂ ᠲᠦᠮᠡᠨ ᠬᠥᠮᠥᠨ ᠪᠤᠯᠭᠠᠨ ᠳᠤ ᠨᠤᠬᠳᠠᠬᠤ ᠡᠭᠦᠳᠦᠯᠲᠡ ᠶᠢᠨ ᠲᠤᠰᠬᠠᠢ ᠠᠰᠢᠭ ᠢ 4.2 ᠬᠤᠪᠢ᠂ | ᠥᠨᠳᠥᠷ ᠦᠷᠳᠡᠭᠳᠤ ᠡᠭᠦᠳᠦᠯᠲᠡ ᠶᠢᠨ ᠲᠤᠰᠬᠠᠢ ᠠᠰᠢᠭ ᠢ 15 ᠬᠤᠪᠢ ᠳᠤ ᠬᠦᠷᠭᠡᠨ᠎ᠠ︔ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ | ᠠᠬᠤᠶᠢᠯᠠᠯ ᠢ 2 ᠲᠤ ᠬᠦᠷᠭᠡᠨ᠎ᠠ︔ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 2700 ᠬᠤᠪᠢ ᠳᠤ ᠬᠦᠷᠭᠡᠵᠤ᠂ ︽ᠵᠡᠭᠦᠨᠭᠠᠷ ᠤᠨ | ᠰᠡᠷᠭᠡ︾ ︽ᠵᠡᠭᠦᠨᠭᠠᠷ ᠤᠨ ᠠᠮᠤ︾ ᠶᠢ ᠭᠠᠵᠠᠷ ᠵᠦᠢ ᠶᠢᠨ ᠪᠡᠯᠭᠡ ᠳᠡᠮᠳᠡᠭᠳᠤ ᠬᠠᠮᠠᠭᠠᠯᠠᠯᠲᠠ ᠶᠢᠨ ᠪᠦᠳᠦᠭᠡᠭᠳᠡᠬᠦᠨ ᠪᠣᠯᠭᠠᠬᠤ ᠪᠠᠷ ᠮᠡᠳᠡᠭᠦᠯᠤᠨ᠎ᠠ᠃ | 2023 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠲᠤᠰᠬᠠᠢ ᠠᠰᠢᠭ ᠤᠨ ᠡᠷᠬᠡ ᠶᠢ 3500 ᠬᠤᠪᠢ ᠳᠤ ᠬᠦᠷᠭᠡᠨ᠎ᠠ︔ ᠲᠦᠮᠡᠨ ᠬᠥᠮᠥᠨ | ᠪᠤᠯᠭᠠᠨ ᠳᠤ ᠨᠤᠬᠳᠠᠬᠤ ᠲᠤᠰᠬᠠᠢ ᠠᠰᠢᠭ ᠢ 95 ᠬᠤᠪᠢ᠂ ᠲᠦᠮᠡᠨ ᠬᠥᠮᠥᠨ ᠪᠤᠯᠭᠠᠨ ᠳᠤ ᠨᠤᠬᠳᠠᠬᠤ ᠡᠭᠦᠳᠦᠯᠲᠡ ᠶᠢᠨ ᠲᠤᠰᠬᠠᠢ ᠠᠰᠢᠭ ᠢ 4.3 ᠬᠤᠪᠢ᠂ | ᠥᠨᠳᠥᠷ ᠦᠷᠳᠡᠭᠳᠤ ᠡᠭᠦᠳᠦᠯᠲᠡ ᠶᠢᠨ ᠲᠤᠰᠬᠠᠢ ᠠᠰᠢᠭ ᠢ 20 ᠬᠤᠪᠢ ᠳᠤ ᠬᠦᠷᠭᠡᠨ᠎ᠠ︔ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ | ᠠᠬᠤᠶᠢᠯᠠᠯ ᠢ ᠰᠢᠨ᠎ᠡ ᠪᠠᠷ 1 ᠨᠡᠮᠡᠭᠳᠡᠬᠦᠯᠵᠤ᠂ ᠨᠡᠶᠢᠲᠡ 3 ᠪᠤᠯᠭᠠᠨ᠎ᠠ︔ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 2870 ᠬᠤᠪᠢ ᠳᠤ | ᠬᠦᠷᠭᠡᠨ᠎ᠠ︔ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠢᠷᠢ ᠭᠡᠮ ᠢᠶᠠᠨ ᠪᠠᠷᠢᠴᠠᠭᠠᠯᠠᠵᠤ ᠪᠡᠯᠡ ᠴᠤᠬᠯᠠᠭᠤᠯᠤᠨ ᠠᠰᠢᠭ ᠬᠦᠷᠳᠡᠭᠡᠬᠦ ᠠᠵᠤ ᠠᠬᠤᠶᠢᠯᠠᠯ ᠢ 1 ᠳᠤ | ᠬᠦᠷᠭᠡᠨ᠎ᠠ᠃ | 2024 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠲᠤᠰᠬᠠᠢ ᠠᠰᠢᠭ ᠤᠨ ᠡᠷᠬᠡ ᠶᠢ 4000 ᠬᠤᠪᠢ ᠳᠤ ᠬᠦᠷᠭᠡᠨ᠎ᠠ︔ ᠲᠦᠮᠡᠨ ᠬᠥᠮᠥᠨ ᠪᠤᠯᠭᠠᠨ | ᠳᠤ ᠨᠤᠬᠳᠠᠬᠤ ᠲᠤᠰᠬᠠᠢ ᠠᠰᠢᠭ ᠢ 108 ᠬᠤᠪᠢ᠂ ᠲᠦᠮᠡᠨ ᠬᠥᠮᠥᠨ ᠪᠤᠯᠭᠠᠨ ᠳᠤ ᠨᠤᠬᠳᠠᠬᠤ ᠡᠭᠦᠳᠦᠯᠲᠡ ᠶᠢᠨ ᠲᠤᠰᠬᠠᠢ ᠠᠰᠢᠭ ᠢ 4.4 ᠬᠤᠪᠢ᠂ ᠥᠨᠳᠥᠷ | ᠦᠷᠳᠡᠭᠳᠤ ᠡᠭᠦᠳᠦᠯᠲᠡ ᠶᠢᠨ ᠲᠤᠰᠬᠠᠢ ᠠᠰᠢᠭ ᠢ 25 ᠬᠤᠪᠢ ᠳᠤ ᠬᠦᠷᠭᠡᠨ᠎ᠠ︔ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 3100 ᠬᠤᠪᠢ | ᠳᠤ ᠬᠦᠷᠭᠡᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠢᠷᠢ ᠭᠡᠮ ᠢᠶᠠᠨ ᠪᠠᠷᠢᠴᠠᠭᠠᠯᠠᠵᠤ ᠪᠡᠯᠡ ᠴᠤᠬᠯᠠᠭᠤᠯᠤᠨ ᠠᠰᠢᠭ ᠬᠦᠷᠲᠡᠭᠡᠬᠦ ᠠᠵᠤ ᠠᠬᠤᠶᠢᠯᠠᠯ ᠢ 3 | ᠳᠤ ᠬᠦᠷᠭᠡᠨ᠎ᠠ᠃ | 2025 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠲᠤᠰᠬᠠᠢ ᠠᠰᠢᠭ ᠤᠨ ᠡᠷᠬᠡ ᠶᠢ 4500 ᠬᠤᠪᠢ ᠳᠤ ᠬᠦᠷᠭᠡᠨ᠎ᠠ︔ ᠲᠦᠮᠡᠨ ᠬᠥᠮᠥᠨ ᠪᠤᠯᠭᠠᠨ | ᠳᠤ ᠨᠤᠬᠳᠠᠬᠤ ᠲᠤᠰᠬᠠᠢ ᠠᠰᠢᠭ ᠢ 122 ᠬᠤᠪᠢ᠂ ᠲᠦᠮᠡᠨ ᠬᠥᠮᠥᠨ ᠪᠤᠯᠭᠠᠨ ᠳᠤ ᠨᠤᠬᠳᠠᠬᠤ ᠡᠭᠦᠳᠦᠯᠲᠡ ᠶᠢᠨ ᠲᠤᠰᠬᠠᠢ ᠠᠰᠢᠭ ᠢ 4.5 ᠬᠤᠪᠢ᠂ ᠥᠨᠳᠥᠷ | ᠦᠷᠳᠡᠭᠳᠤ ᠡᠭᠦᠳᠦᠯᠲᠡ ᠶᠢᠨ ᠲᠤᠰᠬᠠᠢ ᠠᠰᠢᠭ ᠢ 30 ᠬᠤᠪᠢ ᠳᠤ ᠬᠦᠷᠭᠡᠨ᠎ᠠ︔ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢ | ᠰᠢᠨ᠎ᠡ ᠪᠠᠷ 1 ᠨᠡᠮᠡᠭᠳᠡᠬᠦᠯᠵᠤ᠂ ᠨᠡᠶᠢᠲᠡ 4 ᠪᠤᠯᠭᠠᠨ᠎ᠠ︔ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 3600 ᠬᠤᠪᠢ ᠳᠤ ᠬᠦᠷᠭᠡᠨ᠎ᠠ︔ | ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠢᠷᠢ ᠭᠡᠮ ᠢᠶᠠᠨ ᠪᠠᠷᠢᠴᠠᠭᠠᠯᠠᠵᠤ ᠪᠡᠯᠡ ᠴᠤᠬᠯᠠᠭᠤᠯᠤᠨ ᠠᠰᠢᠭ ᠬᠦᠷᠳᠡᠭᠡᠬᠦ ᠠᠵᠤ ᠠᠬᠤᠶᠢᠯᠠᠯ ᠢ 5 ᠳᠤ ᠬᠦᠷᠭᠡᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ | ᠪᠥᠬᠦ ᠬᠤᠰᠢᠭᠤᠨ ᠳᠤ ᠪᠦᠬᠦᠯᠢ ᠴᠣᠭᠴᠠ ᠪᠠᠷ ᠢᠶᠠᠨ ᠵᠣᠬᠢᠴᠠᠭᠤᠯᠤᠨ᠂ ᠳᠡᠭᠡᠷ᠎ᠠ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠤ᠂ ᠠᠳᠠᠯᠢ ᠴᠢᠭᠯᠡᠯ ᠢᠶᠠᠷ | ᠬᠦᠴᠦᠯᠡᠨ᠂ ᠬᠠᠷᠢᠯᠴᠠᠨ ᠨᠥᠬᠦᠪᠦᠷᠢᠯᠡᠭᠰᠡᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠬᠳᠠᠭᠠᠵᠤ᠂ | ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠬᠢ ᠪᠠᠶᠠᠯᠢᠭ ᠢ ᠰᠢᠯᠢᠳᠡᠭᠵᠢᠭᠦᠯᠬᠦ᠂ ᠡᠵᠡᠩᠨᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠶᠢᠯᠠᠯ ᠢ ᠬᠦᠴᠦᠷᠬᠡᠭᠵᠢᠭᠦᠯᠦᠨ | ᠪᠣᠶᠢᠵᠢᠭᠤᠯᠬᠤ᠂ ᠠᠵᠤ ᠦᠢᠯᠡᠰ ᠢ ᠠᠬᠢᠭᠤᠯᠬᠤ᠂ ᠬᠠᠮᠠᠭᠠᠯᠠᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠳᠡᠭᠡᠭᠰᠢᠯᠡᠭᠦᠯᠬᠦ᠂ ᠴᠢᠳᠠᠪᠤᠷᠢᠲᠠᠨ ᠢᠶᠠᠷ | ᠲᠤᠯᠭᠠᠭᠤᠷᠢᠯᠠᠭᠤᠯᠬᠤ ᠪᠠ ᠣᠷᠴᠢᠨ ᠠᠬᠤᠢ ᠶᠢ ᠰᠢᠯᠢᠳᠡᠭᠵᠢᠭᠦᠯᠬᠦ ᠵᠡᠷᠭᠡ ᠨᠠᠢᠮᠠᠨ ᠳᠦᠷᠤᠯ ᠤᠨ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ | ︵ᠨᠢᠭᠡ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠬᠢ ᠪᠠᠶᠠᠯᠢᠭ ᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | 1. ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠠᠶᠢᠷᠢᠰᠢᠭᠤᠯᠤᠯᠳᠠ ᠶᠢ ᠴᠢᠩᠭᠠᠳᠬᠠᠨ᠎ᠠ᠃ ᠤᠯᠤᠰ ᠤᠨ ᠳᠣᠲᠣᠭᠠᠳᠤ ᠶᠢᠨ ᠡᠭᠦᠳᠦᠯᠲᠡ ᠶᠢᠨ ᠲᠤᠰᠬᠠᠢ ᠠᠰᠢᠭ ᠢ | ᠣᠯᠣᠭᠰᠠᠨ ᠪᠠᠶᠢᠪᠠᠯ ᠳᠤᠰᠬᠠᠢ ᠠᠰᠢᠭ ᠨᠢᠭᠡᠪᠦᠷᠢ ᠶᠢ 1 ᠲᠦᠮᠡᠨ ᠲᠥᠭᠦᠷᠢᠭ ᠢᠶᠠᠷ ᠱᠠᠩᠨᠠᠨ᠎ᠠ︔ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠢ 0.5 | ᠲᠦᠮᠡᠨ ᠲᠥᠭᠦᠷᠢᠭ᠂ ᠭᠠᠳᠠᠷ ᠳᠦᠷᠬᠦ ᠶᠢᠨ ᠵᠢᠷᠤᠭ ᠲᠥᠯᠥᠪᠯᠡᠭᠡ ᠶᠢᠨ ᠲᠤᠰᠬᠠᠢ ᠠᠰᠢᠭ ᠢ 0.1 ᠲᠦᠮᠡᠨ ᠲᠥᠭᠦᠷᠢᠭ ᠢᠶᠠᠷ ᠱᠠᠩᠨᠠᠨ᠎ᠠ︔ ᠮᠠᠨ ᠤ ᠤᠯᠤᠰ ᠤᠨ | ᠰᠢᠶᠠᠩᠭᠠᠩ᠂ ᠣᠣᠮᠧᠨ ᠪᠠ ᠲᠠᠶᠢᠸᠠᠨ ᠣᠷᠣᠨ ᠳᠤ ᠳᠡᠪᠰᠢᠭᠦᠯᠦᠭᠰᠡᠨ ᠡᠭᠦᠳᠦᠯᠲᠡ ︵ᠪᠠᠷᠢᠮᠵᠢᠶ᠎ᠠ︶ ᠶᠢᠨ ᠲᠤᠰᠬᠠᠢ ᠠᠰᠢᠭ ᠤᠨ ᠡᠷᠬᠡ ᠣᠯᠣᠭᠰᠠᠨ ︵ᠳᠠᠩᠰᠠᠯᠠᠭᠤᠯᠤᠭᠰᠠᠨ︶ | ᠪᠠᠶᠢᠪᠠᠯ ᠳᠤᠰᠬᠠᠢ ᠠᠰᠢᠭ ᠨᠢᠭᠡᠪᠦᠷᠢ ᠶᠢ 1 ᠲᠦᠮᠡᠨ ᠲᠥᠭᠦᠷᠢᠭ ᠢᠶᠠᠷ ᠱᠠᠩᠨᠠᠨ᠎ᠠ︔ PCT ᠠᠷᠭ᠎ᠠ ᠵᠠᠮ ᠪᠤᠶᠤ ᠫᠠᠷᠢᠰ ᠤᠨ ᠨᠡᠶᠢᠲᠡ ᠶᠢᠨ ᠭᠡᠷ᠎ᠡ ᠶᠢᠨ ᠠᠷᠭ᠎ᠠ | ᠵᠠᠮ ᠢᠶᠠᠷ ᠤᠯᠤᠰ ᠤᠨ ᠭᠠᠳᠠᠭᠠᠳᠤ ᠳᠤ ᠭᠤᠶᠤᠴᠢᠯᠠᠭᠰᠠᠨ ᠪᠥᠭᠡᠳ ᠡᠷᠬᠡ ᠣᠯᠭᠤᠭᠰᠠᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠶᠢ ᠣᠯᠣᠭᠰᠠᠨ ᠪᠠᠶᠢᠪᠠᠯ᠂ | ᠤᠯᠤᠰ ᠪᠤᠯᠭᠠᠨ ᠤ ᠡᠷᠬᠡ ᠣᠯᠭᠤᠭᠰᠠᠨ ᠲᠤᠰᠬᠠᠢ ᠠᠰᠢᠭ ᠤᠨ ᠡᠷᠬᠡ ᠨᠢᠭᠡᠪᠤᠷᠢ ᠶᠢ 2 ᠲᠦᠮᠡᠨ ᠲᠥᠭᠦᠷᠢᠭ ᠢᠶᠠᠷ ᠱᠠᠩᠨᠠᠵᠤ᠂ ᠬᠠᠮᠤᠭ ᠤᠨ ᠠᠷᠪᠢᠨ ᠳᠠᠭᠠᠨ | ᠭᠤᠷᠪᠠᠨ ᠤᠯᠤᠰ ᠤᠨ ᠡᠷᠬᠡ ᠣᠯᠭᠤᠯᠲᠠ ᠪᠠᠷ ᠱᠠᠩᠨᠠᠨ᠎ᠠ᠃ | 2. ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠰᠢᠯᠢᠨ ᠰᠣᠩᠭᠤᠵᠤ᠂ ᠨᠠᠷᠢᠯᠢᠭ ᠣᠨᠣᠴᠠᠲᠠᠢ ᠪᠠᠷ ᠬᠦᠴᠦᠯᠡᠨ᠂ ᠥᠨᠳᠥᠷ ᠥᠷᠲᠡᠭᠲᠦ ᠲᠤᠰᠬᠠᠢ ᠠᠰᠢᠭ ᠢ | ᠪᠣᠶᠢᠵᠢᠭᠤᠯᠬᠤ ᠲᠥᠯᠥᠪᠯᠡᠭᠡ ᠶᠢᠨ ᠳᠦᠷᠤᠯ ᠵᠤᠶᠢᠯ ᠢ ᠬᠡᠷᠡᠭᠵᠢᠭᠦᠯᠦᠨ᠎ᠡ᠃ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠢ ᠠᠵᠢᠯ ᠲᠥᠷᠥᠯ ᠤᠨ ᠲᠥᠷᠥᠯ | ᠬᠡᠯᠪᠡᠷᠢ᠂ ᠬᠥᠭᠵᠢᠯᠲᠡ ᠶᠢᠨ ᠬᠦᠷᠢᠶ᠎ᠠ ᠬᠡᠪᠴᠢᠶ᠎ᠡ ᠵᠡᠷᠭᠡ ᠪᠠᠷ ᠨᠢ ᠨᠠᠷᠢᠨ ᠲᠥᠷᠥᠯ ᠬᠤᠪᠢᠶᠠᠵᠤ᠂ ᠳᠠᠯᠳᠠ ᠬᠦᠴᠦᠨ ᠲᠠᠢ ᠠᠵᠤ ᠠᠬᠤᠶᠢᠯᠠᠯ ᠢ ᠬᠠᠨᠳᠤᠯᠭ᠎ᠠ ᠲᠠᠢ ᠪᠠᠷ | ᠡᠷᠢᠵᠦ ᠪᠠᠶᠢᠭᠠᠳ ᠲᠤᠰᠬᠠᠢ ᠠᠰᠢᠭ ᠤᠨ ᠪᠠᠶᠢᠷᠢᠰᠢᠭᠤᠯᠤᠯᠲᠠ ᠪᠠ ᠬᠡᠷᠡᠭᠯᠡᠯᠲᠡ ᠶᠢᠨ ᠵᠠᠳᠠᠯᠤᠯᠲᠠ ᠬᠢᠵᠦ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ | ᠲᠥᠷᠥᠯ ᠵᠦᠢᠯ ᠢ ᠲᠣᠭᠲᠠᠭᠠᠨ᠎ᠠ᠃ ᠵᠢᠯ ᠪᠦᠷᠢ 1 ᠠᠴᠠ 3 ᠲᠥᠷᠥᠯ ᠵᠦᠢᠯ ᠢ ᠳᠡᠮᠵᠢᠬᠦ ᠠᠴᠠ ᠬᠡᠲᠦᠷᠡᠭᠦᠯᠵᠦ ᠪᠣᠯᠬᠤ ᠦᠭᠡᠢ᠂ ᠲᠥᠷᠥᠯ ᠪᠦᠷᠢ ᠳᠤ 50 ᠲᠦᠮᠡᠨ | ᠲᠥᠭᠦᠷᠢᠭ ᠠᠴᠠ ᠬᠡᠲᠦᠷᠡᠬᠦ ᠦᠭᠡᠢ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ᠰᠢᠨ᠎ᠡ ᠶᠢ ᠡᠭᠦᠳᠬᠦ ᠭᠤᠣᠯ ᠰᠡᠳᠦᠪ ᠢ ᠬᠥᠲᠥᠯᠥᠨ ᠵᠢᠯᠤᠭᠤᠳᠴᠤ ᠪᠠᠶᠢᠭᠠᠳ | ᠴᠢᠨᠠᠷ ᠰᠠᠶᠢᠲᠠᠢ᠂ ᠥᠨᠳᠥᠷ ᠬᠢᠷᠢ ᠲᠦᠪᠰᠢᠨ ᠲᠠᠢ᠂ ᠥᠨᠳᠥᠷ ᠥᠷᠲᠡᠭᠲᠦ ᠲᠤᠰᠬᠠᠢ ᠠᠰᠢᠭ ᠤᠨ ᠡᠭᠦᠳᠦᠨ ᠪᠦᠲᠦᠭᠡᠬᠦ ᠰᠢᠨ᠎ᠡ ᠬᠡᠪ ᠵᠠᠭᠪᠤᠷ᠂ ᠰᠢᠨ᠎ᠡ ᠲᠣᠭᠲᠠᠴᠠ᠂ | ᠰᠢᠨ᠎ᠡ ᠠᠷᠭ᠎ᠠ ᠵᠠᠮ ᠢ ᠰᠦᠪᠡᠭᠴᠢᠯᠡᠨ ᠪᠠᠶᠢᠭᠤᠯᠵᠤ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠲᠥᠪ ᠢ ᠪᠠᠶᠢᠭᠤᠯᠤᠨ᠂ ᠨᠢᠭᠡ ᠪᠦᠯᠦᠭ ᠭᠤᠣᠯᠯᠠᠬᠤ | ᠥᠷᠢᠰᠦᠯᠳᠦᠬᠦ ᠬᠦᠴᠦᠨ ᠲᠠᠢ ᠥᠨᠳᠥᠷ ᠥᠷᠲᠡᠭᠲᠦ ᠲᠤᠰᠬᠠᠢ ᠠᠰᠢᠭ ᠤᠨ ᠬᠠᠮᠳᠤᠷᠠᠯ ᠢ ᠪᠣᠶᠢᠵᠢᠭᠤᠯᠤᠨ᠎ᠠ᠃ | 3.ᠰᠢᠯᠢᠳᠡᠭ ᠮᠡᠳᠡᠯᠭᠡ ᠵᠢᠨᠦᠮᠴᠢᠯᠡᠯ ᠤᠨᠡᠷᠬᠡ ᠶᠢᠨ ᠱᠠᠩᠨᠠᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠲᠤᠰᠬᠠᠢ ᠠᠰᠢᠭ ︵ᠡᠭᠦᠳᠦᠯᠲᠡ᠂ ᠬᠡᠷᠡᠭᠯᠡᠭᠡᠨ ᠤ | ᠰᠢᠨ᠎ᠡ ᠬᠡᠯᠪᠡᠷᠢ ᠶᠢᠨ ᠲᠤᠰᠬᠠᠢ ᠠᠰᠢᠭ︶ ᠤᠨ ᠠᠯᠲᠠᠨ ᠮᠧᠳᠡᠯ᠂ ᠮᠥᠩᠭᠦᠨ ᠮᠧᠳᠡᠯ᠂ ᠰᠢᠯᠢᠳᠡᠭ ᠱᠠᠩᠨᠠᠯ ᠭᠥᠷᠳᠡᠭᠰᠡᠨ ᠲᠤᠰᠬᠠᠢ ᠠᠰᠢᠭ ᠤᠨ ᠡᠷᠬᠡᠲᠦ ᠬᠥᠮᠥᠨ ᠢ | ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠳᠤᠮᠳᠠᠳᠤ ᠤᠯᠤᠰ ᠤᠨ ᠭᠠᠳᠠᠷ | ᠳᠦᠷᠬᠦ ᠶᠢᠨ ᠵᠢᠷᠤᠭ ᠲᠥᠯᠥᠪᠯᠡᠭᠡᠨ ᠤ ᠠᠯᠲᠠᠨ ᠮᠧᠳᠡᠯ᠂ ᠮᠥᠩᠭᠦᠨ ᠮᠧᠳᠡᠯ᠂ ᠰᠢᠯᠢᠳᠡᠭ ᠱᠠᠩᠨᠠᠯ ᠭᠥᠷᠳᠡᠭᠰᠡᠨ ᠲᠤᠰᠬᠠᠢ ᠠᠰᠢᠭ ᠤᠨ ᠡᠷᠬᠡᠲᠦ ᠬᠥᠮᠥᠨ ᠢ ᠲᠣᠰ | ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠥᠪᠡᠷᠲᠡᠭᠡᠨ ᠵᠠᠰᠠᠬᠤ ᠣᠷᠣᠨ ᠤ | ᠲᠤᠰᠬᠠᠢ ᠠᠰᠢᠭ ︵ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ︶ ᠤᠨ ᠠᠯᠲᠠᠨ ᠮᠧᠳᠡᠯ᠂ ᠮᠥᠩᠭᠦᠨ ᠮᠧᠳᠡᠯ᠂ ᠰᠢᠯᠢᠳᠡᠭ ᠱᠠᠩᠨᠠᠯ | ᠭᠥᠷᠳᠡᠭᠰᠡᠨ ᠲᠤᠰᠬᠠᠢ ᠠᠰᠢᠭ ᠤᠨ ᠡᠷᠬᠡᠲᠦ ᠬᠥᠮᠥᠨ ᠢ ᠲᠣᠰ ᠲᠣᠰ 5 ᠲᠦᠮᠡᠨ ᠲᠥᠭᠦᠷᠢᠭ᠂ 4 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠵᠤ | ᠨᠥᠬᠦᠪᠦᠷᠢᠯᠡᠨ᠎ᠡ︔ ᠥᠪᠡᠷᠲᠡᠭᠡᠨ ᠵᠠᠰᠠᠬᠤ ᠣᠷᠣᠨ ᠤ ᠭᠠᠳᠠᠷ ᠳᠦᠷᠬᠦ ᠶᠢᠨ ᠵᠢᠷᠤᠭ ᠲᠥᠯᠥᠪᠯᠡᠭᠡ ᠶᠢᠨ ᠠᠯᠲᠠᠨ ᠮᠧᠳᠡᠯ᠂ ᠮᠥᠩᠭᠦᠨ ᠮᠧᠳᠡᠯ᠂ ᠰᠢᠯᠢᠳᠡᠭ ᠱᠠᠩᠨᠠᠯ | ᠭᠥᠷᠳᠡᠭᠰᠡᠨ ᠲᠤᠰᠬᠠᠢ ᠠᠰᠢᠭ ᠤᠨ ᠡᠷᠬᠡᠲᠦ ᠬᠥᠮᠥᠨ ᠢ ᠲᠣᠰ ᠲᠣᠰ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ ᠢᠶᠠᠷ ᠱᠠᠩᠨᠠᠵᠤ | ᠨᠥᠬᠦᠪᠦᠷᠢᠯᠡᠨ᠎ᠡ᠃ ᠣᠨ ᠤ ᠡᠭᠦᠳᠦᠯᠲᠡ ᠶᠢᠨ ᠲᠤᠰᠬᠠᠢ ᠠᠰᠢᠭ ᠭᠤᠶᠤᠴᠢᠯᠠᠭᠰᠠᠨ ᠬᠡᠮᠵᠢᠶ᠎ᠡ ᠨᠢ 5 ᠬᠤᠪᠢ ᠳᠤ ᠬᠦᠷᠦᠭᠰᠡᠨ ᠮᠥᠷᠲᠡᠭᠡᠨ ᠡᠭᠦᠳᠦᠯᠲᠡ ᠶᠢᠨ ᠲᠤᠰᠬᠠᠢ | ᠠᠰᠢᠭ ᠤᠨ ᠡᠷᠬᠡ ᠣᠯᠭᠤᠭᠰᠠᠨ ᠬᠡᠮᠵᠢᠶ᠎ᠡ ᠨᠢ 3 ᠬᠤᠪᠢ ᠠᠴᠠ ᠳᠡᠭᠡᠭᠰᠢ ᠲᠤᠰᠬᠠᠢ ᠠᠰᠢᠭ ᠤᠨ ᠡᠷᠬᠡᠲᠦ ᠬᠥᠮᠥᠨ ᠳᠤ 5 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠣᠯᠭᠤᠵᠤ᠂ ᠣᠨ ᠤ ᠡᠭᠦᠳᠦᠯᠲᠡ ᠶᠢᠨ ᠲᠤᠰᠬᠠᠢ ᠠᠰᠢᠭ ᠭᠤᠶᠤᠴᠢᠯᠠᠭᠰᠠᠨ ᠬᠡᠮᠵᠢᠶ᠎ᠡ ᠨᠢ 10 ᠬᠤᠪᠢ ᠳᠤ ᠬᠦᠷᠦᠭᠰᠡᠨ ᠮᠥᠷᠲᠡᠭᠡᠨ ᠡᠭᠦᠳᠦᠯᠲᠡ ᠶᠢᠨ | ᠲᠤᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ ᠨᠢ 6 ᠬᠤᠪᠢ ᠠᠴᠠ ᠳᠡᠭᠡᠭᠰᠢ ᠲᠤᠰᠬᠠᠢ ᠠᠰᠢᠭ ᠤᠨ ᠡᠷᠬᠡᠲᠦ ᠬᠥᠮᠥᠨ ᠳᠤ 10 ᠲᠦᠮᠡᠨ ᠲᠥᠭᠦᠷᠢᠭ ᠤᠨ | ᠱᠠᠩᠨᠠᠯ ᠨᠥᠬᠦᠪᠦᠷᠢ ᠣᠯᠭᠤᠨ᠎ᠠ᠃ | 4. ᠲᠠᠸᠠᠷ ᠤᠨ ᠲᠡᠮᠳᠡᠭ ᠤᠨ ᠡᠭᠦᠳᠦᠯᠲᠡ ᠶᠢ ᠵᠣᠭᠤᠰ ᠢᠶᠠᠷ ᠲᠤᠰᠠᠯᠠᠵᠤ ᠱᠠᠩᠨᠠᠬᠤ ᠪᠠᠷᠢᠮᠵᠢᠶ᠎ᠠ᠃ ︽ᠳᠤᠮᠳᠠᠳᠤ ᠤᠯᠤᠰ ᠤᠨ ᠲᠠᠸᠠᠷ ᠤᠨ ᠲᠡᠮᠳᠡᠭ ᠤᠨ ᠠᠯᠲᠠᠨ | ᠮᠧᠳᠡᠯ︾ ᠢ ᠰᠢᠨ᠎ᠡ ᠪᠠᠷ ᠣᠯᠣᠭᠰᠠᠨ ᠪᠠᠶᠢᠪᠠᠯ᠂ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ | ᠳᠤᠮᠳᠠᠳᠤ ᠤᠯᠤᠰ ᠤᠨ ᠨᠠᠷᠠᠲᠤ ᠲᠠᠸᠠᠷ ᠤᠨ ᠲᠡᠮᠳᠡᠭ ᠤᠨ ᠬᠠᠮᠠᠭᠠᠯᠠᠯᠲᠠ ᠶᠢᠨ ᠦᠨᠡᠮᠯᠡᠯ ᠢ ᠰᠢᠨ᠎ᠡ ᠪᠠᠷ ᠣᠯᠣᠭᠰᠠᠨ ᠪᠠᠶᠢᠪᠠᠯ᠂ ᠨᠢᠭᠡ ᠤᠳᠠᠭ᠎ᠠ ᠳᠤ 50 ᠲᠦᠮᠡᠨ | ᠲᠥᠭᠦᠷᠢᠭ ᠢᠶᠠᠷ ᠱᠠᠩᠨᠠᠨ᠎ᠠ︔ ᠭᠠᠵᠠᠷ ᠵᠦᠢ ᠶᠢᠨ ᠪᠡᠯᠭᠡ ᠲᠡᠮᠳᠡᠭᠳᠤ ᠭᠡᠷᠡᠴᠢᠯᠡᠯᠳᠡ ᠶᠢ ᠰᠢᠨ᠎ᠡ ᠪᠠᠷ ᠣᠯᠣᠭᠰᠠᠨ ᠲᠠᠸᠠᠷ ᠤᠨ ᠲᠡᠮᠳᠡᠭ ᠢ ᠳᠠᠩᠰᠠᠯᠠᠭᠤᠯᠤᠭᠰᠠᠨ | ᠡᠷᠬᠡᠲᠦ ᠬᠥᠮᠥᠨ ᠢ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠢᠶᠠᠷ ᠱᠠᠩᠨᠠᠨ᠎ᠠ᠂ ᠠᠳᠠᠯᠢ ᠨᠢᠭᠡᠨ ᠪᠦᠳᠤᠭᠡᠭᠳᠡᠬᠦᠨ ᠢ ᠤᠯᠠᠨ ᠳᠦᠷᠦᠯ ᠳᠤ | ᠳᠠᠩᠰᠠᠯᠠᠭᠤᠯᠤᠭᠰᠠᠨ ᠪᠠᠶᠢᠪᠠᠯ᠂ ᠨᠢᠭᠡ ᠯᠡ ᠳᠦᠷᠦᠯ ᠵᠦᠢᠯ ᠢᠶᠠᠷ ᠱᠠᠩᠨᠠᠨ᠎ᠠ︔ ᠬᠢᠯᠢ ᠶᠢᠨ ᠭᠠᠳᠠᠨᠠᠬᠢ ᠲᠠᠸᠠᠷ ᠤᠨ ᠲᠡᠮᠳᠡᠭ ᠤᠨ ᠳᠠᠩᠰᠠᠯᠠᠭᠤᠯᠤᠯᠲᠠ ᠶᠢ ᠰᠢᠨ᠎ᠡ ᠪᠠᠷ | ᠣᠯᠣᠭᠰᠠᠨ ᠪᠠᠶᠢᠪᠠᠯ᠂ ᠳᠠᠸᠠᠷ ᠤᠨ ᠳᠡᠮᠳᠡᠭ ᠪᠦᠷᠢ ᠶᠢᠨ ᠲᠤᠰᠠᠯᠠᠮᠵᠢ ᠶᠢᠨ ᠵᠣᠭᠤᠰ ᠢ ᠲᠡᠭᠦᠨ ᠤ ᠲᠠᠸᠠᠷ ᠤᠨ ᠲᠡᠮᠳᠡᠭ ᠤᠨ ᠡᠷᠬᠡ ᠶᠢ ᠣᠯᠬᠤ ᠳᠤ ᠲᠤᠰᠢᠶᠠᠭᠰᠠᠨ | ᠠᠯᠪᠠᠨ ᠤ ᠲᠠᠯ᠎ᠠ ᠶᠢᠨ ᠲᠣᠭᠲᠠᠭᠠᠭᠰᠠᠨ ᠵᠠᠷᠤᠳᠠᠯ ᠤᠨ 50% ᠠᠴᠠ ᠬᠡᠲᠦᠷᠡᠭᠦᠯᠵᠦ ᠪᠣᠯᠬᠤ ᠦᠭᠡᠢ᠃ | 5. ᠬᠡᠪᠯᠡᠯ ᠤᠨ ᠡᠷᠬᠡ ᠶᠢ ᠬᠢᠨᠠᠨ ᠲᠣᠭᠲᠠᠭᠠᠵᠤ ᠱᠠᠩᠨᠠᠨ᠎ᠠ᠃ ᠰᠢᠯᠢᠳᠡᠭ ᠬᠡᠪᠯᠡᠯ ᠤᠨ ᠡᠷᠬᠡ ᠶᠢᠨ ᠪᠦᠲᠦᠭᠡᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ | ᠠᠵᠢᠯ ᠢ ᠤᠳᠬ᠎ᠠ ᠵᠣᠬᠢᠶᠠᠯ᠂ ᠺᠢᠨᠣ᠋ ᠲᠧᠯᠸᠢᠰ᠂ ᠬᠡᠷᠡᠯ ᠵᠢᠷᠤᠭ ᠪᠠ ᠤᠷᠠᠨ ᠵᠢᠷᠤᠭ ︵ᠪᠠᠷᠢᠯᠭ᠎ᠠ ᠪᠠᠭᠲᠠᠨ᠎ᠠ︶᠂ ᠳᠠᠭᠤᠤ ᠬᠥᠭᠵᠢᠮ ︵ᠰᠢ ᠵᠦᠴᠦᠭᠡ᠂ ᠳᠠᠭᠤᠷᠢᠯᠢᠭ | ᠂ ᠪᠥᠵᠢᠭ᠂ ᠼᠢᠷᠺ ᠤᠨ ᠤᠷᠠᠯᠢᠭ ᠪᠠᠭᠲᠠᠨ᠎ᠠ︶᠂ ᠵᠥᠭᠡᠯᠡᠨ ᠲᠣᠨᠤᠭ ᠵᠡᠷᠭᠡ ᠲᠠᠪᠤᠨ ᠲᠥᠷᠥᠯ ᠳᠤ ᠬᠤᠪᠢᠶᠠᠨ᠎ᠠ᠃ | ᠮᠡᠳᠡᠭᠦᠯᠬᠦ ᠨᠢᠭᠡᠴᠢ ᠶᠢᠨ ᠳᠠᠩᠰᠠᠯᠠᠭᠤᠯᠤᠭᠰᠠᠨ ᠭᠠᠵᠠᠷ ᠂ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠨ ᠬᠠᠮᠢᠶᠠᠷᠬᠤ ᠬᠠᠷᠢᠴᠠᠭ᠎ᠠ ᠨᠢ ᠡᠷᠬᠡᠪᠰᠢ ᠵᠡᠭᠦᠨᠭᠠᠷ | ᠬᠤᠰᠢᠭᠤᠨ ᠳᠤ ᠪᠠᠶᠢᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠳᠦᠷᠢᠮ ᠲᠠᠢ᠂ | ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠪᠠᠶᠢᠵᠤ᠂ ᠡᠳ᠋ ᠬᠥᠷᠥᠩᠭᠡ ᠵᠢᠴᠢ ᠡᠵᠡᠩᠨᠡᠯᠲᠡ ᠶᠢᠨ ᠪᠠᠶᠢᠳᠠᠯ ᠨᠢ ᠰᠠᠶᠢᠨ | ᠂ ᠨᠡᠯᠢᠶᠡᠳ ᠰᠠᠶᠢᠨ ᠢᠲᠡᠭᠡᠮᠵᠢ ᠶᠢᠨ ᠲᠡᠮᠳᠡᠭᠯᠡᠯ ᠲᠠᠢ ᠪᠥᠭᠡᠳ ᠪᠦᠲᠦᠭᠡᠯ ᠢᠶᠠᠨ ᠮᠡᠳᠡᠭᠦᠯᠦᠭᠰᠡᠨ ᠵᠣᠬᠢᠶᠠᠯ ᠪᠦᠲᠦᠭᠡᠯ ᠤᠨ ᠡᠷᠬᠡᠲᠦ ᠬᠥᠮᠥᠨ ᠪᠠᠶᠢᠬᠤ ᠬᠡᠷᠡᠭᠲᠡᠢ᠃ | ᠮᠡᠳᠡᠭᠦᠯᠦᠭᠰᠡᠨ ᠪᠦᠲᠦᠭᠡᠯ ᠳᠤ ᠬᠡᠷᠪᠡ ᠤᠯᠡᠠ ᠵᠣᠬᠢᠶᠠᠯ ᠪᠦᠲᠦᠭᠡᠯ ᠤᠨ ᠡᠷᠬᠡᠲᠦ ᠬᠥᠮᠥᠨ ᠪᠠᠶᠢᠪᠠᠯ᠂ ᠵᠣᠬᠢᠶᠠᠯ ᠪᠦᠲᠦᠭᠡᠯ ᠤᠨ ᠨᠢᠭᠡᠳᠦᠭᠡᠷ ᠡᠷᠬᠡᠲᠦ ᠬᠥᠮᠥᠨ ᠨᠢ | ᠪᠤᠰᠤᠳ ᠵᠣᠬᠢᠶᠠᠯ ᠪᠦᠲᠦᠭᠡᠯ ᠤᠨ ᠡᠷᠬᠡᠲᠦ ᠬᠥᠮᠥᠨ ᠤ ᠵᠥᠪᠰᠢᠶᠡᠷᠡᠯ ᠢ ᠣᠯᠣᠭᠰᠠᠨ ᠤ ᠲᠡᠷᠠᠭ᠎ᠠ ᠮᠡᠳᠡᠭᠦᠯᠦᠨ᠎ᠡ᠃ ᠲᠤᠬᠠᠢ ᠶᠢᠨ ᠵᠢᠯ ᠳᠤ ᠳᠠᠩᠰᠠᠯᠠᠭᠤᠯᠬᠤ ᠪᠠᠷ | ᠭᠤᠶᠤᠴᠢᠯᠠᠭᠰᠠᠨ ᠡᠩ ᠤᠨ ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠲᠤᠭ᠎ᠠ ᠬᠡᠮᠵᠢᠶ᠎ᠡ ᠨᠢ 150 ᠬᠤᠪᠢ ᠪᠤᠶᠤ ᠵᠥᠭᠡᠯᠡᠨ ᠬᠡᠷᠡᠭᠰᠡᠯ ᠤᠨ ᠪᠦᠲᠦᠭᠡᠯ ᠤᠨ | ᠵᠣᠬᠢᠶᠠᠯ ᠪᠦᠲᠦᠭᠡᠯ ᠤᠨ ᠡᠷᠬᠡ ᠶᠢᠨ ᠲᠤᠭ᠎ᠠ ᠬᠡᠮᠵᠢᠶ᠎ᠡ ᠨᠢ 20 ᠬᠤᠪᠢ ᠪᠠᠶᠢᠪᠠᠯ᠂ ᠨᠢᠭᠡ ᠤᠳᠠᠭ᠎ᠠ ᠳᠤ 6 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ | ᠲᠤᠬᠠᠢ ᠶᠢᠨ ᠵᠢᠯ ᠳᠤ ᠳᠠᠩᠰᠠᠯᠠᠭᠤᠯᠬᠤ ᠪᠠᠷ ᠭᠤᠶᠤᠴᠢᠯᠠᠭᠰᠠᠨ ᠡᠩ ᠤᠨ ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠲᠤᠭ᠎ᠠ ᠬᠡᠮᠵᠢᠶ᠎ᠡ ᠨᠢ 100 ᠬᠤᠪᠢ | ᠪᠤᠶᠤ ᠵᠥᠭᠡᠯᠡᠨ ᠬᠡᠷᠡᠭᠰᠡᠯ ᠤᠨ ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠲᠤᠭ᠎ᠠ ᠬᠡᠮᠵᠢᠶ᠎ᠡ ᠨᠢ 10 ᠬᠤᠪᠢ ᠳᠤ ᠬᠦᠷᠦᠭᠰᠡᠨ ᠪᠠᠶᠢᠪᠠᠯ᠂ ᠨᠢᠭᠡ | ᠤᠳᠠᠭ᠎ᠠ ᠳᠤ 3 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠪᠣᠶ ᠪᠦᠬᠦᠢ ᠪᠦᠲᠦᠭᠡᠯ ᠤᠨ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠨᠢ ᠨᠢᠭᠡ ᠵᠢᠯ | ︵ᠵᠢᠱᠢᠶᠡᠯᠡᠪᠡᠯ 2020 ᠣᠨ ᠤ 1 ᠰᠠᠷ᠎ᠠ ᠶᠢᠨ 1 ᠤ ᠡᠳᠦᠷ ᠠᠴᠠ 2020 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ︶ ᠪᠠᠶᠢᠵᠤ᠂ | ᠳᠠᠩᠰᠠᠯᠠᠭᠤᠯᠤᠭᠰᠠᠨ ᠦᠨᠡᠮᠯᠡᠯ ᠳᠡᠭᠡᠷ᠎ᠡ ᠲᠣᠳᠣᠷᠬᠠᠶᠢᠯᠠᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︔ ᠪᠤᠢ ᠪᠦᠬᠦᠢ ᠪᠦᠲᠦᠭᠡᠯ ᠳᠤ ᠡᠷᠬᠡ ᠶᠢᠨ | ᠬᠠᠷᠢᠶᠠᠯᠠᠯ ᠤᠨ ᠵᠢᠭᠤᠷᠠᠯᠳᠤᠭᠠᠨ ᠪᠤᠶᠤ ᠱᠠᠩᠨᠠᠯ ᠬᠥᠬᠢᠭᠦᠯᠤᠯ ᠤᠯᠬᠤ ᠪᠠᠷ ᠮᠡᠳᠡᠭᠦᠯᠬᠦ ᠶᠢ ᠨᠥᠯᠥᠭᠡᠯᠡᠬᠦ ᠪᠤᠰᠤᠳ ᠵᠢᠭᠤᠷᠠᠯᠳᠤᠭᠠᠨ ᠪᠠᠶᠢᠬᠤ ᠦᠭᠡᠢ ᠪᠠᠶᠢᠬᠤ | ᠭᠡᠷᠡᠭᠳᠡᠢ︔ ᠮᠡᠳᠡᠭᠦᠯᠬᠦ ᠨᠢᠭᠡᠴᠢ ᠪᠤᠯᠭᠠᠨ ᠨᠢ ᠨᠢᠭᠡ ᠯᠡ ᠵᠦᠢᠯ ᠤᠨ ᠱᠠᠩᠨᠠᠯ ᠤᠨ ᠮᠥᠩᠭᠦ ᠶᠢ ᠭᠤᠶᠤᠴᠢᠯᠠᠨ ᠮᠡᠳᠡᠭᠦᠯᠵᠦ ᠪᠣᠯᠣᠨ᠎ᠠ︔ ᠬᠡᠷᠪᠡ ᠮᠡᠳᠡᠬᠦᠯᠦᠭᠰᠡᠨ | ᠱᠠᠩᠨᠠᠯ ᠬᠥᠬᠢᠭᠦᠯᠤᠯ ᠨᠢ ᠠᠳᠠᠯᠢ ᠣᠨ ᠤ ᠣᠷᠣᠨ ᠤ ᠲᠠᠰ ᠤᠨ ᠬᠡᠪᠯᠡᠯ ᠤᠨ ᠡᠷᠬᠡ ᠶᠢᠨ ᠲᠥᠷᠥᠯ ᠤᠨ ᠱᠠᠩᠨᠠᠯ ᠲᠠᠢ ᠳᠠᠪᠬᠤᠷᠳᠠᠬᠰᠠᠨ ᠪᠠᠶᠢᠪᠠᠯ᠂ ︽ ᠳᠡᠭᠡᠳᠤ | ᠱᠠᠩᠨᠠᠯ ᠢ ᠠᠪᠴᠤ ᠥᠯᠥ ᠳᠠᠪᠬᠤᠷᠳᠠᠭᠤᠯᠬᠤ︾ ᠵᠠᠷᠴᠢᠮ ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠤᠶᠢᠯᠡᠴᠢᠯᠡᠭᠡ ᠶᠢ ᠭᠡᠷᠡᠭᠵᠢᠬᠦᠯᠤᠨ᠎ᠠ᠃ | 6. ᠮᠡᠳᠡᠯᠭᠡ ᠶᠢᠨ ᠥᠮᠴᠢᠯᠡᠯ ᠤᠨ ᠡᠷᠬᠡ ᠶᠢ ᠠᠷᠠᠯᠵᠢᠶᠠᠯᠠᠬᠤ ᠶᠢ ᠵᠤᠷᠢᠬᠵᠢᠭᠤᠯᠤᠨ ᠵᠥᠪᠰᠢᠶᠡᠷᠡᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ | ᠡᠵᠡᠩᠨᠡᠯᠲᠡ ᠶᠢᠨ ᠱᠠᠩᠨᠠᠯ ᠨᠥᠬᠦᠪᠦᠷᠢ ᠶᠢ ᠬᠡᠷᠡᠭᠵᠢᠭᠦᠯᠵᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠵᠡᠩᠨᠡᠯᠲᠡ ᠶᠢᠨ | ᠪᠠᠶᠢᠭᠤᠯᠤᠮᠵᠢ ᠵᠡᠷᠭᠡ ᠡᠯ᠎ᠡ ᠲᠠᠯ᠎ᠠ ᠶᠢᠨ ᠬᠢᠨ ᠤ ᠮᠡᠳᠡᠯᠭᠡ ᠶᠢᠨ ᠥᠮᠴᠢᠯᠡᠯ ᠤᠨ ᠡᠵᠡᠩᠨᠡᠯᠳᠡ ᠬᠢᠬᠦ ᠶᠢ ᠵᠤᠷᠢᠬᠵᠢᠭᠤᠯᠤᠨ᠎ᠠ᠃ ᠠᠵᠤ ᠠᠬᠤᠶᠢᠯᠠᠯ ᠤᠨ ᠬᠢᠨ ᠢ | ᠵᠤᠷᠢᠬᠵᠢᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠲᠤᠰᠬᠠᠢ ᠠᠰᠢᠭ ᠢᠣᠷᠣᠭᠤᠯᠤᠨ ᠠᠪᠴᠢᠷᠠᠵᠤ ᠤᠯᠠᠷᠢᠭᠤᠯᠤᠨ ᠬᠡᠷᠡᠭᠯᠡᠵᠤ᠂ ᠠᠵᠤ | ᠠᠬᠤᠶᠢᠯᠠᠯ ᠤᠨ ᠬᠢᠨ ᠤ ᠲᠤᠰᠬᠠᠢ ᠠᠰᠢᠭ ᠤᠨ ᠪᠣᠳᠠᠲᠤ ᠬᠦᠴᠦᠨ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ᠎ᠠ᠃ ᠠᠵᠤ ᠠᠬᠤᠶᠢᠯᠠᠯ | ᠪᠦᠳᠤᠮᠵᠢᠳᠡᠢ ᠡᠭᠦᠳᠦᠯᠲᠡ ᠶᠢᠨ ᠲᠤᠰᠬᠠᠢ ᠠᠰᠢᠭ ᠢ ᠬᠤᠳᠠᠯᠳᠤᠨ ᠠᠪᠤᠪᠠᠯ᠂ ᠪᠣᠳᠠᠲᠠᠢ ᠠᠷᠠᠯᠵᠢᠶᠠᠯᠠᠭᠰᠠᠨ ᠲᠣᠭᠠᠨ ᠤ 20% ᠪᠠᠷ ᠨᠥᠬᠦᠪᠦᠷᠢ ᠣᠯᠭᠤᠵᠤ᠂ | ᠭᠠᠭᠴᠠ ᠭᠠᠭᠴᠠ ᠠᠵᠤ ᠠᠬᠤᠶᠢᠯᠠᠯ ᠤᠨ ᠣᠨ ᠤ ᠣᠷᠣᠭᠤᠯᠵᠤ ᠠᠪᠴᠢᠷᠠᠬᠰᠠᠨ ᠲᠤᠰᠬᠠᠢ ᠠᠰᠢᠭ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 25 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠂ ᠵᠢᠯ ᠪᠦᠷᠢ 100 ᠲᠦᠮᠡᠨ ᠲᠥᠭᠦᠷᠢᠭ ᠠᠴᠠ ᠳᠠᠪᠠᠭ᠋ᠤ ᠦᠭᠡᠢ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ | 7. ᠮᠡᠳᠡᠯᠭᠡ ᠶᠢᠨ ᠦᠮᠴᠢᠯᠡᠯ ᠤᠨ ᠡᠷᠬᠡ ᠶᠢ ᠤᠯᠠᠷᠢᠭᠤᠯᠤᠨ ᠬᠡᠷᠡᠭᠯᠡᠬᠦ ᠶᠢ ᠵᠣᠷᠢᠭᠵᠢᠭᠤᠯᠤᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢ ᠤᠯᠠᠷᠢᠭᠤᠯᠤᠨ | ᠬᠡᠷᠡᠭᠯᠡᠬᠦ ᠶᠢ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠵᠥᠪᠰᠢᠶᠡᠷᠡᠬᠦ᠂ ᠰᠢᠯᠵᠢᠭᠦᠯᠦᠨ ᠥᠭᠬᠦ᠂ | ᠥᠪᠡᠰᠦᠪᠡᠨ ᠰᠤᠳᠤᠯᠤᠨ ᠨᠡᠭᠡᠭᠡᠬᠦ ᠪᠠᠷ ᠳᠡᠮᠵᠢᠨ ᠡᠷᠬᠡ ᠣᠯᠭᠤᠭᠰᠠᠨ ᠲᠤᠰᠬᠠᠢ ᠠᠰᠢᠭ ᠪᠤᠶᠤ ᠲᠤᠰᠬᠠᠢ ᠮᠡᠷᠭᠡᠵᠢᠯ ᠢ ᠬᠡᠷᠡᠭᠯᠡᠬᠦ ᠥᠮᠴᠢᠯᠡᠯ ᠤᠨ ᠡᠷᠬᠡ ᠣᠯᠬᠤ ᠶᠢ | ᠳᠡᠮᠵᠢᠵᠦ᠂ ᠲᠣᠰ ᠮᠡᠷᠭᠡᠵᠢᠯ ᠢ ᠬᠡᠷᠡᠭᠯᠡᠨ ᠪᠠᠶᠢᠭᠤᠯᠤᠨ ᠪᠦᠲᠦᠭᠡᠵᠦ ᠤᠶᠢᠯᠡᠳᠪᠤᠷᠢᠯᠡᠨ᠂ ᠪᠣᠷᠤᠯᠠᠭᠤᠯᠤᠯᠳᠠ ᠶᠢᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠬᠠᠮᠤᠭ | ᠠᠩᠬᠠᠨ ᠤ ᠪᠦᠷᠢᠨ ᠪᠦᠲᠦᠨ ᠣᠨ ᠤ ᠪᠣᠷᠤᠯᠠᠭᠤᠯᠤᠯᠳᠠ ᠶᠢᠨ ᠣᠷᠣᠯᠭ᠎ᠠ ᠶᠢᠨ 5% ᠪᠠᠷ ᠲᠤᠰᠠᠯᠠᠮᠵᠢ ᠦᠵᠡᠭᠦᠯᠵᠦ᠂ ᠬᠠᠮᠤᠭ ᠥᠨᠳᠥᠷ ᠲᠡᠭᠡᠨ 50 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃ | 8. ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠵᠡᠩᠨᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠪ ᠤᠨ ᠪᠦᠳᠤᠭᠡᠨ ᠪᠠᠶᠢᠭᠤᠯᠤᠯᠳᠠ ᠶᠢ ᠳᠡᠮᠵᠢᠨ᠎ᠠ᠃ | ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠠᠬᠢ ᠰᠢᠨ᠎ᠡ ᠶᠢ ᠡᠭᠦᠳᠬᠦ | ᠭᠤᠣᠯ ᠴᠣᠭᠴᠠ ᠶᠢᠨ ᠲᠤᠰᠬᠠᠢ ᠠᠰᠢᠭ ᠤᠨ ᠮᠡᠷᠭᠡᠵᠢᠯ ᠤᠨ ᠱᠠᠭᠠᠷᠳᠠᠯᠭ᠎ᠠ ᠶᠢᠨ ᠮᠡᠳᠡᠭᠡ ᠵᠠᠩᠬᠢ ᠶᠢ ᠬᠦᠨᠵᠡᠭᠡᠢ ᠠᠭᠤᠳᠠᠯᠤᠨ᠂ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠰᠢᠨ᠎ᠡ ᠶᠢ ᠡᠭᠦᠳᠬᠦ ᠭᠤᠣᠯ ᠴᠣᠭᠴᠠ ᠳᠤ ᠮᠡᠳᠡᠯᠭᠡ ᠶᠢᠨ ᠦᠮᠴᠢᠯᠡᠯ ᠤᠨ | ᠡᠷᠬᠡ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠲᠠᠷᠬᠠᠭᠠᠬᠤ᠂ ᠠᠷᠠᠯᠵᠢᠶᠠᠯᠠᠨ ᠨᠡᠶᠢᠯᠡᠭᠦᠯᠬᠦ᠂ ᠳᠡᠩᠰᠡᠯᠡᠨ ᠲᠡᠮᠳᠡᠭᠯᠡᠬᠦ ᠵᠡᠷᠭᠡ ᠦᠢᠯᠡᠴᠢᠯᠡᠭᠡ ᠬᠠᠩᠭᠠᠵᠤ᠂ | ᠵᠥᠪᠰᠢᠶᠡᠷᠡᠯ ᠲᠠᠢ ᠪᠠᠷ ᠰᠢᠯᠵᠢᠭᠦᠯᠦᠨ ᠥᠭᠬᠦ᠂ ᠬᠢᠷᠢ ᠭᠡᠮ ᠢᠶᠠᠷ ᠢᠶᠠᠨ ᠪᠠᠷᠢᠴᠠᠭᠠᠯᠠᠵᠤ ᠪᠡᠯᠡ ᠴᠤᠬᠯᠠᠭᠤᠯᠬᠤ ᠵᠡᠷᠭᠡ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠡᠷᠡᠭᠯᠡᠯᠲᠡ ᠶᠢ ᠤᠯᠠᠷᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠠᠵᠢᠯᠯᠠᠭᠠᠨ ᠢᠶᠠᠷ ᠰᠠᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠠᠪᠴᠠᠩ᠂ | ᠲᠥᠪ ᠲᠤ ᠨᠢᠭᠡᠯᠡ ᠤᠳᠠᠭ᠎ᠠ ᠳᠡᠭᠡᠷ᠎ᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢᠭᠡᠪᠦᠷᠢ ᠳᠤ 20 ᠲᠦᠮᠡᠨ ᠲᠥᠭᠦᠷᠢᠭ ᠠᠴᠠ | ᠥᠯᠥ ᠬᠡᠲᠦᠷᠡᠬᠦ ᠵᠠᠷᠤᠳᠠᠯ ᠤᠨ ᠳᠡᠮᠵᠢᠯᠭᠡ ᠣᠯᠭᠤᠵᠤ᠂ ᠵᠢᠯ ᠪᠤᠯᠭᠠᠨ 50 ᠲᠦᠮᠡᠨ ᠲᠥᠭᠦᠷᠢᠭ ᠠᠴᠠ ᠥᠯᠥ ᠬᠡᠲᠦᠷᠡᠬᠦ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | | ︵ᠭᠤᠷᠪᠠ︶ ᠮᠡᠳᠡᠯᠭᠡ ᠶᠢᠨ ᠦᠮᠴᠢᠯᠡᠯ ᠤᠨ ᠡᠷᠬᠡ ᠴᠢᠩᠭ᠎ᠠ ᠠᠵᠤ ᠠᠬᠤᠶᠢᠯᠠᠯ ᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | 9.ᠮᠡᠳᠡᠯᠭᠡ ᠵᠢᠨᠦᠮᠴᠢᠯᠡᠯ ᠤᠨ ᠡᠷᠬᠡ ᠴᠢᠩᠭ᠎ᠠ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠬᠢᠨ᠎ᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠲᠠᠢ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠲᠣᠰ ᠲᠣᠰ 50 | ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠳᠠᠬᠢᠨ ᠬᠢᠨᠠᠬᠤ ᠪᠠᠷ ᠳᠡᠮᠵᠢᠨ ᠮᠠᠭᠠᠳᠯᠠᠨ ᠲᠣᠭᠲᠠᠭᠠᠭᠰᠠᠨ ᠪᠠᠶᠢᠪᠠᠯ 10 ᠲᠦᠮᠡᠨ | ᠲᠥᠭᠦᠷᠢᠭ ᠤᠨ ᠱᠠᠩᠨᠠᠯ ᠣᠯᠭᠤᠨ᠎ᠠ︔ ᠮᠡᠳᠡᠯᠭᠡ ᠶᠢᠨ ᠦᠮᠴᠢᠯᠡᠯ ᠤᠨ ᠡᠷᠬᠡ ᠶᠢᠨ ︽ᠪᠠᠷᠢᠮᠵᠢᠶ᠎ᠠ ᠳᠤ ᠨᠡᠶᠢᠴᠡᠬᠦ︾ ᠭᠡᠷᠡᠴᠢᠯᠡᠯᠳᠡ ᠶᠢ ᠳᠠᠮᠵᠢᠭᠰᠠᠨ ᠠᠵᠤ ᠠᠬᠤᠶᠢᠯᠠᠯ | ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ | ᠲᠤᠬᠠᠢ ᠶᠢᠨ ᠵᠢᠯ ᠳᠤ ᠴᠡᠪᠡᠷ ᠨᠡᠮᠡᠭᠳᠡᠯ ᠲᠠᠢ ᠪᠦᠳᠤᠮᠵᠢᠳᠡᠢ ᠡᠭᠦᠳᠦᠯᠲᠡ ᠶᠢᠨ ᠲᠤᠰᠬᠠᠢ ᠠᠰᠢᠭ ᠨᠢ 5 ᠬᠤᠪᠢ ᠵᠢᠴᠢ 5 ᠬᠤᠪᠢ ᠠᠴᠠ ᠳᠡᠭᠡᠭᠰᠢ ᠲᠤᠰᠬᠠᠢ | ᠠᠰᠢᠭ ᠤᠨ ᠡᠷᠬᠡᠲᠦ ᠬᠥᠮᠥᠨ ᠳᠤ 2 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠲᠣᠰ ᠣᠨ ᠤ ᠪᠦᠷᠢᠳᠬᠡᠯ ᠢ ᠦᠨᠳᠤᠰᠤᠯᠡᠨ᠂ ᠡᠭᠦᠳᠦᠯᠲᠡ ᠶᠢᠨ | ᠲᠤᠰᠬᠠᠢ ᠠᠰᠢᠭ ᠨᠢᠭᠡᠪᠦᠷᠢ ᠳᠤ 50% ᠶᠢᠨ ᠲᠤᠰᠬᠠᠢ ᠠᠰᠢᠭ ᠤᠨ ᠣᠨ ᠤ ᠰᠦᠢᠳᠬᠡᠯ ᠤᠨ ᠱᠠᠩᠨᠠᠯ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ | 1000 ᠲᠥᠭᠦᠷᠢᠭ ᠠᠴᠠ ᠳᠠᠪᠠᠭᠤᠯᠵᠤ ᠪᠣᠯᠬᠤ ᠦᠭᠡᠢ᠃ | ᠤᠯᠤᠰ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ | ᠦᠵᠡᠭᠦᠯᠬᠦ ᠪᠠ ᠲᠤᠷᠰᠢᠯᠲᠠ ᠶᠢᠨ ᠴᠡᠭ ᠤᠨ ᠰᠤᠷᠭᠠᠭᠤᠯᠢ ᠳᠤ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | 10. ᠮᠡᠳᠡᠯᠭᠡ ᠶᠢᠨ ᠦᠮᠴᠢᠯᠡᠯ ᠤᠨ ᠡᠷᠬᠡ ᠶᠢᠨ ᠨᠢᠭᠲᠠᠷᠠᠭᠰᠠᠨ ᠭᠡᠯᠪᠡᠷᠢᠳᠤ ᠪᠦᠳᠦᠭᠡᠭᠳᠡᠬᠦᠨ ᠢ ᠪᠤᠶᠢᠵᠢᠭᠤᠯᠬᠤ ᠠᠵᠢᠯ ᠢ ᠬᠢᠨ᠎ᠠ᠃ ᠲᠤᠰᠬᠠᠢ ᠠᠰᠢᠭ᠂ | ᠲᠠᠸᠠᠷ ᠤᠨ ᠲᠡᠮᠳᠡᠭ ᠵᠡᠷᠭᠡ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠦᠲᠦᠮᠵᠢᠲᠡᠶ ᠠᠭᠤᠰᠤᠯᠴᠠᠯ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ | ᠰᠢᠨ᠎ᠡ ᠶᠢ ᠡᠭᠦᠳᠬᠦ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠥᠷᠲᠡᠭ ᠤᠨ ᠨᠡᠮᠡᠭᠳᠡᠯ ᠢ ᠪᠡᠶᠡᠯᠡᠭᠦᠯᠬᠦ ᠪᠠᠷ ᠤᠳᠤᠷᠢᠳᠤᠮᠵᠢ ᠪᠣᠯᠭᠠᠨ ᠥᠨᠳᠥᠷ | ᠥᠷᠲᠡᠭᠲᠦ ᠲᠤᠰᠬᠠᠢ ᠠᠰᠢᠭ ᠢ ᠰᠤᠳᠤᠯᠤᠨ ᠨᠡᠭᠡᠭᠡᠬᠦ᠂ ᠪᠠᠶᠢᠷᠢᠰᠢᠭᠤᠯᠬᠤ ᠪᠠ ᠥᠨᠳᠥᠷ ᠠᠯᠳᠠᠷᠰᠢᠯᠳᠤ ᠲᠠᠸᠠᠷ ᠤᠨ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠥᠷᠨᠢᠭᠦᠯᠦᠨ᠎ᠡ᠃ ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ ᠤᠨ ᠠᠵᠤ ᠦᠢᠯᠡᠰ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ᠂ ᠸᠠᠭᠠᠷ ᠱᠠᠭᠠᠵᠠᠩ ᠤᠨ ᠠᠵᠤ ᠦᠢᠯᠡᠰ᠂ ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠣᠨᠴᠠᠯᠢᠭᠲᠤ ᠠᠵᠤ ᠦᠢᠯᠡᠰ ᠵᠡᠷᠭᠡ ᠪᠠᠷ ᠭᠤᠣᠯ ᠡᠲᠡᠭᠡᠳ ᠪᠣᠯᠭᠠᠵᠤ᠂ ᠠᠵᠤ ᠠᠬᠤᠶᠢᠯᠠᠯ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ᠂ ᠲᠤᠰᠬᠠᠢ | ᠬᠤᠷᠰᠢᠶᠠᠵᠢᠯ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ︽ᠵᠡᠭᠦᠨᠭᠠᠷ ᠤᠨ ᠣᠨᠴᠠ ᠭᠠᠷᠤᠯᠲᠠ︾ ᠶᠢᠨ ᠳᠦᠷᠤᠯ ᠲᠡᠮᠳᠡᠭ ᠢ ᠪᠤᠶ ᠪᠣᠯᠭᠠᠵᠤ᠂ | ᠮᠡᠳᠡᠯᠭᠡ ᠵᠢᠨᠦᠮᠴᠢᠯᠡᠯ ᠤᠨ ᠡᠷᠬᠡ ᠶᠢ ᠵᠠᠳᠠᠯᠤᠨ ᠦᠨᠡᠯᠡᠬᠦ ᠠᠵᠢᠯ ᠢ ᠥᠷᠨᠢᠭᠦᠯᠤᠨ᠂ ᠵᠢᠯ ᠪᠤᠯᠭᠠᠨ ᠤ ᠳᠡᠮᠵᠢᠯᠭᠡ ᠶᠢ 2 ᠠᠵᠤ ᠠᠬᠤᠶᠢᠯᠠᠯ ᠠᠴᠠ ᠳᠠᠪᠠᠭᠤᠯᠬᠤ | ᠦᠭᠡᠢ ᠪᠠᠶᠢᠵᠤ᠂ ᠠᠵᠤ ᠠᠬᠤᠶᠢᠯᠠᠯ ᠪᠦᠷᠢ ᠳᠤ 20 ᠲᠦᠮᠡᠨ ᠲᠥᠭᠦᠷᠢᠭ ᠠᠴᠠ ᠥᠯᠥ ᠬᠡᠲᠦᠷᠡᠬᠦ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ | ᠪᠦᠲᠦᠭᠡᠭᠳᠡᠬᠦᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠲᠦᠭᠰᠢᠭᠦᠷᠢ ᠶᠢ | ᠤᠷᠢᠳᠴᠢᠯᠠᠨ ᠰᠡᠷᠭᠡᠶᠢᠯᠡᠵᠦ᠂ ᠨᠢᠭᠡ ᠪᠦᠯᠦᠭ ᠥᠨᠳᠥᠷ ᠥᠷᠲᠡᠭᠲᠦ ᠲᠤᠰᠬᠠᠢ ᠠᠰᠢᠭ ᠪᠠ ᠥᠨᠳᠥᠷ ᠠᠯᠳᠠᠷᠰᠢᠯᠳᠤ ᠲᠠᠸᠠᠷ ᠤᠨ ᠲᠡᠮᠳᠡᠭ ᠢᠶᠠᠷ ᠭᠤᠣᠯᠯᠠᠭᠤᠯᠤᠭᠰᠠᠨ | ︽ᠵᠡᠭᠦᠨᠭᠠᠷ ᠤᠨ ᠣᠨᠴᠠ ᠭᠠᠷᠤᠯᠲᠠ︾ ᠶᠢᠨ ᠰᠣᠳᠣᠨ ᠪᠦᠲᠦᠭᠡᠭᠳᠡᠬᠦᠨ ᠢ ᠪᠣᠶ ᠪᠣᠯᠭᠠᠨ᠎ᠠ᠃ | ︵ᠳᠥᠷᠪᠡ︶ ᠮᠡᠳᠡᠯᠭᠡ ᠶᠢᠨ ᠦᠮᠴᠢᠯᠡᠯ ᠤᠨ ᠡᠷᠬᠡ ᠲᠠᠢ ᠠᠵᠤ ᠦᠢᠯᠡᠰ ᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | 11. ᠲᠤᠰᠬᠠᠢ ᠠᠰᠢᠭ ᠢᠶᠠᠷ ᠵᠠᠮᠴᠢᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠤᠰᠢᠭᠤᠨ ᠤ | ᠳᠣᠲᠣᠷᠠᠬᠢ ᠭᠤᠣᠯᠳᠠᠯᠭ᠎ᠠ ᠲᠠᠢ ᠠᠵᠤ ᠦᠢᠯᠡᠰ᠂ ᠳᠠᠪᠠᠭᠤᠯᠢᠭ ᠲᠠᠢ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠬᠡᠷᠡᠭᠴᠡᠭᠡ ᠱᠠᠭᠠᠷᠳᠠᠯᠭ᠎ᠠ ᠯᠤᠭ᠎ᠠ | ᠬᠠᠷᠢᠯᠴᠠᠨ ᠵᠣᠬᠢᠴᠠᠭᠤᠯᠬᠤ ᠶᠢ ᠬᠥᠲᠥᠯᠥᠨ ᠵᠢᠯᠤᠭᠤᠳᠴᠤ ᠠᠬᠢᠭᠤᠯᠤᠨ᠎ᠠ᠃ ᠵᠡᠭᠦᠨᠭᠠᠷ ᠬᠤᠰᠢᠭᠤᠨ ᠤ ᠨᠡᠭᠦᠷᠡᠰᠦ ᠪᠠᠷ ᠲᠣᠰᠣ ᠦᠢᠯᠡᠳᠬᠦ᠂ ᠨᠡᠭᠦᠷᠡᠰᠦ ᠪᠠᠷ | ᠰᠢᠳᠠᠮᠠᠬᠠᠢ ᠬᠡᠢ ᠦᠢᠯᠡᠳᠬᠦ᠂ ᠨᠡᠭᠦᠷᠡᠰᠦ ᠪᠠᠷ ᠮᠧᠲ᠋ᠢᠯ ᠠᠯᠺᠣᠣᠯ ᠦᠢᠯᠡᠳᠬᠦ᠂ ᠨᠡᠭᠦᠷᠡᠰᠦ ᠪᠠᠷ ᠡᠲ᠋ᠢᠯ ᠬᠤᠶᠠᠷᠴᠢ ᠠᠯᠺᠣᠣᠯ ᠦᠢᠯᠡᠳᠬᠦ᠂ ᠨᠡᠭᠦᠷᠡᠰᠦ ᠪᠠᠷ ᠠᠯᠺᠧᠨ | ᠦᠢᠯᠡᠳᠬᠦ᠂ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠶᠢᠯᠡᠳᠬᠦ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠲᠤ ᠰᠠᠭᠤᠷᠢᠯᠠᠨ᠂ ᠵᠢᠯ ᠪᠤᠯᠭᠠᠨ | ᠭᠤᠣᠯᠳᠠᠯᠭ᠎ᠠ ᠲᠠᠢ ᠠᠵᠤ ᠦᠢᠯᠡᠰ ᠢ ᠰᠣᠩᠭᠤᠨ ᠠᠵᠤ ᠦᠢᠯᠡᠰ ᠤᠨ ᠲᠤᠰᠬᠠᠢ ᠠᠰᠢᠭ ᠢᠶᠠᠷ ᠵᠠᠮᠴᠢᠯᠠᠬᠤ ᠲᠥᠷᠥᠯ ᠵᠦᠢᠯ ᠢ 2 — 3 ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠥᠷᠥᠯ ᠵᠤᠶᠢᠯ ᠪᠦᠷᠢ ᠳᠤ 50 ᠲᠦᠮᠡᠨ ᠲᠥᠭᠦᠷᠢᠭ ᠠᠴᠠ ᠥᠯᠥ ᠬᠡᠲᠦᠷᠡᠬᠦ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠬᠦ | ᠭᠤᠣᠯ ᠴᠣᠭᠴᠠ ᠳᠤ ᠤᠯᠠᠨ ᠨᠡᠶᠢᠲᠡᠴᠢ ᠴᠢᠨᠠᠷᠲᠠᠢ ᠲᠤᠰᠬᠠᠢ ᠠᠰᠢᠭ ᠤᠨ ᠮᠡᠳᠡᠭᠡ ᠵᠠᠩᠭᠢ ᠶᠢᠨ ᠵᠠᠳᠠᠯᠤᠯᠲᠠ ᠪᠠ ᠥᠷᠢᠰᠦᠯᠳᠦᠭᠡᠨ ᠤ ᠠᠷᠭ᠎ᠠ ᠪᠣᠳᠣᠯᠭ᠎ᠠ ᠶᠢᠨ | ᠰᠤᠳᠤᠯᠤᠨ ᠮᠠᠭᠠᠳᠯᠠᠯᠳᠠ ᠶᠢ ᠬᠠᠩᠭᠠᠨ ᠦᠭᠴᠤ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠰᠠᠶᠢᠨ ᠮᠠᠭᠤ ᠪᠠᠶᠢᠳᠠᠯ ᠵᠢᠴᠢ ᠢᠷᠡᠭᠡᠳᠦᠢ ᠶᠢᠨ | ᠬᠠᠨᠳᠤᠰᠢ ᠶᠢ ᠰᠤᠳᠤᠯᠤᠨ ᠮᠠᠭᠠᠳᠯᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠪᠠ ᠲᠤᠰᠬᠠᠢ ᠠᠰᠢᠭ ᠤᠨ ᠭᠠᠵᠠᠷ ᠤᠨ ᠵᠢᠷᠤᠭ ᠢ ᠵᠢᠷᠤᠵᠤ᠂ ᠰᠤᠳᠤᠯᠤᠨ ᠨᠡᠭᠡᠭᠡᠬᠦ | ᠴᠢᠭᠯᠡᠯ ᠪᠠ ᠠᠷᠭ᠎ᠠ ᠵᠠᠮ ᠢ ᠵᠢᠭᠠᠨ ᠵᠢᠯᠤᠭᠤᠳᠴᠤ᠂ ᠰᠤᠳᠤᠯᠤᠨ ᠨᠡᠭᠡᠭᠡᠬᠦ ᠲᠦᠭᠰᠢᠭᠦᠷᠢ ᠶᠢ ᠰᠡᠷᠭᠡᠶᠢᠯᠡᠨ᠂ ᠰᠢᠨ᠎ᠡ ᠶᠢ ᠡᠭᠦᠳᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | 12. ᠮᠡᠳᠡᠯᠭᠡ ᠶᠢᠨ ᠦᠮᠴᠢᠯᠡᠯ ᠤᠨ ᠡᠷᠬᠡ ᠶᠢᠨ ᠨᠢᠭᠲᠠᠷᠠᠭᠰᠠᠨ ᠭᠡᠯᠪᠡᠷᠢᠳᠤ ᠠᠵᠤ ᠦᠢᠯᠡᠰ ᠢ ᠪᠤᠶᠢᠵᠢᠭᠤᠯᠬᠤ ᠠᠵᠢᠯ ᠢ ᠬᠢᠨ᠎ᠠ᠃ ᠮᠡᠳᠡᠯᠭᠡ ᠵᠢᠨᠦᠮᠴᠢᠯᠡᠯ ᠤᠨ | ᠡᠷᠬᠡ ᠶᠢᠨ ᠠᠵᠤ ᠤᠶᠢᠯᠡᠰ ᠲᠠᠬᠢ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠡᠯᠬᠢᠶ᠎ᠡ᠂ ᠠᠵᠤ ᠦᠢᠯᠡᠰ ᠤᠨ ᠲᠥᠪᠯᠡᠷᠡᠭᠰᠡᠨ | ᠣᠷᠣᠨ ᠵᠡᠷᠭᠡ ᠶᠢᠨ ᠲᠣᠭᠤᠷᠢᠨ ᠳᠤ ᠨᠢᠭᠲᠠᠷᠠᠭᠰᠠᠨ ᠭᠡᠯᠪᠡᠷᠢᠳᠤ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠠᠵᠢᠯ ᠢ ᠬᠢᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠮᠡᠳᠡᠯᠭᠡ ᠶᠢᠨ ᠦᠮᠴᠢᠯᠡᠯ ᠤᠨ ᠡᠷᠬᠡ ᠶᠢ ᠠᠬᠢᠭᠤᠯᠬᠤ ᠲᠥᠪ ᠢ 1—2 ᠪᠡᠯᠡᠳᠬᠡᠨ ᠪᠠᠶᠢᠭᠤᠯᠬᠤ ᠶᠢ ᠵᠢᠯᠤᠭᠤᠳᠴᠤ᠂ ᠮᠡᠳᠡᠯᠭᠡ ᠶᠢᠨ | ᠦᠮᠴᠢᠯᠡᠯ ᠤᠨ ᠡᠷᠬᠡ ᠶᠢᠨ ᠡᠬᠢ ᠪᠠᠶᠠᠯᠢᠭ ᠢ ᠨᠡᠶᠢᠯᠡᠬᠦᠯᠤᠨ ᠠᠵᠤ ᠦᠢᠯᠡᠰ ᠤᠨ ᠬᠦᠷᠢᠶᠡᠯᠡᠩ ᠪᠠ ᠬᠦᠷᠢᠶᠡᠯᠡᠩ ᠳᠣᠲᠣᠷᠠᠬᠢ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠨᠢᠭᠲᠠᠷᠠᠭᠰᠠᠨ ᠭᠡᠯᠪᠡᠷᠢᠳᠤ ᠠᠵᠤ ᠤᠶᠢᠯᠡᠰ ᠤᠨ ᠬᠦᠷᠢᠶᠡᠯᠡᠩ ᠳᠤᠭᠤᠷᠢᠭ ᠢ ᠪᠠᠶᠢᠭᠤᠯᠤᠨ᠎ᠠ᠃ | 13᠂ ᠭᠠᠵᠠᠷ ᠵᠦᠢ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠥᠷᠨᠢᠭᠦᠯᠦᠨ᠎ᠡ᠃ | ᠲᠠᠸᠠᠷ ᠤᠨ ᠲᠡᠮᠳᠡᠭ ᠤᠨ ᠲᠥᠷᠥᠯ ᠲᠡᠮᠳᠡᠭᠲᠦ ᠶᠢᠨ ᠵᠢᠯᠤᠭᠤᠳᠬᠤ ᠥᠷᠲᠡᠭᠡ ᠶᠢ ᠪᠠᠶᠢᠭᠤᠯᠵᠤ᠂ ᠲᠠᠷᠢᠶᠠᠯᠠᠩ ᠤᠨ ᠲᠣᠮᠣ ᠡᠷᠦᠬᠡ᠂ ᠳᠤᠰᠬᠠᠢ ᠬᠤᠷᠰᠢᠶᠠᠵᠢᠯ᠂ | ᠲᠠᠷᠢᠶᠠᠯᠠᠩ ᠤᠨ ᠣᠨᠴᠠ ᠭᠠᠷᠤᠯᠲᠠ ᠶᠢᠨ ᠨᠡᠶᠢᠭᠡᠮᠯᠢᠭ ᠵᠡᠷᠭᠡ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ᠂ ᠲᠤᠬᠠᠢ ᠶᠢᠨ ᠭᠠᠵᠠᠷ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠲᠠᠸᠠᠷ ᠤᠨ ᠲᠡᠮᠳᠡᠭ᠂ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠢ ᠶᠢᠨ ᠪᠡᠯᠭᠡ ᠲᠡᠮᠳᠡᠭᠳᠤ ᠭᠡᠷᠡᠴᠢᠯᠡᠯᠳᠡ ᠶᠢᠨ ᠲᠠᠸᠠᠷ ᠤᠨ ᠲᠡᠮᠳᠡᠭ | ᠵᠡᠷᠭᠡ ᠶᠢ ᠳᠠᠩᠰᠠᠯᠠᠭᠤᠯᠬᠤ ᠪᠠᠷ ᠢᠳᠡᠪᠬᠢᠲᠡᠢ ᠪᠠᠷ ᠭᠤᠶᠤᠴᠢᠯᠠᠵᠤ᠂ ᠨᠠᠷᠠᠲᠤ ᠲᠠᠸᠠᠷ ᠤᠨ ᠲᠡᠮᠳᠡᠭ ᠢ ᠦᠨᠡᠯᠡᠨ ᠳᠤᠬᠳᠠᠭᠠᠬᠤ ᠠᠵᠢᠯ ᠢ ᠢᠳᠡᠪᠬᠢᠲᠡᠢ ᠪᠠᠷ | ᠠᠬᠢᠭᠤᠯᠤᠨ᠎ᠠ᠃ ᠡᠯᠡᠲ᠋ᠦ᠋ᠷᠤᠯ ᠤᠨ ᠤᠬᠠᠭᠤᠯᠤᠨ ᠳᠡᠯᠭᠡᠷᠡᠭᠦᠯᠬᠦ ᠠᠷᠭ᠎ᠠ ᠬᠡᠮᠵᠢᠶ᠎ᠡ ᠶᠢ ᠠᠰᠢᠭᠯᠠᠨ᠂ ︽ᠵᠡᠭᠦᠨᠭᠠᠷ ᠬᠤᠰᠢᠭᠤᠨ ᠤ ᠲᠠᠸᠠᠷ ᠤᠨ ᠲᠡᠮᠳᠡᠭ︾ ᠤᠨ | ᠥᠯᠢᠭᠡᠷ ᠢ ᠰᠠᠶᠢᠲᠤᠷ ᠶᠠᠷᠢᠵᠤ᠂ ᠵᠡᠭᠦᠨᠭᠠᠷ ᠬᠤᠰᠢᠭᠤᠨ ᠤ ᠲᠠᠸᠠᠷ ᠤᠨ ᠲᠡᠮᠳᠡᠭ᠂ ᠢᠯᠠᠩᠭᠤᠶ᠎ᠠ ᠭᠠᠵᠠᠷ ᠵᠦᠢ ᠶᠢᠨ ᠪᠡᠯᠭᠡ ᠲᠡᠮᠳᠡᠭᠳᠤ ᠭᠡᠷᠡᠴᠢᠯᠡᠯᠳᠡ ᠶᠢᠨ ᠲᠠᠸᠠᠷ ᠤᠨ | ᠲᠡᠮᠳᠡᠭ ᠤᠨ ︽ᠭᠠᠳᠠᠭᠰᠢ ᠭᠠᠷᠴᠤ︾ ᠵᠠᠬ᠎ᠠ ᠳᠡᠯᠭᠡᠭᠦᠷ ᠨᠡᠭᠡᠭᠡᠬᠦ ᠶᠢ ᠲᠦᠷᠭᠡᠳᠬᠡᠨ ᠠᠬᠢᠭᠤᠯᠤᠨ᠎ᠠ᠃ | ᠡᠯ᠎ᠡ ᠲᠥᠷᠥᠯ ᠤᠨ ᠭᠠᠵᠠᠷ ᠵᠦᠢ ᠶᠢᠨ ᠪᠡᠯᠭᠡ ᠲᠡᠮᠳᠡᠭᠳᠤ ᠠᠵᠤ ᠦᠢᠯᠡᠰ ᠤᠨ ᠬᠤᠯᠪᠣᠭᠠᠲᠤ ᠴᠣᠭᠴᠠ ᠶᠢ ᠳᠡᠮᠵᠢᠨ ᠬᠥᠭᠵᠢᠭᠦᠯᠵᠦ᠂ ᠮᠡᠳᠡᠭᠡ ᠵᠠᠩᠭᠢ ᠶᠢᠨ | ᠬᠠᠷᠢᠯᠴᠠᠨ ᠨᠡᠪᠲᠡᠷᠡᠯᠴᠡᠬᠦ᠂ ᠮᠡᠷᠭᠡᠵᠢᠯ ᠢ ᠬᠠᠮᠲᠤᠪᠠᠷ ᠭᠥᠷᠳᠡᠬᠦ᠂ ᠨᠠᠷᠠᠲᠤ ᠲᠥᠷᠥᠯ ᠲᠡᠮᠳᠡᠭᠲᠦ ᠶᠢ ᠬᠠᠮᠲᠤᠪᠠᠷ ᠪᠠᠶᠢᠭᠤᠯᠬᠤ ᠶᠢ ᠴᠢᠩᠭᠠᠳᠬᠠᠨ᠂ ᠣᠷᠳᠣ | ᠬᠤᠭᠤᠴᠠᠭᠠᠨ ᠤ ᠲᠣᠭᠲᠠᠭᠤᠨ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠭᠠᠵᠠᠷ ᠵᠦᠢ ᠶᠢᠨ ᠪᠡᠯᠭᠡ ᠳᠡᠮᠳᠡᠭᠳᠤ ᠳᠠᠭᠠᠭᠤᠯᠤᠬᠴᠢ ᠠᠵᠤ | ᠠᠬᠤᠶᠢᠯᠠᠯ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠯᠪᠤᠭᠠᠯᠠᠨ ᠡᠵᠡᠩᠨᠡᠬᠦ ᠭᠤᠣᠯ ᠴᠣᠭᠴᠠ ᠶᠢ ᠪᠣᠶᠢᠵᠢᠭᠤᠯᠬᠤ ᠶᠢ ᠵᠣᠷᠢᠭᠵᠢᠭᠤᠯᠵᠤ᠂ ︽ᠠᠵᠤ | ᠠᠬᠤᠶᠢᠯᠠᠯ + ᠭᠠᠵᠠᠷ ᠵᠦᠢ ᠶᠢᠨ ᠪᠡᠯᠭᠡ ᠲᠡᠮᠳᠡᠭ + ᠲᠠᠷᠢᠶᠠᠴᠢᠨ ᠡᠷᠦᠬᠡ ︵ᠰᠠᠭᠤᠷᠢᠨ ᠭᠠᠵᠠᠷ︶︾ ᠵᠡᠷᠭᠡ ᠣᠯᠠᠨ ᠳᠦᠷᠤᠯ ᠬᠡᠯᠪᠡᠷᠢ ᠶᠢᠨ ᠠᠰᠢᠭ ᠲᠤᠰᠠ ᠶᠢᠨ | ᠬᠤᠯᠪᠣᠭᠠᠯᠠᠯ ᠢ ᠳᠡᠮᠵᠢᠨ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠵᠢᠯ ᠪᠤᠯᠭᠠᠨ 1 ︱ 2 ᠭᠠᠵᠠᠷ ᠵᠦᠢ ᠶᠢᠨ ᠪᠡᠯᠭᠡ ᠲᠡᠮᠳᠡᠭᠳᠤ ᠳᠠᠭᠠᠭᠤᠯᠤᠬᠴᠢ ᠠᠵᠤ ᠠᠬᠤᠶᠢᠯᠠᠯ ᠪᠤᠶᠤ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠰᠣᠩᠭᠤᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤᠮᠳᠠ ᠠᠵᠤ ᠦᠢᠯᠡᠰ ᠤᠨ ᠪᠠᠷᠢᠮᠵᠢᠶ᠎ᠠ ᠶᠢ ᠪᠦᠲᠦᠮᠵᠢᠲᠡᠶ ᠳᠤᠬᠳᠠᠭᠠᠵᠤ᠂ ᠨᠠᠷᠠᠲᠤ ᠲᠥᠷᠥᠯ | ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ᠶᠢ ᠥᠷᠭᠡᠳᠬᠡᠨ᠂ ᠲᠠᠸᠠᠷ ᠤᠨ ᠲᠡᠮᠳᠡᠭ ᠢ ᠪᠦᠲᠦᠮᠵᠢᠲᠡᠶ ᠬᠠᠮᠠᠭᠠᠯᠠᠵᠤ ᠳᠡᠶᠢᠯᠳᠡᠭ᠂ ᠠᠵᠤ ᠦᠢᠯᠡᠰ ᠤᠨ | ᠡᠵᠡᠩᠨᠡᠯᠲᠡ ᠶᠢᠨ ᠦᠷ᠎ᠡ ᠠᠰᠢᠭ ᠢᠶᠠᠷ ᠨᠡᠯᠢᠶᠡᠳ ᠰᠠᠶᠢᠨ᠂ ᠪᠠᠶᠠᠵᠢᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠠᠵᠤ ᠠᠬᠤᠶᠢᠯᠠᠯ ᠪᠤᠶᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ 100 ᠲᠦᠮᠡᠨ ᠲᠥᠭᠦᠷᠢᠭ ᠠᠴᠠ ᠳᠣᠣᠷ᠎ᠠ ᠦᠭᠡᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ ᠪᠣᠯᠣᠨ᠎ᠠ᠃ ᠲᠠᠸᠠᠷ ᠤᠨ | ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠶᠢ ᠳᠠᠭᠠᠭᠠᠴᠢᠯᠠᠨ ᠪᠠᠶᠢᠭᠤᠯᠤᠭᠰᠠᠨ ᠪᠦᠭᠡᠳ ᠬᠤᠰᠢᠭᠤᠨ ᠤ | ᠳᠣᠲᠣᠷᠠᠬᠢ 20 ᠠᠴᠠ ᠳᠡᠭᠡᠭᠰᠢᠬᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡ ᠶᠢ ᠨᠠᠶᠢᠳᠠᠨ ᠬᠠᠮᠢᠶᠠᠷᠴᠤ ᠪᠠᠶᠢᠭ᠎ᠠ ᠪᠠᠶᠢᠭᠤᠯᠤᠮᠵᠢ ᠳᠤ 5 ᠲᠦᠮᠡᠨ | ᠲᠥᠭᠦᠷᠢᠭ ᠤᠨ ᠲᠤᠰᠠᠯᠠᠮᠵᠢ ᠣᠯᠭᠤᠨ᠎ᠠ᠃ | ︵ᠲᠠᠪᠤ︶ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠵᠤ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠦᠨ᠎ᠡ᠃ | 14. ᠲᠤᠰᠬᠠᠢ ᠳᠦᠷᠤᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠸᠠᠷ ᠤᠨ ᠲᠡᠮᠳᠡᠭ᠂ ᠲᠤᠰᠬᠠᠢ ᠠᠰᠢᠭ ᠵᠡᠷᠭᠡ | ᠮᠡᠳᠡᠯᠭᠡ ᠵᠢᠨᠦᠮᠴᠢᠯᠡᠯ ᠤᠨᠡᠷᠬᠡ ᠳᠤ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ | ᠬᠢᠨᠠᠨ ᠬᠠᠮᠢᠶᠠᠷᠬᠤ ᠠᠵᠢᠯᠯᠠᠭ᠎ᠠ ᠶᠢ ᠳᠦᠷᠢᠮᠵᠢᠬᠦᠯᠤᠨ᠂ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ | ᠳᠤᠬᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠷᠬᠡ ᠳᠤ ᠬᠠᠯᠳᠠᠬᠰᠠᠨ ᠶᠠᠪᠤᠳᠠᠯ ᠲᠥᠪᠯᠡᠷᠡᠭᠰᠡᠨ ᠬᠦᠷᠢᠶ᠎ᠡ | ᠴᠠᠷᠠᠭ᠎ᠠ ᠪᠠ ᠲᠦᠭᠰᠢᠭᠦᠷᠢ ᠠᠮᠠᠷᠬᠠᠨ ᠡᠭᠦᠰᠳᠡᠭ ᠣᠷᠣᠨ ᠪᠦᠰᠡ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ᠂ ᠶᠡᠭᠡ | ᠬᠡᠪᠴᠢᠶᠡᠨ ᠤ ᠪᠠ ᠨᠡᠶᠢᠭᠡᠮ ᠤᠨ ᠲᠤᠰᠬᠠᠯ ᠶᠡᠬᠡᠲᠡᠢ ᠡᠷᠬᠡ ᠳᠤ ᠬᠠᠯᠳᠠᠭᠰᠠᠨ ᠬᠡᠷᠡᠭ ᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠨ᠎ᠡ᠃ | 15. ᠡᠷᠬᠡ ᠪᠠᠨ ᠬᠠᠮᠠᠭᠠᠯᠠᠵᠤ ᠲᠤᠰᠠᠯᠠᠬᠤ ᠠᠵᠢᠯ ᠤᠨ ᠬᠦᠴᠤᠯᠡᠴᠡ ᠶᠢ ᠨᠡᠮᠡᠭᠳᠡᠬᠦᠯᠤᠨ᠎ᠠ᠃ ᠠᠵᠤ ᠠᠬᠤᠶᠢᠯᠠᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ | ᠡᠷᠬᠡ ᠪᠠᠨ ᠬᠠᠮᠠᠭᠠᠯᠠᠬᠤ ᠶᠢ ᠳᠡᠮᠵᠢᠬᠦ ᠬᠦᠴᠤᠯᠡᠴᠡ ᠶᠢ ᠨᠡᠮᠡᠭᠳᠡᠬᠦᠯᠤᠨ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠣᠶᠤᠨ ᠤ ᠲᠤᠰᠠᠯᠠᠮᠵᠢ | ᠦᠵᠡᠭᠦᠯᠤᠨ᠎ᠠ᠃ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ | ᠳᠡᠮᠵᠢᠵᠦ᠂ ᠵᠠᠷᠭᠤ ᠢᠯᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠠᠷᠭᠤ ᠶᠢᠨ ᠤᠴᠢᠷ ᠶᠠᠪᠤᠳᠠᠯ ᠳᠤ ᠲᠤᠰᠠᠯᠠᠮᠵᠢ ᠦᠵᠡᠭᠦᠯᠵᠦ᠂ ᠪᠣᠳᠠᠲᠠᠢ ᠡᠭᠦᠰᠦᠭᠰᠡᠨ | ᠵᠠᠷᠤᠳᠠᠯ ᠤᠨ 50% ᠪᠠᠷ ᠵᠣᠭᠤᠰ ᠮᠥᠩᠭᠦ ᠲᠤᠰᠠᠯᠠᠵᠤ᠂ ᠪᠠᠶᠢᠭᠤᠯᠭᠠᠨᠢᠭᠡᠴᠢ ᠪᠤᠯᠭᠠᠨ ᠤ ᠲᠤᠰᠠᠯᠠᠮᠵᠢ ᠪᠠ ᠱᠠᠩᠨᠠᠯ ᠤᠨ ᠮᠥᠩᠭᠦ ᠶᠢᠨ ᠨᠡᠶᠢᠲᠡ ᠲᠤᠭ᠎ᠠ ᠶᠢ | ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠵᠤ ᠲᠤᠰᠠᠯᠠᠬᠤ | ᠠᠵᠢᠯ ᠤᠨ ᠥᠷᠲᠡᠭᠡ ᠶᠢᠨ ᠦᠢᠯᠡᠳᠦᠯ ᠢ ᠪᠠᠳᠠᠷᠠᠭᠤᠯᠤᠨ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠵᠢᠭᠤᠷᠠᠯᠳᠤᠭᠠᠨ ᠢ ᠡᠶᠡᠳᠡᠬᠦᠯᠤᠨ ᠨᠠᠮᠳᠠᠭᠤᠯᠬᠤ ᠠᠵᠢᠯ ᠢ | ᠦᠷᠨᠢᠬᠦᠯᠤᠨ᠎ᠠ᠃ ᠠᠵᠤ ᠠᠬᠤᠶᠢᠯᠠᠯ ᠢ ᠳᠡᠮᠵᠢᠨ ᠳᠠᠭᠠᠳᠬᠠᠯ ᠬᠤᠳᠠᠯᠳᠤᠨ ᠠᠪᠬᠤ ᠪᠠᠷ ᠳᠠᠮᠵᠢᠭᠤᠯᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠦᠭᠰᠢᠭᠦᠷᠢ ᠶᠢ | ᠨᠠᠮᠳᠠᠭᠤᠯᠤᠨ᠎ᠠ᠃ | ︵ᠵᠢᠷᠭᠤᠭ᠎ᠠ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠢᠨᠵᠧᠨᠧᠷᠢᠩ ᠢ ᠭᠡᠷᠡᠭᠵᠢᠬᠦᠯᠤᠨ᠎ᠠ᠃ | 16. ᠮᠡᠳᠡᠯᠭᠡ ᠶᠢᠨ ᠦᠮᠴᠢᠯᠡᠯ ᠤᠨ ᠡᠷᠬᠡ ᠳᠤ ᠮᠥᠩᠭᠦᠨ ᠭᠦᠢᠯᠭᠡᠭᠡᠨ ᠤ ᠤᠶᠢᠯᠡᠴᠢᠯᠡᠭᠡ ᠬᠠᠩᠭᠠᠬᠤ ᠶᠢ ᠨᠡᠮᠡᠭᠳᠡᠬᠦᠯᠤᠨ᠎ᠠ᠃ ᠮᠡᠳᠡᠯᠭᠡ ᠶᠢᠨ ᠦᠮᠴᠢᠯᠡᠯ ᠤᠨ | ᠡᠷᠬᠡ ᠶᠢᠨ ᠬᠢᠷᠢ ᠭᠡᠮ ᠢᠶᠠᠷ ᠢᠶᠠᠨ ᠪᠠᠷᠢᠴᠠᠭᠠᠯᠠᠵᠤ ᠪᠡᠯᠡ ᠴᠤᠬᠯᠠᠭᠤᠯᠬᠤ ᠲᠥᠷᠥᠯ ᠵᠦᠢᠯ ᠤᠨ ᠳᠠᠮ ᠬᠦᠦ ᠥᠭᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠬᠢᠷᠢ | ᠭᠡᠮ ᠢᠶᠠᠷ ᠢᠶᠠᠨ ᠪᠠᠷᠢᠴᠠᠭᠠᠯᠠᠵᠤ ᠪᠡᠯᠡ ᠴᠤᠬᠯᠠᠭᠤᠯᠬᠤ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠢᠷᠢ | ᠭᠡᠮ ᠢᠶᠠᠷ ᠢᠶᠠᠨ ᠪᠠᠷᠢᠴᠠᠭᠠᠯᠠᠵᠤ ᠪᠡᠯᠡ ᠴᠤᠬᠯᠠᠭᠤᠯᠬᠤ ᠦᠢᠯᠡᠴᠢᠯᠡᠭᠡᠨ ᠤ ᠵᠠᠭᠪᠤᠷ ᠢ ᠲᠡᠭᠦᠯᠳᠡᠷᠵᠢᠭᠦᠯᠦᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠢᠷᠢ ᠭᠡᠮ | ᠢᠶᠠᠷ ᠢᠶᠠᠨ ᠪᠠᠷᠢᠴᠠᠭᠠᠯᠠᠵᠤ ᠪᠡᠯᠡ ᠴᠤᠬᠯᠠᠭᠤᠯᠬᠤ ᠬᠡᠪᠴᠢᠶ᠎ᠡ ᠶᠢ ᠥᠷᠭᠡᠳᠬᠡᠨ᠂ 1 ︱ 5 ᠠᠵᠤ ᠠᠬᠤᠶᠢᠯᠠᠯ ᠳᠤ ᠠᠰᠢᠭ ᠬᠦᠷᠲᠡᠭᠡᠨ᠎ᠠ᠃ ᠬᠢᠷᠢ ᠭᠡᠮ ᠢᠶᠠᠷ ᠢᠶᠠᠨ | ᠪᠠᠷᠢᠴᠠᠭᠠᠯᠠᠵᠤ ᠪᠡᠯᠡ ᠴᠤᠬᠯᠠᠭᠤᠯᠬᠤ ᠲᠦᠭᠵᠢᠷᠡᠯ ᠤᠨ ᠴᠡᠭ ᠪᠠ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠪᠡᠯᠡ ᠴᠤᠬᠯᠠᠭᠤᠯᠬᠤ | ᠥᠪᠡᠷ ᠤᠨ ᠥᠷᠲᠡᠭ ᠢ ᠪᠠᠭᠤᠷᠠᠭᠤᠯᠤᠨ᠂ ᠬᠦᠦ ᠮᠥᠩᠭᠦ᠂ ᠭᠠᠶᠢᠯᠢ ᠰᠦᠢᠳᠬᠡᠯ ᠤᠨ ᠦᠨᠡᠯᠡᠨ ᠵᠢᠱᠢᠯᠲᠡ᠂ ᠳᠠᠭᠠᠭᠠᠯᠲᠠ ᠶᠢᠨ ᠵᠠᠷᠤᠳᠠᠯ ᠪᠠ ᠬᠤᠯᠪᠤᠬᠳᠠᠯ ᠪᠦᠬᠦᠢ | ᠦᠢᠯᠡᠴᠢᠯᠡᠭᠡᠨ ᠤ ᠵᠠᠷᠤᠳᠠᠯ ᠳᠤ ᠨᠥᠬᠦᠪᠦᠷᠢ ᠥᠭᠴᠦ᠂ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠰᠢᠯᠢᠳᠡᠭ ᠠᠵᠤ ᠠᠬᠤᠶᠢᠯᠠᠯ ᠢ ᠰᠣᠩᠭᠤᠨ ᠭᠠᠷᠭᠠᠵᠤ ᠳᠡᠳᠡᠨ | ᠳᠤ ᠵᠠᠷᠤᠳᠠᠯ ᠤᠨ ᠳᠤᠳᠤᠷ᠎ᠠ ᠠᠴᠠ 50 ᠲᠦᠮᠡᠨ ᠲᠥᠭᠦᠷᠢᠭ ᠠᠴᠠ ᠥᠯᠥ ᠬᠡᠲᠦᠷᠡᠬᠦ ᠨᠥᠬᠦᠪᠦᠷᠢ ᠥᠭᠭᠦᠨ᠎ᠡ᠃ | 17. ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ ᠮᠡᠳᠡᠯᠭᠡ ᠵᠢᠨᠥᠮᠴᠢᠯᠡᠯ ᠤᠨ ᠡᠷᠬᠡ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ | ᠦᠢᠯᠡᠴᠢᠯᠡᠭᠡᠨ ᠤ ᠠᠭᠤᠯᠭ᠎ᠠ ᠪᠠ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠵᠢᠯ ᠲᠥᠷᠥᠯ ᠤᠨ ᠪᠠᠷᠢᠮᠵᠢᠶ᠎ᠠ ᠶᠢ ᠰᠦᠪᠡᠭᠴᠢᠯᠡᠨ ᠳᠤᠬᠳᠠᠭᠠᠵᠤ᠂ ᠨᠢᠭᠡ ᠪᠦᠯᠦᠭ | ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠳᠠᠭᠠᠭᠤᠯᠤᠭᠴᠢ ᠪᠠᠶᠢᠭᠤᠯᠤᠮᠵᠢ ᠪᠠ ᠴᠢᠳᠠᠪᠤᠷᠢᠳᠠᠨ ᠢ ᠬᠦᠮᠤᠵᠢᠬᠦᠯᠤᠨ᠎ᠠ᠃ ᠮᠡᠳᠡᠯᠭᠡ ᠶᠢᠨ ᠥᠮᠴᠢᠯᠡᠯ | ᠤᠨ ᠡᠷᠬᠡ ᠵᠢᠨᠨᠡᠯᠢᠶᠡᠳ ᠴᠢᠩᠭ᠎ᠠ ᠦᠢᠯᠡᠴᠢᠯᠡᠭᠡᠨ ᠤ ᠴᠢᠳᠠᠪᠤᠷᠢ ᠲᠠᠢ ᠳᠡᠭᠡᠳᠦ ᠲᠠᠰ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠠ | ᠪᠣᠶᠢᠵᠢᠭᠤᠯᠤᠨ ᠵᠡᠭᠦᠨᠭᠠᠷ ᠬᠤᠰᠢᠭᠤᠨ ᠳᠤ ᠨᠤᠳᠤᠬᠰᠢᠭᠤᠯᠵᠤ᠂ 5 ᠲᠦᠮᠡᠨ ᠲᠥᠭᠦᠷᠢᠭ ᠠᠴᠠ ᠥᠯᠥ ᠬᠡᠲᠦᠷᠡᠬᠦ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ | ᠬᠤᠰᠢᠭᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ | ᠠᠰᠢᠭᠯᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠪᠠ ᠲᠠᠪᠴᠠᠩ ᠢ ᠪᠠᠶᠢᠭᠤᠯᠵᠤ᠂ ᠴᠣᠩᠬᠤᠪᠴᠢ ᠶᠢᠨ | ᠲᠥᠬᠦᠮ ᠦᠢᠯᠡᠴᠢᠯᠡᠭᠡ ᠶᠢ ᠰᠢᠯᠢᠳᠡᠭᠵᠢᠭᠦᠯᠦᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠪᠠ ︽ᠨᠢᠭᠡ | ᠰᠦᠯᠵᠢᠶ᠎ᠡ ᠪᠠᠷ ᠪᠦᠬᠦᠨ ᠢ ᠬᠦᠢᠴᠡᠳᠭᠡᠬᠦ︾ ᠶᠢ ᠠᠬᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠳᠤ ᠦᠨᠳᠦᠰᠦᠨ ᠱᠠᠲᠤᠨ ᠤ ᠮᠡᠳᠡᠯᠭᠡ ᠶᠢᠨ ᠥᠮᠴᠢᠯᠡᠯ ᠤᠨ | ᠡᠷᠬᠡ ᠶᠢᠨ ᠦᠢᠯᠡᠴᠢᠯᠡᠭᠡᠨ ᠤ ᠲᠣᠣᠷ ᠴᠡᠭ ᠢ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠳᠤ ᠦᠢᠯᠡᠴᠢᠯᠡᠬᠦ ᠶᠢ ᠵᠢᠯᠣᠭᠤᠳᠤᠨ ᠳᠡᠮᠵᠢᠨ᠎ᠠ᠃ | ︵ᠳᠣᠯᠤᠭ᠎ᠠ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠳᠠᠪᠤᠷᠢᠲᠠᠨ ᠢᠶᠠᠷ ᠲᠤᠯᠭᠠᠭᠤᠷᠢᠯᠠᠬᠤ ᠢᠨᠵᠧᠨᠧᠷᠢᠩ ᠢ ᠭᠡᠷᠡᠭᠵᠢᠬᠦᠯᠤᠨ᠎ᠠ᠃ | 18. ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ᠢ ᠠᠬᠢᠭᠤᠯᠤᠨ᠎ᠠ᠃ ᠮᠠᠨ ᠤ ᠬᠤᠰᠢᠭᠤᠨ ᠳᠤ ᠬᠠᠤᠯᠢ ᠶᠣᠰᠣᠭᠠᠷ | ᠪᠦᠷᠢᠳᠬᠡᠭᠦᠯᠦᠨ ᠳᠠᠩᠰᠠᠯᠠᠭᠤᠯᠤᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠤᠶᠤ ᠠᠵᠤ ᠠᠬᠤᠶᠢᠯᠠᠯ ᠳᠤ᠂ ᠲᠤᠰᠬᠠᠢ | ᠠᠰᠢᠭ ᠤᠨ ᠣᠷᠣᠯᠠᠨ ᠭᠦᠢᠴᠡᠳᠭᠡᠭᠴᠢ ᠶᠢᠨ ᠠᠵᠢᠯ ᠡᠷᠭᠢᠯᠡᠬᠦ ᠬᠢᠷᠢ ᠬᠡᠮ ᠪᠤᠶᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠤᠮᠳᠠ ᠦᠨᠳᠤᠷ ᠵᠡᠷᠭᠡ ᠶᠢᠨ | ᠲᠤᠰᠬᠠᠢ ᠮᠡᠷᠭᠡᠵᠢᠯ ᠤᠨ ᠴᠣᠯᠠ ᠶᠢ ᠰᠢᠨ᠎ᠡ ᠪᠠᠷ ᠬᠥᠮᠥᠵᠢᠭᠦᠯᠦᠭᠰᠡᠨ ᠪᠤᠶᠤ ᠣᠷᠣᠭᠤᠯᠤᠨ ᠠᠪᠴᠢᠷᠠᠭᠰᠠᠨ ᠮᠥᠷᠲᠡᠭᠡᠨ ᠠᠵᠢᠯ ᠤᠨ ᠪᠠᠶᠢᠷᠢᠨ ᠳᠠᠭᠠᠨ ᠪᠠᠶᠢᠵᠤ | ᠦᠷᠭᠦᠯᠵᠢᠯᠡᠨ ᠨᠢᠭᠡ ᠵᠢᠯ ᠠᠴᠠ ᠳᠡᠭᠡᠭᠰᠢ ᠦᠢᠯᠡᠴᠢᠯᠡᠭᠰᠡᠨ ᠪᠠᠶᠢᠪᠠᠯ᠂ ᠪᠠᠶᠢᠭ᠎ᠠ ᠪᠠᠶᠢᠭᠤᠯᠤᠮᠵᠢ ᠶᠢᠨ ᠲᠤᠰᠬᠠᠢ ᠠᠰᠢᠭ ᠤᠨ ᠣᠷᠣᠯᠠᠨ ᠭᠦᠢᠴᠡᠳᠭᠡᠭᠴᠢ ᠳᠤ 2000 | ᠲᠥᠭᠦᠷᠢᠭ\ ᠬᠥᠮᠥᠨ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠳᠤ 5000 ᠲᠥᠭᠦᠷᠢᠭ\ ᠬᠥᠮᠥᠨ᠂ ᠥᠨᠳᠥᠷ ᠵᠡᠷᠭᠡ ᠶᠢᠨ ᠮᠡᠷᠭᠡᠵᠢᠯ ᠤᠨ ᠴᠣᠯᠠ ᠳᠤ | 10000 ᠲᠥᠭᠦᠷᠢᠭ\ ᠬᠥᠮᠥᠨ ᠤ ᠪᠠᠷᠢᠮᠵᠢᠶ᠎ᠠ ᠪᠠᠷ ᠲᠤᠰᠠᠯᠠᠮᠵᠢ ᠣᠯᠭᠤᠨ᠎ᠠ᠃ ᠠᠳᠠᠯᠢ ᠨᠢᠭᠡ ᠬᠥᠮᠥᠨ ᠤ ᠠᠳᠠᠯᠢ ᠨᠢᠭᠡ ᠮᠡᠷᠭᠡᠵᠢᠯ ᠤᠨ ᠴᠣᠯᠠ ᠳᠤ ᠨᠢᠭᠡ ᠯᠡ | ᠤᠳᠠᠭ᠎ᠠ ᠲᠤᠰᠠᠯᠠᠨ᠎ᠠ᠃ | ︵ᠨᠠᠢᠮᠠ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | 19. ᠮᠡᠳᠡᠯᠭᠡ ᠶᠢᠨ ᠦᠮᠴᠢᠯᠡᠯ ᠤᠨ ᠡᠷᠬᠡ ᠶᠢᠨ ᠣᠨᠣᠯ ᠲᠥᠷᠥ ᠶᠢᠨ ᠪᠤᠳᠤᠯᠭ᠎ᠠ ᠰᠤᠳᠤᠯᠬᠤ ᠶᠢ ᠴᠢᠩᠭᠠᠳᠬᠠᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢᠨ | ᠣᠨᠣᠯ ᠡᠷᠳᠡᠮ ᠰᠢᠨᠵᠢᠯᠡᠭᠡᠨ ᠪᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠨᠠᠷᠠᠲᠤ ᠮᠡᠳᠡᠯᠭᠡ ᠶᠢᠨ ᠦᠮᠴᠢᠯᠡᠯ | ᠤᠨ ᠡᠷᠬᠡ ᠶᠢᠨ ᠲᠤᠰᠬᠠᠢ ᠮᠡᠷᠭᠡᠵᠢᠯᠲᠡᠨ᠂ ᠡᠷᠳᠡᠮᠲᠡᠨ ᠢ ᠤᠷᠢᠵᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠣᠯᠢᠯᠴᠠᠭ᠎ᠠ ᠥᠷᠨᠢᠭᠦᠯᠵᠦ᠂ ᠵᠡᠭᠦᠨᠭᠠᠷ ᠬᠤᠰᠢᠭᠤᠨ ᠤ | ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠦᠭᠵᠢᠯᠳᠡ ᠳᠤ ᠠᠷᠭ᠎ᠠ ᠪᠤᠳᠤᠯᠭ᠎ᠠ ᠭᠠᠷᠭᠠᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠡᠳᠦᠪ ᠤᠨ | ᠰᠤᠳᠤᠯᠭᠠᠨ ᠤ ᠲᠥᠯᠥᠪᠯᠡᠭᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠣᠨᠣᠯ ᠪᠠ ᠪᠣᠳᠠᠲᠤ ᠶᠠᠪᠤᠳᠠᠯ ᠤᠨ | ᠰᠤᠳᠤᠯᠭᠠᠨ ᠤ ᠬᠢᠷᠢ ᠳᠦᠪᠰᠢᠨ ᠢ ᠳᠡᠭᠡᠭᠰᠢᠯᠡᠬᠦᠯᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠠᠵᠢᠯ ᠢ ᠪᠦᠳᠤᠮᠵᠢᠳᠡᠢ ᠬᠦᠳᠤᠯᠤᠨ ᠵᠢᠯᠤᠭᠤᠳᠤᠨ᠎ᠠ᠃ | 20. ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠣᠶᠣᠯ ᠤᠨ ᠪᠠᠶᠢᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠦᠭᠡᠮᠡᠯᠵᠢᠬᠦᠯᠦᠯᠳᠡ ᠶᠢ ᠴᠢᠩᠭᠠᠳᠬᠠᠨ᠎ᠠ᠃ | ︽4.26︾ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠭᠦᠢᠴᠡᠳ ᠠᠰᠢᠭᠯᠠᠨ᠂ | ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠥᠷᠥ ᠶᠢᠨ | ᠪᠣᠳᠣᠯᠭ᠎ᠠ ᠶᠢᠨ ᠵᠢᠯᠣᠭᠤᠳᠤᠮᠵᠢ ᠶᠢ ᠳᠠᠷᠤᠮᠠᠯᠯᠠᠨ ᠳᠠᠷᠬᠠᠭᠠᠵᠤ᠂ ᠳᠦᠷᠦ ᠶᠢᠨ ᠪᠤᠳᠤᠯᠭ᠎ᠠ ᠶᠢ ᠤᠶᠢᠯᠠᠭᠠᠵᠤ ᠮᠡᠳᠡᠬᠦ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠰᠢᠨ᠎ᠡ | ᠵᠠᠭᠤᠴᠢᠯᠠᠭᠤᠷ᠂ ᠰᠢᠨ᠎ᠡ ᠠᠴᠢᠶᠠᠯᠠᠪᠤᠷᠢ ᠵᠡᠷᠭᠡ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠥᠷᠭᠡᠨ ᠢᠶᠠᠷ ᠠᠰᠢᠬᠯᠠᠨ᠂ ᠪᠦᠬᠦ ᠣᠨ ᠤ ᠵᠡᠭᠦᠨᠭᠠᠷ ᠬᠤᠰᠢᠭᠤᠨ ᠤ | ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠥᠭᠵᠢᠯᠲᠡ ᠬᠢᠭᠡᠳ ᠬᠠᠮᠠᠭᠠᠯᠠᠯᠲᠠ ᠶᠢᠨ ᠪᠠᠶᠢᠳᠠᠯ᠂ ᠮᠡᠳᠡᠯᠭᠡ ᠵᠢᠨᠦᠮᠴᠢᠯᠡᠯ ᠤᠨ ᠡᠷᠬᠡ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠤᠬᠠᠭᠤᠯᠭ᠎ᠠ ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠵᠡᠭᠦᠨᠭᠠᠷ | ᠬᠤᠰᠢᠭᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠪᠠ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠶᠢ ᠠᠯᠪᠠᠨ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ | ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠶᠢ ᠠᠬᠢᠭᠤᠯᠵᠤ᠂ ᠪᠥᠬᠦ ᠨᠡᠶᠢᠭᠡᠮ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ | ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠶᠢ ᠬᠦᠨᠳᠦᠳᠬᠡᠬᠦ᠂ ᠮᠡᠳᠡᠯᠭᠡ ᠵᠢᠨᠦᠮᠴᠢᠯᠡᠯ ᠤᠨ ᠡᠷᠭᠡ ᠶᠢ ᠬᠦᠨᠳᠤᠳᠭᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠦᠷᠢᠯᠳᠦᠬᠦᠯᠤᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢ | ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠬᠤᠯᠪᠤᠬᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠵᠢᠨᠦᠮᠴᠢᠯᠡᠯ ᠤᠨ ᠡᠷᠬᠡ ᠶᠢᠨ | ᠠᠵᠢᠯ ᠢ ᠪᠥᠬᠦ ᠬᠤᠰᠢᠭᠤᠨ ᠤ ᠭᠤᠣᠯ ᠠᠵᠢᠯ ᠳᠤ ᠣᠷᠣᠭᠤᠯᠤᠨ ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠠᠵᠤ ᠠᠬᠤᠶᠢᠯᠠᠯ ᠢ ᠪᠣᠶᠢᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠴᠢᠳᠠᠪᠤᠷᠢᠲᠠᠨ᠂ ᠮᠥᠩᠭᠦᠨ ᠭᠦᠢᠯᠭᠡᠭᠡ ᠵᠡᠷᠭᠡ ᠠᠵᠢᠯ ᠢ ᠮᠡᠳᠡᠯᠭᠡ ᠶᠢᠨ | ᠦᠮᠴᠢᠯᠡᠯ ᠤᠨ ᠡᠷᠬᠡ ᠶᠢᠨ ᠠᠵᠢᠯ ᠲᠠᠢ ᠭᠦᠨᠵᠡᠭᠡᠢ ᠠᠭᠤᠰᠤᠯᠴᠠᠭᠤᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠎ᠠ᠃ ᠬᠤᠰᠢᠭᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠨᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠢ ᠠᠬᠢᠭᠤᠯᠬᠤ | ᠡᠯ᠎ᠡ ᠳᠦᠷᠤᠯ ᠤᠨ ᠪᠣᠳᠠᠲᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠪᠦᠬᠦᠳᠡᠭᠡᠷ ᠢᠶᠠᠨ ᠬᠠᠮᠵᠢᠯᠴᠠᠨ᠂ | ᠪᠦᠬᠦᠯᠢ ᠴᠣᠭᠴᠠ ᠪᠠᠷ ᠨᠢ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠡᠯ᠎ᠠ ᠳᠦᠷᠤᠯ ᠤᠨ ᠠᠵᠢᠯ ᠤᠨ ᠡᠬᠦᠷᠭᠡ ᠶᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠤᠨ᠎ᠠ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢ ᠵᠠᠰᠠᠭ ᠤᠨ | ᠣᠷᠳᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠳᠠᠬᠢ ᠪᠡᠯᠡ ᠣᠷᠣᠭᠤᠯᠤᠯᠲᠠ ᠶᠢᠨ ᠬᠦᠴᠤᠯᠡᠴᠡ ᠪᠠᠨ ᠨᠡᠮᠡᠭᠳᠡᠬᠦᠯᠤᠨ᠂ ᠨᠡᠶᠢᠭᠡᠮ ᠤᠨ ᠪᠡᠯᠡ | ᠮᠥᠩᠭᠦ ᠶᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠯ᠎ᠠ ᠳᠦᠷᠤᠯ ᠤᠨ ᠠᠵᠢᠯ ᠳᠤ ᠤᠷᠤᠭᠤᠯᠬᠤ ᠶᠢ ᠵᠤᠷᠢᠬᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ᠂ ᠮᠥᠩᠭᠦᠨ ᠭᠦᠢᠯᠭᠡᠭᠡ ᠬᠢᠭᠡᠳ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠠᠪᠬᠤᠴᠠᠬᠰᠠᠨ ᠦᠷ᠎ᠠ ᠠᠰᠢᠬᠯᠠᠮᠵᠢ ᠶᠢ ᠨᠡᠮᠡᠭᠳᠡᠬᠦᠯᠤᠨ᠎ᠠ᠃ ᠬᠤᠯᠪᠤᠬᠳᠠᠯ | ᠪᠦᠬᠦᠢ ᠰᠠᠯᠠᠭ᠎ᠠ ᠮᠥᠴᠢᠷ ᠨᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠤ ᠮᠡᠳᠡᠯᠭᠡ ᠶᠢᠨ ᠦᠮᠴᠢᠯᠡᠯ ᠤᠨ ᠡᠷᠬᠡ ᠯᠦᠭᠡ | ᠬᠤᠯᠪᠣᠭᠳᠠᠬᠤ ᠣᠯᠠᠨ ᠨᠡᠶᠢᠲᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠪᠡᠯᠡ ᠣᠷᠣᠭᠤᠯᠤᠯᠲᠠ ᠶᠢᠨ ᠭᠤᠣᠯᠳᠠᠯᠭ᠎ᠠ ᠶᠢ ᠲᠣᠪᠤᠶᠢᠯᠭᠠᠨ᠂ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠎ᠠ᠃ | ︵ᠭᠤᠷᠪᠠ︶ ᠡᠭᠦᠷᠭᠡ ᠶᠢ ᠨᠠᠶᠢᠳᠠᠪᠤᠷᠢᠵᠢᠭᠤᠯᠬᠤ ᠪᠠ ᠰᠢᠯᠭᠠᠨ ᠬᠤᠷᠢᠶᠠᠵᠤ ᠤᠷᠮᠠᠰᠢᠭᠤᠯᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢ | ᠮᠡᠳᠡᠯᠭᠡ ᠵᠢᠨᠦᠮᠴᠢᠯᠡᠯ ᠤᠨ ᠡᠷᠬᠡ ᠶᠢᠨ ᠠᠵᠢᠯ ᠤᠨ ᠣᠨ ᠤ ᠬᠠᠷᠠᠯᠳᠠ ᠡᠭᠦᠷᠭᠡ ᠶᠢ ᠵᠠᠳᠠᠯᠬᠤ ᠪᠠ ᠰᠢᠯᠭᠠᠨ ᠬᠤᠷᠢᠶᠠᠵᠤ ᠠᠳᠠᠯᠢᠳᠬᠠᠬᠤ ᠶᠢ ᠴᠢᠩᠭᠠᠳᠬᠠᠨ᠂ | ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠠᠮᠵᠢᠯᠲᠠ ᠪᠦᠲᠦᠮᠵᠢ ᠲᠣᠪᠣᠶᠢᠮ᠎ᠠ ᠬᠠᠮᠢᠶ᠎ᠠ ᠪᠦᠬᠦᠢ ᠨᠢᠭᠡᠴᠢ᠂ ᠠᠵᠤ ᠠᠬᠤᠶᠢᠯᠠᠯ ᠪᠠ ᠲᠡᠷᠢᠭᠦᠨ ᠤ | ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠪᠥᠬᠦ ᠬᠤᠰᠢᠭᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠨᠠᠷ ᠰᠠᠶᠢᠲᠠᠢ ᠬᠦᠭᠵᠢᠯᠳᠡ ᠶᠢ ᠪᠡᠶᠡᠯᠡᠬᠦᠯᠤᠨ᠎ᠠ᠃ | ᠲᠠᠪᠤ᠂ ᠳᠠᠭᠠᠯᠳᠤᠭᠤᠯᠤᠭᠰᠠᠨ ᠳᠦᠷᠢᠮ | ︵ᠨᠢᠭᠡ︶ ᠲᠣᠰ ᠠᠵᠢᠯᠯᠠᠭ᠎ᠠ ᠶᠢᠨ ᠲᠥᠯᠥᠪᠯᠡᠭᠡ ᠶᠢ ᠵᠡᠭᠦᠨᠭᠠᠷ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠦᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠬᠠᠷᠢᠭᠤᠴᠠᠨ ᠲᠠᠶᠢᠯᠪᠤᠷᠢᠯᠠᠨ᠎ᠠ᠃ | ︵ᠬᠤᠶᠠᠷ︶ ᠲᠣᠰ ᠠᠵᠢᠯᠯᠠᠭ᠎ᠠ ᠶᠢᠨ ᠲᠥᠯᠥᠪᠯᠡᠭᠡ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ ᠬᠤᠰᠢᠭᠤᠨ ᠤ ᠲᠠᠸᠠᠷ ᠤᠨ | ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠵᠡᠭᠦᠨᠭᠠᠷ ᠵᠠᠰᠠᠭ ᠳᠠᠷᠬᠠᠭᠠᠬᠰᠠᠨ ﹇2016﹈ 47 ᠲᠣᠭᠠᠲᠤ︶ ᠤᠨ ᠪᠢᠴᠢᠭ ᠮᠠᠲ᠋ᠧᠷᠢᠶᠠᠯ ᠢ ᠬᠠᠮᠲᠤ ᠳᠤᠨᠢ ᠬᠦᠴᠦᠨ ᠦᠭᠡᠢ | ᠪᠣᠯᠭᠠᠨ᠎ᠠ︔ ︽ᠵᠡᠭᠦᠨᠭᠠᠷ ᠬᠤᠰᠢᠭᠤᠨ ᠤ ᠰᠢᠨ᠎ᠡ ᠬᠠᠭᠤᠴᠢᠨ ᠬᠥᠳᠡᠯᠭᠡᠭᠦ ᠬᠦᠴᠤᠨ ᠤ ᠰᠣᠯᠢᠭᠳᠠᠯ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠳᠡ | ᠶᠢᠨ ᠱᠠᠩᠨᠠᠯ ᠨᠥᠬᠦᠪᠦᠷᠢ︶ ᠤᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠨᠠᠷᠢᠨ ᠳᠦᠷᠢᠮ︾ ᠤᠨ ᠠᠷᠪᠠᠨ ᠵᠢᠷᠭᠤᠳᠤᠭᠠᠷ ᠵᠦᠢᠯ ᠠᠴᠠ ᠬᠤᠷᠢᠨ ᠬᠤᠶᠠᠳᠤᠭᠠᠷ ᠵᠦᠢᠯ | ᠬᠦᠷᠲᠡᠯᠡᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠱᠠᠩᠨᠠᠯ ᠨᠥᠬᠦᠪᠦᠷᠢ ᠦᠭᠬᠦ ᠲᠥᠷᠥ ᠶᠢᠨ ᠪᠣᠳᠣᠯᠭ᠎ᠠ ᠶᠢ ᠲᠣᠰ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ | ᠪᠣᠯᠭᠠᠨ᠎ᠠ᠃ ᠮᠠᠨ ᠤ ᠬᠤᠰᠢᠭᠤᠨ ᠤ ᠥᠩᠭᠡᠷᠡᠭᠰᠡᠨ ᠳᠤ ᠨᠡᠶᠢᠲᠡᠯᠡᠭᠰᠡᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠤᠯᠪᠤᠬᠳᠠᠯ ᠪᠦᠬᠦᠢ ᠲᠥᠷᠥ ᠶᠢᠨ ᠪᠣᠳᠣᠯᠭ᠎ᠠ | ᠨᠢ ᠲᠣᠰ ᠠᠷᠭ᠎ᠠ ᠶᠢᠨ ᠲᠣᠭᠲᠠᠭᠠᠯ ᠲᠠᠢ ᠨᠢᠭᠡᠳᠦᠯ ᠦᠭᠡᠢ ᠪᠤᠶᠤ ᠳᠠᠪᠬᠤᠷᠳᠠᠭᠰᠠᠨ ᠪᠠᠶᠢᠪᠠᠯ᠂ ᠲᠣᠰ ᠠᠵᠢᠯᠯᠠᠭ᠎ᠠ ᠶᠢᠨ ᠲᠥᠯᠥᠪᠯᠡᠭᠡ ᠪᠠᠷ ᠪᠠᠷᠢᠮᠵᠢᠶ᠎ᠠ ᠪᠣᠯᠭᠠᠨ᠎ᠠ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 3 ᠰᠠᠷ᠎ᠠ ᠶᠢᠨ 3 ᠤ ᠡᠳᠦᠷ ᠳᠠᠷᠤᠮᠠᠯᠯᠠᠨ ᠳᠠᠷᠬᠠᠭᠠᠪᠠ | | |