ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠯᠢ ᠬᠠᠶ ᠴᠢᠤᠸᠠᠨ  ᠄ ᠬᠥᠳᠡᠭᠡ ᠲᠣᠰᠬᠤᠨ  ᠳᠤ  ᠨᠤᠳᠤᠬᠰᠢᠨ ᠬᠥᠭᠵᠢᠯ ᠮᠠᠨᠳᠤᠯ  ᠢ ᠳᠡᠮᠵᠢᠵᠦ ᠲᠣᠰᠬᠤᠨ  ᠤ ᠠᠷᠠᠳ  ᠤᠨ ᠪᠠᠶᠠᠵᠢᠨ ᠴᠢᠨᠡᠭᠡᠯᠢᠭᠵᠢᠬᠦ ᠬᠦᠰᠡᠯ  ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2022/7/14
     ᠯᠢ ᠬᠠᠶ ᠴᠢᠤᠸᠠᠨ ᠪᠣᠯ ᠵᠡᠭᠦᠨᠭᠠᠷ ᠬᠤᠰᠢᠭᠤᠨ  ᠤ ᠲᠠᠷᠢᠶᠠᠯᠠᠩ ᠮᠠᠯ ᠠᠵᠤ ᠠᠬᠤᠶ  ᠶᠢᠨ ᠲᠣᠪᠴᠢᠶ᠎ᠠ  ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠳᠡᠯᠭᠡᠷᠡᠭᠦᠯᠦᠯᠲᠡ  ᠶᠢᠨ ᠲᠥᠪ  ᠤᠨ ᠳᠡᠳ᠋ ᠡᠷᠬᠢᠯᠡᠭᠴᠢ ᠪᠣᠯᠤᠨ᠎ᠠ  ᠃ 1997 ᠣᠨ  ᠳᠤ  ᠠᠵᠢᠯ  ᠳᠤ ᠭᠠᠷᠤᠬᠰᠠᠨ  ᠠᠴᠠ  ᠨᠠᠭᠠᠰᠢ  ᠂ ᠲᠡᠷᠡ ᠤᠷᠢᠳ ᠬᠤᠵᠢᠳ ᠲᠣᠰᠬᠤᠨ  ᠤ ᠡᠷᠬᠢᠯᠡᠭᠴᠢ  ᠂ ᠲᠣᠰᠬᠤᠨ  ᠤ ᠨᠠᠮ  ᠤᠨ ᠡᠭᠦᠷ  ᠤᠨ ᠱᠦᠵᠢ  ᠂ ᠲᠣᠰᠬᠤᠨ  ᠳᠤ ᠰᠠᠭᠤᠭ᠎ᠠ ᠨᠢᠭᠡᠳᠦᠭᠡᠷ ᠱᠦᠵᠢ ᠵᠢᠴᠢ ᠲᠣᠰᠬᠤᠨ  ᠢ ᠳᠠᠭᠠᠭᠠᠴᠢᠯᠠᠭᠰᠠᠨ ᠬᠠᠷᠢᠭᠤᠴᠠᠯᠭᠠᠲᠠᠨ ᠵᠡᠷᠭᠡ ᠤᠯᠠᠨ ᠳᠠᠪᠬᠤᠷ ᠲᠤᠰᠢᠶᠠᠯ  ᠢ ᠡᠭᠦᠷᠭᠡᠯᠡᠵᠦ ᠥᠩᠭᠡᠷᠡᠪᠡ ᠃ ᠭᠠᠯ ᠵᠠᠯᠠᠭᠤ ᠨᠠᠰᠤ  ᠲᠠᠢ ᠬᠢᠯᠠᠷᠠᠭᠤᠯᠵᠤ ᠪᠠᠶᠢᠬᠰᠠᠨ ᠠᠴᠠ ᠪᠠᠨ ᠵᠠᠵᠢᠨ ᠦᠰᠤ ᠨᠢ ᠴᠠᠶᠢᠬᠰᠠᠨ ᠯᠢ ᠬᠠᠢ ᠴᠢᠤᠸᠠᠨ ᠦᠨᠳᠦᠰᠦᠨ ᠱᠠᠲᠤᠨ   ᠳᠤ  25 ᠵᠢᠯ ᠠᠵᠢᠯᠯᠠᠵᠤ  ᠂  ᠲᠤᠬᠠᠢ  ᠶᠢᠨ ᠭᠠᠵᠠᠷ  ᠤᠨ ᠲᠣᠰᠬᠤᠨ  ᠤ ᠠᠷᠠᠳ  ᠢ ᠳᠠᠭᠠᠭᠤᠯᠤᠨ ᠲᠦᠬᠦᠭᠡᠷᠦᠮᠵᠢᠳᠤ ᠲᠠᠷᠢᠶᠠᠯᠠᠩ  ᠢ ᠬᠥᠭᠵᠢᠭᠦᠯᠤᠨ  ᠂ ᠰᠢᠨ᠎ᠡ ᠲᠠᠷᠢᠮᠠᠯ  ᠤᠨ ᠲᠦᠷᠦᠯ ᠵᠦᠢᠯ  ᠢ ᠣᠷᠣᠭᠤᠯᠤᠨ ᠠᠪᠴᠢᠷᠠᠬᠤ  ᠂ ᠳᠣᠣᠷ᠎ᠠ ᠤᠨᠠᠯᠲᠠ  ᠲᠠᠢ ᠬᠤᠵᠢᠷᠯᠢᠬ ᠭᠠᠵᠠᠷ  ᠢ ᠰᠠᠶᠢᠵᠢᠷᠠᠭᠤᠯᠬᠤ  ᠂ ᠦᠨᠳᠦᠰᠦᠨ ᠱᠠᠲᠤᠨ  ᠤ ᠰᠤᠯᠠ ᠵᠠᠳᠠᠭᠠᠢ ᠨᠠᠮ  ᠤᠨ ᠵᠣᠬᠢᠶᠠᠨ ᠪᠠᠶᠢᠭᠤᠯᠤᠯᠲᠠ  ᠶᠢ ᠴᠡᠭᠴᠡᠯᠡᠬᠦ ᠠᠵᠢᠯ ᠤᠳ ᠢ ᠳᠦᠷᠦᠬᠦᠯᠡᠨ ᠬᠢᠵᠤ  ᠂ ᠡᠯᠪᠡᠭ ᠪᠠᠶᠠᠯᠢᠭ ᠠᠵᠢᠯ  ᠤᠨ ᠲᠤᠷᠰᠢᠯᠭ᠎ᠠ ᠪᠣᠯᠤᠨ ᠲᠠᠷᠢᠶᠠᠯᠠᠩ  ᠤᠨ ᠮᠡᠷᠭᠡᠵᠢᠯ  ᠤᠨ ᠲᠤᠰᠬᠠᠢ ᠮᠡᠷᠭᠡᠵᠢᠯ  ᠤᠨ ᠮᠡᠳᠡᠯᠭᠡ  ᠶᠢ ᠬᠤᠷᠠᠮᠳᠤᠭᠤᠯᠤᠨ  ᠂ ᠤᠯᠠᠨ ᠲᠦᠮᠡᠨ  ᠤ ᠢᠲᠡᠭᠡᠯ ᠬᠦᠨᠳᠤᠳᠭᠡᠯ  ᠢ ᠣᠯᠤᠭᠰᠠᠨ ᠪᠠᠶᠢᠨ᠎ᠠ ᠃ 2017 ᠣᠨ  ᠳᠤ ᠬᠤᠲᠠ  ᠶᠢᠨ  ᠱᠠᠳᠤᠨ ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ  ᠪᠠᠷ ᠰᠣᠩᠭᠤᠭᠳᠠᠭᠰᠠᠨ  ᠠᠴᠠ ᠠᠪᠤᠭᠠᠳ 2021 ᠣᠨ  ᠳᠤ ᠬᠤᠭᠤᠴᠠᠭ᠎ᠠ ᠰᠣᠯᠢᠬᠤ  ᠳᠤ ᠠᠷᠠᠳ ᠤᠯᠠᠨ  ᠢᠶᠠᠷ ᠢᠶᠠᠨ ᠳᠡᠬᠦᠨ ᠢ ᠰᠤᠩᠭᠤᠵᠤ  ᠬᠤᠰᠢᠭᠤᠨ  ᠤ  ᠱᠠᠳᠤᠨ ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠪᠤᠯᠭᠠᠬᠰᠠᠨ ᠠᠴᠠ ᠳᠡᠷᠡ  ᠂ ᠨᠡᠷ᠎ᠡ ᠨᠢᠳᠡᠷ  ᠲᠡᠭᠡᠨ  ᠳᠡᠩᠴᠡᠭᠰᠡᠨ ᠠᠷᠠᠳ  ᠤᠯᠠᠨ ᠤ ᠣᠷᠣᠯᠠᠨ ᠥᠭᠦᠯᠡᠭᠴᠢ ᠪᠣᠯᠤᠭᠰᠠᠨ ᠪᠠᠶᠢᠨ᠎ᠠ  ᠃
李海泉1.jpg      ᠱᠢ ᠡᠯ ᠯᠢᠶᠠᠨ ᠴᠧᠩ ᠰᠢᠶᠠᠩ ᠤᠨ ᠤᠪᠤᠭᠠᠨ ᠳᠤᠬᠤᠢ ᠲᠣᠰᠬᠤᠨ  ᠤ ᠸᠠᠩ ᠽᠧᠩ  ᠤᠨ ᠬᠢᠨ ᠤ ᠡᠷᠳᠡᠨᠢ ᠰᠢᠰᠢ  ᠶᠢᠨ ᠲᠠᠷᠢᠶᠠᠨ  ᠳᠤ  ᠂ ᠯᠢ
ᠬᠠᠢ ᠴᠢᠤᠸᠠᠨ ᠬᠠᠮᠲᠤ ᠠᠵᠢᠯᠯᠠᠭᠰᠠᠳ  ᠲᠠᠢ  ᠪᠠᠨ ᠲᠠᠷᠢᠮᠠᠯ  ᠤᠨ ᠡᠪᠡᠳᠴᠢᠨ ᠬᠤᠷᠣᠬᠠᠢ  ᠶᠢᠨ ᠬᠥᠨᠥᠭᠡᠯ  ᠢ ᠬᠡᠷᠬᠢᠨ ᠰᠡᠷᠭᠡᠶᠢᠯᠡᠬᠦ ᠲᠤᠬᠠᠢ ᠮᠡᠳᠡᠯᠭᠡ  ᠶᠢ ᠤᠯᠠᠮᠵᠢᠯᠠᠵᠤ ᠳᠠᠨᠢᠯᠴᠠᠭᠤᠯᠤᠨ  ᠶᠠᠭᠠᠷᠠᠯᠳᠤᠵᠤ ᠪᠠᠶᠢᠯ᠎ᠠ  ᠃ 2017 ᠣᠨ  ᠠᠴᠠ ᠡᠬᠢᠯᠡᠨ  ᠂ ᠸᠠᠩ ᠽᠧᠩ ᠤᠷᠢᠳ ᠬᠤᠵᠢᠳ 3000 ᠭᠠᠷᠤᠢ ᠮᠦ ᠭᠠᠵᠠᠷ ᠰᠢᠷᠣᠢ ᠶᠢ ᠰᠢᠯᠵᠢᠬᠦᠯᠤᠨ ᠡᠵᠡᠩᠨᠡᠵᠤ  ᠤᠤ ᠶᠧ ᠲᠠᠷᠢᠮᠠᠯ ᠲᠡᠵᠢᠭᠡᠪᠤᠷᠢ ᠶᠢᠨ ᠲᠤᠰᠬᠠᠢ ᠬᠤᠷᠰᠢᠶᠠᠵᠢᠯ ᠢ ᠡᠭᠦᠳᠦᠨ ᠪᠠᠶᠢᠭᠤᠯᠪᠠ  ᠂ ᠡᠨᠡ ᠬᠡᠳᠦᠨ ᠵᠢᠯ  ᠳᠤ  ᠂ ᠲᠠᠷᠢᠶᠠᠨ ᠠᠵᠢᠯ ᠶᠠᠭᠠᠷᠠᠤ ᠪᠣᠯᠬᠤ ᠪᠦᠷᠢ ᠯᠢ ᠬᠠᠢ ᠴᠢᠤᠸᠠᠨ ᠲᠣᠰᠬᠤᠨ  ᠳᠤ ᠢᠷᠡᠵᠦ  ᠂ ᠲᠠᠷᠢᠶᠠᠴᠢᠳ  ᠤᠨ ᠬᠥᠷᠥᠰᠥ ᠰᠢᠷᠣᠢ  ᠶᠢ ᠬᠡᠷᠬᠢᠨ ᠰᠠᠶᠢᠵᠢᠷᠠᠭᠤᠯᠬᠤ  ᠂ ᠡᠯ᠎ᠡ ᠲᠦᠷᠦᠯ  ᠤᠨ ᠲᠠᠷᠢᠶᠠᠯᠠᠩ  ᠤᠨ ᠮᠡᠷᠭᠡᠵᠢᠯ  ᠢ ᠬᠡᠷᠬᠢᠨ ᠳᠡᠯᠭᠡᠷᠡᠭᠦᠯᠬᠦ  ᠶᠢ ᠵᠢᠯᠣᠭᠤᠳᠴᠤ  ᠂ ᠲᠠᠷᠢᠶᠠᠴᠢᠳ  ᠢ ᠬᠠᠪᠰᠤᠷᠤᠨ ᠤᠨᠠᠯᠳᠠ  ᠶᠢ ᠨᠢ  ᠳᠡᠭᠡᠭᠰᠢᠯᠡᠬᠦᠯᠤᠨ ᠣᠷᠣᠯᠭ᠎ᠠ  ᠶᠢ ᠨᠢ ᠨᠡᠮᠡᠭᠳᠡᠭᠦᠯᠦᠭᠰᠡᠭᠡᠷ ᠢᠷᠡᠵᠡᠢ ᠃ ᠸᠠᠩ ᠽᠧᠩ ᠬᠡᠯᠡᠬᠦ  ᠳᠡᠭᠡᠨ  ᠂ ᠯᠢ ᠬᠠᠶ ᠴᠢᠤᠸᠠᠨ ᠡᠷᠬᠢᠯᠡᠭᠴᠢ ᠪᠣᠷᠲᠣᠭᠤᠷ ᠣᠷᠣᠭᠤᠯᠬᠤ ᠪᠠ ᠲᠠᠷᠢᠮᠠᠯ  ᠤᠨ ᠡᠪᠡᠳᠴᠢᠨ ᠬᠤᠷᠣᠬᠠᠶ  ᠶᠢᠨ ᠬᠥᠨᠥᠭᠡᠯ  ᠢ ᠰᠡᠷᠭᠡᠶᠢᠯᠡᠨ ᠵᠠᠰᠠᠬᠤ ᠵᠡᠷᠭᠡ ᠲᠠᠯ᠎ᠠ  ᠪᠠᠷ ᠮᠠᠰᠢ ᠣᠯᠠᠨ ᠵᠢᠯᠣᠭᠤᠳᠣᠯᠭ᠎ᠠ ᠪᠠ ᠬᠠᠪᠰᠤᠷᠤᠯᠭ᠎ᠠ     ᠦᠵᠡᠭᠦᠯᠵᠡᠶ  ᠂ ᠡᠨᠡ ᠤᠳᠠᠭ᠎ᠠ ᠲᠡᠭᠦᠨ  ᠳᠤ ᠪᠠᠰᠠ ᠡᠷᠳᠡᠨᠢ ᠰᠢᠰᠢ  ᠶᠢ ᠠᠯᠠᠭᠯᠠᠨ ᠳᠠᠷᠢᠬᠤ ᠰᠢᠨ᠎ᠡ ᠬᠡᠯᠪᠡᠷᠢ  ᠶᠢᠨ ᠳᠠᠷᠢᠬᠤ ᠠᠷᠭ᠎ᠠ  ᠶᠢ ᠲᠠᠨᠢᠯᠴᠠᠭᠤᠯᠵᠤ ᠥᠭᠴᠡᠶ  ᠂ ᠲᠡᠷᠡ ᠲᠠᠷᠠᠭᠠᠴᠢ  ᠶᠢᠨ ᠠᠯᠬᠤᠮ  ᠳᠤ ᠲᠤᠷᠰᠢᠯᠲᠠ ᠬᠢᠬᠦ  ᠪᠠᠷ ᠪᠡᠯᠡᠳᠬᠡᠵᠦ ᠪᠠᠶᠢᠨ᠎ᠠ ᠭᠡᠨ᠎ᠠ  ᠃
李海泉2.jpg      ᠲᠡᠷᠢᠭᠦᠨ  ᠤ ᠲᠠᠷᠢᠶᠠᠯᠠᠩ  ᠤᠨ ᠮᠡᠷᠭᠡᠵᠢᠯ  ᠢ ᠳᠡᠯᠭᠡᠷᠡᠭᠦᠯᠬᠦ ᠨᠢ ᠵᠥᠪᠬᠡᠨ ᠯᠢ ᠬᠠᠶ ᠴᠢᠤᠸᠠᠨ  ᠤ ᠠᠵᠢᠯ  ᠤᠨ ᠨᠢᠭᠡ  ᠬᠤᠷᠢᠶᠠᠩᠭᠤᠢ ᠵᠢᠷᠤᠬᠯᠠᠯ
ᠪᠤᠯᠬᠤ ᠳᠡᠳᠤᠢ ᠶᠤᠮ  ᠃ ᠲᠠᠷᠢᠶᠠᠴᠢᠨ  ᠤ ᠭᠠᠷᠤᠯ  ᠲᠠᠢ ᠦᠨᠳᠦᠰᠦᠨ ᠱᠠᠲᠤᠨ  ᠤ ᠺᠠᠳ᠋ᠷ ᠪᠣᠯᠤᠭᠰᠠᠨ  ᠤ ᠬᠤᠪᠢ  ᠳᠤ  ᠂ ᠲᠠᠷᠢᠶᠠᠴᠢᠨ  ᠤ ᠭᠠᠵᠠᠷ ᠰᠢᠷᠣᠶ  ᠶᠢᠨ  ᠤᠨᠠᠯᠳᠠ  ᠶᠢ ᠨᠡᠮᠡᠭᠳᠡᠭᠦᠯᠵᠦ ᠴᠢᠳᠠᠬᠤ ᠡᠰᠡᠬᠦ  ᠂ ᠲᠠᠷᠢᠶᠠᠴᠢᠨ  ᠤ ᠣᠷᠣᠯᠭ᠎ᠠ  ᠶᠢ ᠨᠡᠮᠡᠭᠳᠡᠭᠦᠯᠵᠦ ᠴᠢᠳᠠᠬᠤ ᠡᠰᠡᠬᠦ ᠨᠢ ᠰᠠᠶ᠋ᠢ ᠲᠡᠭᠦᠨ  ᠤ ᠬᠠᠮᠤᠭ  ᠠᠴᠠ ᠢᠯᠡᠭᠦᠦ ᠠᠩᠬᠠᠷᠴᠤ ᠪᠠᠶᠢᠭ᠎ᠠ ᠠᠰᠠᠭᠤᠳᠠᠯ ᠪᠣᠯᠵᠤ ᠪᠠᠶᠢᠪᠠ᠃ 2003 ᠣᠨ  ᠳᠤ  ᠂  ᠱᠢ ᠡᠯ ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ ᠲᠣᠰᠬᠤᠨ  ᠤ ᠡᠷᠬᠢᠯᠡᠭᠴᠢ  ᠪᠠᠷ ᠰᠣᠩᠭᠤᠭᠳᠠᠭᠰᠠᠨ ᠯᠢ ᠬᠠᠢ ᠴᠢᠤᠸᠠᠨ ᠲᠣᠰᠬᠤᠨ  ᠤ ᠠᠷᠠᠳ  ᠤᠨ ᠤᠯᠠᠮᠵᠢᠯᠠᠯᠲᠤ ᠦᠵᠡᠯ ᠰᠠᠨᠠᠭ᠎ᠠ  ᠶᠢ ᠬᠤᠪᠢᠷᠠᠭᠤᠯᠬᠤ  ᠠᠴᠠ ᠭᠠᠷᠳᠠᠨ  ᠂ ᠤᠯᠠᠨ  ᠢ ᠲᠠᠶᠢᠴᠢᠯᠠᠨ ᠭᠠᠵᠠᠷ ᠰᠢᠷᠣᠢ  ᠶᠢ ᠰᠢᠯᠵᠢᠭᠦᠯᠦᠨ  ᠨᠡᠶᠢᠯᠡᠬᠦᠯᠵᠤ᠂ ᠬᠥᠳᠡᠭᠡ ᠲᠣᠰᠬᠤᠨ  ᠤ ᠰᠠᠭᠤᠷᠢ ᠲᠥᠬᠦᠭᠡᠷᠦᠮᠵᠢ  ᠶᠢ ᠲᠡᠭᠦᠯᠳᠡᠷᠵᠢᠭᠦᠯᠤᠨ  ᠂ ᠲᠦᠬᠦᠭᠡᠷᠦᠮᠵᠢᠲᠦ ᠲᠠᠷᠢᠶᠠᠯᠠᠩ  ᠢ ᠬᠥᠭᠵᠢᠭᠦᠯᠬᠦ  ᠳᠤ ᠪᠡᠯᠡᠳᠬᠡᠯ ᠬᠢᠵᠡᠢ  ᠃ 2006 ᠣᠨ  ᠳᠤ  ᠂ ᠯᠢ ᠬᠠᠢ ᠴᠢᠤᠸᠠᠨ ᠲᠣᠰᠬᠤᠨ  ᠤ  ᠵᠦᠪᠯᠡᠯ ᠤᠨ ᠤᠳᠤᠷᠢᠳᠬᠤ ᠪᠠᠭ  ᠢ ᠳᠠᠭᠠᠭᠤᠯᠤᠨ  ᠳᠤᠯᠠᠭᠠᠨ ᠬᠦᠯᠡᠮᠵᠢ  ᠶᠢ ᠲᠦᠷᠦᠭᠦᠯᠡᠨ ᠪᠠᠶᠢᠭᠤᠯᠤᠭᠰᠠᠨ ᠪᠥᠭᠡᠳ ᠲᠣᠰᠬᠤᠨ  ᠤ ᠠᠷᠠᠳ  ᠢ ᠵᠣᠬᠢᠶᠠᠨ ᠪᠠᠶᠢᠭᠤᠯᠤᠨ ᠭᠠᠳᠠᠭᠰᠢ ᠭᠠᠷᠴᠤ ᠲᠡᠷᠢᠭᠦᠨ  ᠤ ᠭᠠᠵᠠᠷ ᠣᠷᠣᠨ  ᠤ ᠲᠠᠷᠢᠶᠠᠯᠠᠩ  ᠤᠨ ᠲᠠᠷᠢᠬᠤ ᠮᠡᠷᠭᠡᠵᠢᠯ  ᠢ ᠰᠤᠷᠤᠯᠴᠠᠭᠤᠯᠤᠨ ᠲᠣᠭᠤᠷᠢᠨ  ᠦᠵᠡᠭᠦᠯᠪᠡ᠃ ᠲᠠᠶᠢᠴᠢᠯᠠᠨ ᠵᠢᠯᠣᠭᠤᠳᠬᠤ  ᠪᠠᠷ ᠲᠠᠮᠵᠢᠨ  ᠂ ᠲᠣᠰᠬᠤᠨ  ᠤ ᠪᠠᠶᠠᠵᠢᠯ  ᠤᠨ ᠲᠠᠭᠠᠭᠤᠯᠤᠬᠴᠢ ᠪᠣᠯᠤᠨ ᠲᠣᠰᠬᠤᠨ  ᠤ ᠺᠠᠳ᠋ᠷ  ᠨᠢ ᠲᠣᠰᠬᠤᠨ  ᠤ ᠵᠠᠷᠢᠮ ᠠᠷᠠᠳ  ᠲᠠᠢ ᠬᠤᠯᠪᠣᠭᠠᠯᠠᠨ ᠪᠡᠯᠡ ᠮᠥᠩᠭᠦ ᠴᠤᠭᠯᠠᠭᠤᠯᠵᠤ ᠵᠡᠭᠦᠨᠭᠠᠷ ᠬᠤᠰᠢᠭᠤᠨ  ᠤ  ᠯᠢᠤᠢ ᠶᠤᠸᠠᠨ ᠲᠠᠷᠢᠵᠦ ᠲᠡᠵᠢᠭᠡᠬᠦ ᠲᠤᠰᠬᠠᠢ ᠬᠤᠷᠰᠢᠶᠠᠵᠢᠯ  ᠂ ᠱᠧᠩ ᠸᠠᠩ ᠲᠠᠷᠢᠵᠦ ᠲᠡᠵᠢᠭᠡᠬᠦ ᠲᠤᠰᠬᠠᠢ ᠬᠤᠷᠰᠢᠶᠠᠵᠢᠯ ᠪᠣᠯᠤᠨ ᠶᠦᠩ ᠯᠧ ᠲᠠᠷᠢᠶᠠᠯᠠᠩ  ᠤᠨ ᠮᠠᠰᠢᠨ  ᠤ ᠲᠤᠰᠬᠠᠢ ᠬᠤᠷᠰᠢᠶᠠᠵᠢᠯ ᠢ  ᠳᠠᠩᠰᠠᠯᠠᠭᠤᠯᠵᠠᠢ᠃ ᠬᠤᠷᠰᠢᠶᠠᠨ  ᠤ ᠬᠢᠨ ᠤᠷᠢᠳ ᠬᠤᠵᠢᠳ 700  ᠳᠤᠯᠠᠭᠠᠨ ᠬᠦᠯᠡᠮᠵᠢ  ᠂ 4 ᠲᠤᠮᠤ ᠬᠡᠯᠪᠡᠷᠢ  ᠶᠢᠨ ᠲᠷᠠᠺᠲ᠋ᠣᠷ  ᠢ ᠬᠤᠳᠠᠯᠳᠤᠨ ᠠᠪᠴᠤ ᠲᠤᠬᠢᠷᠠᠭᠤᠯᠪᠠ  ᠂ ᠡᠶᠢᠮᠦᠷᠬᠦ ᠡᠵᠡᠩᠨᠡᠯᠲᠡ  ᠶᠢᠨ ᠵᠠᠭᠪᠤᠷ ᠨᠢ ᠦᠢᠯᠡᠳᠪᠦᠷᠢᠯᠡᠯ  ᠤᠨ ᠦᠷ᠎ᠡ ᠪᠦᠲᠦᠮᠵᠢ  ᠶᠢ ᠳᠡᠭᠡᠭᠰᠢᠯᠡᠭᠦᠯᠦᠭᠰᠡᠨ ᠮᠥᠷᠲᠡᠭᠡᠨ ᠬᠤᠳᠠᠯᠳᠤᠨ ᠠᠪᠬᠤ ᠥᠪᠡᠷ  ᠤᠨ ᠦᠷᠳᠡᠭ  ᠢ ᠴᠦ ᠪᠠᠭᠤᠷᠠᠭᠤᠯᠵᠤ  ᠂ ᠬᠡᠪᠴᠢᠶᠡᠵᠢᠭᠦᠯᠦᠭᠰᠡᠨ  ᠂ ᠠᠵᠤ ᠦᠢᠯᠡᠰᠵᠢᠭᠦᠯᠦᠭᠰᠡᠨ ᠡᠵᠡᠩᠨᠡᠯᠲᠡ  ᠶᠢ ᠪᠡᠶᠡᠯᠡᠭᠦᠯᠦᠭᠰᠡᠨ ᠪᠠᠶᠢᠨ᠎ᠠ᠂ ᠳᠡᠷᠡ ᠮᠥᠷᠲᠡᠭᠡᠨ ᠪᠠᠰᠠ ᠲᠠᠷᠢᠶᠠᠴᠢᠨ ᠡᠷᠤᠭᠡ  ᠶᠢᠨ ᠣᠷᠣᠯᠭ᠎ᠠ  ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ  ᠢ ᠥᠷᠭᠡᠳᠬᠡᠵᠦ  ᠂ ᠲᠠᠷᠢᠶᠠᠴᠢᠳ  ᠤᠨ ᠣᠷᠣᠯᠭ᠎ᠠ  ᠶᠢ ᠨᠡᠮᠡᠭᠳᠡᠭᠦᠯᠦᠭᠰᠡᠨ  ᠢᠶᠠᠷ ᠲᠠᠷᠢᠶᠠᠴᠢᠳ  ᠤᠨ ᠳᠠᠷᠢᠵᠤ ᠲᠡᠵᠢᠭᠡᠬᠦ ᠢᠳᠡᠪᠬᠢᠵᠢᠯ ᠲᠦᠢᠯ  ᠤᠨ ᠶᠡᠭᠡ  ᠪᠠᠷ ᠳᠠᠶᠢᠴᠢᠯᠠᠭᠳᠠᠵᠤ  ᠂ ᠬᠤᠷᠰᠢᠶᠠᠵᠢᠯ ᠢᠶᠠᠷ ᠨᠢᠭᠡᠴᠢ ᠪᠣᠯᠭᠠᠭᠰᠠᠨ ᠳᠠᠷᠢᠵᠤ ᠲᠡᠵᠢᠭᠡᠬᠦ ᠵᠠᠭᠪᠤᠷ  ᠱᠢ ᠡᠯ ᠯᠢᠶᠠᠨ ᠴᠧᠩ ᠰᠢᠶᠠᠩ  ᠳᠤ  ᠠᠯᠬᠤᠮ ᠠᠯᠬᠤᠮ  ᠢᠶᠠᠷ ᠳᠡᠯᠭᠡᠷᠡᠭᠰᠡᠨ ᠪᠠᠶᠢᠨ᠎ᠠ  ᠃
李海泉3.jpg      2012 ᠣᠨ  ᠳᠤ  ᠂ ᠯᠢ ᠬᠠᠢ ᠴᠢᠤᠸᠠᠨ  ᠱᠢ ᠡᠯ ᠯᠢᠶᠠᠨ ᠴᠧᠩ ᠰᠢᠶᠠᠩ ᠤᠨ  ᠪᠠᠷᠠᠭᠤᠨ ᠪᠤᠯᠠᠭ ᠲᠣᠰᠬᠤᠨ  ᠤ ᠨᠠᠮ  ᠤᠨ ᠡᠭᠦᠷ  ᠤᠨ
ᠱᠦᠵᠢ  ᠶᠢᠨ ᠲᠤᠰᠢᠶᠠᠯ  ᠳᠤ ᠠᠵᠢᠯ ᠰᠢᠯᠵᠢᠪᠡ ᠃ ᠬᠥᠳᠡᠭᠡ ᠲᠣᠰᠬᠤᠨ  ᠤ ᠠᠵᠤ ᠠᠬᠤᠢ  ᠶᠢ ᠲᠦᠷᠭᠡᠨ ᠬᠥᠭᠵᠢᠭᠦᠯᠵᠦ  ᠂ ᠲᠣᠰᠬᠤᠨ  ᠤ ᠠᠷᠠᠳ  ᠤᠨ ᠢᠲᠡᠭᠡᠯ  ᠢ ᠤᠯᠬᠤ  ᠶᠢᠨ ᠲᠥᠯᠥᠭᠡ  ᠂ ᠯᠢ ᠬᠠᠢ ᠴᠢᠤᠸᠠᠨ ᠨᠢᠭᠡ ᠲᠠᠯ᠎ᠠ  ᠪᠠᠷ ᠰᠤᠯᠠ ᠵᠠᠳᠠᠭᠠᠢ ᠨᠠᠮ  ᠤᠨ ᠵᠣᠬᠢᠶᠠᠨ ᠪᠠᠶᠢᠭᠤᠯᠤᠯᠲᠠ  ᠶᠢ ᠴᠡᠭᠴᠡᠯᠡᠵᠦ  ᠂ ᠨᠦᠭᠦᠭᠡ ᠲᠠᠯ᠎ᠠ  ᠪᠠᠷ ᠢᠳᠡᠪᠬᠢᠲᠡᠢ ᠠᠰᠠᠭᠤᠨ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠵᠡᠢ  ᠃ ᠲᠣᠰᠬᠤᠨ  ᠤ ᠠᠵᠤ ᠦᠢᠯᠡᠰ  ᠤᠨ ᠳᠠᠪᠠᠭᠤᠯᠢᠭ  ᠢ ᠭᠦᠨᠵᠡᠭᠡᠢ ᠠᠭᠤᠳᠠᠯᠵᠤ  ᠂ ᠭᠠᠵᠠᠷ ᠣᠷᠣᠨ  ᠤ ᠪᠠᠶᠢᠳᠠᠯ  ᠳᠠᠭᠠᠨ ᠲᠤᠬᠢᠷᠠᠭᠤᠯᠤᠨ ᠪᠣᠳᠠᠲᠠᠢ  ᠲᠠᠢ ᠨᠡᠶᠢᠴᠡᠭᠰᠡᠨ ᠬᠥᠭᠵᠢᠯᠲᠡ  ᠶᠢᠨ ᠰᠡᠳᠬᠢᠴᠡ  ᠶᠢ ᠳᠤᠷᠠᠳᠤᠨ  ᠂ ᠬᠠᠪᠰᠤᠷᠤᠨ ᠲᠡᠳᠬᠦᠬᠦ ᠨᠢᠭᠡᠴᠢ  ᠲᠠᠢ ᠢᠳᠡᠪᠬᠢᠲᠡᠢ ᠵᠣᠯᠭᠠᠭᠤᠯᠵᠤ  ᠂ ᠡᠯ᠎ᠡ ᠱᠠᠲᠤᠨ  ᠤ ᠵᠠᠰᠠᠭ  ᠤᠨ ᠣᠷᠳᠣᠨ  ᠤ ᠳᠡᠮᠵᠢᠯᠭᠡ ᠪᠠ ᠬᠠᠪᠰᠤᠷᠤᠯᠭ᠎ᠠ  ᠶᠢ ᠤᠯᠬᠤ  ᠪᠠᠷ ᠴᠢᠷᠮᠠᠶᠢᠪᠠ  ᠁ ᠴᠥᠬᠦᠷᠡᠰᠢ ᠦᠭᠡᠢ ᠴᠢᠷᠮᠠᠶᠢᠯᠭ᠎ᠠ  ᠪᠠᠷ ᠳᠠᠮᠵᠢᠨ  ᠂ ᠲᠥᠪ  ᠤᠨ ᠡᠳ᠋  ᠤᠨ ᠵᠠᠰᠠᠭ  ᠤᠨ ᠤᠳᠤ ᠦᠶ᠎ᠡ  ᠶᠢᠨ ᠲᠠᠷᠢᠶᠠᠯᠠᠩ ᠦᠢᠯᠡᠳᠪᠦᠷᠢᠯᠡᠯ  ᠤᠨ ᠬᠥᠭᠵᠢᠯᠲᠡ  ᠶᠢᠨ ᠪᠡᠯᠡ ᠮᠥᠩᠭᠦ  ᠶᠢᠨ ᠲᠦᠷᠦᠯ ᠵᠦᠢᠯ  ᠢ  ᠪᠠᠷᠠᠭᠤᠨ ᠪᠤᠯᠠᠭ ᠲᠣᠰᠬᠤᠨ  ᠳᠤ ᠵᠢᠩᠬᠢᠨᠢ  ᠪᠠᠷ ᠨᠠᠶᠢᠳᠠᠪᠤᠷᠢᠵᠢᠭᠤᠯᠤᠬᠰᠠᠨ ᠪᠠᠶᠢᠨ᠎ᠠ  ᠃ ᠣᠳᠣᠬᠠᠨ  ᠳᠤ  ᠂ ᠲᠣᠰ ᠲᠥᠷᠥᠯ ᠵᠦᠶᠯ  ᠤᠨ ᠪᠠᠯᠠ ᠮᠥᠩᠭᠦ  ᠪᠠᠷ 104 ᠳᠡᠭᠡᠳᠦ ᠲᠠᠰ  ᠤᠨ ᠳᠤᠯᠠᠭᠠᠨ ᠬᠦᠯᠡᠮᠵᠢ  ᠶᠢᠨ ᠢᠳᠡᠰᠢᠨ ᠨᠣᠭᠤᠭ᠎ᠠ‌‍ᠲ᠋ᠠᠷᠢᠬᠤ ᠲᠣᠮᠣ ᠫᠧᠩ ᠪᠠᠶᠢᠭᠤᠯᠵᠤ  ᠂ ᠨᠡᠶᠢᠲᠡ 994.4 ᠲᠦᠮᠡᠨ ᠲᠥᠭᠦᠷᠢᠭ  ᠤᠨ ᠪᠠᠯᠠ ᠣᠷᠣᠭᠤᠯᠵᠤ  ᠂ ᠨᠡᠶᠢᠲᠡ ᠲᠠᠯᠠᠪᠠᠶ ᠨᠢ 320 ᠮᠥ ᠪᠠᠶᠢᠵᠤ   ᠂ 42 ᠡᠷᠦᠬᠡ  ᠳᠤ ᠰᠢᠭᠤᠳ ᠠᠰᠢᠭ ᠭᠥᠷᠳᠡᠭᠡᠬᠦ ᠪᠤᠯᠪᠠ᠃ ᠳᠡᠷᠡᠴᠢᠯᠡᠨ  ᠠᠮᠢ ᠠᠬᠤᠶ  ᠶᠢᠨ ᠬᠤᠭᠤᠯᠠᠨ ᠬᠡᠷ ᠪᠠ ᠰᠢᠨ᠎ᠡ ᠰᠣᠷᠭᠤᠭ ᠪᠠᠶᠢᠯᠭᠠᠬᠤ ᠬᠥᠮᠥᠷᠭᠡ  ᠶᠢ ᠢᠵᠢ ᠪᠥᠷᠢᠳᠦᠭᠦᠯᠦᠨ ᠳᠦᠬᠦᠷᠴᠢᠯᠡᠵᠤ  ᠂ ᠲᠣᠮᠣ  ᠬᠦᠯᠡᠮᠵᠢ ᠨᠢᠭᠡᠪᠦᠷᠢ ᠨᠢ ᠲᠠᠷᠢᠶᠠᠴᠢᠳ  ᠲᠤ 40000 ᠲᠥᠭᠦᠷᠢᠭ  ᠤᠨ ᠴᠡᠪᠡᠷ ᠣᠷᠣᠯᠭ᠎ᠠ  ᠶᠢ ᠨᠡᠮᠡᠭᠳᠡᠭᠦᠯᠦᠭᠰᠡᠨ ᠪᠠᠶᠢᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ  ᠤ ᠪᠦᠲᠦᠭᠡᠨ ᠪᠠᠶᠢᠭᠤᠯᠤᠯᠲᠠ  ᠶᠢᠨ ᠥᠷᠨᠢᠯᠲᠡ  ᠶᠢ   ᠳᠠᠭᠠᠯᠳᠤᠨ  ᠂ ᠥᠩᠭᠡᠷᠡᠭᠰᠡᠨ  ᠳᠤ ᠬᠤᠴᠣᠷᠤᠬᠳᠠᠩᠭᠤᠢ ᠪᠤᠶᠢᠳᠠ ᠪᠥᠭᠯᠡᠭᠦᠦ ᠪᠠᠶᠢᠭᠰᠠᠨ  ᠪᠠᠷᠠᠭᠤᠨ ᠪᠤᠯᠠᠭ ᠲᠣᠰᠬᠤᠨ  ᠤ ᠤᠰᠤ ᠴᠠᠬᠢᠯᠭᠠᠨ  ᠵᠠᠮ ᠴᠢᠮᠡᠭᠡ ᠬᠤᠯᠪᠤᠭᠠᠨ ᠤ ᠢᠵᠢ ᠪᠦᠷᠢᠳᠦᠭᠰᠡᠨ ᠲᠥᠬᠦᠭᠡᠷᠦᠮᠵᠢ  ᠶᠢ ᠴᠦᠮ ᠪᠦᠷᠢᠳᠦᠭᠦᠯᠤᠨ ᠦᠭᠴᠤ  ᠂ ᠴᠠᠬᠢᠯᠭᠠᠨ ᠲᠣᠣᠷ  ᠤᠨ  ᠱᠤᠭᠤᠮ ᠢ ᠥᠭᠡᠷᠡᠴᠢᠯᠡᠬᠦ  ᠂ ᠲᠦᠭᠡᠭᠡᠯ ᠤᠰᠤ  ᠶᠢ ᠡᠷᠦᠬᠡ  ᠳᠤ ᠬᠦᠷᠭᠡᠬᠦ  ᠂ ᠲᠣᠰᠬᠤᠨ  ᠳᠤ ᠨᠡᠪᠲᠡᠷᠡᠬᠦ ᠵᠠᠰᠠᠮᠠᠯ ᠵᠠᠮ  ᠢ ᠬᠠᠲᠠᠭᠤᠷᠠᠭᠤᠯᠬᠤ  ᠂ ᠠᠷᠠᠳ  ᠲᠤ ᠲᠦᠭᠦᠮ ᠦᠵᠡᠭᠦᠯᠬᠦ ᠬᠡᠯᠬᠢᠶ᠎ᠡ ᠬᠡᠳᠦ ᠳᠡᠯᠭᠡᠭᠦᠷ  ᠢ ᠲᠤᠬᠢᠷᠠᠭᠤᠯᠬᠤ ᠵᠡᠷᠭᠡ ᠠᠷᠠᠳ  ᠲᠤ ᠠᠰᠢᠭ ᠬᠦᠷᠲᠡᠭᠡᠬᠦ ᠠᠯᠢ ᠤᠯᠠᠨ ᠠᠷᠭ᠎ᠠ ᠬᠡᠮᠵᠢᠶ᠎ᠡ  ᠶᠢ ᠨᠢᠭᠡᠳ ᠨᠢᠭᠡ  ᠪᠠᠷ ᠨᠠᠶᠢᠳᠠᠪᠤᠷᠢᠵᠢᠭᠤᠯᠵᠤ  ᠂ ᠲᠣᠰᠬᠤᠨ  ᠤ  ᠬᠢᠨ ᠴᠦ ᠲᠦᠷᠪᠡᠨ ᠵᠢᠯ ᠳᠠᠷᠠᠭᠠᠯᠠᠨ ︽  ᠰᠢᠶᠠᠩ ᠠᠴᠠ ᠶᠠᠪᠤᠭᠤᠯᠤᠬᠰᠠᠨ ᠲᠣᠰᠬᠤᠨ  ᠤ ᠶᠡᠷᠦᠩᠬᠡᠶᠢᠯᠡᠭᠰᠡᠨ ᠬᠠᠷᠠᠯᠲᠠᠲᠤ ᠡᠭᠦᠷᠭᠡ  ᠶᠢᠨ ᠬᠢᠨᠠᠨ ᠰᠢᠯᠭᠠᠯᠲᠠ  ᠳᠤ ᠰᠢᠯᠢᠳᠡᠭ ᠦᠷ᠎ᠡ ᠪᠦᠲᠦᠮᠵᠢ  ᠶᠢᠨ ᠱᠠᠩᠨᠠᠯ  ︾   ᠢ ᠬᠦᠷᠳᠡᠵᠤ  ᠂ ᠬᠥᠳᠡᠭᠡ ᠲᠣᠰᠬᠤᠨ  ᠤ ᠳᠦᠷᠬᠦ ᠪᠠᠶᠢᠳᠠᠯ ᠴᠣ ᠰᠢᠨ᠎ᠡ ᠪᠠᠷ ᠬᠤᠪᠢᠷᠠᠬᠰᠠᠨ ᠪᠠᠶᠢᠨ᠎ᠠ  ᠃      2017 ᠣᠨ  ᠤ ᠬᠠᠪᠤᠷ  ᠂ ᠯᠢ ᠬᠠᠢ ᠴᠢᠤᠸᠠᠨ ᠠᠵᠢᠯ  ᠤᠨ ᠰᠡᠳᠬᠢᠴᠡ  ᠶᠢᠨ ᠰᠢᠨ᠎ᠡ  ᠶᠢ ᠡᠭᠦᠳᠴᠦ  ᠂  ᠪᠠᠷᠠᠭᠤᠨ ᠪᠤᠯᠠᠭ ᠲᠣᠰᠬᠤᠨ  ᠤ  ᠶᠠᠩ ᠭᠤᠤ  ᠬᠤᠤ ᠲᠣᠰᠬᠤᠨ  ᠤ 20 ᠲᠣᠰᠬᠤᠨ  ᠤ ᠠᠷᠠᠳ  ᠢ ᠲᠠᠶᠢᠴᠢᠯᠠᠨ  ᠶᠤᠸᠠᠨ ᠴᠢᠤᠸᠠᠨ ᠲᠠᠷᠢᠮᠠᠯ ᠲᠡᠵᠢᠭᠡᠪᠤᠷᠢ ᠶᠢᠨ ᠲᠤᠰᠬᠠᠢ ᠬᠤᠷᠰᠢᠶᠠᠵᠢᠯ ᠢ ᠪᠠᠶᠢᠭᠤᠯᠵᠤ  ᠂ 20 ᠡᠷᠦᠭᠡ  ᠶᠢᠨ 61 ᠬᠥᠮᠦᠨ  ᠤ 837.5 ᠮᠦ ᠲᠠᠷᠢᠶᠠᠨ ᠭᠠᠵᠠᠷ  ᠢ  ᠨᠡᠶᠢᠯᠡᠬᠦᠯᠵᠤ ᠬᠤᠷᠰᠢᠶᠠᠵᠢᠭᠤᠯᠤᠨ ᠲᠠᠷᠢᠬᠤ  ᠶᠢ ᠬᠡᠷᠡᠭᠵᠢᠭᠦᠯᠬᠦ  ᠪᠠᠷ ᠰᠠᠨᠠᠭᠠᠴᠢᠯᠠᠪᠠ  ᠃ ᠬᠤᠷᠰᠢᠶᠠᠵᠢᠭᠤᠯᠤᠯᠲᠠ  ᠶᠢᠨ ᠲᠠᠷᠢᠶᠠᠯᠠᠭ᠎ᠠ  ᠂ ᠬᠤᠯᠪᠣᠭᠠᠲᠤ ᠡᠷᠤᠭᠡ  ᠶᠢᠨ ᠡᠵᠡᠩᠨᠡᠯᠲᠡ  ᠶᠢ ᠬᠡᠷᠡᠭᠵᠢᠭᠦᠯᠦᠭᠰᠡᠨ ᠨᠢ ᠶᠤᠸᠠᠨ ᠴᠢᠤᠸᠠᠨ ᠲᠠᠷᠢᠮᠠᠯ ᠲᠡᠵᠢᠭᠡᠪᠤᠷᠢ ᠶᠢᠨ ᠲᠤᠰᠬᠠᠢ ᠬᠤᠷᠰᠢᠶᠠᠵᠢᠯ  ᠳᠤ ᠨᠡᠯᠢᠶᠡᠳ ᠰᠠᠶᠢᠨ ᠠᠵᠤ ᠠᠬᠤᠶ  ᠶᠢᠨ ᠦᠷ᠎ᠡ ᠠᠰᠢᠭ  ᠢ ᠠᠪᠴᠢᠷᠠᠬᠰᠠᠨ ᠪᠠᠶᠢᠨ᠎ᠠ ᠃  ᠶᠠᠩ ᠭᠤᠤ ᠬᠤᠤ ᠬᠤᠷᠰᠢᠶᠠᠨ  ᠤ ᠬᠤᠪᠢ ᠣᠷᠣᠭᠤᠯᠤᠭᠰᠠᠨ ᠬᠤᠷᠰᠢᠶᠠᠯᠠᠯ  ᠤᠨ ᠡᠵᠡᠩᠨᠡᠯᠲᠡ  ᠶᠢᠨ ᠵᠠᠭᠪᠤᠷ  ᠢ ᠠᠮᠵᠢᠯᠲᠠ  ᠲᠠᠢ ᠬᠡᠷᠡᠭᠵᠢᠭᠦᠯᠦᠭᠰᠡᠨ ᠨᠢ ᠲᠠᠷᠢᠶᠠᠴᠢᠳ  ᠤᠨ ᠡᠷᠦᠬᠡ ᠬᠤᠯᠪᠣᠭᠠᠯᠠᠨ ᠡᠵᠡᠩᠨᠡᠬᠦ ᠬᠠᠯᠠᠭᠤᠨ ᠰᠡᠳᠬᠢᠯᠭᠡ  ᠶᠢ ᠬᠥᠭᠵᠢᠭᠡᠭᠰᠡᠨ  ᠢᠶᠠᠷ ᠪᠠᠷᠠᠬᠤ ᠥᠬᠡᠶ ᠪᠠᠰᠠ ᠲᠣᠰ ᠰᠢᠶᠠᠩ  ᠤᠨ ᠠᠵᠤ ᠦᠶᠯᠡᠰ  ᠤᠨ ᠬᠡᠪᠴᠢᠶᠡᠵᠢᠭᠰᠡᠨ ᠡᠵᠡᠩᠨᠡᠯᠲᠡ  ᠶᠢᠨ ᠵᠠᠮ ᠢᠶᠠᠷ ᠵᠠᠮᠨᠠᠬᠤ ᠶᠢ ᠶᠡᠬᠡᠬᠡᠨ ᠠᠬᠢᠭᠤᠯᠤᠭᠰᠠᠨ ᠪᠠᠶᠢᠨ᠎ᠠ᠃ ᠳᠠᠷᠠᠭ᠎ᠠ ᠨᠢ  ᠵᠡᠬᠦᠨ ᠪᠤᠯᠠᠭ ᠲᠣᠰᠬᠤᠨ  ᠤ ᠲᠣᠰᠬᠤᠨ  ᠳᠤ ᠰᠠᠭᠤᠭ᠎ᠠ ᠨᠢᠭᠡᠳᠦᠭᠡᠷ ᠱᠦᠵᠢ  ᠶᠢᠨ ᠲᠤᠰᠢᠶᠠᠯ  ᠳᠤ  ᠠᠵᠢᠯ ᠰᠢᠯᠵᠢᠭᠰᠡᠨ ᠬᠤᠭᠤᠴᠠᠭᠠᠨ  ᠳᠤ  ᠂ ᠯᠢ ᠬᠠᠢ ᠴᠢᠤᠸᠠᠨ ︽   ᠶᠠᠩ ᠭᠤᠤ ᠬᠤᠤ ᠬᠤᠷᠰᠢᠶ᠎ᠠ  ᠶᠢᠨ ᠬᠤᠪᠢ ᠣᠷᠣᠭᠤᠯᠤᠭᠰᠠᠨ ᠬᠤᠷᠰᠢᠶᠠᠵᠢᠯ  ︾  ᠤᠨ ᠡᠵᠡᠩᠨᠡᠯᠲᠡ  ᠶᠢᠨ ᠵᠠᠭᠪᠤᠷ  ᠢ ᠴᠢᠨᠠᠭᠰᠢᠳᠠ ᠳᠡᠯᠭᠡᠷᠡᠭᠦᠯᠦᠨ ᠬᠡᠷᠡᠭᠵᠢᠭᠦᠯᠵᠦ  ᠂ ᠡᠷᠦᠬᠡ  ᠲᠠᠢ ᠬᠤᠯᠪᠣᠭᠠᠯᠠᠨ ᠡᠵᠡᠩᠨᠡᠬᠦ  ᠶᠢ ᠭᠠᠵᠠᠷ ᠪᠣᠯᠭᠠᠨ  ᠳᠤ ᠳᠡᠯᠭᠡᠷᠡᠭᠦᠯᠵᠦ  ᠂ ᠬᠤᠷᠰᠢᠶᠠᠵᠢᠯ  ᠤᠨ ᠵᠠᠭᠪᠤᠷ ᠬᠥᠭᠵᠢᠨ ᠪᠠᠳᠠᠷᠠᠭᠰᠠᠨ  ᠬᠦᠭᠵᠢᠶᠠᠨᠳᠤ ᠪᠠᠶᠢᠳᠠᠯ  ᠢ  ᠪᠤᠢ ᠪᠤᠯᠭᠠᠬᠰᠠᠨ ᠪᠠᠶᠢᠨ᠎ᠠ  ᠃
李海泉4.jpg      61 ᠨᠠᠰᠤᠲᠠᠢ ᠰᠦᠨ ᠬᠤ᠋ ᠯᠢᠨ ᠪᠣᠯ  ᠱᠢ ᠡᠯ ᠯᠢᠶᠠᠨ ᠴᠧᠩ ᠰᠢᠶᠠᠩ ᠤᠨ ᠵᠡᠬᠦᠨ ᠪᠤᠯᠠᠭ ᠲᠣᠰᠬᠤᠨ  ᠤ ᠲᠠᠷᠢᠶᠠᠴᠢᠨ ᠪᠣᠯᠤᠨ᠎ᠠ ᠃ 2019
ᠣᠨ  ᠠᠴᠠ ᠡᠬᠢᠯᠡᠨ  ᠂ ᠲᠡᠷᠡ ᠲᠤᠬᠠᠢ  ᠶᠢᠨ ᠦᠶ᠎ᠡ  ᠳᠤ ᠨᠢᠭᠡᠳᠦᠭᠡᠷ ᠱᠦᠵᠢ ᠪᠠᠶᠢᠭᠰᠠᠨ ᠯᠢ ᠬᠠᠢ ᠴᠢᠤᠸᠠᠨ  ᠤ ᠵᠢᠯᠤᠭᠤᠳᠤᠯᠭ᠎ᠠ  ᠪᠠᠷ  ᠬᠦᠯᠡᠮᠵᠢᠨ  ᠳᠤ ᠳᠠᠷᠢᠬᠤ ᠠᠵᠢᠯ ᠢᠶᠠᠨ   ᠡᠬᠢᠯᠡᠬᠦᠯᠵᠡᠢ  ᠂ ᠤᠳᠤ  ᠳᠡᠳᠡᠨᠡᠶᠢᠬᠢᠨ ᠤ 5 ᠬᠦᠯᠡᠮᠵᠢ ᠶᠢᠨ ᠳᠤᠳᠤᠷ᠎ᠠ ᠠᠴᠠ ᠢᠩᠲᠣᠣᠷ ᠲᠥᠪᠡᠳ ᠬᠠᠰᠢ ᠳᠠᠷᠢᠬᠰᠠᠨ 2 ᠬᠦᠯᠡᠮᠵᠢ ᠶᠢᠨ ᠢᠩᠳᠤᠤᠷ ᠳᠦᠪᠡᠳ ᠬᠠᠰᠢ ᠨᠢ ᠵᠠᠬ᠎ᠠ ᠳᠡᠯᠭᠡᠭᠦᠷ  ᠲᠤ  ᠭᠠᠷᠴᠤ  ᠂ ᠵᠢᠱᠢᠯᠲᠡ  ᠪᠠᠷ ᠦᠷ᠎ᠡ ᠠᠰᠢᠭ ᠨᠢ ᠠᠷᠪᠠᠨ ᠬᠤᠶᠠᠷ ᠭᠤᠷᠪᠠᠨ ᠲᠦᠮᠡᠨ ᠲᠥᠭᠦᠷᠢᠭ  ᠲᠤ ᠬᠦᠷᠬᠦ ᠪᠣᠯᠤᠨ᠎ᠠ᠃ ᠥᠨᠥᠳᠦᠷ  ᠤᠨ  ᠲᠩᠷᠢ ᠭᠠᠵᠠᠷ  ᠢ ᠳᠣᠩᠰᠣᠯᠭᠠᠮ᠎ᠠ‌ᠠᠮᠢᠳᠤᠷᠠᠯ  ᠤᠨ ᠬᠤᠪᠢᠷᠠᠯᠲᠠ  ᠶᠢ  ᠳᠤᠭᠠᠴᠢᠬᠤ  ᠳᠤ  ᠂ ᠰᠦᠨ ᠬᠤ᠋ ᠯᠢᠨ ᠡᠨᠡ ᠪᠣᠯ  ᠴᠦᠮ ᠯᠢ ᠭᠤᠸᠠᠶ  ᠶᠢᠨ ᠵᠢᠳᠬᠦᠯ ᠴᠢᠷᠮᠠᠶᠢᠯᠭ᠎ᠠ ᠪᠣᠯᠤᠨ᠎ᠠ ᠭᠡᠵᠦ  ᠰᠢᠭᠤᠳ ᠰᠢᠯᠤᠭᠤᠨ  ᠶᠠᠷᠢᠨ᠎ᠠ ᠃ ᠰᠦᠨ ᠬᠤ᠋ ᠯᠢᠨ   ᠂ ᠯᠢ ᠡᠷᠬᠢᠯᠡᠭᠴᠢ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ  ᠪᠠᠷ ᠰᠣᠩᠭᠤᠭᠳᠠᠭᠰᠠᠨ  ᠠᠴᠠ  ᠨᠠᠭᠠᠰᠢ  ᠂ ᠲᠣᠰᠬᠤᠨ  ᠤ ᠠᠷᠠᠳ ᠳᠠᠷᠢᠵᠤ ᠲᠡᠵᠢᠭᠡᠬᠦ ᠲᠠᠯ᠎ᠠ  ᠪᠠᠷ ᠶᠠᠮᠠᠷ ᠠᠰᠠᠭᠤᠳᠠᠯ  ᠲᠠᠢ ᠪᠣᠯ ᠲᠡᠭᠦᠨ  ᠢ ᠡᠷᠢᠵᠦ ᠵᠢᠯᠣᠭᠤᠳᠤᠭᠤᠯᠬᠤ ᠳᠤᠷᠠᠲᠠᠶ ᠪᠣᠯᠤᠭᠰᠠᠨ ᠪᠥᠭᠡᠳ ᠡᠩ  ᠤᠨ ᠦᠶ᠎ᠡ  ᠳᠤ  ᠭᠡᠳ ᠶᠠᠮᠠᠷ ᠬᠦᠴᠢᠷᠳᠡᠯ  ᠲᠠᠢ ᠪᠠᠶᠢᠭᠰᠠᠨ ᠴᠤ ᠴᠥᠮ ᠯᠢ ᠡᠷᠬᠢᠯᠡᠭᠴᠢ  ᠳᠤ ᠲᠤᠰᠬᠠᠵᠤ  ᠶᠠᠷᠢᠳᠠᠭ ᠶᠤᠮ  ᠭᠡᠨ᠎ᠠ ᠃ ᠡᠨᠡ ᠤᠳᠠᠭ᠎ᠠ ᠲᠣᠰᠬᠤᠨ  ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ  ᠳᠤ᠂ ᠤᠯᠠᠨ  ᠢᠶᠠᠷ  ᠢᠶᠠᠨ  ᠵᠡᠬᠦᠨ ᠪᠤᠯᠠᠭ ᠲᠣᠰᠬᠤᠨ  ᠤ ᠭᠠᠳᠠᠭᠰᠢ ᠵᠥᠭᠡᠭᠡᠪᠦᠷᠢᠯᠡᠬᠦ ᠵᠠᠮ  ᠢ ᠬᠠᠲᠠᠭᠤᠷᠠᠭᠤᠯᠬᠤ  ᠪᠠᠷ  ᠳᠤᠯᠭᠠᠮ ᠱᠠᠭᠠᠷᠳᠠᠵᠤ ᠪᠠᠶᠢᠭ᠎ᠠ ᠠᠰᠠᠭᠤᠳᠠᠯ  ᠢ ᠶᠠᠷᠢᠵᠤ ᠪᠠᠶᠢᠯ᠎ᠠ  ᠂ ᠬᠡᠳᠦ᠋ᠢᠪᠡᠷ ᠬᠦᠯᠡᠮᠵᠢ  ᠶᠢᠨ  ᠲᠠᠷᠢᠶᠠᠯᠠᠩ  ᠤᠨ ᠪᠦᠲᠦᠭᠡᠭᠳᠡᠬᠦᠨ  ᠢ ᠬᠤᠳᠠᠯᠳᠤᠬᠤ  ᠳᠤ ᠵᠣᠪᠠᠭ᠋ᠤ ᠦᠭᠡᠢ ᠪᠤᠯᠤᠬᠰᠠᠨ ᠴᠦ  ᠵᠠᠮ ᠬᠠᠷᠢᠯᠴᠠᠭᠠᠨ  ᠤ ᠲᠥᠬᠦᠭᠡᠷᠦᠮᠵᠢ  ᠶᠢ ᠲᠡᠭᠦᠯᠳᠡᠷᠵᠢᠭᠦᠯᠬᠦ ᠨᠢ ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠵᠤ ᠪᠠᠶᠢᠪᠠ ᠃       ᠯᠢ ᠬᠠᠢ ᠴᠢᠤᠸᠠᠨ ᠪᠠᠶᠢᠳᠠᠯ  ᠢ ᠣᠢᠢᠯᠠᠭᠠᠬᠤ  ᠶᠢᠨ ᠳᠠᠭᠠᠤ ᠲᠣᠰᠬᠤᠨ  ᠤ ᠠᠷᠠᠳ  ᠲᠠᠢ ᠡᠨᠡ ᠵᠢᠯ  ᠤᠨ ᠬᠤᠷᠢᠶᠠᠯᠲᠠ  ᠶᠢᠨ ᠲᠤᠬᠠᠢ ᠶᠠᠷᠢᠯᠴᠠᠨ᠎ᠠ  ᠃ ᠲᠡᠭᠦᠨ  ᠤ ᠦᠨᠡᠨᠴᠢ ᠰᠢᠳᠤᠷᠭᠤ ᠵᠠᠩ ᠠᠷᠠᠨᠰᠢᠨ ᠪᠠ ᠵᠤᠷᠢᠬᠳᠠᠢ ᠡᠬᠦᠷᠭᠡᠯᠡᠬᠦ ᠡᠭᠦᠷᠭᠡᠯᠡᠯ ᠨᠢ ᠲᠣᠰᠬᠤᠨ  ᠤ ᠠᠷᠠᠳ  ᠤᠨ ᠬᠦᠰᠡᠯ ᠨᠠᠶᠢᠳᠠᠯᠭ᠎ᠠ ᠪᠠ ᠢᠲᠡᠭᠡᠯ  ᠤᠨ ᠬᠠᠷᠠᠴᠠ  ᠶᠢᠨ ᠳᠤᠮᠳᠠ ᠭᠦᠢᠴᠡᠳ ᠢᠯᠡᠷᠡᠵᠤ ᠪᠠᠶᠢᠪᠠ  ᠃ ᠯᠢ ᠬᠠᠶ ᠴᠢᠤᠸᠠᠨ  ᠂ ᠦᠨᠳᠦᠰᠦᠨ ᠱᠠᠲᠤᠨ  ᠳᠤ ᠠᠵᠢᠯᠯᠠᠬᠤ  ᠳᠤ ᠬᠠᠮᠤᠭ  ᠤᠨ ᠴᠢᠬᠤᠯᠠ ᠨᠢ ᠨᠤᠲᠤᠭ  ᠤᠨ ᠠᠬ᠎ᠠ ᠳᠡᠭᠦᠦ ᠨᠡᠷ  ᠤᠨ ᠢᠲᠡᠭᠡᠯ  ᠢ ᠤᠯᠬᠤ ᠶᠠᠪᠤᠳᠠᠯ ᠪᠣᠯᠤᠨ᠎ᠠ  ᠃ ᠨᠤᠲᠤᠭ  ᠤᠨ ᠠᠬ᠎ᠠ ᠳᠡᠭᠦᠦ ᠨᠡᠷ  ᠤᠨ  ᠢᠶᠠᠨ ᠢᠲᠡᠭᠡᠯ  ᠢ ᠣᠯᠤᠶ᠎ᠠ ᠭᠡᠪᠡᠯ  ᠂ ᠶᠠᠭᠤᠨ  ᠤ ᠡᠮᠦᠨ᠎ᠡ ᠲᠡᠳᠡᠨ  ᠤ ᠬᠦᠴᠢᠷᠳᠡᠯ  ᠢ ᠣᠯᠵᠤ ᠬᠠᠷᠠᠵᠤ  ᠂ ᠤᠯᠠᠨ  ᠢ ᠳᠠᠭᠠᠭᠤᠯᠤᠨ ᠠᠰᠠᠭᠤᠳᠠᠯ  ᠢ ᠰᠢᠢᠳᠪᠦᠷᠢᠯᠡᠨ  ᠂  ᠳᠠᠷᠢᠶ᠎ᠠ ᠳᠦᠮᠤᠰᠤ ᠡᠯᠪᠡᠭ ᠬᠤᠷᠢᠶᠠᠯᠲᠠ ᠤᠯᠵᠤ  ᠂ ᠲᠠᠷᠢᠶᠠᠴᠢᠳ ᠠᠮᠤ ᠪᠤᠳᠠᠭ᠎ᠠ  ᠪᠠᠨ ᠦᠨᠳᠤᠷ ᠦᠨ᠎ᠠ ᠪᠠᠷ ᠬᠤᠳᠠᠯᠳᠤᠨ ᠪᠤᠷᠤᠯᠠᠭᠤᠯᠵᠤ  ᠂ ᠪᠠᠶᠠᠵᠢᠨ ᠴᠢᠨᠡᠭᠡᠯᠢᠭᠵᠢᠬᠦᠯᠬᠦ ᠶᠢ ᠪᠡᠶᠡᠯᠡᠬᠦᠯᠬᠦ ᠭᠡᠷᠡᠭᠳᠡᠢ  ᠂ ᠢᠩᠭᠢᠪᠡᠯ ᠰᠠᠶ᠋ᠢ ᠤᠯᠠᠨ  ᠢᠶᠠᠷ  ᠢᠶᠠᠨ ᠡᠨᠡᠬᠦ ᠡᠷᠬᠢᠮ ᠨᠠᠨᠳᠢᠨ ᠪᠢᠯᠧᠲ  ᠢᠶᠠᠨ ᠴᠢᠮ᠎ᠠ  ᠳᠤ ᠥᠭᠴᠦ ᠴᠢᠳᠠᠨ᠎ᠠ  ᠃ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠪᠣᠯᠤᠭᠰᠠᠨ  ᠤ ᠬᠤᠪᠢ  ᠳᠤ  ᠂  ᠲᠠ ᠭᠡᠷᠪᠡ ᠠᠷᠠᠳ  ᠤᠯᠠᠨ ᠳᠤ ᠪᠣᠳᠠᠲᠠᠶ ᠠᠵᠢᠯ ᠬᠢᠵᠦ  ᠂ ᠰᠡᠳᠬᠢᠯ  ᠤᠨ ᠵᠣᠪᠠᠨᠢᠯ  ᠢ ᠨᠢ ᠠᠷᠢᠯᠭᠠᠵᠤ ᠥᠭᠬᠦ ᠬᠡᠷᠡᠭᠲᠡᠶ  ᠂ ᠡᠰᠡ ᠲᠡᠭᠡᠪᠡᠯ ᠡᠨᠡ ᠬᠦ ᠰᠣᠩᠭᠤᠭᠤᠯᠢ  ᠶᠢᠨ ᠪᠢᠯᠧᠲ ᠤᠨ ᠠᠷᠤ  ᠳᠠᠬᠢ ᠢᠲᠡᠭᠡᠯ  ᠢ ᠬᠥᠰᠡᠷᠳᠡᠭᠦᠯᠦᠭᠰᠡᠨ ᠶᠠᠪᠤᠳᠠᠯ  ᠪᠤᠯᠬᠤ ᠪᠣᠯᠤᠨ᠎ᠠ  ᠃
李海泉5.jpg     ᠰᠠᠶᠢᠨ ᠰᠠᠨᠠᠭᠤᠯᠭ᠎ᠠ  ᠂ ᠰᠠᠨᠠᠯ ᠵᠥᠪᠯᠡᠯᠭᠡ ᠳᠤᠷᠠᠳᠬᠤ ᠪᠣᠯ ᠲᠥᠯᠥᠭᠡᠯᠡᠭᠴᠢᠳ  ᠤᠨ ᠲᠤᠰᠢᠶᠠᠯ ᠬᠠᠷᠢᠭᠤᠴᠠᠯᠭ᠎ᠠ  ᠪᠠᠨ ᠭᠦᠢᠴᠡᠳᠬᠡᠬᠦ  ᠂  ᠳᠦᠷᠦ
 ᠶᠢᠨ ᠶᠠᠪᠤᠳᠠᠯ  ᠳᠤ ᠣᠷᠣᠯᠴᠠᠨ ᠲᠦᠷᠦ  ᠶᠢᠨ ᠬᠡᠷᠡᠭ  ᠢ ᠵᠥᠪᠯᠡᠬᠦ ᠨᠢᠭᠡᠨ ᠴᠢᠬᠤᠯᠠ ᠠᠭᠤᠯᠭ᠎ᠠ  ᠪᠤᠯᠤᠨ᠎ᠠ  ᠃ ᠡᠭᠦᠨ  ᠤ ᠲᠤᠯᠠᠳᠠ  ᠂ ᠯᠢ ᠬᠠᠶ ᠴᠢᠤᠸᠠᠨ ᠦᠨᠳᠦᠰᠦᠨ ᠱᠠᠲᠤᠨ  ᠳᠤ ᠣᠷᠳᠣ ᠬᠤᠭᠤᠴᠠᠭ᠎ᠠ  ᠪᠠᠷ ᠠᠵᠢᠯᠯᠠᠭᠰᠠᠨ ᠪᠣᠳᠠᠲᠤ   ᠤᠶᠢᠯᠡᠯᠳᠤᠭᠡ ᠶᠢᠨ ᠲᠤᠷᠰᠢᠯᠭ᠎ᠠ  ᠪᠠᠨ ᠠᠰᠢᠭᠯᠠᠨ  ᠂ ᠦᠷᠭᠦᠯᠵᠢ ᠠᠶᠢᠯ ᠡᠷᠦᠬᠡ  ᠪᠠᠷ ᠬᠦᠷᠴᠦ ᠪᠠᠶᠢᠴᠠᠭᠠᠨ ᠰᠤᠳᠤᠯᠤᠯᠲᠠ ᠬᠢᠵᠦ  ᠂ ᠨᠢᠭᠡᠳᠦᠭᠡᠷ ᠹᠷᠣᠨᠲ  ᠲᠤ ᠭᠦᠨᠵᠡᠭᠡᠶᠢᠷᠡᠨ ᠠᠷᠠᠳ  ᠤᠨ ᠪᠠᠶᠢᠳᠠᠯ  ᠢ ᠤᠢᠢᠯᠠᠭᠠᠨ  ᠂ ᠲᠥᠯᠥᠭᠡᠯᠡᠭᠴᠢ  ᠶᠢᠨ ᠡᠭᠦᠷᠭᠡ ᠬᠠᠷᠢᠭᠤᠴᠠᠯᠭ᠎ᠠ  ᠪᠠᠨ ᠭᠦᠶᠴᠡᠳᠬᠡᠬᠦ  ᠶᠢᠨ ᠲᠥᠯᠥᠭᠡ ᠢᠳᠡᠪᠬᠢᠲᠡᠶ  ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ  ᠂ ᠶᠡᠭᠡ ᠬᠡᠮᠵᠢᠶᠡᠨ  ᠤ  ᠦᠨᠳᠤᠰᠤ ᠪᠠᠷᠢᠮᠳᠠ ᠬᠤᠷᠠᠮᠳᠤᠭᠤᠯᠵᠠᠶ  ᠃ ︽  ᠬᠥᠳᠡᠭᠡ ᠲᠣᠰᠬᠤᠨ  ᠤ ᠠᠵᠤ ᠦᠶᠯᠡᠰ  ᠤᠨ ᠬᠥᠭᠵᠢᠯᠲᠡ  ᠶᠢᠨ ᠬᠦᠯᠡᠮᠵᠢ  ᠶᠢᠨ ᠪᠥᠲᠥᠭᠡᠨ ᠪᠠᠶᠢᠭᠤᠯᠤᠯᠲᠠ  ᠶᠢᠨ ᠡᠷᠴᠢᠮ  ᠢ ᠴᠢᠩᠭᠠᠷᠠᠭᠤᠯᠤᠶ᠎ᠠ  ︾᠂ ︽   ᠱᠢ ᠡᠯ ᠯᠢᠶᠠᠨ ᠴᠧᠩ ᠰᠢᠶᠠᠩ ᠤᠨ ᠭᠤᠤᠯ ᠳᠠᠭᠠᠤ ᠭᠠᠵᠠᠷ ᠣᠷᠣᠨ  ᠳᠤ ᠣᠲᠣ ᠦᠶ᠎ᠡ  ᠶᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ  ᠤ ᠭᠠᠵᠠᠷ ᠰᠢᠷᠣᠶ  ᠶᠢ ᠡᠮᠬᠢᠯᠡᠨ  ᠨᠡᠶᠢᠯᠡᠬᠦᠯᠬᠦ ᠲᠥᠷᠥᠯ ᠵᠦᠶᠯ  ᠢ ᠬᠥᠭᠵᠢᠭᠦᠯᠦᠶ᠎ᠠ  ︾᠂    ︽  ᠤᠰᠤᠨ ᠭᠠᠷᠤᠯᠲᠠ  ᠶᠢᠨ ᠲᠡᠵᠢᠭᠡᠪᠤᠷᠢ ᠪᠠ ᠬᠥᠳᠡᠭᠡ ᠲᠣᠰᠬᠤᠨ  ᠤ ᠰᠡᠯᠡᠭᠦᠴᠡᠯ  ᠵᠤᠭᠠᠴᠠᠯ  ᠤᠨ ᠲᠥᠷᠥᠯ ᠵᠦᠶᠯ  ᠢ ᠬᠥᠭᠵᠢᠭᠦᠯᠦᠶ᠎ᠠ  ︾ ᠵᠡᠷᠭᠡ ᠪᠣᠯ ᠴᠥᠮ ᠪᠣᠳᠠᠲᠠᠶ ᠪᠠᠶᠢᠳᠠᠯ ᠪᠠ ᠲᠣᠰᠬᠤᠨ  ᠤ ᠠᠷᠠᠳ  ᠤᠨ ᠰᠠᠨᠠᠯ  ᠳᠤ ᠳᠤᠷᠠᠳᠤᠭᠳᠠᠬᠰᠠᠨ ᠪᠥᠭᠡᠳ ᠭᠥᠯᠢᠶᠡᠨ ᠠᠪᠴᠤ ᠨᠠᠶᠢᠳᠠᠪᠤᠷᠢᠵᠢᠭᠤᠯᠤᠭᠰᠠᠨ       ᠰᠠᠨᠠᠭᠤᠯᠭ᠎ᠠ  ᠂  ᠰᠠᠨᠠᠯ ᠵᠥᠪᠯᠡᠯᠭᠡ ᠪᠣᠯᠤᠨ᠎ᠠ ᠃ ᠬᠤᠷᠠᠯ ᠲᠡᠭᠦᠰᠦᠭᠰᠡᠨ ᠬᠤᠭᠤᠴᠠᠭᠠᠨ  ᠳᠤ  ᠂ ᠯᠢ ᠬᠠᠢ ᠴᠢᠤᠸᠠᠨ ᠪᠠᠰᠠ ᠡᠯ᠎ᠡ ᠱᠠᠲᠤᠨ  ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ  ᠶᠢᠨ ᠪᠣᠯᠪᠠᠰᠤᠷᠠᠯ  ᠳᠤ ᠢᠳᠡᠪᠬᠢᠲᠡᠢ ᠣᠷᠣᠯᠴᠠᠳᠠᠭ ᠪᠥᠭᠡᠳ ᠱᠠᠨᠳᠦ᠋ᠩ  ᠤᠨ ᠱᠸᠤ ᠭᠤᠸᠠᠩ ᠪᠣᠯᠤᠨ ᠬᠠᠷᠠᠮᠥ᠋ᠷᠡᠨ  ᠂ ᠤᠯᠠᠭᠠᠨᠬᠠᠳᠠ ᠵᠡᠷᠭᠡ ᠭᠠᠵᠠᠷ ᠤᠳ  ᠢᠶᠠᠷ ᠤᠯᠠᠨ ᠤᠳᠠᠭ᠎ᠠ ᠬᠦᠷᠴᠦ ᠤᠳᠤ ᠦᠶ᠎ᠡ  ᠶᠢᠨ  ᠲᠠᠷᠢᠶᠠᠯᠠᠩ ᠮᠠᠯ ᠠᠵᠤ ᠠᠬᠤᠢ ᠶᠢᠨ    ᠬᠥᠭᠵᠢᠯᠲᠡ  ᠂ ᠬᠦᠯᠡᠮᠵᠢ  ᠶᠢᠨ ᠲᠠᠷᠢᠮᠠᠯ ᠵᠢᠴᠢ ᠤᠰᠤᠨ ᠲᠤᠲᠤᠷᠭ᠎ᠠ ᠲᠠᠷᠢᠬᠤ ᠮᠡᠷᠭᠡᠵᠢᠯ  ᠢ ᠰᠤᠷᠤᠯᠴᠠᠵᠤ  ᠂ ᠬᠠᠷᠠᠭ᠎ᠠ ᠪᠣᠯᠤᠨ ᠰᠡᠳᠬᠢᠴᠡ  ᠪᠠᠨ ᠴᠢᠨᠠᠭᠰᠢᠳᠠ ᠥᠷᠭᠡᠳᠬᠡᠨ  ᠂ ᠡᠭᠦᠷᠭᠡ ᠬᠠᠷᠢᠭᠤᠴᠠᠯᠭ᠎ᠠ  ᠪᠠᠨ ᠨᠡᠩ ᠰᠠᠶᠢᠲᠤᠷ ᠭᠦᠢᠴᠡᠳᠬᠡᠬᠦ  ᠳᠤ ᠲᠤᠷᠰᠢᠯᠭ᠎ᠠ ᠬᠤᠷᠠᠮᠳᠤᠭᠤᠯᠵᠠᠢ᠃      ᠪᠦᠬᠦ ᠰᠡᠳᠬᠢᠯ ᠪᠦᠬᠦ ᠵᠣᠷᠢᠭ  ᠢᠶᠠᠷ  ᠢᠶᠠᠨ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠵᠦ  ᠂ ᠠᠷᠠᠳ ᠲᠦᠮᠡᠨ  ᠤ ᠬᠦᠨᠳᠦ ᠨᠠᠶᠢᠳᠠᠯᠭ᠎ᠠ  ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ  ᠃ ᠰᠢᠨ᠎ᠡ ᠨᠢᠭᠡ  ᠡᠭᠡᠯᠵᠢ ᠶᠢᠨ ᠲᠤᠰᠢᠶᠠᠯ  ᠤᠨ ᠬᠤᠭᠤᠴᠠᠭᠠᠨ  ᠤ ᠲᠠᠪᠤᠨ ᠵᠢᠯ ᠳᠤ  ᠂ ᠯᠢ ᠬᠠᠶ ᠴᠢᠤᠸᠠᠨ ᠤᠭ ᠰᠠᠨᠠᠭ᠎ᠠ  ᠪᠠᠨ ᠥᠯᠥ ᠮᠠᠷᠲᠠᠨ  ᠂ ᠠᠷᠠᠯ  ᠤᠨ ᠱᠠᠷ  ᠤᠨ ᠵᠣᠷᠢᠭ ᠰᠠᠨᠠᠭ᠎ᠠ  ᠶᠢ ᠪᠠᠳᠠᠷᠠᠭᠤᠯᠵᠤ  ᠂  ᠲᠠᠷᠢᠶᠠᠯᠠᠩ  ᠳᠤ ᠦᠷᠭᠦᠯᠵᠢᠯᠡᠨ ᠦᠢᠯᠡᠴᠢᠯᠡᠬᠦ ᠵᠠᠮ ᠳᠡᠭᠡᠷ᠎ᠡ ᠨᠠᠷᠢᠨ ᠨᠢᠮᠪᠠᠶ   ᠠᠵᠢᠯᠯᠠᠨ  ᠂ ᠪᠠᠶᠢᠴᠠᠭᠠᠨ ᠰᠤᠳᠤᠯᠤᠯᠲᠠ ᠬᠢᠬᠦ  ᠂ ᠠᠰᠠᠭᠤᠨ ᠯᠠᠪᠯᠠᠵᠤ ᠬᠢᠨᠠᠯᠲᠠ    ᠲᠠᠯᠪᠢᠬᠤ  ᠂ ᠤᠯᠠᠨ ᠲᠦᠮᠡᠨ  ᠤ ᠳᠤᠮᠳᠠ ᠭᠦᠨᠵᠡᠭᠡᠶᠢᠷᠡᠬᠦ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ  ᠂ ᠲᠠᠷᠢᠶᠠᠴᠢᠳ  ᠲᠤ ᠨᠡᠩ ᠤᠯᠠᠨ ᠰᠢᠨ᠎ᠡ ᠮᠡᠷᠭᠡᠵᠢᠯ  ᠢ  ᠳᠡᠯᠭᠡᠷᠡᠬᠦᠯᠤᠨ ᠥᠭᠴᠦ  ᠂  ᠦᠢᠯᠡᠳᠪᠦᠷᠢᠯᠡᠯ  ᠤᠨ ᠬᠥᠭᠵᠢᠯᠲᠡ  ᠶᠢᠨ ᠳᠤᠮᠳᠠᠬᠢ ᠨᠡᠩ ᠤᠯᠠᠨ ᠪᠣᠳᠠᠲᠠᠶ ᠬᠦᠴᠢᠷᠳᠡᠯ  ᠢ ᠨᠢ ᠰᠢᠶᠳᠪᠦᠷᠢᠯᠡᠨ  ᠂ ᠲᠡᠳᠡᠨ  ᠢ ᠬᠠᠪᠰᠤᠷᠤᠨ  ᠵᠤᠭᠤᠰᠤᠨ ᠪᠤᠬᠴᠤ ᠶᠢ ᠨᠢ ᠭᠦᠳᠦ᠋ᠢᠯᠭᠡᠵᠦ  ᠂ ᠲᠥᠯᠥᠭᠡᠯᠡᠭᠴᠢ  ᠶᠢᠨ ᠲᠤᠰᠢᠶᠠᠯ ᠬᠠᠷᠢᠭᠤᠴᠠᠯᠭ᠎ᠠ ᠪᠠ ᠡᠭᠦᠷᠭᠡ  ᠶᠢ ᠪᠦᠬᠦ ᠰᠡᠳᠬᠢᠯ ᠪᠦᠬᠦ ᠴᠢᠳᠠᠯ  ᠢᠶᠠᠷ  ᠢᠶᠠᠨ ᠰᠠᠶᠢᠲᠤᠷ ᠭᠦᠢᠴᠡᠳᠬᠡᠵᠦ  ᠂ ᠨᠢᠭᠡᠨ ᠰᠠᠶᠢᠨ   ᠲᠥᠯᠥᠭᠡᠯᠡᠭᠴᠢ  ᠂ ᠰᠠᠶᠢᠨ ᠨᠠᠮ  ᠤᠨ ᠭᠡᠰᠢᠭᠦᠨ  ᠤ ᠮᠥᠨ ᠴᠢᠨᠠᠷ  ᠢ ᠬᠠᠷᠠᠭᠤᠯᠵᠤ ᠶᠠᠪᠤᠨ᠎ᠠ  ᠃
ᠢᠷᠡᠯᠲᠡ᠄ ︽ᠥᠨᠥᠳᠦᠷ ᠤᠨ ᠵᠡᠭᠦᠨᠭᠠᠷ︾ ᠳᠠᠪᠴᠠᠩ