ᠡᠨᠡ ᠵᠢᠯ ᠪᠣᠯ ᠨᠠᠮ ᠪᠠᠶᠢᠭᠤᠯᠤᠭᠳᠠᠭᠰᠠᠨ 101 ᠵᠢᠯ ᠤᠨ ᠣᠶ ᠪᠣᠯᠤᠨ᠎ᠠ᠂ ᠰᠢᠨ᠎ᠡ ᠬᠥᠭᠵᠢᠯᠲᠡ ᠶᠢᠨ ᠱᠠᠲᠤᠨ ᠳᠡᠭᠡᠷ᠎ᠠ ᠵᠣᠭᠰᠣᠨ ᠂ ᠮᠠᠨ ᠤ | ᠬᠤᠰᠢᠭᠤ ᠪᠣᠳᠠᠳᠤ ᠪᠠᠶᠢᠳᠠᠯ ᠠᠴᠠ ᠪᠠᠨ ᠡᠬᠦᠰᠴᠤ ᠂ ᠵᠢᠬᠰᠠᠭᠠᠯ ᠤᠨ ᠭᠠᠵᠠᠷ ᠲᠤ ᠴᠤᠭᠯᠠᠷᠠᠬᠤ ᠂ ᠭᠤᠤᠯᠯᠠᠭᠴᠢ ᠬᠦᠴᠦᠨ ᠢᠶᠠᠷ ᠳᠠᠶᠢᠴᠢᠯᠠᠬᠤ ᠂ | ᠠᠵᠢᠯᠯᠠᠭ᠎ᠠᠪᠠᠷ ᠬᠦᠳᠤᠯᠤᠨ ᠳᠠᠭᠠᠭᠤᠯᠬᠤ ᠠᠷᠭ᠎ᠠ ᠮᠠᠶ᠋ᠢᠭ ᠢ ᠠᠪᠴᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ | ᠲᠠᠰᠤᠷᠠᠯᠲᠠ ᠥᠬᠡᠶ ᠴᠢᠩᠭᠠᠷᠠᠭᠤᠯᠵᠤ ᠪᠠᠶᠢᠨ᠎ᠠ᠃ ᠲᠤᠰ ᠡᠳᠦᠷ ᠠᠴᠠ ᠡᠬᠢᠯᠡᠨ ︽ ︿ᠬᠠᠮᠤᠭ ᠤᠨ ᠬᠦᠴᠦᠷᠬᠡᠭ ᠨᠠᠮ ᠤᠨ ᠡᠭᠦᠷ ﹀ ᠢ ᠡᠭᠦᠳᠦᠨ | ᠪᠠᠶᠢᠭᠤᠯᠬᠤ ᠦᠶ᠎ᠠ ᠳᠤ ︾ ᠭᠡᠬᠦ ᠪᠤᠯᠤᠩ ᠭᠠᠷᠭᠠᠵᠤ ᠂ ᠦᠵᠡᠭᠳᠡᠯ ᠪᠣᠯᠤᠨ ᠦᠰᠦᠭ ᠪᠢᠴᠢᠭ ᠢᠶᠠᠷ ᠳᠠᠮᠵᠢᠭᠤᠯᠤᠨ ᠂ ᠨᠢᠭᠡ ᠪᠦᠯᠦᠭ ︽ ᠬᠠᠮᠤᠭ ᠤᠨ | ᠬᠦᠴᠦᠷᠬᠡᠭ ᠨᠠᠮ ᠤᠨ ᠡᠭᠦᠷ ︾ ᠤᠨ ᠰᠢᠨ᠎ᠡ ᠶᠢ ᠡᠭᠦᠳᠦᠭᠰᠡᠨ ᠲᠤᠷᠰᠢᠯᠭ᠎ᠠ ᠪᠣᠯᠤᠨ ᠣᠨᠴᠠᠯᠢᠭ ᠲᠠᠢ ᠠᠷᠭ᠎ᠠ ᠪᠠᠷᠢᠯ ᠢ ᠢᠯᠡᠷᠡᠭᠦᠯᠵᠦ ᠂ | ︽ ᠬᠠᠮᠤᠭ ᠤᠨ ᠬᠦᠴᠦᠷᠬᠡᠭ ᠨᠠᠮ ᠤᠨ ᠡᠭᠦᠷ ︾ ᠤᠨ ᠪᠦᠲᠦᠭᠡᠯᠴᠢ ᠬᠦᠴᠦᠨ ᠂ ᠨᠢᠭᠲᠠᠷᠠᠯ ᠤᠨ ᠬᠦᠴᠦᠨ ᠪᠣᠯᠤᠨ ᠲᠠᠶᠢᠴᠢᠨ ᠬᠦᠴᠦᠨ ᠢ | ᠢᠯᠡᠷᠡᠭᠦᠯᠤᠨ ᠂ ︽ ᠬᠤᠪᠢᠰᠬᠠᠯ ᠤᠨ ᠬᠥᠳᠡᠯᠭᠡᠭᠦᠷ ︾ ᠢᠶᠠᠷ ᠬᠥᠭᠵᠢᠭᠡᠭᠰᠡᠨ ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ ᠢ ᠭᠦᠢᠴᠡᠳ | ᠢᠯᠡᠷᠡᠭᠦᠯᠬᠦ ᠪᠤᠯᠤᠨ᠎ᠠ ᠃ | ᠯᠦᠩᠺᠸᠤ ᠪᠠᠯᠭᠠᠰᠤᠨ ᠤ ᠳ᠋ᠠ ᠺᠸᠦ ᠲᠣᠰᠬᠤᠨ ᠬᠦᠴᠦᠷᠭᠡᠭ ᠨᠠᠮ ᠤᠨ ᠡᠭᠦᠷ ᠢ ᠡᠬᠦᠳᠤᠨ ᠪᠠᠶᠢᠭᠤᠯᠵᠤ ᠂ ᠨᠠᠮ ᠤᠨ ᠪᠠᠶᠢᠭᠤᠯᠤᠯᠲᠠ ᠶᠢᠨ | ︽ ᠵᠢᠷᠭᠤᠭᠠᠨ ᠨᠢᠭᠡ ︾ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ ᠂ ᠲᠠᠷᠢᠶᠠᠯᠠᠩ ᠤᠨ ᠮᠠᠰᠢᠨᠴᠢᠯᠠᠯᠳᠠ ᠶᠢᠨ ᠬᠤᠷᠰᠢᠶᠠᠵᠢᠯ ᠢ ᠳᠦᠷᠢᠮᠵᠢᠬᠦᠯᠤᠨ | ᠠᠵᠢᠯᠯᠠᠭᠤᠯᠵᠤ ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠨᠴᠠᠯᠢᠭᠳᠤ ᠭᠤᠸ᠎ᠠ ᠵᠢᠮᠢᠰ ᠤᠨ ᠲᠠᠷᠢᠮᠠᠯ ᠤᠨ ᠦᠶᠯᠡᠰ ᠢ ᠬᠥᠭᠵᠢᠭᠦᠯᠤᠨ ᠂ | ᠬᠤᠰᠢᠭᠤᠨ ᠤ ᠳᠣᠲᠣᠨ᠎ᠠ ᠭᠠᠳᠠᠨ᠎ᠠ ᠨᠡᠷ᠎ᠡ ᠠᠯᠳᠠᠷᠰᠢᠭᠰᠠᠨ ︽ ᠳ᠋ᠠ ᠺᠸᠤ ᠶᠢᠨ ᠲᠠᠷᠪᠤᠰ ︾ ᠤᠨ ᠤᠨᠴᠠᠯᠢᠭᠳᠤ ᠠᠵᠤ ᠦᠶᠯᠡᠰ ᠤᠨ ᠳᠦᠷᠤᠯ | ᠲᠡᠮᠳᠡᠭᠳᠤ ᠶᠢ ᠠᠯᠬᠤᠮ ᠠᠯᠬᠤᠮ ᠢᠶᠠᠷ ᠪᠣᠶ ᠪᠣᠯᠭᠠᠵᠤ ᠪᠠᠶᠢᠨ᠎ᠠ ᠃ ᠳᠠᠷᠠᠭ᠎ᠠ ᠵᠢᠯ ᠂ ᠬᠤᠷᠰᠢᠶᠠᠨ ᠤ ᠭᠡᠰᠢᠭᠦᠳ ᠲᠤ ᠲᠠᠷᠪᠤᠰ ᠤᠨ ᠠᠵᠤ ᠦᠶᠯᠡᠰ ᠤᠨ | ᠲᠠᠯ᠎ᠠ ᠪᠠᠷ ᠬᠥᠮᠦᠨ ᠪᠦᠷᠢ ᠳᠤᠮᠳᠠᠴᠢ ᠪᠠᠷ 2000 ᠲᠥᠭᠦᠷᠢᠭ ᠤᠨ ᠣᠷᠣᠯᠭ᠎ᠠ ᠨᠡᠮᠡᠭᠳᠡᠭᠦᠯᠬᠦ ᠪᠠᠷ ᠲᠥᠯᠥᠪᠯᠡᠵᠦ ᠂ ᠬᠠᠮᠲᠤ ᠶᠢᠨ ᠠᠵᠤ ᠠᠬᠤᠶ ᠶᠢ | ᠪᠤᠵᠠᠭᠠᠢᠢᠷᠠᠭᠤᠯᠤᠨ ᠂ ᠭᠡᠰᠢᠭᠦᠳ ᠤᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ ᠃ |  ᠵᠡᠭᠦᠨᠭᠠᠷ ᠬᠤᠰᠢᠭᠤᠨ ᠤ ᠨᠢᠭᠡᠳᠦᠭᠡᠷ ᠨᠠᠮ ᠤᠨ ᠡᠭᠦᠷ ᠠᠴᠠ ᠤᠳᠤ ᠶᠢᠨ ᠪᠦᠬᠦ ᠬᠤᠳᠠ ᠶᠢᠨ ︽ ᠬᠠᠮᠤᠭ ᠤᠨ ᠬᠦᠴᠦᠷᠬᠡᠭ ᠨᠠᠮ ᠤᠨ | ᠡᠭᠦᠷ ︾ ᠬᠦᠷᠲᠡᠯ᠎ᠡ᠂ ᠯᠦᠩᠺᠸᠤ ᠪᠠᠯᠭᠠᠰᠤᠨ ᠤ ᠳ᠋ᠠ ᠺᠸᠤ ᠲᠣᠰᠬᠤᠨ ᠬᠤᠳᠠ ᠶᠢᠨ ᠲᠡᠰ ᠤᠨ ︽ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠰᠠᠭᠤᠷᠢᠨ ︾ ᠭᠡᠬᠦ ᠡᠨᠡᠬᠦ ︽ ᠠᠯᠲᠠᠨ ᠦᠰᠦᠭᠲᠦ ᠫᠠᠶᠢᠰᠠ ︾ ᠳᠤ ᠲᠦᠰᠢᠭᠯᠡᠨ ᠂ ︽ᠬᠤᠪᠢᠰᠬᠠᠯᠳᠤ + ᠪᠤᠬᠢᠷᠳᠤᠯ ᠦᠭᠡᠢ ︾ | ᠶᠢ ᠠᠭᠤᠰᠤᠯᠴᠠᠭᠤᠯᠤᠨ ᠬᠥᠭᠵᠢᠭᠦᠯᠬᠦ ᠤᠢᠢᠯᠠᠭᠠᠭᠳᠠᠬᠤᠨ ᠶᠣᠰᠣᠭᠠᠷ ᠂ ᠨᠠᠮ ᠤᠨ ᠪᠠᠶᠢᠭᠤᠯᠤᠯᠲᠠ ᠪᠠᠷ ᠠᠷᠠᠳ ᠲᠤ ᠠᠰᠢᠭ ᠬᠦᠷᠲᠡᠭᠡᠬᠦ ᠶᠢ ᠬᠦᠳᠦᠯᠦᠨ | ᠳᠠᠭᠠᠭᠤᠯᠵᠤ ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠶᠢ ᠳᠠᠶᠢᠴᠢᠯᠠᠨ ᠂ ᠦᠨᠳᠦᠰᠦᠨ ᠱᠠᠲᠤᠨ ᠤ ᠵᠠᠰᠠᠯᠲᠠ ᠪᠠᠷ ᠠᠷᠠᠳ ᠲᠤ ᠠᠰᠢᠭ | ᠬᠦᠷᠲᠡᠭᠡᠬᠦ ︽ ᠭᠤᠷᠪᠠᠨ ᠶᠡᠭᠡ ᠢᠨᠵᠧᠨᠧᠷᠢᠩ ︾ ᠢ ᠶᠡᠬᠡᠪᠡᠷ ᠬᠡᠷᠡᠭᠵᠢᠭᠦᠯᠵᠦ ᠂ ᠲᠣᠰᠬᠤᠨ ᠤ ᠠᠷᠠᠳ ᠤᠨ ᠵᠣᠯ ᠵᠢᠷᠭᠠᠯᠳᠤ ᠲᠦᠷᠦᠭᠳᠡᠯ ᠂ | ᠬᠦᠷᠲᠡᠮᠵᠢ ᠶᠢᠨ ᠲᠦᠷᠦᠭᠳᠡᠯ ᠢ ᠮᠡᠳᠡᠭᠳᠡᠮ᠎ᠡ ᠳᠡᠭᠡᠭᠰᠢᠯᠡᠬᠦᠯᠵᠤ ᠪᠤᠢ ᠃ |