2022 ᠤᠨ ᠤ ᠲᠦᠷᠪᠡᠳᠤᠭᠡᠷ ᠰᠠᠷ᠎ᠠ ᠶᠢᠨ ᠵᠠᠰᠠᠭ  ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/7/21
     4 ᠰᠠᠷ᠎ᠠ  ᠶᠢᠨ 1  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ ᠤ ᠳᠠᠷᠤᠭ᠎ᠠ  ᠰᠤᠷᠭᠠᠯᠳᠤ ᠵᠡᠭᠦᠨᠭᠠᠷ  ᠵᠤᠤ ᠪᠠᠯᠭᠠᠰᠤᠨ  ᠳᠤ ᠭᠦᠨᠵᠡᠭᠡᠶᠢᠷᠡᠨ ᠭᠤᠤᠯᠳᠠᠯᠭ᠎ᠠ  ᠲᠠᠢ ᠣᠷᠴᠢᠨ  ᠳᠤᠭᠤᠷᠢᠨ ᠤ ᠬᠠᠮᠠᠭᠠᠯᠠᠯᠲᠠ  ᠶᠢᠨ ᠠᠰᠠᠭᠤᠳᠠᠯ  ᠢ ᠴᠡᠭᠴᠡᠯᠡᠨ ᠰᠠᠶᠢᠵᠢᠷᠠᠭᠤᠯᠬᠤ ᠠᠵᠢᠯ  ᠢ ᠪᠠᠶᠢᠴᠠᠭᠠᠨ ᠰᠤᠳᠤᠯᠵᠤ  ᠱᠠᠯᠠᠪᠳᠠᠭᠤᠯᠤᠨ ᠪᠠᠶᠢᠴᠠᠭᠠᠵᠤ  ᠂ ᠵᠡᠭᠦᠨᠭᠠᠷ  ᠵᠤᠤ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠬᠢᠬᠦ  ᠳᠤ ᠣᠷᠣᠯᠴᠠᠵᠠᠶ  ᠃      ᠲᠣᠰ ᠡᠳᠦᠷ  ᠂ ᠵᠡᠭᠦᠨᠭᠠᠷ ᠬᠤᠰᠢᠭᠤᠨ  ᠤ ᠠᠷᠠᠳ  ᠤᠨ ᠰᠢᠭᠦᠬᠦ ᠬᠤᠷᠢᠶ᠎ᠠ  ᠶᠢᠨ ᠬᠤᠲᠠ  ᠶᠢᠨ ᠬᠡᠪᠴᠢᠶᠡᠨ  ᠳᠠᠬᠢ ᠨᠡᠶᠢᠭᠡᠮ  ᠤᠨ ᠵᠠᠰᠠᠯᠲᠠ  ᠶᠢᠨ ᠬᠠᠤᠯᠢ ᠴᠠᠭᠠᠵᠠ  ᠶᠢᠨ ᠦᠶᠯᠡᠴᠢᠯᠡᠭᠡ ᠶᠢ︽  ᠵᠢᠷᠭᠤᠭ᠎ᠠ ᠳᠤ     ᠣᠷᠣᠭᠤᠯᠬᠤ  ︾ ᠠᠵᠢᠯ ᠵᠢᠩᠬᠢᠨᠢ  ᠪᠠᠷ ᠡᠬᠢᠯᠡᠪᠡ  ᠃ ᠣᠷᠳᠣᠰ ᠬᠤᠲᠠ  ᠶᠢᠨ ᠠᠷᠠᠳ  ᠤᠨ ᠳᠤᠮᠳᠠ ᠵᠡᠷᠭᠡ  ᠶᠢᠨ ᠰᠢᠭᠦᠬᠦ ᠬᠤᠷᠢᠶᠠᠨ  ᠤ ᠨᠠᠮ  ᠤᠨ  ᠳᠤᠭᠤᠢᠢᠯᠠᠩ  ᠤᠨ ᠪᠦᠷᠢᠯᠳᠦᠬᠦᠨ  ᠂  ᠬᠤᠷᠢᠶᠠᠨ ᠤ ᠳᠡᠳ᠋ ᠳᠠᠷᠤᠭ᠎ᠠ ᠵᠢᠶᠠ ᠴᠠᠩ ᠪᠢᠩ  ᠂ ᠬᠤᠰᠢᠭᠤᠨ  ᠤ ᠨᠠᠮ  ᠤᠨ ᠬᠤᠷᠢᠶᠠᠨ  ᠤ ᠳᠡᠳ᠋ ᠱᠦᠵᠢ  ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ  ᠤ ᠱᠦᠵᠢ ᠵᠢᠶᠤᠤ ᠵᠢᠩ  ᠂ ᠬᠤᠰᠢᠭᠤᠨ ᠤ  ᠳᠡᠳ᠋ ᠳᠠᠷᠤᠭ᠎ᠠ  ᠂ ᠬᠤᠰᠢᠭᠤᠨ  ᠤ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ  ᠶᠢᠨ ᠳᠠᠷᠤᠭ᠎ᠠ ᠤᠶᠤᠨᠪᠢᠯᠢᠭ᠌  ᠂ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ  ᠤ ᠳᠡᠳ᠋ ᠲᠡᠷᠢᠭᠦᠯᠡᠭᠴᠢ ᠭᠦᠸᠧ ᠶᠦᠩ ᠯᠢᠨ  ᠂ ᠬᠤᠰᠢᠭᠤᠨ  ᠤ  ᠰᠢᠬᠦᠬᠦ ᠬᠤᠷᠢᠶ᠎ᠠ ᠪᠠ ᠪᠠᠶᠢᠴᠠᠭᠠᠬᠤ ᠬᠤᠷᠢᠶᠠᠨ ᠤ     ᠳᠠᠷᠤᠭ᠎ᠠ  ᠡᠬᠢᠯᠡᠯᠲᠡ  ᠶᠢᠨ ᠶᠣᠰᠣᠯᠠᠯ  ᠳᠤ ᠣᠷᠣᠯᠴᠠᠵᠤ  ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠂  ᠠᠮᠤᠭᠤᠯᠠᠩᠳᠤ ᠵᠡᠭᠦᠨᠭᠠᠷ  ᠤᠨ ᠪᠥᠲᠥᠭᠡᠨ ᠪᠠᠶᠢᠭᠤᠯᠤᠯᠲᠠ  ᠶᠢᠨ ᠠᠵᠢᠯ  ᠤᠨ ᠤᠳᠤᠷᠢᠳᠬᠤ ᠳᠤᠭᠤᠢᠢᠯᠠᠩ  ᠤᠨ ᠪᠦᠷᠢᠯᠳᠦᠬᠦᠨ ᠨᠢᠭᠡᠴᠢ  ᠂ ᠬᠤᠰᠢᠭᠤᠨ  ᠤ ᠵᠠᠷᠢᠮ ᠠᠵᠤ ᠠᠬᠤᠢᠢᠯᠠᠯ ᠵᠢᠴᠢ  ᠬᠤᠯᠪᠤᠬᠳᠠᠯ  ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠭᠤᠤᠯ ᠬᠤᠷᠠᠯ  ᠤᠨ ᠲᠠᠯᠠᠪᠠᠶ  ᠳᠤ ᠡᠬᠢᠯᠡᠯᠲᠡ  ᠶᠢᠨ ᠶᠣᠰᠣᠯᠠᠯ  ᠳᠤ ᠣᠷᠣᠯᠴᠠᠵᠤ  ᠂ ᠪᠥᠬᠦ ᠬᠤᠰᠢᠭᠤᠨ  ᠤ ᠭᠠᠴᠠᠭ᠎ᠠ ᠲᠣᠰᠬᠤᠨ  ᠂ ᠨᠡᠶᠢᠭᠡᠮ ᠲᠣᠭᠤᠷᠢᠭ  ᠤᠨ ᠨᠠᠮ  ᠤᠨ ᠡᠭᠦᠷ  ᠤᠨ ᠱᠦᠵᠢ ᠵᠢᠴᠢ  ᠬᠤᠯᠪᠤᠬᠳᠠᠯ ᠪᠥᠬᠦᠶ ᠬᠥᠮᠦᠰ ᠬᠤᠪᠢᠶᠠᠷᠢ ᠬᠤᠷᠠᠯ  ᠤᠨ ᠲᠠᠯᠠᠪᠠᠶ  ᠳᠤ ᠡᠬᠢᠯᠡᠯᠲᠡ  ᠶᠢᠨ ᠶᠣᠰᠣᠯᠠᠯ  ᠳᠤ ᠣᠷᠣᠯᠴᠠᠪᠠ  ᠃       4 ᠰᠠᠷ᠎ᠠ  ᠶᠢᠨ 3  ᠤ ᠡᠳᠦᠷ  ᠂ ᠬᠤᠲᠠ  ᠶᠢᠨ ᠨᠠᠮ  ᠤᠨ ᠬᠤᠷᠢᠶ᠎ᠠ  ᠶᠢᠨ ᠪᠠᠶᠢᠩᠭᠤ  ᠶᠢᠨ ᠭᠡᠰᠢᠭᠦᠨ  ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ  ᠱᠧ ᠰᠢ ᠸᠧᠨ  ᠂ ᠬᠤᠲᠠ  ᠶᠢᠨ ᠳᠡᠳ᠋ ᠳᠠᠷᠤᠭ᠎ᠠ ᠯᠢᠦ ᠹᠧᠩ ᠶᠦᠨ ᠬᠤᠲᠠ  ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ  ᠢ ᠳᠠᠭᠠᠭᠤᠯᠤᠨ ᠵᠡᠭᠦᠨᠭᠠᠷ ᠬᠤᠰᠢᠭᠤᠨ  ᠳᠤ ᠭᠦᠨᠵᠡᠭᠡᠶᠢᠷᠡᠨ ᠲᠤᠬᠠᠶ  ᠶᠢᠨ ᠲᠠᠯᠠᠪᠠᠶ  ᠳᠤ  ᠠᠯᠪᠠᠯᠠᠵᠤ  ᠂ ᠣᠢᠢᠷ᠎ᠠ  ᠶᠢᠨ ᠬᠤᠭᠤᠴᠠᠭᠠᠨ  ᠳᠤ ᠲᠥᠪ  ᠤᠨ ᠣᠷᠴᠢᠨ  ᠳᠤᠭᠤᠷᠢᠨ ᠤ  ᠬᠠᠮᠠᠭᠠᠯᠠᠯᠲᠠ  ᠶᠢᠨ  ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ  ᠠᠴᠠ ᠮᠠᠨ  ᠤ ᠬᠤᠰᠢᠭᠤᠨ  ᠳᠤ  ᠳᠤᠰᠢᠶᠠᠨ ᠰᠢᠶᠳᠪᠦᠷᠢᠯᠡᠭᠦᠯᠦᠭᠰᠡᠨ ᠣᠷᠴᠢᠨ  ᠳᠤᠭᠤᠷᠢᠨ ᠤ ᠬᠠᠮᠠᠭᠠᠯᠠᠯᠲᠠ  ᠶᠢᠨ ᠠᠰᠠᠭᠤᠳᠠᠯ  ᠢ  ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ  ᠃ ᠬᠤᠰᠢᠭᠤᠨ  ᠤ ᠤᠳᠤᠷᠢᠳᠤᠯᠭ᠎ᠠ ᠰᠦ᠋ ᠰᠢᠨ ᠶᠠ  ᠂ ᠴᠢᠦᠶ ᠱᠤ᠋ ᠴᠢᠩ  ᠂ ᠴᠢᠶᠣᠤ ᡁᠢ ᠫᠢᠩ  ᠂ ᠯᠢ ᠶᠣᠣ ᠵᠢᠶᠦ᠋ᠨ  ᠂ ᠸᠠᠩ  ᠢᠤᠢ ᠵᠢᠶᠧ  ᠂ ᠬᠠᠨ ᠶᠠᠨ  ᠂ ᠸᠠᠩ ᠵᠢᠩ ᠯᠦᠩ  ᠂ ᠯᠢᠦ ᠢᠦᠶ ᠴᠧᠩ ᠵᠢᠴᠢ  ᠬᠤᠯᠪᠤᠬᠳᠠᠯ ᠪᠥᠬᠦᠶ ᠰᠢᠶᠠᠩ ᠪᠠᠯᠭᠠᠰᠤ  ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠪᠠ ᠰᠠᠯᠠᠭ᠎ᠠ ᠮᠥᠴᠢᠷ  ᠤᠨ ᠬᠢᠨ ᠪᠠᠷ᠎ᠠ ᠪᠣᠯᠪᠠ  ᠃     4 ᠰᠠᠷ᠎ᠠ  ᠶᠢᠨ 4  ᠤ ᠡᠳᠦᠷ  ᠂ ᠬᠤᠲᠠ  ᠶᠢᠨ ᠳᠡᠳ᠋ ᠳᠠᠷᠤᠭ᠎ᠠ ᠯᠢᠦ ᠹᠧᠩ ᠶᠦᠨ ᠵᠡᠭᠦᠨᠭᠠᠷ ᠬᠤᠰᠢᠭᠤᠨ  ᠳᠤ ᠭᠦᠨᠵᠡᠭᠡᠶᠢᠷᠡᠨ ᠣᠷᠴᠢᠨ  ᠳᠤᠭᠤᠷᠢᠨ ᠤ ᠬᠠᠮᠠᠭᠠᠯᠠᠯᠲᠠ  ᠂ ᠠᠶᠤᠯᠭᠦᠶ ᠦᠶᠯᠡᠳᠪᠦᠷᠢᠯᠡᠯ ᠪᠠ ᠤᠶᠤᠨᠴᠢ ᠡᠬᠡ ᠬᠠᠭᠤᠷᠠᠶ  ᠶᠢᠨ ᠭᠠᠷᠠᠮ  ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ  ᠢ  ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ  ᠂ ᠬᠤᠲᠠ  ᠶᠢᠨ ᠵᠠᠰᠠᠭ  ᠤᠨ ᠣᠷᠳᠣᠨ  ᠤ  ᠨᠠᠷᠢᠨ ᠪᠢᠴᠢᠭ  ᠤᠨ ᠳᠡᠳ᠋ ᠳᠠᠷᠤᠭ᠎ᠠ  ᠶᠢᠨ ᠵᠠᠨ ᠢ  ᠂ ᠬᠤᠰᠢᠭᠤᠨ ᠤ ᠳᠡᠳ᠋ ᠳᠠᠷᠤᠭ᠎ᠠ ᠯᠢᠦ ᠢᠦᠶ ᠴᠧᠩ  ᠂ ᠬᠤᠲᠠ  ᠂ ᠬᠤᠰᠢᠭᠤᠨ  ᠤ  ᠬᠤᠯᠪᠤᠬᠳᠠᠯ ᠪᠥᠬᠦᠶ ᠰᠠᠯᠠᠭ᠎ᠠ ᠮᠥᠴᠢᠷ ᠪᠠ  ᠬᠤᠯᠪᠤᠬᠳᠠᠯ ᠪᠥᠬᠦᠶ ᠰᠢᠶᠠᠩ ᠪᠠᠯᠭᠠᠰᠤᠨ  ᠤ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠬᠢᠬᠦ  ᠳᠤ ᠣᠷᠣᠯᠴᠠᠵᠠᠶ  ᠃      4 ᠰᠠᠷ᠎ᠠ  ᠶᠢᠨ 6  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠵᠡᠭᠦᠨᠭᠠᠷ ᠵᠣᠣ ᠪᠠᠯᠭᠠᠰᠤ  ᠂ ᠯᠦᠩ ᠺᠸᠦ ᠪᠠᠯᠭᠠᠰᠤᠨ  ᠳᠤ ᠭᠦᠨᠵᠡᠭᠡᠶᠢᠷᠡᠵᠦ  ᠂ ᠲᠥᠪ  ᠤᠨ ᠣᠷᠴᠢᠨ  ᠳᠤᠭᠤᠷᠢᠨ ᠤ ᠬᠠᠮᠠᠭᠠᠯᠠᠯᠲᠠ  ᠶᠢᠨ  ᠱᠠᠯᠠᠪᠳᠠᠭᠤᠯᠤᠬᠰᠠᠨ ᠪᠠᠶᠢᠴᠠᠭᠠᠯᠲᠠ ᠳᠤ ᠣᠯᠠᠨ ᠲᠦᠮᠡᠨ  ᠤ ᠵᠠᠬᠢᠳᠠᠯ ᠰᠤᠷᠪᠤᠯᠵᠢᠯᠠᠯ ᠵᠶ᠋ᠠᠷ‌ᠢᠯᠡᠴᠢᠯᠡᠨ ᠮᠡᠳᠡᠭᠦᠯᠦᠭᠰᠡᠨ ᠬᠡᠷᠡᠭ  ᠢ ᠰᠢᠶᠳᠪᠦᠷᠢᠯᠡᠬᠦ ᠠᠵᠢᠯ  ᠢ  ᠱᠠᠯᠠᠪᠳᠠᠭᠤᠯᠤᠨ ᠵᠢᠯᠣᠭᠤᠳᠴᠤ  ᠂ ᠵᠡᠭᠦᠨᠭᠠᠷ ᠵᠣᠣ ᠪᠠᠯᠭᠠᠰᠤ  ᠂ ᠯᠦᠩ ᠺᠸᠦ ᠪᠠᠯᠭᠠᠰᠤ  ᠂ ᠬᠤᠰᠢᠭᠤᠨ  ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠪᠠᠷ᠎ᠠ ᠪᠣᠯᠪᠠ  ᠃     4 ᠰᠠᠷ᠎ᠠ  ᠶᠢᠨ 8  ᠤ ᠡᠳᠦᠷ  ᠂ ᠵᠡᠭᠦᠨᠭᠠᠷ ᠬᠤᠰᠢᠭᠤᠨ  ᠤ 2022 ᠣᠨ  ᠤ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠬᠤ ᠴᠢᠬᠤᠯᠠ ᠶᠡᠭᠡ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ  ᠶᠢᠨ ᠳᠠᠶᠢᠴᠢᠯᠠᠯᠲᠠ  ᠶᠢᠨ ᠬᠤᠷᠠᠯ ᠬᠤᠷᠠᠯᠳᠤᠪᠠ  ᠃ ᠬᠤᠰᠢᠭᠤᠨ  ᠤ ᠤᠳᠤᠷᠢᠳᠤᠯᠭ᠎ᠠ  ᠰᠤᠷᠭᠠᠯᠳᠤ  ᠂ ᠵᠢᠶᠤᠤ ᠵᠢᠩ  ᠂  ᠳᠠᠩ ᠳᠠᠯᠠᠢ  ᠂ ᠸᠠᠩ ᠶᠦᠩ ᡁᠢ  ᠂ ᠴᠢᠶᠣᠤ ᡁᠢ ᠫᠢᠩ  ᠂ ᠸᠠᠩ ᠮᠢᠨ  ᠂ ᠤᠶᠤᠨᠪᠢᠯᠢᠭ᠌  ᠂ ᠡᠦ ᠰᠢᠦᠶ ᠳ᠋ᠦᠩ  ᠂ ᠭᠦᠸᠧ ᠶᠦᠩ ᠯᠢᠨ  ᠂ ᠬᠤᠰᠢᠭᠤᠨ  ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ  ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠵᠢᠴᠢ   ᠠᠵᠤ ᠠᠬᠤᠢᠢᠯᠠᠯᠲᠠᠨ  ᠤ ᠵᠠᠷᠢᠮ ᠲᠥᠯᠥᠭᠡᠯᠡᠭᠴᠢ  ᠂ ᠠᠵᠢᠯᠲᠠᠨ   ᠤ ᠲᠥᠯᠥᠭᠡᠯᠡᠭᠴᠢ ᠶᠡᠭᠡ ᠬᠤᠷᠠᠯ  ᠳᠤ ᠣᠷᠣᠯᠴᠠᠵᠠᠶ  ᠃ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠤᠯᠤᠰ ᠳᠦᠷᠤ ᠬᠠᠤᠯᠢ ᠴᠠᠭᠠᠵᠠ  ᠶᠢᠨ ᠬᠤᠷᠢᠶᠠᠨ  ᠤ ᠱᠦᠵᠢ ᠵᠢᠶᠤᠤ ᠵᠢᠩ ᠬᠤᠷᠠᠯ ᠡᠷᠭᠢᠯᠠᠵᠤ  ᠂  ᠬᠤᠰᠢᠭᠤᠨ  ᠤ  ᠳᠡᠳ᠋ ᠳᠠᠷᠤᠭ᠎ᠠ ᠡᠦ ᠰᠢᠦᠶ  ᠳ᠋ᠦᠩ ᠪᠠᠶᠠᠷ  ᠤᠨ ᠦᠭᠡ  ᠶᠠᠷᠢᠪᠠ  ᠃ ᠳᠠᠶᠢᠴᠢᠯᠠᠯᠲᠠ  ᠶᠢᠨ  ᠬᠤᠷᠠᠯ ᠳᠡᠭᠡᠷ᠎ᠡ  ᠂ ᠬᠤᠰᠢᠭᠤᠨ  ᠤ ᠨᠠᠮ  ᠤᠨ ᠬᠤᠷᠢᠶᠠᠨ  ᠤ ᠳᠡᠳ᠋ ᠱᠦᠵᠢ  ᠂ ᠬᠤᠰᠢᠭᠤᠨ ᠤ  ᠳᠠᠷᠤᠭ᠎ᠠ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ ᠤᠷᠤᠨ ᠤ ᠨᠠᠮ  ᠤᠨ ᠠᠵᠢᠯᠯᠠᠬᠤ ᠬᠤᠷᠢᠶᠠᠨ  ᠤ ᠱᠦᠵᠢ  ᠂ ᠬᠠᠮᠢᠶᠠᠷᠤᠯᠲᠠ  ᠶᠢᠨ ᠵᠥᠪᠯᠡᠯ  ᠤᠨ ᠡᠷᠬᠢᠯᠡᠭᠴᠢ ᠰᠤᠷᠭᠠᠯᠳᠤ  ᠠᠴᠠ ᠵᠡᠭᠦᠨᠭᠠᠷ ᠬᠤᠰᠢᠭᠤᠨ  ᠤ 2022 ᠣᠨ  ᠳᠤ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠬᠤ ᠴᠢᠬᠤᠯᠠ ᠶᠡᠭᠡ ᠲᠥᠷᠥᠯ ᠵᠦᠶᠯ  ᠢ ᠲᠥᠪᠯᠡᠷᠡᠭᠦᠯᠦᠨ  ᠪᠠᠷᠢᠯᠭ᠎ᠠ ᠡᠬᠢᠯᠡᠭᠦᠯᠬᠦ  ᠶᠢ ᠵᠠᠷᠯᠠᠪᠠ  ᠃     4 ᠰᠠᠷ᠎ᠠ  ᠶᠢᠨ 9  ᠤ ᠡᠳᠦᠷ  ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ  ᠶᠢᠨ ᠤᠬᠠᠭᠤᠯᠬᠤ ᠬᠡᠯᠲᠡᠰ  ᠤᠨ ᠳᠡᠳ᠋ ᠳᠠᠷᠤᠭ᠎ᠠ  ᠂ ᠥᠪᠥᠷ ᠮᠣᠩᠭᠤᠯ  ᠤᠨ ᠷᠠᠳᠢᠣ᠋ ᠲᠧᠯᠸᠢᠰ ᠬᠤᠷᠢᠶ᠎ᠠ  ᠶᠢᠨ ᠨᠠᠮ  ᠤᠨ  ᠳᠤᠭᠤᠢᠢᠯᠠᠩ  ᠤᠨ ᠱᠦᠵᠢ  ᠂  ᠬᠤᠷᠢᠶᠠᠨ ᠳᠠᠷᠤᠭ᠎ᠠ ᠭᠤᠤ ᠸᠧᠨ ᠬᠤᠩ ᠨᠠᠷ ᠮᠠᠨ  ᠤ ᠬᠤᠰᠢᠭᠤᠨ  ᠳᠤ ᠢᠷᠡᠵᠤ ᠭᠤᠤᠯᠳᠠᠯᠭ᠎ᠠ  ᠲᠠᠢ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ  ᠶᠢᠨ ᠪᠠᠶᠢᠳᠠᠯ  ᠢ ᠪᠠᠶᠢᠴᠠᠭᠠᠨ ᠰᠤᠳᠤᠯᠪᠠ  ᠃ ᠬᠤᠲᠠ  ᠶᠢᠨ ᠨᠠᠮ  ᠤᠨ ᠬᠤᠷᠢᠶ᠎ᠠ  ᠶᠢᠨ ᠤᠬᠠᠭᠤᠯᠬᠤ ᠬᠡᠯᠲᠡᠰ  ᠤᠨ ᠪᠠᠶᠢᠩᠭᠤ  ᠶᠢᠨ ᠳᠡᠳ᠋ ᠳᠠᠷᠤᠭ᠎ᠠ ᠴᠧᠨ ᠰᠢ  ᠂ ᠬᠤᠰᠢᠭᠤᠨ  ᠤ ᠨᠠᠮ  ᠤᠨ ᠬᠤᠷᠢᠶ᠎ᠠ  ᠶᠢᠨ ᠱᠦᠵᠢ ᠰᠦ᠋ ᠰᠢᠨ ᠶᠠ  ᠂ ᠬᠤᠰᠢᠭᠤᠨ  ᠤ ᠨᠠᠮ  ᠤᠨ ᠬᠤᠷᠢᠶ᠎ᠠ  ᠶᠢᠨ ᠪᠠᠶᠢᠩᠭᠤ  ᠶᠢᠨ ᠭᠡᠰᠢᠭᠦᠨ  ᠂ ᠤᠬᠠᠭᠤᠯᠬᠤ ᠬᠡᠯᠲᠡᠰ  ᠤᠨ ᠳᠠᠷᠤᠭ᠎ᠠ ᠬᠠᠨ ᠶᠠᠨ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ ᠵᠢᠴᠢ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠪᠠᠷ᠎ᠠ ᠪᠣᠯᠪᠠ  ᠃       4 ᠰᠠᠷ᠎ᠠ  ᠶᠢᠨ 11  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ  ᠤ ᠳᠠᠷᠤᠭ᠎ᠠ  ᠰᠤᠷᠭᠠᠯᠳᠤ ᠣᠯᠠᠨ ᠲᠦᠮᠡᠨ  ᠤ ᠢᠯᠡᠴᠢᠯᠡᠨ ᠮᠡᠳᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ  ᠢ ᠰᠢᠶᠳᠪᠦᠷᠢᠯᠡᠬᠦ ᠠᠵᠢᠯ  ᠢ  ᠱᠠᠯᠠᠪᠳᠠᠭᠤᠯᠤᠨ ᠪᠠᠶᠢᠴᠠᠭᠠᠭᠰᠠᠨ ᠪᠥᠭᠡᠳ ᠰᠢᠤᠸᠠᠢ ᠵᠢᠶᠠ ᠸᠠᠨ  ᠤ ᠣᠢᠢᠷ᠎ᠠ ᠬᠠᠪᠢ  ᠶᠢᠨ ᠨᠡᠭᠦᠷᠡᠰᠦ ᠵᠥᠭᠡᠭᠡᠪᠦᠷᠢᠯᠡᠬᠦ ᠵᠠᠮ  ᠤᠨ ᠲᠣᠭᠤᠰᠣ ᠰᠢᠷᠣᠶ  ᠶᠢᠨ ᠪᠣᠬᠢᠷᠲᠤᠯ  ᠤᠨ ᠠᠰᠠᠭᠤᠳᠠᠯ  ᠢ ᠴᠡᠭᠴᠡᠯᠡᠨ ᠰᠠᠶᠢᠵᠢᠷᠠᠭᠤᠯᠬᠤ ᠠᠵᠢᠯ  ᠢ ᠪᠠᠶᠢᠴᠠᠭᠠᠨ ᠰᠤᠳᠤᠯᠪᠠ  ᠃ ᠬᠤᠰᠢᠭᠤᠨ  ᠤ ᠤᠳᠤᠷᠢᠳᠤᠯᠭ᠎ᠠ ᠴᠢᠦᠶ ᠱᠤ᠋ ᠴᠢᠩ  ᠂   ᠬᠤᠯᠪᠤᠬᠳᠠᠯ ᠪᠥᠬᠦᠶ ᠰᠠᠯᠠᠭ᠎ᠠ ᠮᠥᠴᠢᠷ ᠵᠢᠴᠢ ᠰᠢᠤᠸᠠᠢ ᠵᠢᠶᠠ ᠸᠠᠨ ᠪᠠᠯᠭᠠᠰᠤᠨ  ᠤ ᠬᠠᠷᠢᠭᠤᠴᠠᠯᠭᠠᠲᠠᠳ ᠪᠠᠷ᠎ᠠ ᠪᠣᠯᠪᠠ  ᠃     ᠮᠥᠨ ᠡᠳᠦᠷ  ᠲᠤ  ᠂ ᠬᠤᠲᠠ  ᠶᠢᠨ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ  ᠪᠠᠶᠢᠩᠭᠤ  ᠶᠢᠨ ᠬᠤᠷᠢᠶᠠᠨ  ᠤ  ᠳᠡᠳ᠋ ᠡᠷᠭᠢᠯᠡᠭᠴᠢ ᠾᠧ  ᠶᠢᠨ ᠨᠡᠷ ᠵᠡᠭᠦᠨᠭᠠᠷ ᠬᠤᠰᠢᠭᠤᠨ  ᠳᠤ ᠢᠷᠡᠵᠦ ᠪᠠᠷᠠᠭᠠᠨ  ᠤ ᠭᠦᠢᠯᠭᠡᠭᠡᠨ  ᠤ ᠠᠵᠤ ᠦᠢᠯᠡᠰ  ᠤᠨ ᠬᠥᠭᠵᠢᠯᠲᠡ  ᠶᠢᠨ ᠪᠠᠶᠢᠳᠠᠯ  ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠢᠵᠡᠶ  ᠃ ᠬᠤᠰᠢᠭᠤᠨ  ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶᠠᠨ  ᠤ ᠳᠡᠳ᠋ ᠡᠷᠬᠢᠯᠡᠭᠴᠢ ᠶᠠᠨ ᠹᠸᠢ  ᠂ ᠬᠤᠰᠢᠭᠤᠨ ᠤ ᠳᠡᠳ᠋ ᠳᠠᠷᠤᠭ᠎ᠠ ᠯᠢᠦ ᠢᠦᠶ ᠴᠧᠩ  ᠂ ᠬᠤᠰᠢᠭᠤᠨ  ᠤ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠪᠠᠷ᠎ᠠ ᠪᠣᠯᠪᠠ  ᠃     4 ᠰᠠᠷ᠎ᠠ  ᠶᠢᠨ 12  ᠤᠨ ᠡᠳᠦᠷ  ᠂ ᠬᠤᠲᠠ  ᠶᠢᠨ ᠳᠡᠳ᠋ ᠳᠠᠷᠤᠭ᠎ᠠ ᠯᠢᠦ ᠹᠧᠩ ᠶᠦᠨ ᠨᠠᠷ ᠵᠡᠭᠦᠨᠭᠠᠷ ᠬᠤᠰᠢᠭᠤᠨ  ᠤ ᠨᠠᠷᠠᠰᠤᠨ ᠪᠠᠯᠭᠠᠰᠤᠨ  ᠳᠤ ᠭᠦᠨᠵᠡᠭᠡᠶᠢᠷᠡᠨ ᠠᠶᠤᠯᠭᠦᠶ ᠦᠶᠯᠡᠳᠪᠦᠷᠢᠯᠡᠯ  ᠤᠨ ᠠᠵᠢᠯ  ᠢ ᠪᠠᠶᠢᠴᠠᠭᠠᠨ ᠰᠤᠳᠤᠯᠵᠤ  ᠱᠠᠯᠠᠪᠳᠠᠭᠤᠯᠤᠨ ᠪᠠᠶᠢᠴᠠᠭᠠᠪᠠ  ᠃ ᠬᠤᠰᠢᠭᠤᠨ ᠤ ᠨᠠᠮ  ᠤᠨ ᠬᠤᠷᠢᠶ᠎ᠠ  ᠶᠢᠨ ᠪᠠᠶᠢᠩᠭᠤ  ᠶᠢᠨ  ᠭᠡᠰᠢᠭᠦᠨ  ᠂ ᠬᠤᠰᠢᠭᠤᠨ ᠤ ᠳᠡᠳ᠋ ᠳᠠᠷᠤᠭ᠎ᠠ ᠴᠢᠦᠶ ᠱᠤ᠋ ᠴᠢᠩ  ᠂ ᠨᠠᠷᠠᠰᠤᠨ ᠪᠠᠯᠭᠠᠰᠤ  ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠪᠠᠷ᠎ᠠ ᠪᠣᠯᠪᠠ  ᠃     4 ᠰᠠᠷ᠎ᠠ  ᠶᠢᠨ 13  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ ᠤ ᠳᠠᠷᠤᠭ᠎ᠠ  ᠰᠤᠷᠭᠠᠯᠳᠤ ᠨᠠᠷᠠᠰᠤᠨ ᠪᠠᠯᠭᠠᠰᠤᠨ  ᠳᠤ ᠭᠦᠨᠵᠡᠭᠡᠶᠢᠷᠡᠨ ᠲᠥᠪ  ᠤᠨ ᠣᠷᠴᠢᠨ  ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠳᠠ ᠳᠤ ᠣᠯᠠᠨ ᠲᠦᠮᠡᠨ  ᠤ ᠢᠯᠡᠴᠢᠯᠡᠨ ᠮᠡᠳᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ  ᠢ ᠰᠢᠶᠳᠪᠦᠷᠢᠯᠡᠬᠦ ᠪᠠ ᠭᠠᠯ ᠭᠠᠷᠳᠠᠭ ᠣᠷᠣᠨ  ᠢ ᠵᠠᠰᠠᠬᠤ  ᠂ ᠠᠭᠤᠷᠬᠠᠶ  ᠶᠢᠨ ᠣᠷᠣᠨ  ᠤ ᠭᠠᠶ ᠭᠠᠮᠰᠢᠭ  ᠢ ᠵᠠᠰᠠᠬᠤ ᠵᠡᠷᠭᠡ ᠠᠵᠢᠯ  ᠢ  ᠱᠠᠯᠠᠪᠳᠠᠭᠤᠯᠤᠨ ᠵᠢᠯᠣᠭᠤᠳᠴᠤ  ᠠᠬᠢᠭᠤᠯᠪᠠ  ᠃    4 ᠰᠠᠷ᠎ᠠ  ᠶᠢᠨ 14  ᠤ ᠡᠳᠦᠷ  ᠂ ᠬᠤᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠨᠠᠮ  ᠤᠨ ᠳᠤᠭᠤᠢᠢᠯᠠᠩ  ᠤᠨ ᠱᠦᠵᠢ  ᠂ ᠲᠡᠷᠢᠭᠦᠯᠡᠭᠴᠢ ᠭᠤᠤ ᠵᠠᠨ ᠱᠧᠩ ᠵᠡᠭᠦᠨᠭᠠᠷ ᠬᠤᠰᠢᠭᠤᠨ  ᠳᠤ ᠭᠦᠨᠵᠡᠭᠡᠶᠢᠷᠡᠨ ᠤᠯᠤᠰ ᠲᠥᠷᠥ  ᠶᠢᠨ ᠵᠥᠪᠯᠡᠯᠭᠡᠨ  ᠤ ᠭᠡᠰᠢᠭᠦᠨ ᠤ ᠠᠵᠤ ᠠᠬᠤᠢᠢᠯᠠᠯ  ᠢᠶᠠᠷ ᠬᠦᠷᠴᠦ  ᠂ ᠪᠣᠬᠢᠷᠲᠤᠯ ᠥᠬᠡᠶ ᠠᠭᠤᠷᠬᠠᠶ  ᠤᠶᠤᠨᠴᠢ ᠠᠭᠤᠷᠬᠠᠶ  ᠶᠢᠨ ᠪᠥᠲᠥᠭᠡᠨ ᠪᠠᠶᠢᠭᠤᠯᠤᠯᠲᠠ  ᠶᠢᠨ ᠠᠵᠢᠯ  ᠢ ᠪᠠᠶᠢᠴᠠᠭᠠᠨ ᠰᠤᠳᠤᠯᠪᠠ  ᠃ ᠬᠤᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠨᠠᠮ  ᠤᠨ  ᠳᠤᠭᠤᠢᠢᠯᠠᠩ  ᠤᠨ ᠪᠦᠷᠢᠯᠳᠦᠬᠦᠨ  ᠂ ᠳᠡᠳ᠋ ᠲᠡᠷᠢᠭᠦᠯᠡᠭᠴᠢ ᠵᠢᠷᠭᠠᠯᠳᠤ  ᠂ ᠭᠤᠤ ᡁᠢ ᠬᠤᠸᠠ  ᠂ ᠬᠤᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠨᠠᠮ  ᠤᠨ  ᠳᠤᠭᠤᠢᠢᠯᠠᠩ  ᠤᠨ ᠪᠦᠷᠢᠯᠳᠦᠬᠦᠨ  ᠂ ᠨᠠᠷᠢᠨ ᠪᠢᠴᠢᠭ  ᠤᠨ ᠳᠠᠷᠤᠭ᠎ᠠ ᠴᠧᠨ ᠵᠢᠩ  ᠂ ᠬᠤᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠨᠠᠮ  ᠤᠨ  ᠳᠤᠭᠤᠢᠢᠯᠠᠩ  ᠤᠨ ᠪᠦᠷᠢᠯᠳᠦᠬᠦᠨ ᠮᠠ ᠢᠦᠶ ᠴᠢᠩ  ᠂ ᠬᠤᠲᠠ  ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ  ᠂ ᠬᠤᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠵᠠᠷᠢᠮ ᠭᠡᠰᠢᠭᠦᠨ ᠪᠠ ᠮᠠᠨ  ᠤ ᠬᠤᠲᠠ  ᠶᠢᠨ  ᠵᠠᠷᠢᠮ ᠭᠤᠤᠯᠳᠠᠯᠭ᠎ᠠ  ᠲᠠᠢ ᠠᠵᠤ ᠠᠬᠤᠢᠢᠯᠠᠯ  ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠬᠢᠬᠦ  ᠳᠤ ᠣᠷᠣᠯᠴᠠᠪᠠ  ᠃ ᠬᠤᠰᠢᠭᠤᠨ  ᠤ ᠤᠳᠤᠷᠢᠳᠤᠯᠭ᠎ᠠ  ᠰᠤ᠋ ᠰᠢᠨ ᠶᠠ  ᠂  ᠰᠤᠷᠭᠠᠯᠳᠤ  ᠂ ᠵᠢᠶᠠ ᠭᠤᠸᠠᠩ ᠬᠤᠸᠠ  ᠂ ᠭᠤᠤ ᠷᠦᠨ ᠬᠤᠸᠠ  ᠂  ᠬᠤᠯᠪᠤᠬᠳᠠᠯ ᠪᠥᠬᠦᠶ ᠰᠢᠶᠠᠩ ᠪᠠᠯᠭᠠᠰᠤ  ᠂ ᠠᠵᠤ ᠠᠬᠤᠢᠢᠯᠠᠯ  ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ  ᠃     ᠲᠣᠰ ᠡᠳᠦᠷ  ᠂ ᠥᠪᠡᠷᠲᠡᠭᠡᠨ ᠵᠠᠰᠠᠬᠤ ᠣᠷᠣᠨ  ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ  ᠶᠢᠨ ᠨᠡᠶᠢᠭᠡᠮ  ᠤᠨ ᠪᠠᠶᠢᠭᠤᠯᠤᠯᠲᠠ  ᠶᠢᠨ ᠵᠥᠪᠯᠡᠯ  ᠤᠨ ᠳᠡᠳ᠋ ᠡᠷᠬᠢᠯᠡᠭᠴᠢ ᠭᠡᠰᠢᠭᠦᠨ ᠳ᠋ᠧᠩ ᠶᠤᠸᠠᠢ ᠯᠧᠦ ᠨᠡᠷ ᠮᠠᠨ  ᠤ ᠬᠤᠰᠢᠭᠤᠨ  ᠳᠤ ᠢᠷᠡᠵᠦ ︽  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠶᠤᠯᠭᠦᠶ ᠦᠶᠯᠡᠳᠪᠦᠷᠢᠯᠡᠯ  ᠤᠨ ᠬᠠᠤᠯᠢ  ︾ ᠪᠣᠯᠤᠨ ︽  ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠠᠶᠤᠯᠭᠦᠶ ᠦᠶᠯᠡᠳᠪᠦᠷᠢᠯᠡᠯ  ᠤᠨ ᠲᠦᠷᠢᠮ  ︾   ᠢ  ᠳᠤᠭᠤᠰᠢᠯᠠᠭᠤᠯᠤᠨ ᠬᠡᠷᠡᠭᠵᠢᠭᠦᠯᠵᠤ ᠪᠠᠶᠢᠭ᠎ᠠ ᠪᠠᠶᠢᠳᠠᠯ  ᠤᠨ ᠲᠤᠬᠠᠶ ᠬᠠᠤᠯᠢ ᠬᠡᠷᠡᠭᠵᠢᠭᠦᠯᠦᠯᠲᠡ  ᠶᠢᠨ ᠪᠠᠶᠢᠴᠠᠭᠠᠯᠲᠠ ᠬᠢᠪᠠ  ᠃ ᠬᠤᠲᠠ  ᠶᠢᠨ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ  ᠶᠢᠨ ᠳᠡᠳ᠋ ᠡᠷᠬᠢᠯᠡᠭᠴᠢ ᠵᠣᠣ ᠹᠸᠢ ᠯᠦ  ᠂ ᠬᠤᠰᠢᠭᠤᠨ  ᠤ ᠤᠳᠤᠷᠢᠳᠤᠯᠭ᠎ᠠ ᠯᠦ ᠵᠠᠨ ᠴᠢᠩ  ᠂ ᠠᠨ ᠰᠢᠶᠠ  ᠂     ᠤᠶᠤᠨᠪᠢᠯᠢᠭ᠌  ᠂  ᠤᠷᠤᠨ  ᠂ ᠬᠤᠲᠠ  ᠂ ᠬᠤᠰᠢᠭᠤ  ᠂ ᠳ᠋ᠠ ᠯᠦ ᠠᠵᠤ ᠦᠶᠯᠡᠰ  ᠤᠨ ᠬᠦᠷᠢᠶᠡᠯᠡᠩ ᠳᠤᠭᠤᠷᠢᠭ  ᠤᠨ  ᠬᠤᠯᠪᠤᠬᠳᠠᠯ ᠪᠥᠬᠦᠶ ᠬᠠᠷᠢᠭᠤᠴᠠᠯᠭᠠᠲᠠᠳ ᠪᠠᠷ᠎ᠠ ᠪᠣᠯᠵᠣ ᠪᠠᠶᠢᠴᠠᠭᠠᠨ ᠦᠵᠡᠪᠡ  ᠃     4  ᠰᠠᠷ᠎ᠠ  ᠶᠢᠨ 15  ᠤ ᠡᠳᠦᠷ  — 16  ᠤ ᠡᠳᠦᠷ ᠪᠣᠯᠲᠠᠯ᠎ᠠ  ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ  ᠶᠢᠨ ᠮᠠᠯᠵᠢᠬᠤ ᠲᠠᠷᠢᠶᠠᠯᠠᠬᠤ ᠣᠷᠣᠨ  ᠤ ᠠᠵᠢᠯ  ᠤᠨ ᠤᠳᠤᠷᠢᠳᠬᠤ ᠳᠤᠭᠤᠢᠢᠯᠠᠩ  ᠂ ᠨᠠᠮ  ᠤᠨ ᠬᠤᠷᠢᠶ᠎ᠠ  ᠶᠢᠨ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠠᠵᠢᠯ  ᠤᠨ ᠤᠳᠤᠷᠢᠳᠬᠤ ᠳᠤᠭᠤᠢᠢᠯᠠᠩ  ᠠᠴᠠ ᠪᠥᠬᠦ ᠣᠷᠣᠨ  ᠤ  ᠶᠡᠷᠦᠩᠬᠡᠶ ᠱᠦᠵᠢ ᠰᠢ ᠶᠢᠨ ᠫᠢᠩ ᠤᠨ ︽  ᠬᠥᠳᠡᠭᠡ  ᠳᠤᠰᠬᠤᠨ  ᠳᠠᠷᠢᠶᠠᠯᠠᠩ ᠤᠶᠢᠯᠡᠳᠪᠤᠷᠢᠯᠡᠯ  ᠲᠠᠷᠢᠶᠠᠴᠢᠨ  ︾   ᠤ ᠠᠵᠢᠯ  ᠤᠨ ᠲᠤᠬᠠᠶ ᠴᠢᠬᠤᠯᠠ ᠥᠭᠦᠯᠡᠯᠲᠡ  ᠶᠢ ᠰᠤᠷᠤᠯᠴᠠᠨ  ᠳᠤᠭᠤᠰᠢᠯᠠᠭᠤᠯᠬᠤ ᠵᠢᠴᠢ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ  ᠶᠢ ᠪᠥᠬᠦ ᠲᠠᠯ᠎ᠠ  ᠪᠠᠷ ᠠᠬᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠢ ᠡᠷᠬᠢᠯᠡᠨ ᠬᠢᠪᠠ᠃ ᠲᠣᠰ ᠤᠳᠠᠭᠠᠨ  ᠤ ᠪᠣᠯᠪᠠᠰᠤᠷᠠᠯ  ᠳᠤ ᠲᠥᠪ  ᠤᠨ ᠬᠥᠳᠡᠭᠡ ᠲᠣᠰᠬᠤᠨ  ᠤ ᠠᠵᠢᠯ  ᠤᠨ ᠠᠯᠪᠠᠨ ᠬᠡᠷ  ᠤᠨ ᠨᠠᠷᠢᠨ ᠪᠢᠴᠢᠭ  ᠤᠨ ᠲᠣᠪᠴᠢᠶ᠎ᠠ  ᠶᠢᠨ ᠳᠡᠳ᠋ ᠳᠠᠷᠤᠭ᠎ᠠ ᠵᠢᠶᠠᠩ ᠸᠧᠨ ᠱᠧᠩ  ᠂ ᠲᠠᠷᠢᠶᠠᠯᠠᠩ ᠤᠶᠢᠯᠡᠳᠪᠤᠷᠢᠯᠡᠯ ᠬᠥᠳᠡᠭᠡ ᠲᠣᠰᠬᠤᠨ  ᠤ ᠶᠠᠮᠤᠨ  ᠤ ᠬᠥᠳᠡᠭᠡ ᠲᠣᠰᠬᠤᠨ  ᠤ ᠠᠵᠤ ᠠᠬᠤᠶ  ᠶᠢᠨ ᠰᠤᠳᠤᠯᠭᠠᠨ  ᠤ ᠲᠥᠪ  ᠤᠨ ᠡᠷᠬᠢᠯᠡᠭᠴᠢ  ᠶᠢᠨ ᠸᠧᠨ ᠴᠧᠩ  ᠂ ᠤᠯᠤᠰ  ᠤᠨ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠶᠢᠨ ᠳᠤᠮᠳᠠᠳᠤ ᠤᠯᠤᠰ  ᠤᠨ ᠶᠠᠳᠠᠭᠤ  ᠶᠢ ᠲᠡᠳᠬᠦᠬᠦ ᠬᠥᠭᠵᠢᠯᠲᠡ  ᠶᠢᠨ ᠲᠥᠪ  ᠤᠨ ᠡᠷᠬᠢᠯᠡᠭᠴᠢ ᠬᠤᠸᠠᠩ ᠴᠧᠩ ᠸᠧᠶ  ᠶᠢ ᠲᠤᠰᠬᠠᠢᠢᠯᠠᠨ ᠤᠷᠢᠵᠤ ᠲᠣᠰ ᠲᠣᠰ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ  ᠃ ᠰᠤᠷᠤᠯᠴᠠᠯᠭ᠎ᠠ ᠪᠣᠯᠪᠠᠰᠤᠷᠠᠯ  ᠢ ᠸᠢᠳᠢᠣ᠋ ᠬᠡᠯᠪᠡᠷᠢ  ᠪᠠᠷ    ᠶᠠᠪᠤᠭᠳᠠᠭᠤᠯᠵᠤ  ᠂ ᠬᠤᠰᠢᠭᠤᠨ  ᠤ ᠤᠳᠤᠷᠢᠳᠤᠯᠭ᠎ᠠ ᠰᠦ᠋ ᠰᠢᠨ ᠶᠠ  ᠂ ᠯᠦ ᠵᠠᠨ ᠴᠢᠩ  ᠂  ᠰᠤᠷᠭᠠᠯᠳᠤ  ᠂ ᠵᠢᠶᠠ ᠭᠤᠸᠠᠩ ᠬᠤᠸᠠ  ᠂ ᠵᠢᠶᠤᠤ ᠵᠢᠩ  ᠂ ᠲᠠᠩ  ᠳᠠᠯᠠᠢ  ᠂ ᠸᠠᠩ ᠶᠦᠩ ᡁᠢ  ᠂ ᠯᠢ ᠶᠣᠣ ᠵᠢᠶᠦ᠋ᠨ  ᠂ ᠸᠠᠩ  ᠢᠤᠢ ᠵᠢᠶᠧ  ᠂ ᠬᠠᠨ ᠶᠠᠨ  ᠂ ᠷᠧᠨ ᡁᠢ ᠶᠤᠸᠠᠨ  ᠂ ᠸᠠᠩ ᠵᠢᠩ ᠯᠦᠩ  ᠂ ᠤᠶᠤᠨᠪᠢᠯᠢᠭ᠌  ᠂ ᠡᠦ ᠰᠢᠤᠢ ᠳ᠋ᠦᠩ  ᠂ ᠵᠠᠩ ᠶᠠ ᠨᠠᠨ  ᠂ ᠯᠢᠦ ᠢᠦᠶ ᠴᠧᠩ  ᠂ ᠯᠢ ᠱᠤᠸᠠᠨ  ᠂ ᠭᠦᠸᠧ ᠶᠦᠩ ᠯᠢᠨ  ᠂ ᠵᠠᠩ    ᠳ᠋ᠦᠩ  ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠬᠤᠰᠢᠭᠤᠨ  ᠤ ᠨᠠᠮ  ᠤᠨ ᠬᠤᠷᠢᠶ᠎ᠠ  ᠶᠢᠨ ᠮᠠᠯᠵᠢᠬᠤ ᠲᠠᠷᠢᠶᠠᠯᠠᠬᠤ ᠣᠷᠣᠨ  ᠤ ᠠᠵᠢᠯ  ᠤᠨ ᠤᠳᠤᠷᠢᠳᠬᠤ ᠳᠤᠭᠤᠢᠢᠯᠠᠩ  ᠤᠨ ᠪᠦᠷᠢᠯᠳᠦᠬᠦᠨ ᠨᠢᠭᠡᠴᠢ  ᠶᠢᠨ ᠭᠤᠤᠯ ᠬᠠᠷᠢᠭᠤᠴᠠᠯᠭᠠᠲᠠᠳ ᠵᠡᠭᠦᠨᠭᠠᠷ ᠬᠤᠰᠢᠭᠤᠨ  ᠤ ᠬᠤᠪᠢᠶᠠᠷᠢ ᠬᠤᠷᠠᠯ  ᠤᠨ ᠲᠠᠯᠠᠪᠠᠶ  ᠳᠤ ᠰᠤᠷᠤᠯᠴᠠᠯᠭ᠎ᠠ ᠪᠣᠯᠪᠠᠰᠤᠷᠠᠯ  ᠳᠤ ᠣᠷᠣᠯᠴᠠᠪᠠ  ᠃    4 ᠰᠠᠷ᠎ᠠ  ᠶᠢᠨ 19  ᠤ ᠡᠳᠦᠷ ᠪᠦᠭᠦ ᠬᠤᠰᠢᠭᠤᠨ  ᠤ ᠱᠠᠰᠢᠨ ᠰᠤᠷᠲᠠᠬᠤᠨ  ᠤ ᠠᠵᠢᠯ  ᠤᠨ ᠬᠤᠷᠠᠯ ᠬᠤᠷᠠᠯᠳᠤᠪᠠ  ᠃ ᠬᠤᠷᠠᠯ  ᠠᠴᠠ   ᠶᠡᠷᠦᠩᠬᠡᠶ ᠱᠦᠵᠢ  ᠰᠢ ᠶᠢᠨ ᠫᠢᠩ ᠤᠨ ᠱᠠᠰᠢᠨ ᠰᠤᠷᠲᠠᠬᠤᠨ  ᠤ ᠠᠵᠢᠯ  ᠤᠨ ᠲᠤᠬᠠᠶ ᠴᠢᠬᠤᠯᠠ ᠥᠭᠦᠯᠡᠯᠲᠡ  ᠶᠢ ᠭᠦᠨᠵᠡᠭᠡᠶ ᠰᠤᠷᠤᠯᠴᠠᠨ  ᠳᠤᠭᠤᠰᠢᠯᠠᠭᠤᠯᠵᠤ  ᠂ ᠪᠥᠬᠦ ᠤᠯᠤᠰ  ᠂ ᠪᠥᠬᠦ   ᠣᠷᠣᠨ  ᠂ ᠪᠥᠬᠦ ᠬᠤᠲᠠ  ᠶᠢᠨ ᠱᠠᠰᠢᠨ ᠰᠤᠷᠲᠠᠬᠤᠨ  ᠤ ᠠᠵᠢᠯ  ᠤᠨ ᠬᠤᠷᠠᠯ  ᠤᠨ ᠵᠣᠷᠢᠭ ᠰᠠᠨᠠᠭ᠎ᠠ  ᠶᠢ ᠪᠥᠬᠦ ᠲᠠᠯ᠎ᠠ  ᠪᠠᠷ ᠨᠠᠶᠢᠳᠠᠪᠤᠷᠢᠵᠢᠭᠤᠯᠤᠨ  ᠂ ᠣᠳᠣᠬᠠᠨ  ᠤ ᠪᠠ ᠬᠤᠶᠢᠰᠢᠳᠠ  ᠶᠢᠨ ᠨᠢᠭᠡ ᠬᠤᠭᠤᠴᠠᠭᠠᠨ  ᠤ ᠪᠥᠬᠦ ᠬᠤᠰᠢᠭᠤᠨ  ᠤ ᠱᠠᠰᠢᠨ ᠰᠤᠷᠲᠠᠬᠤᠨ  ᠤ ᠠᠵᠢᠯ  ᠢ ᠰᠤᠳᠤᠯᠤᠨ ᠪᠠᠶᠢᠷᠢᠯᠠᠭᠤᠯᠪᠠ  ᠃ ᠬᠤᠰᠢᠭᠤᠨ  ᠤ ᠨᠠᠮ  ᠤᠨ ᠬᠤᠷᠢᠶᠠᠨ  ᠤ ᠱᠦᠵᠢ ᠰᠦ᠋ ᠰᠢᠨ ᠶᠠ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠵᠠᠶ  ᠃ ᠬᠤᠰᠢᠭᠤᠨ  ᠤ ᠤᠳᠤᠷᠢᠳᠤᠯᠭ᠎ᠠ ᠯᠦ ᠵᠠᠨ ᠴᠢᠩ  ᠂ ᠵᠢᠶᠠ ᠭᠤᠸᠠᠩ ᠬᠤᠸᠠ ᠬᠤᠷᠠᠯ  ᠳᠤ ᠣᠷᠣᠯᠴᠠᠵᠤ  ᠂ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ  ᠤ ᠳᠠᠷᠤᠭ᠎ᠠ  ᠰᠤᠷᠭᠠᠯᠳᠤ ᠬᠤᠷᠠᠯ  ᠢ ᠡᠷᠭᠢᠯᠠᠪᠠ  ᠃ ᠬᠤᠰᠢᠭᠤᠨ  ᠤ ᠨᠠᠮ  ᠤᠨ ᠬᠤᠷᠢᠶᠠᠨ  ᠤ  ᠪᠠᠶᠢᠩᠭᠤ  ᠶᠢᠨ ᠭᠡᠰᠢᠭᠦᠨ  ᠂ ᠨᠢᠭᠡᠳᠦᠮᠡᠯ ᠹᠷᠣᠨᠲ  ᠤᠨ ᠬᠡᠯᠲᠡᠰ  ᠤᠨ ᠳᠠᠷᠤᠭ᠎ᠠ ᠲᠠᠩ ᠳᠠᠯᠠᠢ ᠪᠦᠭᠦ ᠤᠯᠤᠰ  ᠂ ᠪᠦᠭᠦ ᠣᠷᠣᠨ  ᠂ ᠪᠦᠭᠦ ᠬᠤᠲᠠ  ᠶᠢᠨ ᠱᠠᠰᠢᠨ ᠰᠤᠷᠲᠠᠬᠤᠨ  ᠤ ᠠᠵᠢᠯ  ᠤᠨ ᠬᠤᠷᠠᠯ  ᠤᠨ ᠵᠣᠷᠢᠭ ᠰᠠᠨᠠᠭ᠎ᠠ  ᠶᠢ ᠤᠯᠠᠮᠵᠢᠯᠠᠵᠠᠶ  ᠃ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ  ᠂ ᠬᠤᠰᠢᠭᠤᠨ  ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ   ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠂ ᠬᠤᠰᠢᠭᠤᠨ  ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ  ᠂ ᠡᠯ᠎ᠡ ᠠᠷᠠᠳ  ᠤᠨ ᠪᠦᠯᠬᠦᠮ  ᠂ ᠬᠤᠰᠢᠭᠤᠨ  ᠤ ᠰᠢᠭᠤᠳ ᠬᠠᠷᠢᠶ᠎ᠠ ᠤᠯᠤᠰ  ᠤᠨ ᠥᠮᠴᠢᠯᠡᠯᠲᠦ ᠠᠵᠤ ᠠᠬᠤᠢᠢᠯᠠᠯ  ᠂  ᠰᠢᠭᠤᠳ ᠬᠠᠮᠢᠶᠠᠷᠤᠯᠳᠠᠳᠤ ᠵᠠᠷᠢᠮ ᠨᠢᠭᠡᠴᠢ ᠪᠠ ᠤᠷᠤᠨ ᠨᠤᠳᠤᠭ  ᠲᠤ ᠰᠠᠭᠤᠭ᠎ᠠ ᠠᠵᠤ ᠠᠬᠤᠢᠢᠯᠠᠯ  ᠤᠨ  ᠬᠤᠯᠪᠤᠬᠳᠠᠯ ᠪᠥᠬᠦᠶ ᠬᠠᠷᠢᠭᠤᠴᠠᠯᠭᠠᠲᠠᠳ ᠵᠢᠴᠢ ᠬᠤᠰᠢᠭᠤᠨ  ᠤ ᠨᠠᠮ  ᠤᠨ ᠬᠤᠷᠢᠶᠠᠨ  ᠤ ᠨᠢᠭᠡᠳᠦᠮᠡᠯ ᠹᠷᠣᠨᠲ  ᠤᠨ ᠬᠡᠯᠲᠡᠰ  ᠤᠨ ᠪᠥᠬᠦ ᠺᠠᠳ᠋ᠷᠴᠤᠳ ᠬᠤᠷᠠᠯ  ᠳᠤ ᠣᠷᠣᠯᠴᠠᠵᠠᠶ  ᠃     ᠳᠤᠰ ᠡᠳᠦᠷ  ᠲᠤ  ᠂ ᠬᠤᠰᠢᠭᠤᠨ  ᠤ ᠨᠠᠮ  ᠤᠨ ᠬᠤᠷᠢᠶᠠᠨ  ᠤ ᠳᠡᠳ᠋ ᠱᠦᠵᠢ  ᠂ ᠬᠤᠰᠢᠭᠤᠨ ᠤ ᠳᠠᠷᠤᠭ᠎ᠠ  ᠰᠤᠷᠭᠠᠯᠳᠤ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ 2022 ᠣᠨ  ᠤ 6 ᠳ᠋ᠤᠭᠠᠷ ᠤᠳᠠᠭ᠎ᠠ  ᠶᠢᠨ ᠪᠠᠶᠢᠩᠭᠤ  ᠶᠢᠨ ᠬᠤᠷᠠᠯ  ᠢ ᠡᠷᠭᠢᠯᠡᠨ ᠬᠤᠷᠠᠯᠳᠤᠭᠤᠯᠪᠠ  ᠃ ᠬᠤᠰᠢᠭᠤᠨ  ᠤ ᠤᠳᠤᠷᠢᠳᠤᠯᠭ᠎ᠠ ᠴᠢᠶᠣᠤ ᠠᠶ ᠫᠢᠩ  ᠂ ᠴᠢᠦᠶ ᠱᠤ᠋ ᠴᠢᠩ  ᠂ ᠸᠠᠩ ᠮᠢᠨ  ᠂ ᠸᠠᠩ ᠵᠢᠩ ᠯᠦᠩ  ᠂ ᠡᠦ ᠰᠢᠤᠢ ᠳ᠋ᠦᠩ  ᠂ ᠵᠠᠩ ᠶᠠ     ᠨᠠᠨ  ᠂ ᠯᠢᠦ ᠢᠦᠶ ᠴᠧᠩ  ᠂ ᠭᠤᠤ ᠷᠦᠨ ᠬᠤᠸᠠ  ᠂ ᠬᠤᠰᠢᠭᠤᠨ  ᠤ ᠠᠷᠠᠳ  ᠤᠨ ᠵᠡᠪᠰᠡᠭᠲᠦ ᠬᠦᠴᠦᠨ  ᠤ ᠬᠡᠯᠲᠡᠰ  ᠤᠨ ᠳᠠᠷᠤᠭ᠎ᠠ ᠯᠢ ᠪᠥᠸᠧ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ  ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠬᠤᠷᠠᠯ  ᠳᠤ ᠣᠷᠣᠯᠴᠠᠵᠠᠶ  ᠃     4 ᠰᠠᠷ᠎ᠠ  ᠶᠢᠨ 20  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ ᠳᠡᠳ᠋ ᠱᠦᠵᠢ  ᠂ ᠬᠤᠰᠢᠭᠤᠨ  ᠤ ᠳᠠᠷᠤᠭ᠎ᠠ ᠰᠤᠷᠭᠠᠯᠳᠤ ᠵᠡᠭᠦᠨᠭᠠᠷ ᠵᠣᠣ ᠪᠠᠯᠭᠠᠰᠤᠨ  ᠳᠤ ᠭᠦᠨᠵᠡᠭᠡᠶᠢᠷᠡᠨ ᠲᠥᠪ  ᠤᠨ ᠣᠷᠴᠢᠨ  ᠳᠤᠭᠤᠷᠢᠨ ᠤ ᠬᠠᠮᠠᠭᠠᠯᠠᠯᠲᠠ  ᠶᠢᠨ  ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠠᠴᠠ  ᠳᠤᠰᠢᠶᠠᠨ ᠰᠢᠶᠳᠪᠦᠷᠢᠯᠡᠭᠦᠯᠦᠭᠰᠡᠨ ᠣᠯᠠᠨ ᠲᠦᠮᠡᠨ  ᠤ ᠢᠯᠡᠴᠢᠯᠡᠨ ᠮᠡᠳᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ  ᠢ ᠲᠤᠬᠠᠶ  ᠶᠢᠨ ᠭᠠᠵᠠᠷ  ᠲᠤᠨᠢ ᠬᠠᠷᠭᠤᠭᠤᠯᠤᠨ ᠪᠠᠶᠢᠴᠠᠭᠠᠵᠤ ᠰᠤᠳᠤᠯᠤᠨ ᠮᠠᠭᠠᠳᠯᠠᠵᠤ  ᠂ ᠬᠤᠰᠢᠭᠤᠨ ᠤ ᠳᠡᠳ᠋  ᠳᠠᠷᠤᠭ᠎ᠠ ᠯᠢᠦ ᠢᠦᠶ ᠴᠧᠩ  ᠂ ᠵᠡᠭᠦᠨᠭᠠᠷ ᠵᠣᠣ ᠪᠠᠯᠭᠠᠰᠤ ᠵᠢᠴᠢ ᠬᠤᠰᠢᠭᠤᠨ  ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠣᠷᠣᠯᠴᠠᠵᠠᠶ  ᠃    4 ᠰᠠᠷ᠎ᠠ  ᠶᠢᠨ 21  ᠤ ᠡᠳᠦᠷ  ᠂ ᠲᠢᠶᠠᠨ ᠾᠧ  ᠭᠡᠷᠡᠯ ᠤᠨ ᠡᠨᠧᠷᠭᠢ  ᠶᠢᠨ ᠬᠢᠵᠠᠭᠠᠷᠲᠤ ᠺᠣᠮᠫᠠᠨᠢ  ᠶᠢᠨ ᠬᠡᠷᠡᠭ ᠮᠡᠳᠡᠭᠴᠢᠳ  ᠤᠨ ᠳᠠᠷᠤᠭ᠎ᠠ ᠭᠤᠤ ᠵᠢᠶ ᠹᠠᠨ ᠨᠠᠷ ᠵᠡᠭᠦᠨᠭᠠᠷ ᠬᠤᠰᠢᠭᠤᠨ  ᠳᠤ ᠢᠷᠡᠵᠦ ᠰᠢᠨ᠎ᠡ ᠡᠨᠧᠷᠭᠢ  ᠶᠢᠨ ᠰᠤᠷᠪᠤᠯᠵᠢ  ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠶᠯᠡᠰ  ᠤᠨ ᠬᠦᠷᠢᠶᠡᠯᠡᠩ ᠳᠤᠭᠤᠷᠢᠭ  ᠤᠨ ᠲᠥᠷᠥᠯ ᠵᠦᠶᠯ  ᠢ ᠰᠢᠨᠵᠢᠯᠡᠨ ᠪᠠᠶᠢᠴᠠᠭᠠᠵᠤ ᠵᠣᠯᠭᠠᠭᠤᠯᠪᠠ  ᠃ ᠬᠤᠰᠢᠭᠤᠨ  ᠤ ᠤᠳᠤᠷᠢᠳᠤᠯᠭ᠎ᠠ ᠰᠦ᠋ ᠰᠢᠨ ᠶᠠ  ᠂ ᠴᠢᠶᠣᠤ ᠠᠶ ᠫᠢᠩ  ᠂ ᠯᠢᠦ ᠢᠦᠶ ᠴᠧᠩ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ ᠵᠢᠴᠢ ᠬᠤᠰᠢᠭᠤᠨ  ᠤ ᠡᠯ᠎ᠡ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ  ᠃        4 ᠰᠠᠷ᠎ᠠ  ᠶᠢᠨ 22  ᠤᠨ ᠡᠳᠦᠷ  ᠂ ᠬᠤᠲᠠ  ᠶᠢᠨ ᠨᠠᠮ  ᠤᠨ ᠬᠤᠷᠢᠶ᠎ᠠ  ᠶᠢᠨ ᠪᠠᠶᠢᠩᠭᠤ  ᠶᠢᠨ    ᠭᠡᠰᠢᠭᠦᠨ  ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ  ᠱᠧ ᠰᠢ ᠸᠧᠨ  ᠂ ᠬᠤᠲᠠ  ᠶᠢᠨ ᠳᠡᠳ᠋ ᠳᠠᠷᠤᠭ᠎ᠠ ᠯᠢᠦ ᠹᠧᠩ ᠶᠦᠨ ᠵᠡᠭᠦᠨᠭᠠᠷ ᠬᠤᠰᠢᠭᠤᠨ  ᠳᠤ ᠭᠦᠨᠵᠡᠭᠡᠶᠢᠷᠡᠨ ᠲᠥᠪ  ᠤᠨ ᠣᠷᠴᠢᠨ  ᠳᠤᠭᠤᠷᠢᠨ ᠤ ᠬᠠᠮᠠᠭᠠᠯᠠᠯᠲᠠ  ᠶᠢᠨ  ᠱᠠᠯᠠᠪᠳᠠᠭᠤᠯᠤᠬᠰᠠᠨ ᠪᠠᠶᠢᠴᠠᠭᠠᠯᠳᠠ ᠳᠤ ᠣᠯᠠᠨ ᠲᠦᠮᠡᠨ  ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ  ᠢ ᠰᠢᠶᠳᠪᠦᠷᠢᠯᠡᠬᠦ ᠠᠵᠢᠯ  ᠢ  ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ  ᠂ ᠬᠤᠲᠠ  ᠶᠢᠨ ᠨᠠᠮ  ᠤᠨ ᠬᠤᠷᠢᠶ᠎ᠠ  ᠶᠢᠨ ᠵᠣᠬᠢᠶᠠᠨ ᠪᠠᠶᠢᠭᠤᠯᠬᠤ ᠬᠡᠯᠲᠡᠰ  ᠤᠨ ᠪᠠᠶᠢᠩᠭᠤ  ᠶᠢᠨ ᠳᠡᠳ᠋ ᠳᠠᠷᠤᠭ᠎ᠠ ᠵᠠᠩ ᠫᠧᠩ ᠴᠧᠩ  ᠂ ᠬᠤᠰᠢᠭᠤᠨ  ᠤ ᠤᠳᠤᠷᠢᠳᠤᠯᠭ᠎ᠠ ᠰᠦ᠋ ᠰᠢᠨ ᠶᠠ  ᠂ ᠯᠢ ᠶᠣᠣ ᠵᠢᠶᠦ᠋ᠨ  ᠂ ᠸᠠᠩ ᠢᠦᠶ ᠵᠢᠶᠧ  ᠂ ᠸᠠᠩ ᠵᠢᠩ ᠯᠦᠩ  ᠂ ᠯᠢᠦ ᠢᠦᠶ ᠴᠧᠩ  ᠂ ᠬᠤᠲᠠ  ᠂ ᠬᠤᠰᠢᠭᠤᠨ  ᠤ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ  ᠂ ᠵᠡᠭᠦᠨᠭᠠᠷ ᠵᠣᠣ ᠪᠠᠯᠭᠠᠰᠤ  ᠂ ᠯᠦᠩ ᠺᠸᠦ ᠪᠠᠯᠭᠠᠰᠤᠨ  ᠤ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠬᠢᠬᠦ  ᠳᠤ ᠣᠷᠣᠯᠴᠠᠵᠠᠶ  ᠃     4 ᠰᠠᠷ᠎ᠠ  ᠶᠢᠨ 23  ᠤ ᠡᠳᠦᠷ  ᠂ ᠵᠡᠭᠦᠨᠭᠠᠷ ᠬᠤᠰᠢᠭᠤ ᠲᠥᠪ  ᠤᠨ ᠣᠷᠴᠢᠨ ᠲᠣᠭᠤᠷᠢᠨ  ᠤ ᠬᠠᠮᠠᠭᠠᠯᠠᠯᠲᠠ  ᠶᠢᠨ  ᠱᠠᠯᠠᠪᠳᠠᠭᠤᠯᠤᠬᠰᠠᠨ ᠪᠠᠶᠢᠴᠠᠭᠠᠯᠳᠠ ᠳᠤ ᠣᠯᠠᠨ ᠲᠦᠮᠡᠨ  ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ  ᠢ ᠰᠢᠶᠳᠪᠦᠷᠢᠯᠡᠭᠰᠡᠨ ᠪᠠᠶᠢᠳᠠᠯ  ᠳᠤ ᠳᠣᠭᠢᠷᠠᠭᠤᠯᠤᠯᠳᠠ ᠬᠢᠬᠦ ᠬᠤᠷᠠᠯ  ᠬᠤᠷᠠᠯᠳᠤᠭᠤᠯᠵᠤ  ᠂ ᠵᠡᠭᠦᠨᠭᠠᠷ ᠬᠤᠰᠢᠭᠤᠨ  ᠤ ᠳᠠᠭᠠᠭᠠᠴᠢᠯᠠᠨ ᠬᠤᠯᠪᠣᠭᠠᠯᠠᠭᠰᠠᠨ ᠬᠡᠷᠡᠭ  ᠢ ᠳᠠᠭᠠᠭᠠᠴᠢᠯᠠᠬᠤ ᠠᠵᠢᠯ  ᠤᠨ ᠳᠤᠭᠤᠢᠢᠯᠠᠩ  ᠤᠨ ᠳᠠᠷᠤᠭ᠎ᠠ  ᠂ ᠬᠤᠲᠠ  ᠶᠢᠨ ᠨᠠᠮ  ᠤᠨ ᠬᠤᠷᠢᠶᠠᠨ  ᠤ ᠪᠠᠶᠢᠩᠭᠤ  ᠶᠢᠨ ᠭᠡᠰᠢᠭᠦᠨ  ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ ᠱᠧ ᠰᠢ ᠸᠧᠨ  ᠂ ᠳᠤᠭᠤᠢᠢᠯᠠᠩ  ᠤᠨ ᠳᠡᠳ᠋ ᠳᠠᠷᠤᠭ᠎ᠠ  ᠂ ᠬᠤᠲᠠ  ᠶᠢᠨ ᠳᠡᠳ᠋ ᠳᠠᠷᠤᠭ᠎ᠠ ᠯᠢᠦ ᠹᠧᠩ ᠶᠦᠨ  ᠂ ᠬᠤᠲᠠ  ᠶᠢᠨ ᠨᠠᠮ  ᠤᠨ ᠬᠤᠷᠢᠶᠠᠨ  ᠤ ᠵᠣᠬᠢᠶᠠᠨ ᠪᠠᠶᠢᠭᠤᠯᠬᠤ ᠬᠡᠯᠲᠡᠰ  ᠤᠨ ᠪᠠᠶᠢᠩᠭᠤ  ᠶᠢᠨ ᠳᠡᠳ᠋ ᠳᠠᠷᠤᠭ᠎ᠠ ᠵᠠᠩ ᠫᠧᠩ ᠴᠧᠩ ᠬᠤᠷᠠᠯ  ᠳᠤ ᠣᠷᠣᠯᠴᠠᠵᠠᠶ  ᠃ ᠬᠤᠰᠢᠭᠤᠨ  ᠤ ᠨᠠᠮ  ᠤᠨ ᠬᠤᠷᠢᠶᠠᠨ  ᠤ ᠱᠦᠵᠢ ᠰᠤ᠋ ᠰᠢᠨ ᠶᠠ ᠬᠤᠷᠠᠯ ᠡᠷᠭᠢᠯᠡᠪᠡ  ᠃ ᠯᠦ ᠵᠠᠨ ᠴᠢᠩ  ᠂  ᠰᠤᠷᠭᠠᠯᠳᠤ  ᠂ ᠵᠢᠶᠠ ᠭᠤᠸᠠᠩ ᠬᠤᠸᠠ ᠵᠡᠷᠭᠡ ᠬᠤᠰᠢᠭᠤᠨ  ᠤ ᠳᠥᠷᠪᠡᠨ ᠶᠡᠭᠡ ᠤᠳᠤᠷᠢᠳᠬᠤ ᠪᠠᠭ  ᠤᠨ  ᠪᠠᠶᠢᠭᠤᠯᠭ᠎ᠠ ᠳᠠᠭᠠᠨ ᠪᠠᠶᠢᠭ᠎ᠠ ᠬᠤᠰᠢᠭᠤ ᠰᠢᠶᠠᠨ  ᠤ ᠱᠠᠲᠤᠨ  ᠤ ᠤᠳᠤᠷᠢᠳᠤᠯᠭ᠎ᠠ  ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠂ ᠬᠤᠯᠪᠣᠭᠳᠠᠭᠰᠠᠨ ᠬᠡᠷᠡᠭ  ᠢ ᠰᠢᠶᠳᠪᠦᠷᠢᠯᠡᠬᠦ ᠡᠯ᠎ᠡ ᠲᠣᠯᠣᠭᠠᠢᠢᠯᠠᠭᠴᠢ ᠨᠢᠭᠡᠴᠢ ᠪᠣᠯᠤᠨ ᠠᠵᠤ ᠠᠬᠤᠢᠢᠯᠠᠯ  ᠤᠨ ᠬᠠᠷᠢᠭᠤᠴᠠᠯᠭᠠᠲᠠᠳ ᠬᠤᠷᠠᠯ  ᠳᠤ ᠣᠷᠣᠯᠴᠠᠵᠠᠶ  ᠃     4 ᠰᠠᠷ᠎ᠠ  ᠶᠢᠨ 24  ᠤ ᠡᠳᠦᠷ  ᠂ ᠬᠤᠰᠢᠭᠤᠨ ᠤ ᠨᠠᠮ  ᠤᠨ ᠬᠤᠷᠢᠶ᠎ᠠ  ᠶᠢᠨ ᠱᠦᠵᠢ ᠰᠦ᠋ ᠰᠢᠨ ᠶᠠ ᠠᠷᠪᠠᠨ ᠵᠢᠷᠭᠤᠳᠤᠭᠠᠷ ᠬᠤᠭᠤᠴᠠᠭᠠᠨ  ᠤ ᠬᠤᠰᠢᠭᠤᠨ ᠤ ᠨᠠᠮ  ᠤᠨ ᠬᠤᠷᠢᠶ᠎ᠠ  ᠶᠢᠨ ᠪᠠᠶᠢᠩᠭᠤ  ᠶᠢᠨ ᠬᠤᠷᠢᠶ᠎ᠠ  ᠶᠢᠨ 28 ᠳ᠋ᠤᠭᠠᠷ ᠤᠳᠠᠭᠠᠨ  ᠤ ᠬᠤᠷᠠᠯ ᠵᠢᠴᠢ ᠬᠤᠰᠢᠭᠤᠨ ᠤ ᠨᠠᠮ  ᠤᠨ ᠬᠤᠷᠢᠶ᠎ᠠ  ᠶᠢᠨ ᠨᠠᠮ  ᠤᠨ ᠪᠠᠶᠢᠭᠤᠯᠤᠯᠲᠠ  ᠶᠢᠨ ᠠᠵᠢᠯ  ᠤᠨ ᠤᠳᠤᠷᠢᠳᠬᠤ ᠳᠤᠭᠤᠢᠢᠯᠠᠩ  ᠤᠨ 2022 ᠣᠨ  ᠤ   ᠠᠩᠬᠠᠳᠤᠭᠠᠷ ᠤᠳᠠᠭᠠᠨ  ᠤ ᠬᠤᠷᠠᠯ  ᠂ ᠬᠤᠰᠢᠭᠤᠨ ᠤ ᠨᠠᠮ  ᠤᠨ ᠬᠤᠷᠢᠶ᠎ᠠ  ᠶᠢᠨ ᠨᠢᠭᠡᠳᠦᠮᠡᠯ ᠹᠷᠣᠨᠲ  ᠤᠨ ᠠᠵᠢᠯ  ᠤᠨ ᠤᠳᠤᠷᠢᠳᠬᠤ ᠳᠤᠭᠤᠢᠢᠯᠠᠩ  ᠤᠨ 2022 ᠣᠨ  ᠤ ᠠᠩᠬᠠᠳᠤᠭᠠᠷ ᠤᠳᠠᠭᠠᠨ  ᠤ ᠬᠤᠷᠠᠯ  ᠂ ᠬᠤᠰᠢᠭᠤᠨ ᠤ ᠨᠠᠮ  ᠤᠨ ᠬᠤᠷᠢᠶ᠎ᠠ  ᠶᠢᠨ ᠥᠭᠡᠷᠡᠴᠢᠯᠡᠯᠲᠡ  ᠶᠢ ᠪᠥᠬᠦ ᠲᠠᠯ᠎ᠠ  ᠪᠠᠷ ᠭᠦᠨᠵᠡᠭᠡᠶᠢᠷᠡᠭᠦᠯᠬᠦ  ᠬᠤᠷᠢᠶ᠎ᠠ ᠶᠢᠨ 12 ᠳ᠋ᠤᠭᠠᠷ ᠤᠳᠠᠭᠠᠨ  ᠤ ᠬᠤᠷᠠᠯ  ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ  ᠤ ᠪᠢᠴᠢᠭ ᠮᠠᠲ᠋ᠧᠷᠢᠶᠠᠯ ᠬᠤᠷᠠᠯ ᠤᠨ  ᠪᠠ ᠤᠳᠤᠷᠢᠳᠤᠯᠭ᠎ᠠ  ᠶᠢᠨ ᠵᠢᠭᠠᠪᠤᠷᠢ  ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ  ᠂ ᠸᠠᠺᠼᠢᠨ  ᠤ ᠲᠠᠷᠢᠯᠭ᠎ᠠ  ᠂ ᠨᠡᠶᠢᠭᠡᠮ  ᠤᠨ ᠵᠠᠰᠠᠯᠲᠠ  ᠂ ᠵᠠᠭᠠᠯᠳᠤᠯᠭ᠎ᠠ  ᠶᠢ ᠭᠥᠯᠢᠶᠡᠨ ᠠᠪᠤᠪᠠᠯ  ᠳᠠᠷᠤᠶᠢᠬᠠᠨ ᠭᠦᠶᠴᠡᠳᠬᠡᠬᠦ  ᠂ ᠨᠢᠭᠡᠳᠦᠭᠡᠷ ᠤᠯᠠᠷᠢᠯ  ᠤᠨ ᠠᠵᠤ ᠠᠬᠤᠶ  ᠶᠢᠨ  ᠡᠷᠬᠢᠯᠳᠡ ᠵᠡᠷᠭᠡ ᠠᠵᠢᠯ  ᠤᠨ ᠪᠠᠶᠢᠳᠠᠯ  ᠤᠨ ᠬᠠᠷᠢᠭᠤ ᠮᠡᠳᠡᠭᠦᠯᠦᠯᠲᠡ  ᠶᠢ ᠰᠣᠨᠣᠰᠴᠤ  ᠂  ᠳᠦᠷᠢᠮᠵᠢᠯ  ᠤᠨ ᠴᠢᠨᠠᠷᠲᠠᠶ ᠪᠢᠴᠢᠭ ᠮᠠᠲ᠋ᠧᠷᠢᠶᠠᠯ  ᠂ ᠭᠠᠴᠠᠭ᠎ᠠ ᠲᠣᠰᠬᠤᠨ  ᠤ ᠬᠠᠮᠲᠤ  ᠶᠢᠨ ᠠᠵᠤ ᠠᠬᠤᠶ ᠵᠡᠷᠭᠡ ᠤᠴᠢᠷ ᠶᠠᠪᠤᠳᠠᠯ  ᠢ ᠰᠤᠳᠤᠯᠵᠤ  ᠂  ᠬᠤᠯᠪᠤᠬᠳᠠᠯ ᠪᠥᠬᠦᠶ ᠠᠵᠢᠯ  ᠢ ᠳᠣᠭᠢᠷᠠᠭᠤᠯᠤᠨ ᠪᠠᠶᠢᠷᠢᠯᠠᠭᠤᠯᠪᠠ  ᠃ ᠬᠤᠰᠢᠭᠤᠨ  ᠤ ᠤᠳᠤᠷᠢᠳᠤᠯᠭ᠎ᠠ ᠯᠦ ᠵᠠᠨ ᠴᠢᠩ  ᠂  ᠰᠤᠷᠭᠠᠯᠳᠤ  ᠂ ᠵᠢᠶᠠ ᠭᠤᠸᠠᠩ ᠬᠤᠸᠠ  ᠂ ᠴᠢᠶᠣᠤ ᠠᠶ ᠫᠢᠩ  ᠂ ᠴᠢᠦᠶ ᠱᠤ᠋ ᠴᠢᠩ  ᠂ ᠲᠠᠩ  ᠳᠠᠯᠠᠢ  ᠂ ᠸᠠᠩ ᠶᠦᠩ ᡁᠢ  ᠂ ᠴᠢᠶᠣᠤ ᡁᠢ ᠫᠢᠩ  ᠂ ᠯᠢ ᠶᠣᠣ ᠵᠢᠶᠦ᠋ᠨ  ᠂ ᠸᠠᠩ ᠢᠦᠶ ᠵᠢᠶᠧ  ᠂ ᠬᠠᠨ ᠶᠠᠨ  ᠂ ᠸᠠᠩ ᠮᠢᠨ  ᠂ ᠸᠠᠩ ᠵᠢᠩ ᠯᠦᠩ  ᠂ ᠤᠶᠤᠨᠪᠢᠯᠢᠭ᠌  ᠂ ᠵᠠᠩ ᠶᠠ ᠨᠠᠨ  ᠂ ᠯᠢᠦ ᠢᠦᠶ ᠴᠧᠩ  ᠂ ᠬᠤᠰᠢᠭᠤᠨ  ᠤ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠶᠢᠨ ᠳᠠᠷᠤᠭ᠎ᠠ  ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠪᠠ ᠡᠯ᠎ᠡ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠭᠤᠤᠯ ᠬᠠᠷᠢᠭᠤᠴᠠᠯᠭᠠᠲᠠᠳ ᠬᠤᠷᠠᠯ  ᠳᠤ ᠣᠷᠣᠯᠴᠠᠵᠠᠶ  ᠃      4 ᠰᠠᠷ᠎ᠠ  ᠶᠢᠨ 25  ᠤ ᠡᠳᠦᠷ  ᠂  ᠬᠤᠢ ᠨᠧᠩ ᠴᠠᠩ ᠲᠠᠨ ᠴᠠᠬᠢᠯᠭᠠᠨ  ᠤ ᠦᠶᠯᠡᠳᠪᠦᠷᠢ  ᠶᠢᠨ 1000  ᠺᠢᠯᠤᠸᠤᠯᠲ  ᠴᠠᠬᠢᠯᠭᠠᠨ ᠬᠦᠷᠭᠡᠬᠦ  ᠪᠠᠷᠢᠯᠭ᠎ᠠ  ᠶᠢᠨ ᠪᠠᠷᠢᠯᠭ᠎ᠠ ᠡᠬᠢᠯᠡᠭᠦᠯᠬᠦ ᠳᠠᠶᠢᠴᠢᠯᠠᠯᠲᠠ  ᠶᠢᠨ  ᠬᠤᠷᠠᠯ  ᠬᠤᠢ ᠨᠧᠩ ᠴᠠᠩ ᠲᠠᠨ ᠴᠠᠬᠢᠯᠭᠠᠨ  ᠤ ᠦᠶᠯᠡᠳᠪᠦᠷᠢ  ᠳᠤ ᠶᠠᠪᠤᠭᠳᠠᠪᠠ  ᠂ ᠬᠤᠰᠢᠭᠤᠨ  ᠤ ᠨᠠᠮ  ᠤᠨ ᠬᠤᠷᠢᠶᠠᠨ  ᠤ ᠪᠠᠶᠢᠩᠭᠤ  ᠶᠢᠨ ᠭᠡᠰᠢᠭᠦᠨ  ᠂  ᠬᠤᠰᠢᠭᠤᠨ ᠤ ᠳᠡᠳ᠋ ᠳᠠᠷᠤᠭ᠎ᠠ ᠴᠢᠦᠶ ᠱᠤ᠋ ᠴᠢᠩ ᠳᠠᠶᠢᠴᠢᠯᠠᠯᠲᠠ  ᠶᠢᠨ  ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ  ᠂ ᠰᠢᠤᠸᠠᠢ ᠵᠢᠶᠠ ᠸᠠᠨ ᠪᠠᠯᠭᠠᠰᠤ  ᠂ ᠸᠧᠶ ᠵᠢᠶᠠ ᠮᠤᠤ ᠪᠠᠯᠭᠠᠰᠤᠨ  ᠤ ᠬᠠᠷᠢᠭᠤᠴᠠᠯᠭᠠᠲᠠᠨ  ᠂ ᠤᠯᠤᠰ  ᠤᠨ ᠴᠠᠬᠢᠯᠭᠠᠨ ᠲᠣᠤᠷ  ᠤᠨ ᠮᠧᠩ ᠳ᠋ᠦᠩ ᠴᠠᠬᠢᠯᠭᠠᠨ ᠬᠦᠴᠦᠨ  ᠤ ᠶᠡᠷᠦᠩᠬᠡᠶ ᠢᠨᠵᠧᠨᠧᠷ  ᠂ ᠨᠠᠮ  ᠤᠨ ᠬᠤᠷᠢᠶᠠᠨ  ᠤ ᠭᠡᠰᠢᠭᠦᠨ ᠯᠢ ᠶᠠᠨ  ᠂ ᠬᠤᠲᠠ  ᠂ ᠬᠤᠰᠢᠭᠤᠨ  ᠤ ᠬᠤᠯᠪᠣᠭᠳᠠᠯ ᠪᠥᠬᠦᠶ ᠨᠢᠭᠡᠴᠢ  ᠶᠢᠨ ᠬᠠᠷᠢᠭᠤᠴᠠᠯᠭᠠᠲᠠᠨ ᠳᠠᠶᠢᠴᠢᠯᠠᠯᠲᠠ  ᠶᠢᠨ ᠬᠤᠷᠠᠯ  ᠳᠤ ᠣᠷᠣᠯᠴᠠᠵᠠᠶ  ᠃ ᠤᠯᠤᠰ  ᠤᠨ ᠴᠠᠬᠢᠯᠭᠠᠨ  ᠳᠤᠤᠷ ᠤᠨ  ᠮᠧᠩ ᠳ᠋ᠦᠩ ᠪᠥᠲᠥᠭᠡᠨ ᠪᠠᠶᠢᠭᠤᠯᠤᠯᠲᠠ  ᠶᠢᠨ ᠬᠤᠪᠢᠶᠠᠷᠢ ᠺᠣᠮᠫᠠᠨᠢ  ᠶᠢᠨ ᠨᠠᠮ  ᠤᠨ ᠬᠤᠷᠢᠶ᠎ᠠ  ᠶᠢᠨ ᠱᠦᠵᠢ ᠵᠢᠶᠠ ᠵᠢᠦ ᠵᠢᠶᠦ᠋ᠨ  ᠬᠤᠷᠠᠯ  ᠢ ᠡᠷᠭᠢᠯᠡᠪᠡ  ᠃ ᠲᠣᠰ  ᠪᠠᠷᠢᠯᠭ᠎ᠠ ᠨᠢ ᠥᠪᠥᠷ ᠮᠣᠩᠭᠤᠯ  ᠤᠨ  ᠬᠤᠢ ᠨᠧᠩ ᠴᠠᠩ ᠲᠠᠨ ᠴᠠᠬᠢᠯᠭᠠᠨ  ᠤ ᠦᠶᠯᠡᠳᠪᠦᠷᠢ  ᠶᠢᠨ ᠬᠦᠴᠦᠳᠡᠯ ᠳᠡᠭᠡᠭᠰᠢᠯᠡᠭᠦᠯᠬᠦ ᠥᠷᠲᠡᠭᠡ  ᠠᠴᠠ  ᠡᠬᠢᠯᠡᠵᠦ  ᠂  ᠮᠧᠩ ᠰᠢ ᠶᠢᠨ 1000 ᠺᠢᠯᠤᠸᠤᠯᠲ  ᠤᠨ ᠬᠦᠴᠦᠳᠡᠯ ᠥᠭᠡᠷᠡᠴᠢᠯᠡᠬᠦ ᠥᠷᠲᠡᠭᠡ ᠬᠦᠷᠲᠡᠯ᠎ᠡ ᠶᠠᠪᠤᠬᠳᠠᠨ᠎ᠠ  ᠂  ᠪᠠᠷᠢᠯᠭ᠎ᠠ  ᠳᠤ 3.4 ᠳ᠋ᠦᠩᠰᠢᠭᠤᠷ ᠲᠥᠭᠦᠷᠢᠭ  ᠤᠨ ᠪᠠᠯᠠ ᠣᠷᠣᠭᠤᠯᠵᠤ  ᠂ 51  ᠰᠠᠤᠷᠢ ᠲᠡᠮᠦᠷ ᠰᠤᠪᠤᠷᠭ᠎ᠠ  ᠂ 26 ᠺᠢᠯᠣᠮᠧᠲᠷ ᠤᠨ ᠣᠷᠳᠣ ᠱᠤᠭᠤᠮ ᠢ ᠰᠢᠨ᠎ᠡ  ᠪᠠᠷ ᠪᠠᠶᠢᠭᠤᠯᠵᠤ  ᠂ ᠪᠠᠷᠢᠯᠭ᠎ᠠ  ᠶᠢᠨ ᠠᠵᠢᠯ ᠳᠠᠭᠤᠰᠴᠤ ᠠᠰᠢᠭᠯᠠᠯᠲᠠ  ᠳᠤ ᠤᠷᠤᠭᠰᠠᠨ  ᠤ ᠳᠠᠷᠠᠭ᠎ᠠ ᠣᠷᠳᠣᠰ  ᠤᠨ ᠣᠷᠣᠨ ᠨᠤᠲᠤᠭ  ᠤᠨ ᠡᠨᠧᠷᠭᠢ  ᠶᠢᠨ ᠠᠰᠢᠭᠯᠠᠯᠲᠠ  ᠶᠢᠨ ᠥᠨᠳᠥᠷ ᠠᠰᠢᠭᠯᠠᠮᠵᠢ  ᠶᠢ ᠨᠠᠩ ᠰᠠᠶᠢᠨ ᠠᠬᠢᠭᠤᠯᠵᠤ  ᠂ ᠵᠡᠭᠦᠨᠭᠠᠷ ᠬᠤᠰᠢᠭᠤᠨ  ᠤ ᠴᠠᠬᠢᠯᠭᠠᠨ ᠬᠦᠴᠦᠨ  ᠢ ᠭᠠᠳᠠᠭᠰᠢ ᠬᠦᠷᠭᠡᠬᠦ ᠴᠢᠳᠠᠪᠤᠷᠢ  ᠶᠢ ᠳᠡᠭᠡᠭᠰᠢᠯᠡᠭᠦᠯᠬᠦ ᠪᠣᠯᠤᠨ᠎ᠠ  ᠃      4 ᠰᠠᠷ᠎ᠠ  ᠶᠢᠨ 26  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ  ᠤ ᠳᠠᠷᠤᠭ᠎ᠠ  ᠰᠤᠷᠭᠠᠯᠳᠤ ᠹᠦ᠋ ᠭᠦ᠋ ᠰᠢᠶᠠᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠰᠢᠶᠠᠨ  ᠤ ᠳᠠᠷᠤᠭ᠎ᠠ ᠡᠦ ᠵᠢᠩ ᠨᠡᠷ  ᠲᠠᠢ ᠶᠠᠷᠢᠯᠴᠠᠵᠤ  ᠂ ᠬᠤᠶᠠᠷ  ᠡᠳᠡᠭᠡᠳ  ᠢᠶᠠᠷ  ᠢᠶᠠᠨ S10 ᠹᠦ᠋  ᠬᠦ᠋ ᠠᠴᠠ ᠰᠠᠶᠢᠨᠳᠤᠷ᠎ᠠ ᠬᠦᠷᠬᠦ  ᠦᠨᠳᠤᠷ ᠬᠤᠷᠳᠤᠴᠠᠳᠤ ᠵᠠᠰᠠᠮᠠᠯ ᠵᠠᠮ  ᠤᠨ ᠯᠦᠩ ᠺᠧᠦ  ᠠᠴᠠ ᠮᠢᠶᠣᠣ ᠭᠧᠤ ᠮᠧᠨ ᠬᠥᠷᠬᠦ ᠬᠡᠰᠡᠭ  ᠤᠨ ᠪᠦᠲᠦᠭᠡᠨ ᠪᠠᠶᠢᠭᠤᠯᠤᠯᠲᠠ  ᠶᠢᠨ ᠬᠤᠯᠪᠣᠭᠳᠠᠯ ᠪᠦᠬᠦᠢ ᠤᠴᠢᠷ ᠶᠠᠪᠤᠳᠠᠯ  ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ  ᠃ ᠬᠤᠰᠢᠭᠤᠨ  ᠤ ᠳᠡᠳ᠋ ᠳᠠᠷᠤᠭ᠎ᠠ ᠸᠠᠩ ᠵᠢᠩ ᠯᠦᠩ  ᠂ ᠹᠦ᠋ ᠬᠥ᠋ ᠰᠢᠶᠠᠨ  ᠤ ᠳᠡᠳ᠋ ᠳᠠᠷᠤᠭ᠎ᠠ ᠴᠧᠨ ᠬᠤᠤ  ᠂ ᠯᠦᠩ ᠺᠸᠦ ᠪᠠᠯᠭᠠᠰᠤ ᠵᠢᠴᠢ ᠬᠤᠶᠠᠷ ᠭᠠᠵᠠᠷ  ᠤᠨ  ᠬᠤᠯᠪᠤᠬᠳᠠᠯ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ  ᠳᠤ ᠣᠷᠣᠯᠴᠠᠪᠠ  ᠃     4 ᠰᠠᠷ᠎ᠠ  ᠶᠢᠨ 27  ᠤ ᠡᠳᠦᠷ  ᠂ ᠬᠤᠲᠠ  ᠶᠢᠨ ᠤᠶᠤᠨ ᠰᠠᠨᠠᠭᠠᠨ ᠤ ᠪᠣᠯᠪᠠᠰᠤᠨ  ᠤ ᠪᠠᠶᠢᠭᠤᠯᠤᠯᠲᠠ  ᠶᠢᠨ  ᠬᠤᠷᠢᠶ᠎ᠠ ᠶᠢᠨ  ᠪᠦᠬᠦᠳᠡ ︵  ᠥᠷᠭᠡᠳᠬᠡᠭᠰᠡᠨ  ︶ ᠬᠤᠷᠠᠯ ᠵᠢᠴᠢ ᠪᠥᠬᠦ ᠤᠯᠤᠰ  ᠤᠨ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ  ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠪᠠ ᠪᠥᠬᠦ ᠤᠯᠤᠰ  ᠤᠨ ᠪᠣᠯᠪᠠᠰᠤᠨ  ᠤ ᠨᠡᠶᠢᠲᠡᠯᠢᠭ ᠵᠢᠱᠢᠶ᠎ᠡ ᠬᠤᠲᠠ  ᠶᠢ ᠡᠭᠦᠳᠦᠨ ᠪᠠᠶᠢᠭᠤᠯᠬᠤ ᠳᠠᠶᠢᠴᠢᠯᠠᠯᠲᠠ  ᠶᠢᠨ  ᠬᠤᠷᠠᠯ ᠬᠤᠷᠠᠯᠳᠤᠪᠠ  ᠃ ᠬᠤᠲᠠ  ᠶᠢᠨ ᠨᠠᠮ  ᠤᠨ ᠬᠤᠷᠢᠶᠠᠨ  ᠤ ᠱᠦᠵᠢ ᠯᠢ ᠯᠢ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ  ᠃ ᠬᠤᠲᠠ  ᠶᠢᠨ ᠤᠯᠤᠰ ᠲᠥᠷᠥ  ᠶᠢᠨ ᠵᠥᠪᠯᠡᠯᠭᠡᠨ  ᠤ ᠲᠡᠷᠢᠭᠦᠯᠡᠭᠴᠢ ᠭᠤᠤ ᠵᠠᠨ ᠱᠧᠩ ᠬᠤᠷᠠᠯ  ᠳᠤ ᠣᠷᠣᠯᠴᠠᠵᠤ  ᠂ ᠬᠤᠲᠠ  ᠶᠢᠨ ᠨᠠᠮ  ᠤᠨ ᠬᠤᠷᠢᠶᠠᠨ  ᠤ ᠳᠡᠳ᠋ ᠱᠦᠵᠢ  ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ  ᠤ ᠱᠦᠵᠢ  ᠂ ᠬᠢᠶ᠎ᠠ ᠪᠠᠭᠰᠢ ᠲᠣᠭᠤᠷᠢᠭ  ᠤᠨ ᠨᠠᠮ  ᠤᠨ ᠬᠤᠷᠢᠶᠠᠨ  ᠤ ᠱᠦᠵᠢ ᠰᠢᠩ ᠵᠧᠩ ᠬᠤᠷᠠᠯ  ᠢ ᠡᠷᠭᠢᠯᠡᠪᠡ  ᠃ ᠬᠤᠲᠠ  ᠶᠢᠨ ᠨᠠᠮ  ᠤᠨ ᠬᠤᠷᠢᠶ᠎ᠠ  ᠂ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ  ᠂ ᠵᠠᠰᠠᠭ  ᠤᠨ ᠣᠷᠳᠣᠨ  ᠂ ᠤᠯᠤᠰ ᠲᠥᠷᠥ  ᠶᠢᠨ ᠵᠥᠪᠯᠡᠯᠭᠡᠨ  ᠤ ᠤᠳᠤᠷᠢᠳᠬᠤ ᠪᠠᠭ  ᠤᠨ ᠪᠦᠷᠢᠯᠳᠦᠬᠦᠨ  ᠂ ᠬᠤᠲᠠ  ᠶᠢᠨ ᠠᠷᠠᠳ  ᠤᠨ ᠳᠤᠮᠳᠠ ᠵᠡᠷᠭᠡ  ᠶᠢᠨ ᠰᠢᠭᠦᠬᠦ ᠬᠤᠷᠢᠶᠠᠨ  ᠤ ᠳᠠᠷᠤᠭ᠎ᠠ ᠬᠤᠷᠠᠯ ᠳᠤ ᠤᠷᠤᠯᠴᠠᠪᠠ᠃ ᠬᠤᠷᠠᠯ  ᠢ ᠸᠢᠳᠢᠤ᠋ ᠬᠡᠯᠪᠡᠷᠢ  ᠪᠠᠷ ᠬᠤᠷᠠᠯᠳᠤᠭᠤᠯᠵᠤ  ᠂ ᠡᠯ᠎ᠡ ᠬᠤᠰᠢᠭᠤ ᠲᠣᠭᠤᠷᠢᠭ  ᠲᠤ ᠬᠤᠪᠢᠶᠠᠷᠢ ᠬᠤᠷᠠᠯ  ᠤᠨ ᠲᠠᠯᠠᠪᠠᠶ ᠭᠠᠷᠭᠠᠪᠠ  ᠃ ᠬᠤᠰᠢᠭᠤᠨ  ᠤ ᠨᠠᠮ  ᠤᠨ ᠬᠤᠷᠢᠶᠠᠨ  ᠤ ᠱᠦᠵᠢ  ᠰᠤ᠋ ᠰᠢᠨ ᠶᠠ ᠵᠡᠭᠦᠨᠭᠠᠷ ᠬᠤᠰᠢᠭᠤ  ᠪᠠᠨ ᠲᠥᠯᠥᠭᠡᠯᠡᠨ ᠭᠤᠤᠯ ᠬᠤᠷᠠᠯ  ᠤᠨ ᠲᠠᠯᠠᠪᠠᠶ  ᠳᠤ ︽  ᠣᠷᠳᠣᠰ ᠬᠤᠲᠠ  ᠶᠢᠨ ᠪᠥᠬᠦ ᠤᠯᠤᠰ  ᠤᠨ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ ᠠᠵᠢᠯ  ᠤᠨ ︿  ᠲᠡᠷᠢᠭᠦᠨ  ᠤ    ᠬᠤᠰᠢᠭᠤ       ᠲᠣᠭᠤᠷᠢᠭ  ﹀   ︾ ᠭᠡᠬᠦ ᠢᠷᠠᠭᠤ ᠠᠯᠳᠠᠷ  ᠤᠨ ᠬᠥᠬᠢᠭᠦᠯᠦᠯ  ᠢ ᠭᠥᠷᠳᠡᠪᠡ  ᠃ ᠬᠤᠰᠢᠭᠤᠨ  ᠤ ᠤᠳᠤᠷᠢᠳᠤᠯᠭ᠎ᠠ  ᠰᠤᠷᠭᠠᠯᠳᠤ  ᠂ ᠴᠢᠶᠣᠤ ᡁᠢ ᠫᠢᠩ  ᠂ ᠬᠠᠨ ᠶᠠᠨ  ᠂ ᠠᠨ ᠰᠢᠶᠠ  ᠂ ᠶᠠᠨ ᠹᠸᠢ  ᠂ ᠷᠧᠨ ᡁᠢ ᠶᠤᠸᠠᠨ  ᠂ ᠯᠢ ᠱᠤᠸᠠᠨ  ᠂ ᠭᠤᠤ ᠷᠦᠨ ᠬᠤᠸᠠ  ᠂ ᠵᠠᠩ ᠳ᠋ᠦᠩ  ᠂ ᠬᠤᠰᠢᠭᠤᠨ ᠤ ᠠᠷᠠᠳ  ᠤᠨ ᠪᠠᠶᠢᠴᠠᠭᠠᠬᠤ ᠬᠤᠷᠢᠶ᠎ᠠ  ᠶᠢᠨ ᠪᠠᠶᠢᠴᠠᠭᠠᠬᠴᠢ ᠳᠠᠷᠤᠭ᠎ᠠ  ᠂ ᠡᠯ᠎ᠡ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠤᠨ ᠨᠠᠮ  ᠤᠨ ᠠᠵᠢᠯᠯᠠᠬᠤ ᠬᠤᠷᠢᠶ᠎ᠠ  ᠶᠢᠨ ᠱᠦᠵᠢ  ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ  ᠤᠨ ᠭᠤᠤᠯ ᠬᠠᠷᠢᠭᠤᠴᠠᠯᠭᠠᠲᠠᠳ  ᠂ ᠡᠯ᠎ᠡ ᠰᠤᠮᠤ ᠰᠢᠶᠠᠩ ᠪᠠᠯᠭᠠᠰᠤᠨ  ᠤ ᠤᠬᠠᠭᠤᠯᠬᠤ ᠭᠡᠰᠢᠭᠦᠨ  ᠂  ᠰᠢᠭᠤᠳ ᠬᠠᠮᠢᠶᠠᠷᠤᠯᠳᠠᠳᠤ  ᠶᠢᠨ ᠰᠠᠯᠠᠭ᠎ᠠ ᠮᠥᠴᠢᠷ  ᠤᠨ ᠵᠠᠷᠢᠮ ᠭᠤᠤᠯ ᠬᠠᠷᠢᠭᠤᠴᠠᠯᠭᠠᠲᠠᠨ  ᠂ ᠢᠷᠠᠭᠤ ᠠᠯᠳᠠᠷ  ᠤᠨ ᠴᠣᠯᠠ ᠭᠥᠷᠳᠡᠭᠰᠡᠨ ᠲᠡᠷᠢᠭᠦᠨ  ᠤ ᠨᠢᠭᠡᠴᠢ  ᠶᠢᠨ ᠬᠠᠷᠢᠭᠤᠴᠠᠯᠭᠠᠲᠠᠨ ᠪᠠ ᠲᠡᠷᠢᠭᠦᠨ  ᠤ ᠬᠤᠪᠢ ᠬᠥᠮᠦᠨ ᠵᠡᠭᠦᠨᠭᠠᠷ ᠬᠤᠰᠢᠭᠤᠨ  ᠤ ᠬᠤᠪᠢᠶᠠᠷᠢ ᠬᠤᠷᠠᠯ  ᠤᠨ ᠲᠠᠯᠠᠪᠠᠶ  ᠳᠤ ᠬᠤᠷᠠᠯ  ᠳᠤ ᠣᠷᠣᠯᠴᠠᠵᠠᠶ  ᠃      4 ᠰᠠᠷ᠎ᠠ  ᠶᠢᠨ 28  ᠤ ᠡᠳᠦᠷ  ᠂ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ 2022 ᠣᠨ  ᠤ ᠠᠩᠬᠠᠳᠤᠭᠠᠷ ᠪᠥᠬᠦᠳᠡ ᠬᠤᠷᠠᠯ ᠵᠢᠴᠢ ᠨᠠᠮ  ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ  ᠶᠢᠨ ᠠᠵᠢᠯ  ᠤᠨ ᠬᠤᠷᠠᠯ ᠬᠤᠷᠠᠯᠳᠤᠪᠠ  ᠃ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ  ᠤ ᠳᠠᠷᠤᠭ᠎ᠠ  ᠰᠤᠷᠭᠠᠯᠳᠤ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ  ︔ ᠬᠤᠰᠢᠭᠤᠨ  ᠤ ᠨᠠᠮ  ᠤᠨ ᠬᠤᠷᠢᠶᠠᠨ  ᠤ  ᠪᠠᠶᠢᠩᠭᠤ  ᠶᠢᠨ ᠭᠡᠰᠢᠭᠦᠨ  ᠂ ᠬᠤᠰᠢᠭᠤᠨ ᠤ ᠳᠡᠳ᠋ ᠳᠠᠷᠤᠭ᠎ᠠ ᠴᠢᠦᠶ ᠱᠤ᠋ ᠴᠢᠩ ᠬᠤᠷᠠᠯ ᠡᠷᠭᠢᠯᠠᠪᠠ  ︔ ᠬᠤᠰᠢᠭᠤᠨ  ᠤ ᠤᠳᠤᠷᠢᠳᠤᠯᠭ᠎ᠠ ᠴᠢᠶᠣᠤ ᡁᠢ ᠫᠢᠩ  ᠂ ᠸᠠᠩ ᠵᠢᠩ ᠯᠦᠩ  ᠂ ᠤᠶᠤᠨᠪᠢᠯᠢᠭ᠌  ᠂ ᠵᠠᠩ ᠶᠠ ᠨᠠᠨ  ᠂ ᠯᠢᠦ ᠢᠦᠶ ᠴᠧᠩ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ  ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠂  ᠬᠤᠯᠪᠤᠬᠳᠠᠯ ᠪᠥᠬᠦᠶ ᠰᠠᠯᠠᠭ᠎ᠠ ᠮᠥᠴᠢᠷ ᠵᠢᠴᠢ ᠵᠠᠰᠠᠭ  ᠤᠨ ᠣᠷᠳᠣᠨ  ᠤ ᠰᠢᠭᠤᠳ ᠬᠠᠷᠢᠶ᠎ᠠ ᠠᠵᠢᠯ ᠦᠶᠯᠡᠰ  ᠤᠨ ᠨᠢᠭᠡᠴᠢ  ᠂ ᠬᠤᠶᠠᠳᠤᠭᠠᠷ ᠳᠡᠰ  ᠤᠨ ᠵᠠᠷᠢᠮ ᠠᠵᠢᠯ ᠦᠶᠯᠡᠰ  ᠤᠨ ᠨᠢᠭᠡᠴᠢ  ᠂ ᠲᠤᠰᠬᠠᠶ ᠬᠠᠮᠢᠶᠠᠷᠤᠯᠲᠠ  ᠶᠢᠨ ᠵᠠᠷᠢᠮ ᠨᠢᠭᠡᠴᠢ  ᠂ ᠤᠯᠤᠰ  ᠤᠨ ᠥᠮᠴᠢᠯᠡᠯᠲᠦ ᠠᠵᠤ ᠠᠬᠤᠢᠢᠯᠠᠯ  ᠤᠨ ᠬᠠᠷᠢᠭᠤᠴᠠᠯᠭᠠᠲᠠᠳ ᠬᠤᠷᠠᠯ  ᠳᠤ ᠣᠷᠣᠯᠴᠠᠵᠠᠶ  ᠃  ᠰᠤᠷᠭᠠᠯᠳᠤ ᠴᠢᠬᠤᠯᠠᠴᠢᠯᠠᠬᠤ ᠳᠠᠭᠠᠨ  ᠂ ᠤᠯᠤᠰ ᠲᠦᠷᠦ  ᠶᠢᠨ ᠬᠠᠷᠢᠭᠤᠴᠠᠯᠭ᠎ᠠ  ᠪᠠᠨ ᠴᠢᠩᠭᠠᠳᠬᠠᠨ  ᠂  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ  ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ  ᠳᠤᠭᠤᠰᠢᠯᠠᠭᠤᠯᠵᠤ  ᠂ ᠠᠷᠢᠭᠤᠨ ᠴᠢᠬᠡᠴᠢ  ᠪᠠᠷ ᠵᠠᠰᠠᠭ ᠪᠠᠷᠢᠬᠤ ᠠᠵᠢᠯ  ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ  ᠪᠠᠨ ᠦᠨᠡᠨᠬᠦ ᠴᠢᠩᠭᠠᠳᠬᠠᠨ  ᠂ ᠨᠠᠮ  ᠤᠨ ᠰᠤᠷᠲᠠᠯ  ᠪᠠ  ᠴᠢᠬᠡᠴᠢ ᠵᠠᠰᠠᠭ  ᠤᠨ ᠪᠠᠶᠢᠭᠤᠯᠤᠯᠲᠠ ᠪᠣᠯᠤᠨ ᠢᠯᠵᠢᠷᠡᠯ  ᠢ ᠡᠰᠡᠷᠭᠦᠴᠡᠬᠦ ᠠᠵᠢᠯ  ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ  ᠶᠢ ᠠᠬᠢᠭᠤᠯᠵᠤ  ᠂ ᠠᠷᠢᠭᠤᠨ ᠴᠢᠬᠡᠴᠢ ᠪᠦᠭᠡᠳ ᠥᠨᠳᠥᠷ ᠪᠦᠲᠦᠮᠵᠢᠲᠡᠢ ᠪᠠᠶᠢᠬᠤ  ᠪᠠᠷ ᠬᠥᠭᠵᠢᠯᠲᠡ  ᠶᠢ ᠬᠠᠮᠠᠭᠠᠯᠠᠬᠤ ᠬᠡᠷᠡᠭᠲᠡᠢ  ᠃ ᠭᠤᠣᠯ ᠴᠣᠭᠴᠠ  ᠶᠢᠨ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ  ᠂           ︽ ᠨᠢᠭᠡ ᠠᠵᠢᠯ  ᠤᠨ ᠪᠠᠶᠢᠷᠢ  ᠬᠤᠤᠰ ᠬᠠᠷᠢᠭᠤᠴᠠᠯᠭ᠎ᠠ  ︾  ᠶᠢ ᠪᠠᠲᠤᠳᠬᠠᠨ  ᠂ ᠶᠣᠰᠣ ᠲᠦᠷᠢᠮ  ᠤᠨ ᠬᠤᠷᠢᠭ᠎ᠠ ᠱᠤᠭᠤᠮ  ᠢ ᠴᠢᠩᠭ᠎ᠠ ᠰᠠᠬᠢᠵᠤ  ᠂ ᠬᠠᠤᠯᠢᠵᠢᠯ  ᠤᠨ ᠰᠡᠳᠬᠢᠬᠦᠢ  ᠪᠠᠷ ᠬᠤᠷᠢᠭ᠎ᠠ ᠱᠤᠭᠤᠮ  ᠢ ᠰᠠᠬᠢᠵᠤ  ᠂ ᠶᠣᠰᠣ ᠲᠦᠷᠢᠮ  ᠤᠨ ᠤᠬᠠᠮᠰᠠᠷ  ᠢᠶᠠᠷ ᠬᠤᠷᠢᠭ᠎ᠠ ᠱᠤᠭᠤᠮ  ᠢ ᠰᠠᠬᠢᠬᠤ ᠬᠡᠷᠡᠭᠲᠡᠢ  ᠃ ᠠᠷᠢᠭᠤᠨ ᠴᠢᠬᠡᠴᠢ  ᠪᠠᠷ ᠪᠡᠶ᠎ᠡ  ᠪᠠᠨ ᠪᠠᠷᠢᠬᠤ  ᠶᠢ ᠴᠢᠩᠭᠠᠳᠬᠠᠨ  ᠂ ᠥᠪᠡᠷ  ᠤᠨ ᠪᠡᠶ᠎ᠡ  ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ  ᠶᠢ ᠪᠠᠷᠢᠮᠲᠠᠯᠠᠵᠤ  ᠂ ᠠᠵᠢᠯ ᠲᠦᠷᠦᠯ  ᠤᠨ ᠬᠦᠷᠢᠶ᠎ᠠ ᠴᠠᠷᠠᠭᠠᠨ  ᠤ ᠰᠠᠮᠠᠭᠤᠨ ᠦᠵᠡᠭᠳᠡᠯ  ᠢ ᠡᠷᠡᠰ ᠴᠡᠭᠴᠡᠯᠡᠵᠦ  ᠂ ᠠᠷᠤ  ᠳᠠᠬᠢ ᠢᠯᠵᠢᠷᠡᠯ  ᠤᠨ ᠠᠰᠠᠭᠤᠳᠠᠯ ᠪᠣᠯᠤᠨ ᠰᠤᠷᠲᠠᠯ  ᠤᠨ ᠠᠷᠬᠠᠭ ᠭᠡᠮ  ᠢ ᠭᠦᠨᠵᠡᠭᠡᠢ ᠠᠭᠤᠳᠠᠯᠤᠨ ᠦᠨᠳᠦᠰᠦᠨ  ᠠᠴᠠ ᠨᠢ ᠵᠠᠰᠠᠵᠤ  ᠂ ᠰᠠᠶᠢᠨ ᠰᠠᠶᠢᠬᠠᠨ ᠬᠥᠭᠵᠢᠯᠲᠡ  ᠶᠢᠨ ᠣᠷᠴᠢᠨ  ᠠᠬᠤᠢ ᠪᠣᠯᠤᠨ ᠤᠯᠤᠰ ᠲᠦᠷᠦ  ᠶᠢᠨ ᠠᠮᠢ ᠠᠬᠤᠢ  ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠪᠡ  ᠃      ᠲᠣᠰ ᠡᠳᠦᠷ  ᠂ 2022 ᠣᠨ  ᠤ ᠥᠪᠥᠷ ᠮᠣᠩᠭᠤᠯ  ᠤᠨ ᠠᠵᠤ ᠠᠬᠤᠶ  ᠶᠢᠨ ᠴᠢᠨᠠᠷ ᠰᠠᠶᠢᠲᠠᠶ ᠬᠥᠭᠵᠢᠯᠲᠡ  ᠶᠢᠨ ᠲᠥᠪᠯᠡᠷᠡᠭᠦᠯᠦᠨ ᠰᠤᠷᠪᠤᠯᠵᠢᠯᠠᠬᠤ ᠠᠵᠢᠯᠯᠠᠭ᠎ᠠ ᠵᠡᠭᠦᠨᠭᠠᠷ ᠬᠤᠰᠢᠭᠤᠨ  ᠳᠤ   ᠶᠠᠪᠤᠬᠳᠠᠪᠠ  ᠃ ᠲᠥᠪ  ᠤᠨ ᠪᠠ ᠥᠪᠡᠷᠲᠡᠭᠡᠨ ᠵᠠᠰᠠᠬᠤ ᠣᠷᠣᠨ  ᠤ 16 ᠭᠤᠤᠯ ᠵᠠᠭᠤᠴᠢᠯᠠᠭᠤᠷ  ᠢᠶᠠᠷ ᠪᠦᠷᠢᠯᠳᠦᠭᠰᠡᠨ ᠥᠪᠥᠷ ᠮᠣᠩᠭᠤᠯ  ᠤᠨ ᠠᠵᠤ ᠠᠬᠤᠶ  ᠶᠢᠨ ᠴᠢᠨᠠᠷ ᠰᠠᠶᠢᠲᠠᠶ ᠬᠥᠭᠵᠢᠯᠲᠡ  ᠶᠢᠨ ᠲᠥᠪᠯᠡᠷᠡᠭᠦᠯᠦᠨ ᠰᠤᠷᠪᠤᠯᠵᠢᠯᠠᠬᠤ ᠪᠦᠯᠬᠦᠮ ᠤᠨ ᠬᠢᠨ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ ᠳᠤ ᠭᠦᠨᠵᠡᠭᠡᠶᠢᠷᠡᠨ ᠵᠡᠭᠦᠨᠭᠠᠷ ᠬᠤᠰᠢᠭᠤᠨ  ᠤ ᠠᠵᠤ ᠠᠬᠤᠶ  ᠶᠢᠨ ᠴᠢᠨᠠᠷ ᠰᠠᠶᠢᠲᠠᠶ ᠬᠥᠭᠵᠢᠯᠲᠡ  ᠶᠢ ᠰᠤᠷᠪᠤᠯᠵᠢᠯᠠᠨ ᠮᠡᠳᠡᠭᠡᠯᠡᠪᠡ  ᠃ ᠬᠤᠲᠠ  ᠶᠢᠨ ᠨᠠᠮ  ᠤᠨ ᠬᠤᠷᠢᠶ᠎ᠠ  ᠶᠢᠨ ᠤᠬᠠᠭᠤᠯᠬᠤ ᠬᠡᠯᠲᠡᠰ  ᠤᠨ ᠳᠡᠳ᠋ ᠳᠠᠷᠤᠭ᠎ᠠ ᠴᠠᠢ ᠵᠢᠶ ᠯᠢᠶᠠᠩ  ᠂ ᠬᠤᠰᠢᠭᠤᠨ  ᠤ ᠨᠠᠮ  ᠤᠨ ᠬᠤᠷᠢᠶ᠎ᠠ  ᠶᠢᠨ ᠪᠠᠶᠢᠩᠭᠤ  ᠶᠢᠨ ᠭᠡᠰᠢᠭᠦᠨ  ᠂ ᠤᠬᠠᠭᠤᠯᠬᠤ ᠬᠡᠯᠲᠡᠰ  ᠤᠨ ᠳᠠᠷᠤᠭ᠎ᠠ ᠬᠠᠨ ᠶᠠᠨ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ  ᠂ ᠬᠤᠰᠢᠭᠤᠨ  ᠤ ᠨᠠᠮ  ᠤᠨ ᠬᠤᠷᠢᠶ᠎ᠠ  ᠶᠢᠨ ᠤᠬᠠᠭᠤᠯᠬᠤ ᠬᠡᠯᠲᠡᠰ ᠵᠡᠷᠭᠡ  ᠬᠤᠯᠪᠤᠬᠳᠠᠯ ᠪᠥᠬᠦᠶ ᠬᠠᠷᠢᠭᠤᠴᠠᠯᠭᠠᠲᠠᠳ ᠪᠠᠷ᠎ᠠ ᠪᠣᠯᠪᠠ  ᠃     ᠲᠣᠰ ᠡᠳᠦᠷ  ᠂ ᠵᠡᠭᠦᠨᠭᠠᠷ ᠬᠤᠰᠢᠭᠤᠨ  ᠤ ᠰᠢᠦᠶ ᠬᠥᠩ ᠰᠢᠨ᠎ᠡ ᠡᠨᠧᠷᠭᠢ  ᠶᠢᠨ ᠠᠭᠤᠷᠬᠠᠶ  ᠶᠢᠨ ᠦᠶᠯᠡᠰ  ᠤᠨ ᠲᠣᠨᠤᠭ ᠲᠥᠬᠦᠭᠡᠷᠦᠮᠵᠢ  ᠶᠢᠨ ᠣᠶᠤᠨᠴᠢ ᠦᠶᠯᠡᠳᠬᠦ ᠬᠦᠷᠢᠶᠡᠯᠡᠩ ᠲᠣᠭᠤᠷᠢᠭ  ᠤᠨ  ᠪᠠᠷᠢᠯᠭ᠎ᠠ ᠡᠬᠢᠯᠡᠬᠦ ᠶᠣᠰᠣᠯᠠᠯ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ ᠤ  ᠳ᠋ᠠ ᠯᠤ᠋ ᠠᠵᠤ ᠦᠶᠯᠡᠰ  ᠤᠨ ᠬᠦᠷᠢᠶᠡᠯᠡᠩ ᠳᠤᠭᠤᠷᠢᠭ ᠲᠤ ᠶᠠᠪᠤᠭᠳᠠᠪᠠ  ᠃ ᠬᠤᠰᠢᠭᠤᠨ  ᠤ ᠨᠠᠮ  ᠤᠨ ᠬᠤᠷᠢᠶᠠᠨ  ᠤ ᠱᠦᠵᠢ ᠰᠦ᠋ ᠰᠢᠨ ᠶᠠ ᠶᠣᠰᠣᠯᠠᠯ  ᠳᠤ ᠣᠷᠣᠯᠴᠠᠭᠰᠠᠨ ᠪᠥᠭᠡᠳ ᠪᠠᠷᠢᠯᠭ᠎ᠠ  ᠶᠢᠨ ᠠᠵᠢᠯ ᠡᠬᠢᠯᠡᠭᠰᠡᠨ  ᠢ ᠵᠠᠷᠯᠠᠵᠠᠶ  ᠃ ᠯᠦ ᠵᠠᠨ ᠴᠢᠩ  ᠂  ᠰᠤᠷᠭᠠᠯᠳᠤ  ᠂ ᠵᠢᠶᠠ ᠭᠤᠸᠠᠩ ᠬᠤᠸᠠ ᠵᠡᠷᠭᠡ ᠬᠤᠰᠢᠭᠤᠨ  ᠤ ᠳᠥᠷᠪᠡᠨ ᠶᠡᠭᠡ ᠤᠳᠤᠷᠢᠳᠬᠤ ᠪᠠᠭ  ᠤᠨ ᠤᠳᠤᠷᠢᠳᠤᠯᠭ᠎ᠠ  ᠂ ᠵᠡᠭᠦᠨᠭᠠᠷ ᠠᠵᠤ ᠠᠬᠤᠶ  ᠶᠢᠨ ᠨᠡᠭᠡᠭᠡᠯᠲᠡ  ᠶᠢᠨ  ᠤᠷᠤᠨ  ᠂ ᠰᠢᠤᠸᠠᠢ ᠵᠢᠶᠠ ᠸᠠᠨ ᠴᠠᠬᠢᠯᠭᠠᠨ ᠬᠠᠩᠭᠠᠬᠤ     ᠺᠣᠮᠫᠠᠨᠢ  ᠂ ᠰᠢᠤᠢ ᠬᠥᠩ ᠪᠦᠯᠦᠭᠯᠡᠯ  ᠤᠨ  ᠬᠤᠯᠪᠤᠬᠳᠠᠯ ᠪᠥᠬᠦᠶ ᠬᠠᠷᠢᠭᠤᠴᠠᠯᠭᠠᠲᠠᠳ  ᠪᠠᠷᠢᠯᠭ᠎ᠠ ᠡᠬᠢᠯᠡᠬᠦ ᠶᠣᠰᠣᠯᠠᠯ  ᠳᠤ ᠣᠷᠣᠯᠴᠠᠵᠠᠶ  ᠃     4 ᠰᠠᠷ᠎ᠠ  ᠶᠢᠨ 29  ᠤ ᠡᠳᠦᠷ  ᠂ ᠬᠤᠰᠢᠭᠤᠨ  ᠤ ᠨᠠᠮ  ᠤᠨ ᠬᠤᠷᠢᠶᠠᠨ  ᠤ  ᠳᠡᠳ᠋ ᠱᠦᠵᠢ  ᠂ ᠬᠤᠰᠢᠭᠤᠨ ᠤ ᠳᠠᠷᠤᠭ᠎ᠠ  ᠰᠤᠷᠭᠠᠯᠳᠤ ᠵᠡᠭᠦᠨᠭᠠᠷ  ᠵᠤᠤ ᠪᠠᠯᠭᠠᠰᠤᠨ  ᠳᠤ ᠭᠦᠨᠵᠡᠭᠡᠶᠢᠷᠡᠨ ᠲᠥᠪ  ᠤᠨ ᠣᠷᠴᠢᠨ  ᠳᠤᠭᠤᠷᠢᠨ ᠤ ᠬᠠᠮᠠᠭᠠᠯᠠᠯᠲᠠ  ᠶᠢᠨ  ᠱᠠᠯᠠᠪᠳᠠᠭᠤᠯᠤᠬᠰᠠᠨ ᠪᠠᠶᠢᠴᠠᠭᠠᠯᠲᠠ  ᠠᠴᠠ  ᠳᠤᠰᠢᠶᠠᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ  ᠢ ᠰᠢᠶᠳᠪᠦᠷᠢᠯᠡᠬᠦ  ᠂ ᠬᠢᠵᠢᠭ  ᠤᠨ ᠪᠠᠶᠢᠳᠠᠯ  ᠢ ᠰᠡᠷᠭᠡᠶᠢᠯᠡᠨ ᠡᠵᠡᠮᠳᠡᠬᠦ  ᠂ ᠠᠶᠤᠯᠭᠦᠶ ᠦᠶᠯᠡᠳᠪᠦᠷᠢᠯᠡᠯ   ᠵᠡᠷᠭᠡ ᠠᠵᠢᠯ ᠤᠳ  ᠢ ᠪᠠᠶᠢᠴᠠᠭᠠᠨ ᠰᠤᠳᠤᠯᠪᠠ  ᠃ 
ᠢᠷᠡᠯᠲᠡ᠄ ᠲᠤᠰ ᠰᠦᠯᠵᠢᠶ᠎ᠡ