ᠸᠧᠢ ᠵᠢᠶᠠ ᠮᠤᠤ ᠪᠠᠯᠭᠠᠰᠤ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠵᠤ ᠪᠤᠢ
ᠨᠡᠶᠢᠲᠡᠯᠡᠭᠰᠡᠨ ᠴᠠᠭ᠄
2022/8/10
        ᠸᠧᠢ ᠵᠢᠶᠠ ᠮᠤᠤ ᠪᠠᠯᠭᠠᠰᠤ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠠᠵᠢᠯ ᠢ ᠴᠢᠬᠤᠯᠠᠴᠢᠯᠠᠨ ᠦᠵᠡᠵᠦ᠂ ᠬᠤᠰᠢᠭᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠶᠤᠰᠤᠭᠠᠷ᠂  ᠬᠠᠮᠤᠭ ᠤᠨ ᠲᠦᠷᠦᠬᠦᠨ ᠳᠤ ᠳᠤᠬᠢᠷᠠᠭᠤᠯᠤᠨ ᠬᠠᠮᠤᠭ ᠤᠨ ᠲᠦᠷᠦᠬᠦᠨ ᠳᠤ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠠᠵᠢᠯ ᠤᠨ ᠳᠤᠭᠤᠶᠢᠯᠠᠩ ᠪᠠᠶᠢᠭᠤᠯᠵᠤ᠂ ᠳᠤᠰᠬᠠᠢ ᠪᠠᠭ ᠢᠶᠠᠷ ᠬᠠᠷᠢᠭᠤᠴᠠᠭᠤᠯᠵᠦ᠂ ᠤᠳᠤᠷᠢᠳᠬᠤ ᠪᠠᠭ ᠤᠨ ᠪᠦᠷᠢᠯᠳᠦᠬᠦᠨ ᠨᠢ ᠠᠵᠤ ᠠᠬᠤᠶᠢᠯᠡᠯ   ᠯᠤᠭ᠎ᠠ ᠬᠤᠯᠪᠤᠭᠠᠯᠠᠨ ᠲᠠᠭᠠᠭᠠᠴᠢᠯᠠᠵᠦ ᠦᠢᠯᠡᠴᠢᠯᠡᠬᠦ ᠳᠦᠷᠢᠮ ᠢ ᠪᠠᠶᠢᠭᠤᠯᠵᠤ᠂ ᠠᠵᠤ ᠠᠬᠤᠶᠢᠯᠡᠯ ᠤᠨ ᠬᠦᠭᠵᠢᠯᠳᠡ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠶᠠᠪᠤᠴᠠ ᠳᠤ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠳᠤ ᠴᠢᠭᠯᠡᠬᠦᠯᠦᠨ ᠨᠢᠬᠡᠳ ᠨᠢᠬᠡ ᠪᠠᠷ ᠡᠬᠡ ᠳᠠᠩᠰᠠ ᠪᠠᠶᠢᠭᠤᠯᠵᠤ᠂ ᠰᠢᠢᠳᠪᠦᠷᠢᠯᠡᠬᠦ ᠠᠷᠭ᠎ᠠ ᠠᠪᠴᠠᠯ ᠢᠶᠠᠨ ᠨᠠᠷᠢᠯᠢᠬᠵᠢᠭᠤᠯᠵᠤ᠂ ᠳᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠵᠤ᠂ ᠬᠠᠪᠰᠤᠷᠤᠨ ᠬᠦᠢᠴᠡᠳᠬᠡᠵᠤ ᠳᠠᠭᠠᠭᠤᠯᠤᠨ ᠬᠦᠢᠴᠡᠳᠬᠡᠬᠦ ᠶᠢ ᠠᠬᠢᠭᠤᠯᠤᠭᠠᠳ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠰᠢᠨ᠎ᠡ ᠠᠭᠤᠷ ᠠᠮᠢᠰᠬᠤᠯ ᠢ ᠪᠦᠬᠦ ᠬᠦᠴᠤᠨ ᠢᠶᠠᠷ ᠢᠶᠠᠨ ᠪᠤᠢ ᠪᠤᠯᠭᠠᠵᠦ ᠪᠠᠶᠢᠨ᠎ᠠ᠃       ᠤᠳᠤᠬᠠᠨ ᠳᠤ᠂ ᠦᠪᠡᠷᠳᠡᠬᠡᠨ ᠵᠠᠰᠠᠬᠤ ᠤᠷᠤᠨ᠂ ᠬᠤᠳᠠ᠂ ᠬᠤᠰᠢᠭᠤ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠪᠠ ᠬᠠᠭᠠᠰ ᠰᠠᠷ᠎ᠠ ᠪᠤᠯᠭᠠᠨ ᠬᠤᠷᠠᠯᠳᠤᠵᠤ ᠪᠠᠶᠢᠭ᠎ᠠ ᠦᠪᠡᠷᠳᠡᠬᠡᠨ ᠵᠠᠰᠠᠬᠤ ᠤᠷᠤᠨ ᠤ ᠴᠠᠬᠢᠯᠭᠠᠨ ᠬᠦᠴᠤᠨ ᠤ ᠬᠦᠨᠳᠦ ᠴᠢᠬᠤᠯᠠ ᠳᠦᠷᠦᠯ ᠵᠦᠢᠯ ᠤᠨ ᠲᠤᠬᠢᠷᠠᠭᠤᠯᠭ᠎ᠠ ᠶᠢᠨ ᠬᠤᠷᠡᠯ ᠤᠨ ᠵᠤᠷᠢᠭ ᠰᠠᠨᠠᠭ᠎ᠠ ᠶᠤᠰᠤᠭᠠᠷ᠂ ᠸᠧᠢ ᠵᠢᠶᠠ ᠮᠤᠤ ᠪᠠᠯᠭᠠᠰᠤ ᠤᠨᠴᠠ ᠪᠠᠴᠢᠮ ᠡᠨᠧᠷᠬᠢ ᠶᠢᠨ ᠪᠠᠳᠤᠯᠠᠭ᠎ᠠ ᠶᠢᠨ ᠳᠦᠷᠦᠯ ᠵᠦᠢᠯ᠂ ᠬᠤᠢ ᠨᠸᠡᠭ ᠤᠨ ᠴᠠᠩ ᠲᠠᠨ ᠴᠠᠬᠢᠯᠭᠠᠨ ᠦᠢᠯᠡᠳᠪᠦᠷᠢ ᠶᠢᠨ 1000 ᠺᠢᠯᠦᠸᠠᠲ᠂ ᠵᠢᠩ ᠲᠠᠢ ᠶᠢᠨ ᠰᠤᠸᠠᠨ ᠼᠢ ᠭᠸᠦ ᠶᠢᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 1000 ᠺᠢᠯᠦᠸᠠᠲ᠂ ᠤᠯᠤᠰ ᠤᠨ ᠴᠠᠬᠢᠯᠭᠠᠨ ᠬᠦᠴᠤᠨ ᠤ ᠴᠠᠩ ᠲᠠᠨ ᠴᠠᠬᠢᠯᠭᠠᠨ ᠦᠢᠯᠡᠳᠪᠦᠷᠢ ᠶᠢᠨ 500 ᠺᠢᠯᠦᠸᠠᠲ ᠶᠢᠨ ᠴᠠᠬᠢᠯᠭᠠᠨ ᠬᠦᠷᠬᠡᠬᠦ ᠪᠠᠷᠢᠯᠭ᠎ᠠ ᠶᠢᠨ ᠲᠠᠳᠠᠪᠤᠷᠢᠯᠡᠵᠦ ᠨᠤᠷᠠᠭᠠᠬᠤ ᠠᠵᠢᠯ ᠵᠢᠴᠢ ᠪᠠᠷᠢᠯᠭ᠎ᠠ ᠶᠢᠨ ᠨᠢᠬᠡᠴᠢ ᠶᠢᠨ ᠳᠠᠯᠠᠪᠤᠷ ᠲᠤ ᠤᠷᠤᠵᠤ ᠪᠠᠷᠢᠯᠭ᠎ᠠ ᠬᠢᠬᠦ ᠶᠢ ᠪᠠᠳᠤᠯᠠᠬᠤ ᠶᠢ ᠳᠡᠷᠢᠬᠦᠨ ᠴᠢᠬᠤᠯᠠ ᠶᠠᠪᠤᠳᠠᠯ ᠪᠤᠯᠭᠠᠨ ᠠᠳᠬᠤᠵᠤ᠂ ᠰᠠᠨ ᠲᠠᠩ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠬᠦᠷᠬᠡᠬᠦ ᠱᠤᠭᠤᠮ ᠤᠨ ᠪᠠᠷᠢᠯᠭ᠎ᠠ ᠨᠢ ᠸᠧᠢ ᠵᠢᠶᠠ ᠮᠤᠤ ᠪᠠᠯᠭᠠᠰᠤ ᠶᠢᠨ 6 ᠳᠤᠰᠬᠤᠨ ᠂ 75 ᠰᠠᠭᠤᠷᠢ ᠱᠤᠩ ᠰᠤᠪᠤᠷᠭ᠎ᠠ᠂ 35 ᠺᠢᠯᠦᠮᠧᠲᠷ ᠴᠠᠬᠢᠯᠭᠠᠨ ᠬᠦᠷᠬᠡᠬᠦ ᠱᠤᠭᠤᠮ ᠲᠠᠢ ᠬᠤᠯᠪᠤᠬᠳᠠᠵᠦ ᠪᠤᠢ᠃ ᠸᠧᠢ ᠵᠢᠶᠠ ᠮᠤᠤ ᠪᠠᠯᠭᠠᠰᠤ ᠳᠤᠰᠬᠠᠢ ᠪᠠᠭ ᠢᠶᠠᠷ ᠬᠠᠷᠢᠭᠤᠴᠠᠵᠤ᠂ ᠳᠤᠰᠬᠠᠢ ᠳᠦᠷᠦᠯ ᠢᠶᠠᠷ ᠠᠬᠢᠭᠤᠯᠬᠤ ᠶᠢ ᠪᠠᠷᠢᠮᠳᠠᠯᠠᠵᠤ᠂ ᠪᠠᠯᠭᠠᠰᠤ ᠶᠢᠨ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠪᠤᠯᠵᠤ᠂ ᠬᠤᠯᠪᠤᠬᠳᠠᠯ ᠪᠦᠬᠦᠢ ᠪᠠᠭ ᠤᠨ ᠪᠦᠷᠢᠯᠳᠦᠬᠦᠨ ᠪᠠ ᠳᠤᠰᠬᠤᠨ ᠢ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠪᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠡ᠂ ᠳᠤᠮᠢᠯᠠᠬᠰᠠᠨ ᠰᠠᠯᠪᠤᠷᠢ᠂ ᠶᠡᠷᠦᠭᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤᠪᠴᠢᠶ᠎ᠡ᠂ ᠳᠤᠰᠬᠤᠨ ᠢ ᠳᠠᠭᠠᠭᠠᠴᠢᠯᠠᠵᠤ ᠪᠠᠶᠢᠭ᠎ᠠ ᠺᠠᠳ᠋ᠷ᠂ ᠬᠤᠯᠪᠤᠬᠳᠠᠯ ᠪᠦᠬᠦᠢ ᠳᠤᠰᠬᠤᠨ ᠤ ᠵᠦᠪᠯᠡᠯ ᠤᠨ ᠬᠠᠷᠢᠭᠤᠴᠠᠯᠭᠠᠳᠠᠨ ᠢᠶᠠᠷ ᠪᠦᠷᠢᠯᠳᠦᠬᠦᠨ ᠪᠤᠯᠭᠠᠬᠰᠠᠨ ᠴᠠᠬᠢᠯᠭᠠᠨ ᠬᠦᠷᠬᠡᠬᠦ ᠱᠤᠭᠤᠮ ᠤᠨ ᠪᠠᠷᠢᠯᠭ᠎ᠠ ᠶᠢᠨ ᠬᠡᠪ ᠤᠨ ᠠᠵᠢᠯ ᠢ ᠪᠠᠳᠤᠯᠠᠬᠤ ᠳᠤᠰᠬᠠᠢ ᠳᠤᠭᠤᠶᠢᠯᠠᠩ ᠨᠢ ᠳᠠᠳᠠᠪᠤᠷᠢᠯᠠᠵᠤ ᠨᠤᠷᠠᠭᠠᠨ ᠨᠡᠬᠦᠯᠬᠡᠬᠦ ᠪᠠ ᠳᠠᠯᠠᠪᠤᠷ ᠲᠤ ᠤᠷᠤᠵᠤ ᠪᠠᠷᠢᠯᠭ᠎ᠠ  ᠬᠢᠬᠦ ᠶᠢ ᠨᠦᠯᠦᠬᠡᠯᠡᠬᠦ ᠳᠤᠪᠤᠶᠢᠮ᠎ᠠ ᠠᠰᠠᠭᠤᠳᠠᠯ ᠳᠤ ᠴᠢᠭᠯᠡᠬᠦᠯᠵᠤ᠂ ᠳᠤᠰᠬᠠᠢ ᠳᠦᠷᠦᠯ ᠤᠨ ᠬᠠᠤᠯᠢ ᠬᠡᠷᠡᠭᠵᠢᠬᠦᠯᠦᠯᠳᠡ ᠶᠢᠨ ᠠᠵᠢᠯᠯᠠᠭ᠎ᠠ ᠦᠷᠨᠢᠬᠦᠯᠦᠨ ᠴᠤᠬᠢᠯᠳᠡ ᠦᠭᠬᠦᠬᠡᠳ ᠢᠯᠡᠷᠬᠡᠢ ᠦᠷ᠎ᠡ ᠪᠦᠳᠦᠮᠵᠢ ᠤᠯᠪᠠ᠃        ᠳᠠᠷᠠᠭᠠᠴᠢ ᠶᠢᠨ ᠠᠯᠬᠤᠮ ᠳᠤ᠂ ᠸᠧᠢ ᠵᠢᠶᠠ ᠮᠤᠤ ᠪᠠᠯᠭᠠᠰᠤ ᠬᠤᠰᠢᠭᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ  ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠶ᠎ᠡ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠡᠯ ᠳᠤ ᠦᠢᠯᠡᠴᠢᠯᠡᠬᠦ᠂ ᠳᠦᠷᠦᠯ ᠵᠦᠢᠯ ᠳᠤ  ᠦᠢᠯᠡᠴᠢᠯᠡᠬᠦ ᠤᠬᠠᠮᠰᠠᠷ ᠢᠶᠠᠨ ᠤᠯᠠᠮ ᠨᠢᠬᠡ ᠠᠯᠬᠤᠮ ᠨᠡᠮᠡᠭᠳᠡᠬᠦᠯᠵᠦ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠶᠠᠪᠤᠴᠠ ᠳᠤ ᠤᠷᠤᠰᠢᠵᠤ ᠪᠠᠶᠢᠭ᠎ᠠ ᠨᠡᠶᠢᠳᠡᠯᠢᠭ ᠴᠢᠨᠡᠷᠳᠡᠢ᠂ ᠳᠤᠪᠤᠶᠢᠮ᠎ᠡ ᠠᠰᠠᠭᠤᠳᠠᠯ ᠳᠤ ᠴᠢᠭᠯᠡᠬᠦᠯᠵᠤ᠂ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠰᠠᠨᠠᠭᠠᠴᠢᠯᠠᠭ᠎ᠠ  ᠲᠠᠢ  ᠪᠠᠷ ᠰᠢᠢᠳᠪᠦᠷᠢᠯᠡᠨ᠎ᠡ︔ ᠠᠷᠡᠳ ᠳᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠨ᠎ᠠ︔ ᠵᠠᠪᠰᠢᠶᠡᠨ ᠢ ᠳᠠᠯᠢᠮᠳᠠᠭᠤᠯᠤᠨ ᠵᠠᠪᠰᠢᠨ ᠰᠠᠷᠢᠭᠠᠯᠠᠬᠤ᠂ ᠳᠠᠳᠠᠪᠤᠷᠢᠯᠡᠨ ᠨᠤᠷᠠᠭᠠᠵᠤ ᠨᠡᠬᠦᠯᠬᠡᠬᠦ ᠡᠮᠬᠢ ᠳᠢᠭᠯᠢᠮ ᠢ ᠰᠠᠮᠠᠭᠤᠷᠠᠭᠤᠯᠬᠤ᠂ ᠳᠠᠳᠠᠪᠤᠷᠢᠯᠡᠨ ᠨᠤᠷᠠᠭᠠᠵᠤ ᠨᠡᠬᠦᠯᠬᠡᠬᠦ ᠤᠷᠴᠢᠨ ᠠᠬᠤᠢ ᠶᠢ ᠡᠪᠳᠡᠬᠦ᠂ ᠤᠯᠤᠰ ᠤᠨ ᠴᠠᠬᠢᠯᠭᠠᠨ ᠬᠦᠴᠤᠨ ᠤ ᠬᠠᠨᠭ᠍ᠭᠠᠯᠭ᠎ᠠ ᠶᠢ ᠪᠠᠳᠤᠯᠠᠬᠤ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠨᠦᠯᠦᠭᠡᠯᠡᠭᠰᠡᠨ ᠤᠨᠴᠠ ᠵᠠᠷᠢᠮ ᠠᠵᠢᠯᠯᠠᠭ᠎ᠠ ᠳᠤ ᠦᠷᠬᠦᠯᠵᠢᠯᠡᠨ ᠬᠠᠤᠯᠢ ᠶᠤᠰᠤᠭᠠᠷ ᠴᠢᠩᠭ᠎ᠠ ᠴᠤᠬᠢᠯᠳᠡ ᠦᠭᠴᠤ᠂ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠠᠬᠤᠢ ᠶᠢ ᠴᠢᠷᠮᠠᠶᠢᠨ ᠪᠤᠢ ᠪᠤᠯᠭᠠᠵᠤ᠂ ᠪᠠᠷᠢᠯᠭ᠎ᠠ ᠶᠢ ᠡᠷᠳᠡᠬᠡᠨ ᠪᠦᠳᠦᠬᠡᠨ ᠪᠠᠶᠢᠭᠤᠯᠵᠤ ᠡᠵᠡᠩᠨᠡᠬᠦᠯᠬᠦ ᠶᠢ ᠪᠠᠳᠤᠯᠠᠵᠤ᠂ ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠡᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠪᠤᠯᠤᠨ᠎ᠠ᠃
ᠢᠷᠡᠯᠲᠡ᠄ ᠸᠧᠢ ᠵᠢᠶᠠ ᠮᠤᠤ ᠪᠠᠯᠭᠠᠰᠤᠨ ᠤ ᠨᠡᠶᠢᠳᠡᠯᠡᠯ