ᠳ᠋ᠠ ᠯᠤ᠋ ᠪᠠᠯᠭᠠᠰᠤᠨ ᠤ ᠤᠳᠤᠷᠢᠳᠤᠯᠭ᠎ᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2022/8/10
       8 ᠰᠠᠷ᠎ᠠ ᠶᠢᠨ 8 ᠤ ᠡᠳᠦᠷ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠠᠮ ᠪᠠ ᠤᠯᠠᠨ ᠲᠦᠮᠡᠨ ᠳᠤ ᠦᠢᠯᠡᠴᠢᠯᠡᠬᠦ ᠲᠦᠪ ᠤᠨ ᠡᠷᠬᠢᠯᠡᠭᠴᠢ ᠵᠤ᠋ ᠼᠦᠨ ᠯᠢᠶᠠᠩ᠂ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠤᠨ ᠤ ᠲᠠᠷᠤᠭ᠎ᠠ ᠵᠢᠶᠠ ᠶᠢᠩ ᠵᠢᠶᠦ᠋ᠨ ᠡᠯ᠎ᠠ ᠰᠡᠷᠬᠡᠶᠢᠯᠡᠨ ᠡᠵᠡᠮᠳᠡᠬᠦ ᠴᠡᠭ ᠲᠡᠭᠡᠷ᠎ᠠ ᠬᠦᠷᠴᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ᠂ ᠬᠠᠮᠢᠶ᠎ᠠ ᠪᠦᠬᠦᠢ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭ᠎ᠠ ᠪᠠᠷ ᠨᠠᠶᠢᠳᠠᠪᠤᠷᠢᠵᠢᠭᠤᠯᠵᠦ᠂《 ᠭᠠᠳᠠᠨ᠎ᠠ ᠠᠴᠠ ᠤᠷᠤᠵᠦ ᠢᠷᠡᠬᠦ ᠶᠢ ᠰᠡᠷᠬᠡᠶᠢᠯᠡᠬᠦ》ᠰᠡᠷᠬᠡᠶᠢᠯᠡᠯᠳᠡ ᠶᠢᠨ ᠱᠤᠭᠤᠮ ᠢ ᠡᠷᠡᠰ ᠪᠠᠳᠤᠳᠬᠠᠬᠤ ᠬᠡᠷᠡᠭᠳᠡᠢ ᠬᠡᠵᠦ ᠱᠠᠭᠠᠷᠳᠠᠪᠠ᠃
 大路图片.png
       ᠬᠢᠵᠢᠭ ᠢ ᠰᠡᠷᠬᠡᠶᠢᠯᠡᠨ ᠡᠵᠡᠮᠳᠡᠬᠦ ᠡᠯ᠎ᠠ ᠴᠡᠭ ᠲᠡᠭᠡᠷ᠎ᠠ᠂ ᠵᠤ᠋ ᠼᠦᠨ ᠯᠢᠶᠠᠩ᠂ ᠵᠢᠶᠠ ᠶᠢᠩ ᠵᠢᠶᠦ᠋ᠨ ᠬᠢᠵᠢᠭ ᠢ ᠰᠡᠷᠬᠡᠶᠢᠯᠡᠬᠦ ᠡᠮᠦᠨ᠎ᠠ ᠹᠷᠤᠨᠲ ᠲᠡᠭᠡᠷᠡᠬᠢ ᠠᠵᠢᠯᠳᠠᠨ ᠢ ᠡᠷᠬᠢᠨ ᠦᠵᠡᠵᠦ ᠪᠤᠯᠭᠤᠭᠠᠨ ᠲᠤᠬᠤᠨᠢᠭᠤᠯᠵᠦ᠂ ᠰᠡᠷᠬᠡᠶᠢᠯᠡᠨ ᠡᠵᠡᠮᠳᠡᠬᠦ ᠴᠡᠭ ᠤᠨ ᠠᠵᠢᠯᠳᠠᠨ ᠤ ᠲᠤᠬᠢᠷᠠᠭᠤᠯᠤᠯᠳᠠ᠂ ᠬᠢᠵᠢᠭ ᠢ ᠰᠡᠷᠬᠡᠶᠢᠯᠡᠬᠦ ᠡᠳ᠋ ᠪᠠᠷᠠᠭᠠᠨ ᠤ ᠪᠡᠯᠡᠳᠬᠡᠯ᠂ ᠵᠢᠵᠢᠬᠦᠷ ᠤᠨ ᠲᠤᠬᠢᠷᠠᠭᠤᠯᠤᠯᠳᠠ᠂ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠵᠡᠷᠬᠡ ᠬᠤᠯᠪᠤᠬᠳᠠᠯ ᠪᠦᠬᠦᠢ ᠪᠠᠶᠢᠳᠠᠯ ᠢ ᠨᠠᠷᠢᠨ ᠦᠢᠯᠠᠭᠠᠪᠠ᠃
大路图片2.png
                 ᠬᠢᠨᠠᠨ ᠵᠢᠯᠤᠭᠤᠳᠬᠤ ᠲᠤᠮᠳᠠ᠂ ᠵᠤ᠋ ᠼᠦᠨ ᠯᠢᠶᠠᠩ ᠵᠢᠭᠠᠵᠦ ᠭᠠᠷᠭᠠᠬᠤ ᠳᠠᠭᠠᠨ᠂ ᠤᠳᠤᠬᠠᠨ ᠳᠤ ᠤᠯᠤᠰ ᠤᠨ ᠲᠤᠳᠤᠭᠠᠳᠤ ᠶᠢᠨ ᠬᠢᠵᠢᠭ ᠤᠨ ᠪᠠᠶᠢᠳᠠᠯ ᠮᠦᠨ ᠤᠯᠠᠨ ᠭᠠᠵᠠᠷ ᠲᠤ  ᠲᠠᠷᠬᠠᠵᠦ᠂ ᠲᠠᠬᠢᠨ ᠲᠠᠪᠳᠠᠨ ᠢᠯᠡᠷᠡᠬᠦ ᠪᠠᠶᠢᠳᠠᠯ ᠲᠠᠢ ᠪᠤᠯᠵᠦ᠂ ᠭᠠᠳᠠᠨ᠎ᠠ ᠠᠴᠠ ᠮᠠᠨ ᠤ ᠪᠠᠯᠭᠠᠰᠤᠨ ᠳᠤ ᠬᠠᠯᠳᠠᠪᠤᠷᠢᠯᠡᠨ ᠤᠷᠤᠵᠦ ᠢᠷᠡᠬᠦ ᠠᠶᠤᠯ ᠲᠦᠭᠰᠢᠬᠦᠷᠢ ᠲᠠᠢ ᠪᠠᠶᠢᠳᠠᠯ ᠮᠦᠨ ᠦᠷᠬᠦᠯᠵᠢᠯᠡᠨ ᠨᠡᠮᠡᠭᠳᠡᠵᠦ ᠪᠤᠢ᠃ ᠬᠢᠵᠢᠭ ᠢ ᠰᠡᠷᠬᠡᠶᠢᠯᠡᠨ ᠡᠵᠡᠮᠳᠡᠬᠦ ᠡᠯ᠎ᠠ ᠴᠡᠭ ᠨᠢ《 ᠭᠠᠳᠠᠨ᠎ᠠ ᠠᠴᠠ ᠤᠷᠤᠵᠦ ᠢᠷᠡᠬᠦ ᠶᠢ ᠰᠡᠷᠬᠡᠶᠢᠯᠡᠬᠦ》ᠠᠩᠬᠠᠨ ᠤ ᠰᠡᠷᠬᠡᠶᠢᠯᠡᠯᠳᠡ ᠶᠢᠨ ᠱᠤᠭᠤᠮ ᠪᠤᠯᠤᠬᠰᠠᠨ ᠤ ᠬᠤᠪᠢ ᠳᠤ᠂ ᠲᠡᠷᠡ ᠨᠢ ᠪᠦᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠦᠬᠦ ᠪᠠᠶᠢᠳᠠᠯ ᠲᠠᠢ ᠬᠤᠯᠪᠤᠬᠳᠠᠵᠦ᠂ ᠲᠡᠬᠦᠨ ᠤ ᠠᠴᠢ ᠬᠤᠯᠪᠤᠬᠳᠠᠯ ᠨᠢ ᠴᠢᠬᠤᠯᠠ ᠮᠦᠷᠳᠡᠬᠡᠨ ᠬᠠᠷᠢᠭᠤᠴᠠᠯᠭ᠎ᠠ ᠨᠢ ᠬᠦᠨᠳᠤ ᠪᠠᠶᠢᠵᠦ᠂ ᠲᠡᠭᠡᠳᠤ ᠱᠠᠳᠤᠨ ᠤ ᠪᠠᠶᠢᠷᠢᠯᠠᠭᠤᠯᠤᠯᠳᠠ ᠲᠤᠬᠢᠷᠠᠭᠤᠯᠤᠯᠳᠠ ᠶᠤᠰᠤᠭᠠᠷ᠂  ᠡᠷᠡᠰ ᠲᠠᠰᠤ ᠠᠷᠭ᠎ᠠ ᠬᠡᠮᠵᠢᠶ᠎ᠠ ᠠᠪᠴᠤ᠂ ᠨᠠᠭᠠᠰᠢ ᠴᠠᠭᠠᠰᠢ ᠵᠤᠷᠴᠢᠬᠤ ᠲᠡᠷᠬᠡ ᠮᠠᠰᠢᠨ ᠬᠦᠮᠦᠨ ᠬᠠᠷ᠎ᠠ ᠶᠢ ᠬᠠᠮᠢᠶᠠᠷᠤᠨ ᠡᠵᠡᠮᠳᠡᠵᠦ᠂ ᠤᠯᠠᠨ ᠲᠦᠮᠡᠨ ᠳᠤ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠦ᠂ ᠨᠢᠬᠡ ᠲᠡᠷᠬᠡ ᠮᠠᠰᠢᠨ᠂ ᠨᠢᠬᠡ ᠬᠦᠮᠦᠨ ᠢ ᠴᠤ ᠤᠷᠬᠢᠬᠳᠠᠭᠤᠯᠬᠤ ᠦᠬᠡᠢ ᠪᠠᠶᠢᠴᠠᠭᠠᠬᠤ ᠶᠢ ᠪᠠᠳᠤᠯᠠᠬᠤ ᠬᠡᠷᠡᠭᠳᠡᠢ᠃ ᠬᠦᠴᠢᠷ ᠪᠡᠷᠬᠡ ᠠᠴᠠ ᠠᠶᠤᠬᠤ ᠦᠬᠡᠢ᠂ ᠶᠠᠳᠠᠷᠠᠯ ᠵᠦᠳᠡᠷᠡᠯ ᠠᠴᠠ ᠬᠠᠯᠠᠰᠢᠷᠠᠬᠤ ᠦᠬᠡᠢ᠂ ᠦᠷᠬᠦᠯᠵᠢᠯᠡᠨ ᠲᠡᠮᠡᠴᠡᠬᠦ ᠰᠢᠯᠢᠳᠡᠭ ᠤᠯᠠᠮᠵᠢᠯᠠᠯ ᠢᠶᠠᠨ ᠦᠷᠬᠦᠯᠵᠢᠯᠡᠨ ᠪᠠᠳᠠᠷᠠᠭᠤᠯᠵᠦ᠂ ᠰᠡᠷᠬᠡᠶᠢᠯᠡᠨ ᠡᠵᠡᠮᠳᠡᠬᠦ ᠴᠡᠭ ᠤᠨ ᠠᠵᠢᠯᠳᠠᠨ ᠤ ᠲᠤᠬᠢᠷᠠᠭᠤᠯᠤᠯᠳᠠ ᠪᠠ ᠡᠳ᠋ ᠪᠠᠷᠠᠭᠠᠨ ᠤ ᠪᠡᠯᠡᠳᠬᠡᠯ ᠢ ᠬᠦᠢᠴᠡᠳ ᠪᠤᠯᠭᠠᠵᠦ᠂ ᠰᠢᠨᠵᠢᠯᠡᠬᠦ ᠤᠬᠠᠭᠠᠨᠴᠢ ᠵᠦᠢ ᠵᠤᠬᠢᠰᠳᠡᠢ ᠪᠠᠷ ᠡᠬᠡᠯᠵᠢᠯᠡᠬᠦᠯᠦᠨ ᠠᠮᠠᠷᠠᠭᠤᠯᠵᠦ᠂ ᠠᠵᠢᠯᠳᠠᠨ ᠤ ᠬᠤᠪᠢ ᠬᠦᠮᠦᠨ ᠤ ᠰᠡᠷᠬᠡᠶᠢᠯᠡᠨ ᠬᠠᠮᠠᠭᠠᠯᠠᠬᠤ ᠠᠷᠭ᠎ᠠ ᠪᠠᠷᠢᠯ ᠢ ᠰᠠᠶᠢᠳᠤᠷ ᠬᠢᠯᠬᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠩᠬᠠᠨ ᠤ ᠰᠡᠷᠬᠡᠶᠢᠯᠡᠯᠳᠡ ᠶᠢᠨ ᠱᠤᠭᠤᠮ ᠢ ᠪᠠᠳᠤ ᠰᠠᠬᠢᠵᠦ᠂ ᠠᠷᠠᠳ ᠤᠯᠠᠨ ᠤ ᠠᠮᠢ ᠨᠠᠰᠤ ᠪᠠ ᠡᠷᠡᠬᠦᠯ ᠮᠠᠨᠳᠤ ᠶᠢ ᠬᠠᠮᠠᠭᠠᠯᠬᠠᠤ ᠬᠡᠷᠡᠭᠳᠡᠢ ᠬᠡᠪᠡ᠃
ᠢᠷᠡᠯᠲᠡ᠄ ᠳ᠋ᠠ ᠯᠤ᠋ ᠪᠠᠯᠭᠠᠰᠤᠨ ᠤ ᠤᠬᠠᠭᠤᠯᠭ᠎ᠠ ᠶᠢᠨ ᠠᠯᠪᠠᠨ ᠬᠡᠷ