| | | | ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠤᠰᠤᠳ ᠬᠦᠮᠦᠨ ᠬᠠᠭᠤᠷᠮᠠᠭ ᠢᠶᠠᠷ ᠬᠡᠷᠡᠭᠯᠡᠬᠦ ᠠᠴᠠ ᠠᠶᠤᠨ᠎ᠠ ᠂ ᠲᠡᠭᠡᠪᠡᠯ | ᠶᠠᠭᠠᠬᠢᠬᠤ ᠪᠤᠢ ︖ | ᠰᠠᠭᠤᠭᠠᠯᠢ ᠠᠷᠠᠳ ᠤᠨ ᠭᠡᠭᠡᠭᠰᠡᠨ ᠂ ᠬᠤᠯᠠᠭᠠᠶᠢᠯᠠᠭᠳᠠᠭᠰᠠᠨ ᠪᠡᠶ᠎ᠡ ᠶᠢᠨ ᠦᠨᠡᠮᠯᠡᠯ ᠢ ᠪᠤᠰᠤᠳ ᠬᠥᠮᠦᠨ | ᠬᠠᠭᠤᠷᠮᠠᠭ ᠢᠶᠠᠷ ᠬᠡᠷᠡᠭᠯᠡᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ ᠂ ᠳᠣᠲᠣᠭᠠᠳᠤ ᠶᠢ ᠬᠠᠮᠠᠭᠠᠯᠠᠬᠤ ᠶᠠᠮᠤᠨ | 2016 ᠣᠨ ᠤ 10 ᠰᠠᠷ᠎ᠠ ᠳᠤ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ ᠂ | ᠣᠯᠠᠨ ᠲᠦᠮᠡᠨ ᠤ ᠭᠡᠭᠡᠭᠰᠡᠨ ᠬᠤᠯᠠᠭᠠᠶᠢᠯᠠᠭᠳᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠵᠢᠴᠢ ᠰᠢᠨ᠎ᠡ ᠦᠨᠡᠮᠯᠡᠯ ᠰᠣᠯᠢᠵᠤ | ᠠᠪᠤᠭᠰᠠᠨ ᠤ ᠳᠠᠷᠠᠭᠠᠬᠢ ᠤᠤᠯ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠴᠤᠭᠯᠠᠭᠤᠯᠤᠬᠰᠠᠨ ᠤ ᠬᠠᠮᠲᠤ ᠰᠠᠯᠠᠭ᠎ᠠ ᠮᠥᠴᠢᠷ ᠤᠨ | ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠡᠶᠢᠭᠡᠮ ᠤᠨ ᠬᠠᠮᠢᠶ᠎ᠠ ᠪᠥᠬᠦᠶ ᠦᠨᠡᠮᠯᠡᠯ ᠬᠡᠷᠡᠭᠯᠡᠬᠦ | ᠰᠠᠯᠠᠭ᠎ᠠ ᠮᠥᠴᠢᠷ ᠪᠠ ᠨᠢᠭᠡᠴᠡ ᠳᠤ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠬᠤ ᠦᠢᠯᠡᠴᠢᠯᠡᠭᠡ ᠬᠠᠩᠭᠠᠪᠠ ᠃ | ᠤᠳᠤᠬᠠᠨ ᠪᠣᠯᠲᠠᠯ᠎ᠠ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠂ | ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠢᠨ ᠨᠢᠭᠡᠨᠲᠡ ᠳᠣᠲᠣᠭᠠᠳᠤ ᠶᠢ ᠬᠠᠮᠠᠭᠠᠯᠠᠬᠤ | ᠶᠠᠮᠤᠨ ᠯᠤᠭ᠎ᠠ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ ᠬᠡᠷᠡᠭᠯᠡᠬᠦ ᠠᠵᠢᠯ ᠢ | ᠥᠷᠨᠢᠭᠦᠯᠪᠡ ᠃ ᠲᠠᠷᠠᠭᠠᠴᠢ ᠶᠢᠨ ᠠᠯᠬᠤᠮ ᠳᠤ ᠂ ᠳᠣᠲᠣᠭᠠᠳᠤ ᠶᠢ ᠬᠠᠮᠠᠭᠠᠯᠠᠬᠤ ᠶᠠᠮᠤᠨ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ ᠂ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢ ᠬᠠᠭᠤᠷᠮᠠᠭ ᠢᠶᠠᠷ ᠬᠡᠷᠡᠭᠯᠡᠬᠦ ᠠᠰᠠᠭᠤᠳᠠᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠᠷ ᠪᠤᠢ ᠃ | ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠰᠦᠯᠵᠢᠶᠡᠨ ᠳᠡᠭᠡᠷ᠎ᠡ ᠮᠡᠳᠡᠭᠦᠯᠵᠦ ᠪᠣᠯᠤᠨ᠎ᠠ ᠦᠭᠡᠢ ᠦᠦ ︖ | 2017 ᠣᠨ ᠤ 7 ᠰᠠᠷ᠎ᠠ ᠶᠢᠨ 1 ᠤ ᠡᠳᠦᠷ ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠤᠨᠳᠤᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠂ | ᠭᠡᠭᠡᠭᠰᠡᠨ ᠢᠶᠠᠨ ᠮᠡᠳᠡᠭᠦᠯᠬᠦ ᠪᠠ ᠭᠡᠭᠡᠭᠰᠡᠨ ᠡᠵᠡᠨ ᠢ ᠨᠢ ᠡᠷᠢᠬᠦ ︽ ᠭᠤᠷᠪᠠᠨ ᠵᠦᠢᠯ ᠤᠨ ᠲᠦᠷᠢᠮ ︾ ᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ | ᠠᠷᠠᠳ ᠢᠷᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠬᠤᠯᠠᠭᠠᠶᠢᠯᠠᠭᠳᠠᠭᠰᠠᠨ ᠳᠤ ᠬᠦᠷᠪᠡᠯ ᠂ ᠣᠶᠢᠷ᠎ᠠ ᠬᠠᠪᠢ ᠶᠢᠨ ᠲᠣᠮᠢᠯᠠᠭᠰᠠᠨ | ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠭᠠᠷᠳᠠᠮ ᠬᠦᠢᠴᠡᠳᠭᠡᠬᠦ ᠲᠢᠩᠬᠢᠮ ᠳᠤ ᠬᠦᠷᠴᠦ ᠭᠡᠭᠡᠭᠰᠡᠨ ᠢᠶᠠᠨ ᠮᠡᠳᠡᠭᠦᠯᠵᠦ ᠪᠣᠯᠬᠤ ᠪᠤᠯᠪᠠ ᠃ | ᠪᠡᠶ᠎ᠡ ᠵᠢᠨᠦᠨᠡᠮᠯᠡᠯ ᠢᠶᠠᠨ ᠬᠡᠬᠡᠭᠰᠡᠨ ᠢᠶᠠᠨ ᠰᠦᠯᠵᠢᠶᠡᠨ ᠳᠡᠭᠡᠷ᠎ᠡ ᠮᠡᠳᠡᠬᠦᠯᠬᠦ ᠳᠤ ᠪᠤᠰᠤᠳ ᠬᠦᠮᠦᠨ ᠨᠡᠷ᠎ᠡ ᠪᠠᠷ ᠨᠢ ᠭᠡᠭᠡᠭᠰᠡᠨ ᠭᠡᠵᠦ ᠳᠠᠩᠰᠠᠯᠠᠭᠤᠯᠬᠤ ᠲᠦᠭᠰᠢᠭᠦᠷᠢ | ᠣᠷᠣᠰᠢᠵᠤ ᠪᠠᠶᠢᠬᠤ ᠶᠢ ᠪᠣᠳᠣᠯᠬᠢᠯᠠᠭᠠᠳ ᠂ | ᠣᠳᠣᠬᠠᠨ ᠳᠤ ᠪᠣᠳᠠᠲᠠᠶ ᠠᠵᠢᠯ ᠤᠨ ᠳᠤᠮᠳᠠ ᠂ ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠢᠶᠠᠨ ᠮᠡᠳᠡᠬᠦᠯᠬᠦ ᠳᠤ ᠠᠷᠠᠳ ᠢᠷᠭᠡᠳ ᠢ ᠴᠥᠮ ᠥᠪᠡᠷ ᠤᠨ | ᠪᠡᠶ᠎ᠡ ᠪᠠᠷ ᠨᠢ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠭᠠᠷᠳᠠᠮ ᠬᠦᠢᠴᠡᠳᠭᠡᠬᠦ ᠲᠢᠩᠬᠢᠮ ᠤᠨ ᠴᠣᠩᠬᠤᠪᠴᠢ ᠳᠤ ᠤᠴᠢᠭᠤᠯᠤᠨ | ᠬᠦᠢᠴᠡᠳᠭᠡᠯᠭᠡᠵᠦ ᠪᠠᠶᠢᠨ᠎ᠠ ᠃ | ᠪᠡᠶ᠎ᠡ ᠶᠢᠨ ᠦᠨᠡᠮᠯᠡᠯ ᠢᠶᠠᠨ ᠭᠡᠭᠡᠪᠡᠯ ᠶᠠᠭᠠᠬᠢᠵᠤ ᠨᠦᠬᠦᠵᠦ ᠬᠢᠯᠭᠡᠬᠦ ᠪᠤᠢ ︖ | ᠠᠷᠠᠳ ᠢᠷᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠪᠡᠯ ᠂ ᠲᠡᠷᠡ ᠲᠤᠤᠷ᠎ᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ | ᠮᠡᠳᠡᠭᠦᠯᠬᠦ ᠬᠡᠷᠡᠭᠲᠡᠢ ᠃ ᠮᠡᠳᠡᠭᠦᠯᠦᠭᠰᠡᠨ ᠡᠳᠦᠷ ᠠᠴᠠ ᠡᠬᠢᠯᠡᠨ 3 ᠰᠠᠷ᠎ᠠ ᠶᠢᠨ ᠲᠤᠳᠤᠷ᠎ᠠ ᠮᠥᠨ ᠬᠦ ᠡᠷᠢᠵᠦ ᠣᠯᠤᠬᠰᠠᠨ ᠦᠭᠡᠢ ᠳᠤ ᠬᠦᠷᠪᠡᠯ ᠰᠢᠨ᠎ᠡ ᠦᠨᠡᠮᠯᠡᠯ | ᠬᠢᠯᠭᠡᠵᠦ ᠠᠪᠬᠤ ᠪᠠᠷ ᠮᠡᠳᠡᠭᠦᠯᠬᠦ ᠬᠡᠷᠡᠭᠲᠡᠶ ᠃ ᠪᠡᠶ᠎ᠡ ᠶᠢᠨ ᠦᠨᠡᠮᠯᠡᠯ ᠢᠶᠠᠨ ᠡᠷᠦᠬᠡ ᠠᠮᠠ ᠪᠠᠶᠢᠭ᠎ᠠ ᠭᠠᠵᠠᠷ ᠲᠠᠭᠠᠨ ᠨᠦᠬᠦᠨ ᠬᠢᠯᠬᠡᠵᠦ ᠠᠪᠬᠤ ᠳᠤ ᠰᠠᠭᠤᠭᠠᠯᠢ | ᠠᠷᠠᠳ ᠤᠨ ᠡᠷᠦᠬᠡ ᠠᠮᠠ ᠶᠢᠨ ᠳᠡᠪᠲᠡᠷ ᠢᠶᠠᠨ ᠦᠭᠴᠦ ᠰᠢᠯᠭᠠᠭᠤᠯᠤᠨ ᠂ ᠬᠡᠷᠡᠯ ᠵᠢᠷᠤᠭ ᠠᠪᠤᠭᠤᠯᠵᠤ ᠂ ︽ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠭᠤᠶᠤᠴᠢᠯᠠᠨ ᠠᠪᠬᠤ ᠳᠠᠩᠰᠠᠯᠠᠯ ᠤᠨ ᠬᠦᠰᠦᠨᠦᠭᠲᠦ ︾ ᠶᠢ ᠲᠠᠭᠯᠠᠵᠤ ᠂ ᠪᠡᠶ᠎ᠡ ᠶᠢᠨ ᠦᠨᠡᠮᠯᠡᠯ ᠬᠢᠯᠭᠡᠬᠦ ᠵᠠᠷᠤᠲᠠᠯ ᠲᠤᠰᠢᠶᠠᠬᠤ ᠬᠡᠷᠡᠭᠲᠡᠶ ᠃ ᠭᠠᠷ ᠬᠦᠢᠴᠡᠳᠭᠡᠯ ᠬᠢᠵᠦ | ᠪᠠᠷᠠᠭᠰᠠᠨ ᠤ ᠳᠠᠷᠠᠭ᠎ᠠ ᠵᠢᠷᠠᠨ ᠡᠳᠦᠷ ᠤᠨ ᠳᠣᠲᠣᠷ᠎ᠠ ᠪᠡᠶ᠎ᠡ ᠶᠢᠨ ᠦᠨᠡᠮᠯᠡᠯ ᠢᠶᠠᠨ ᠠᠪᠤᠨ᠎ᠠ ︔ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ ᠤ ᠴᠠᠬ | ᠬᠤᠭᠤᠴᠠᠭ᠎ᠠ ᠶᠢ ᠤᠷᠳᠤᠳᠬᠠᠬᠤ ᠳᠤ ᠭᠤᠴᠢᠨ ᠡᠳᠦᠷ ᠠᠴᠠ ᠬᠡᠲᠦᠷᠡᠭᠦᠯᠵᠦ ᠪᠣᠯᠬᠤ ᠦᠭᠡᠢ ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠤ ᠪᠠᠶᠢᠳᠠᠯ ᠢᠶᠠᠨ | ᠦᠨᠳᠦᠰᠦᠯᠡᠨ ᠦᠨᠡᠮᠯᠡᠯ ᠦᠢᠯᠡᠳᠦᠨ ᠬᠢᠬᠦ ᠪᠡ ᠣᠯᠭᠤᠬᠤ ᠦᠶᠡᠯᠡᠯ ᠤᠨ ᠴᠠᠬ ᠬᠤᠭᠤᠴᠠᠭ᠎ᠠ ᠶᠢ ᠪᠣᠭᠤᠨᠢᠰᠬᠠᠵᠤ ᠪᠣᠯᠤᠨ᠎ᠠ ᠃ | ᠤᠨᠳᠤᠤ ᠭᠠᠵᠠᠷ ᠲᠤ ᠪᠡᠶ᠎ᠡ ᠶᠢᠨ ᠦᠨᠡᠮᠯᠡᠯ ᠨᠥᠬᠦᠨ ᠬᠢᠯᠭᠡᠵᠦ ᠪᠣᠯᠤᠨ᠎ᠠ ᠦᠦ ︖ | ᠡᠷᠦᠬᠡ ᠠᠮᠠ ᠶᠢᠨ ᠪᠠᠶᠢᠭ᠎ᠠ ᠪᠠᠶᠢᠩᠭᠤ ᠰᠠᠭᠤᠭ᠎ᠠ ᠭᠠᠵᠠᠷ ᠠᠴᠠ ᠪᠠᠨ ᠰᠠᠯᠵᠤ ᠪᠤᠰᠤᠳ ᠮᠤᠵᠢ ︵ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ︶ | ᠳᠤ ᠬᠦᠷᠴᠦ ᠬᠠᠤᠯᠢ ᠶᠣᠰᠣᠨ ᠤ ᠲᠣᠭᠲᠠᠪᠤᠷᠢᠲᠠᠶ ᠠᠵᠢᠯ ᠤᠯᠬᠤ ᠂ ᠰᠤᠷᠭᠠᠭᠤᠯᠢ ᠳᠤ ᠣᠷᠣᠬᠤ ᠂ᠣᠷᠣᠰᠢᠨ ᠰᠠᠭᠤᠬᠤ ᠠᠷᠠᠳ ᠢᠷᠭᠡᠳ ᠨᠢ ᠣᠲᠣ ᠶᠢᠨ ᠰᠠᠭᠤᠭ᠎ᠠ | ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ ᠂ᠨᠥᠬᠦᠵᠦ ᠠᠪᠬᠤ ᠪᠠᠷ | ᠭᠤᠶᠤᠴᠢᠯᠠᠵᠤ ᠪᠣᠯᠤᠨ᠎ᠠ ᠃ | ᠤᠨᠳᠤᠤ ᠭᠠᠵᠠᠷ ᠲᠤ ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠵᠦ ᠠᠪᠴᠤ ᠪᠣᠯᠤᠨ᠎ᠠ ᠦᠦ ︖ | ᠣᠳᠣᠬᠠᠨ ᠳᠤ ᠣᠨᠳᠣᠣ ᠭᠠᠵᠠᠷ ᠲᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠳᠤ ᠵᠦᠪᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ | ᠠᠪᠬᠤ ᠂ ᠨᠥᠬᠦᠨ ᠬᠢᠯᠭᠡᠵᠦ ᠠᠪᠬᠤ ᠪᠠᠷ ᠭᠤᠶᠤᠴᠢᠯᠠᠬᠤ ᠶᠠᠪᠤᠳᠠᠯ ᠯᠡ ᠪᠠᠭᠳᠠᠬᠤ ᠠᠴᠠ ᠪᠢᠰᠢ ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠬᠢᠯᠭᠡᠬᠦ ᠶᠠᠪᠤᠳᠠᠯ ᠪᠠᠭᠲᠠᠬᠤ ᠦᠭᠡᠢ ᠃ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠂ ᠬᠤᠯᠠᠭᠠᠶᠢᠯᠠᠭᠳᠠᠭᠰᠠᠨ ᠪᠤᠶᠤ ᠠᠪᠴᠤ ᠶᠠᠪᠤᠬᠤ ᠪᠠᠨ ᠮᠠᠷᠲᠠᠭᠰᠠᠨ ᠬᠦᠮᠦᠰ ᠨᠢ ᠨᠢᠰᠬᠡᠯ ᠳᠤ ᠰᠠᠭᠤᠬᠤ ᠂ | ᠭᠠᠯᠲᠤ ᠲᠡᠷᠭᠡᠨ ᠳᠤ ᠰᠠᠭᠤᠬᠤ ᠂ ᠪᠠᠭᠤᠳᠠᠯ ᠳᠤ ᠰᠠᠭᠤᠬᠤ ᠪᠠᠴᠢᠮ ᠬᠡᠷᠡᠭᠴᠡᠭᠡ ᠲᠠᠢ ᠪᠤᠯᠬᠤ ᠲᠤᠬᠠᠢ ᠳᠣᠲᠣᠭᠠᠳᠤ ᠶᠢ ᠬᠠᠮᠠᠭᠠᠯᠠᠬᠤ ᠶᠠᠮᠤᠨ ᠡᠴᠠᠨᠢᠰᠬᠡᠯ ᠤᠨ | ᠪᠠᠭᠤᠳᠠᠯ ᠂ ᠭᠠᠯᠲᠤ ᠲᠡᠷᠭᠡᠨ ᠤ ᠥᠷᠲᠡᠭᠡᠨ ᠤ ᠲᠣᠮᠢᠯᠠᠭᠰᠠᠨ ᠰᠠᠯᠪᠤᠷᠢ ᠪᠠ ᠪᠠᠭᠤᠳᠠᠯ ᠤᠨ ᠬᠠᠷᠢᠶ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠶᠢ ᠣᠯᠠᠨ ᠲᠦᠮᠡᠨ ᠳᠤ | ᠲᠦᠷ ᠴᠠᠭ ᠤᠨ ᠪᠡᠶ᠎ᠡ ᠶᠢᠨ ᠦᠨᠡᠮᠯᠡᠯ ᠢ ᠴᠠᠭ ᠲᠤᠬᠠᠶ ᠳᠤᠨᠢ ᠬᠢᠵᠦ ᠥᠭᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ ᠃ | ᠪᠡᠶ᠎ᠡ ᠶᠢᠨ ᠦᠨᠡᠮᠯᠡᠯ ᠤᠨ ︽ ᠰᠦᠯᠵᠢᠶᠡᠨ ᠤ ᠦᠨᠡᠮᠯᠡᠯ ︾ ᠢ ᠳᠡᠯᠭᠡᠷᠡᠭᠦᠯᠦᠨ᠎ᠡ ᠤᠤ ᠦᠭᠡᠢ ᠦᠦ ︖ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ︽ ᠰᠦᠯᠵᠢᠶᠡᠨ ᠤ ᠦᠨᠡᠮᠯᠡᠯ ︾ ᠪᠣᠯ ᠮᠥᠨ ᠴᠢᠨᠠᠷ ᠳᠡᠭᠡᠷ᠎ᠡ ᠪᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠤᠨ ᠡᠯᠧᠺᠳ᠋ᠷᠣᠨ ᠦᠨᠡᠮᠯᠡᠯ ᠮᠥᠨ ᠂ ᠳᠣᠲᠣᠭᠠᠳᠤ ᠵᠢᠬᠠᠮᠠᠭᠠᠯᠠᠬᠤ ᠶᠠᠮᠤᠨ ᠬᠤᠶᠢᠰᠢᠳᠠ ᠶᠢᠨ ᠠᠵᠢᠯ ᠤᠨ ᠳᠤᠮᠳᠠ ᠪᠠᠨ ᠡᠭᠦᠨ ᠢ ᠭᠦᠨᠵᠡᠭᠡᠶ ᠰᠤᠳᠤᠯᠤᠨ | ᠨᠤᠲᠠᠯᠠᠬᠤ ᠪᠣᠯᠤᠨ᠎ᠠ ᠃ | | | | |