| | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠶᠢᠨ ᠳᠤᠰᠠᠳᠠ ᠂ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠪᠡᠷ ᠤᠨ ᠠᠵᠢᠯ ᠤᠨ ᠪᠣᠳᠠᠲᠠᠶ ᠳᠠᠭᠠᠨ ᠰᠠᠭᠤᠷᠢᠯᠠᠨ ᠂ ᠦᠶᠯᠡᠴᠢᠯᠡᠭᠡᠨ ᠤ ᠬᠢᠷᠢ ᠲᠦᠪᠰᠢᠨ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠵᠦ ᠂ ᠠᠷᠠᠳ ᠣᠯᠠᠨ ᠤ ᠨᠢᠳᠦᠨ ᠳᠤ ᠦᠵᠡᠭᠳᠡᠮᠠ ᠂ ᠢᠳᠡᠭᠡᠵᠤ ᠪᠤᠯᠤᠮᠠᠷ ᠂ ᠦᠨᠡᠨᠬᠦ ᠬᠠᠨᠤᠮᠵᠢᠲᠠᠶ ᠬᠠᠤᠯᠢ ᠪᠠᠷ | ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠨᠡᠨᠬᠦ ᠪᠣᠶ ᠪᠣᠯᠭᠠᠵᠤ ᠂ ᠠᠷᠠᠳ ᠣᠯᠠᠨ ᠤ ᠠᠮᠤᠷ ᠲᠦᠪᠰᠢᠨ ᠤ ᠳᠦᠷᠦᠭᠳᠡᠯ ᠂ ᠬᠦᠷᠲᠡᠮᠵᠢ ᠶᠢᠨ | ᠳᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠤ ᠪᠤᠢ ᠃ | ᠣᠢᠢᠷ᠎ᠠ ᠶᠢᠨ ᠵᠢᠯ ᠳᠤ ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠪᠠᠷᠢᠯ ᠵᠠᠯᠭᠠᠭ᠎ᠠ ᠪᠠᠷ ᠢᠯᠡᠷᠡᠵᠦ ᠂ ᠬᠥᠮᠦᠰ ᠤᠨ | ᠰᠠᠨᠠᠭᠠᠨ ᠠᠴᠠ ᠭᠠᠳᠠᠭᠤᠷ ᠪᠠᠶᠢᠨ᠎ᠠ ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭᠠᠨ ᠤ ᠮᠡᠬᠡᠯᠡᠯ ᠤᠨ ᠳᠤᠬᠠᠢ | ᠤᠬᠠᠭᠤᠯᠭ᠎ᠠ ᠶᠢᠨ ᠠᠵᠢᠯ ᠢ ᠬᠦᠴᠦᠯᠡᠨ ᠴᠢᠩᠭᠠᠳᠬᠠᠵᠤ ᠪᠤᠢ ᠃ ᠣᠢᠢᠷ᠎ᠠ ᠳᠤ ᠂ ᠠᠷᠠᠳ ᠤᠨ ᠴᠠᠭᠳᠠᠭ᠎ᠠ ᠰᠠᠭᠤᠭᠠᠯᠢ ᠠᠷᠠᠳ ᠤᠨ ᠬᠡᠷ ᠲᠤ | ᠭᠦᠨᠵᠡᠭᠡᠶᠢᠷᠡᠨ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠮᠡᠳᠡᠯᠭᠡ ᠶᠢ ᠨᠢᠭᠤᠷᠲᠠᠨ ᠤᠬᠠᠭᠤᠯᠤᠨ ᠲᠠᠶᠢᠯᠪᠤᠷᠢᠯᠠᠵᠤ ᠂ ︽ ᠤᠯᠤᠰ ᠤᠨ | ᠮᠡᠬᠡᠯᠡᠯ ᠢ ᠡᠰᠡᠷᠭᠦᠴᠡᠬᠦ ᠲᠥᠪ ᠤᠨ APP ︾ ᠂ ︽ ᠶᠢᠨ ᠵᠥᠩ ᠵᠤᠤ ︾ ᠮᠡᠬᠡᠯᠡᠯ ᠢ ᠡᠰᠡᠷᠭᠦᠴᠡᠬᠦ ᠵᠢᠵᠢᠭ ᠳᠠᠪᠴᠠᠩ ᠢ ᠤᠭᠰᠠᠷᠠᠬᠤ ᠶᠢ | ᠳᠡᠯᠭᠡᠷᠡᠭᠦᠯᠵᠦ ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠴᠤᠬᠤᠢᠢᠵᠤ ᠪᠠᠶᠢᠭ᠎ᠠ ᠪᠠᠶᠢᠳᠠᠯ ᠳᠤᠨᠢ ᠰᠢᠢᠳᠪᠤᠷᠢᠯᠡᠵᠤ ᠪᠤᠢ ᠃ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠨᠡᠶᠢᠭᠡᠮ ᠲᠣᠭᠤᠷᠢᠭ ᠤᠨ ᠠᠷᠠᠳ ᠤᠨ ᠲᠤᠰᠠᠯᠠᠬᠤ ᠴᠠᠭᠳᠠᠭ᠎ᠠ ᠰᠤᠷᠭᠠᠭᠤᠯᠢ ᠶᠢ ᠬᠤᠯᠪᠤᠭᠠᠯᠠᠨ | ᠳᠠᠭᠠᠭᠠᠴᠢᠯᠠᠬᠤ ᠪᠠᠷ ᠪᠠᠷᠢᠮᠵᠢᠶ᠎ᠠ ᠪᠣᠯᠭᠠᠨ ᠂ ︽ ᠴᠠᠬᠢᠯᠭᠠᠨ ᠬᠤᠯᠪᠣᠭᠠᠨ ᠤ ᠮᠡᠬᠡᠯᠡᠯ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ | ᠰᠡᠷᠭᠡᠶᠢᠯᠡᠬᠦ ︾ ᠵᠡᠷᠭᠡ ᠠᠵᠢᠯᠯᠠᠭ᠎ᠠ ᠶᠢ ᠥᠨᠳᠥᠷ ᠪᠠᠷᠢᠮᠵᠢᠶ᠎ᠠ ᠲᠠᠢ ᠪᠠᠷ ᠥᠷᠨᠢᠭᠦᠯᠵᠦ ᠂ ᠰᠤᠷᠤᠭᠴᠢᠳ ᠲᠤ ᠠᠩᠬᠠᠷᠤᠯ ᠢᠶᠠᠨ ᠳᠠᠯᠪᠢᠨ ᠂ ᠰᠤᠷᠤᠭᠴᠢᠳ ᠢ | ᠬᠥᠮᠦᠵᠢᠬᠦᠯᠬᠦ ᠪᠠᠷ ᠬᠡᠷ ᠪᠦᠯᠢ ᠶᠢᠨ ᠰᠡᠷᠭᠡᠶᠢᠯᠡᠯᠲᠡ ᠶᠢᠨ ᠤᠬᠠᠮᠰᠠᠷ ᠢ ᠠᠬᠢᠭᠤᠯᠵᠤ ᠂ ᠰᠤᠷᠤᠭᠴᠢᠳ ᠢᠶᠠᠷ ᠰᠡᠷᠭᠡᠶᠢᠯᠡᠯᠲᠡ ᠪᠤᠯᠭᠠᠬᠰᠠᠨ ᠵᠥᠭᠡᠯᠡᠨ | ᠲᠣᠨᠤᠭ ᠢ ᠦᠨᠴᠦᠭ ᠪᠤᠯᠤᠩ ᠥᠬᠡᠶ ᠳᠡᠯᠭᠡᠷᠡᠭᠦᠯᠦᠨ ᠤᠭᠰᠠᠷᠠᠬᠤ ᠶᠢ ᠠᠬᠢᠭᠤᠯᠪᠠ ᠃ | ︽ ᠨᠠᠷᠢᠯᠢᠭ ᠣᠨᠣᠴᠠᠲᠠᠶ ᠪᠠᠷ ᠤᠬᠠᠭᠤᠯᠤᠨ ᠰᠡᠷᠭᠡᠶᠢᠯᠡᠬᠦ ᠳᠤᠮᠳᠠ ᠂ ᠪᠢᠳᠡ ᠳ᠋ᠢᠶᠠᠩᠬᠤᠸᠠ ᠪᠠᠷ ᠤᠬᠠᠭᠤᠯᠤᠨ ᠲᠠᠶᠢᠯᠪᠤᠷᠢᠯᠠᠬᠤ ᠂ ᠠᠭᠤᠯᠵᠠᠵᠤ | ᠤᠬᠠᠭᠤᠯᠤᠨ ᠲᠠᠶᠢᠯᠪᠤᠷᠢᠯᠠᠬᠤ ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠲᠤ ᠴᠠᠬᠢᠯᠭᠠᠨ | ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠶᠢ ᠰᠠᠨᠠᠭᠤᠯᠵᠤ ᠂ ᠪᠥᠬᠦ ᠬᠤᠰᠢᠭᠤᠨ ᠤ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠮᠡᠬᠡᠯᠡᠭᠰᠡᠨ ᠬᠡᠷᠡᠭ | ᠵᠢᠴᠢ ᠠᠷᠠᠳ ᠣᠯᠠᠨ ᠤ ᠡᠳ᠋ ᠬᠥᠷᠥᠩᠭᠡ ᠶᠢᠨ ᠬᠤᠬᠢᠷᠠᠯ ᠢ ᠢᠯᠡᠳᠲᠡ ᠪᠠᠭᠠᠰᠬᠠᠬᠤ ᠶᠢ ᠴᠢᠷᠮᠠᠶᠢᠨ ᠪᠡᠶᠡᠯᠡᠭᠦᠯᠵᠤ ᠪᠤᠢ ᠃ ᠠᠳᠡ ᠪᠠᠰᠠ ᠥᠷᠭᠡᠨ | ᠣᠯᠠᠨ ᠰᠠᠭᠤᠭᠠᠯᠢ ᠠᠷᠠᠳ ᠨᠠᠶᠢᠵᠠ ᠨᠦᠬᠦᠳ ᠲᠤ ᠰᠠᠨᠠᠭᠤᠯᠬᠤ ᠨᠢ ᠂ ᠲᠣᠳᠣᠷᠬᠠᠶ ᠪᠤᠰᠤ ᠬᠤᠯᠪᠤᠭᠠᠰᠤ ᠲᠠᠭᠠᠷᠠᠯᠳᠤᠪᠠᠯ ᠳᠤᠷ᠎ᠠ ᠪᠠᠷ ᠢᠶᠠᠨ ᠨᠡᠭᠡᠭᠡᠵᠤ | ᠪᠣᠯᠬᠤ ᠥᠬᠡᠶ ᠂ ᠬᠢᠯᠪᠠᠷᠬᠠᠨ ᠢᠶᠠᠷ ᠲᠠᠩᠰᠠ ᠰᠢᠯᠵᠢᠭᠦᠯᠦᠨ ᠵᠣᠭᠤᠰ ᠭᠤᠪᠢᠭᠤᠯᠵᠤ ᠪᠣᠯᠬᠤ ᠥᠬᠡᠶ ᠂ ᠥᠪᠡᠷ ᠤᠨ ᠵᠣᠭᠤᠰ ᠤᠨ ᠪᠣᠭᠴᠣ ᠪᠠᠨ | ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ︾ ᠭᠡᠮᠠᠨ ᠰᠢᠤᠸᠠᠢ ᠵᠢᠶᠠ ᠸᠠᠨ ᠤ ᠬᠤᠶᠠᠳᠤᠭᠠᠷ ᠲᠣᠮᠢᠯᠠᠭᠰᠠᠨ ᠭᠠᠵᠠᠷ ᠤᠨ ᠠᠷᠠᠳ ᠤᠨ ᠴᠠᠭᠳᠠᠭ᠎ᠠ ᠵᠠᠩ ᠵᠠᠨ ᠰᠢᠨ | ᠶᠠᠷᠢᠨ᠎ᠠ ᠃ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠭᠦᠶᠴᠡᠳᠬᠡᠬᠦ ᠴᠣᠩᠬᠤᠪᠴᠢ ᠳᠤ ᠂ ᠲᠤᠬᠠᠢᠢᠯᠠᠭᠰᠠᠨ ᠠᠵᠢᠯ ᠢᠶᠠᠨ | ᠭᠦᠶᠴᠡᠳᠬᠡᠬᠦ ᠪᠠᠷ ᠢᠷᠡᠭᠰᠡᠨ ᠬᠤᠲᠠ ᠶᠢᠨ ᠠᠷᠠᠳ ᠲᠠᠰᠤᠷᠠᠯᠲᠠ ᠥᠬᠡᠶ ᠴᠤᠪᠤᠷᠠᠵᠤ ᠂ ᠠᠵᠢᠯᠲᠠᠨ ᠤ ᠳᠠᠭᠠᠭᠤᠯᠭ᠎ᠠ ᠳᠣᠤᠷ᠎ᠠ ᠂ ᠡᠮᠬᠢ | ᠳᠢᠭᠯᠢᠮ ᠲᠠᠢ ᠪᠠᠷ ᠳ᠋ᠤᠭᠠᠷ ᠠᠪᠬᠤ ᠂ ᠮᠥᠷᠯᠡᠬᠦ ᠂ ᠭᠦᠶᠴᠡᠳᠬᠡᠬᠦ ᠶᠢ ᠶᠠᠪᠤᠭᠳᠠᠭᠤᠯᠤᠨ᠎ᠠ ᠃ ᠬᠤᠲᠠ ᠶᠢᠨ ᠠᠷᠠᠳ ᠱᠢ ᠯᠸᠢ ᠭᠡᠷ ᠤᠨ | ᠬᠥᠮᠦᠰ ᠢᠶᠠᠨ ᠬᠠᠪᠰᠤᠷᠤᠨ ᠪᠠᠷᠢᠴᠠᠭ᠎ᠠ ᠳᠠᠶᠢᠯᠬᠤ ᠠᠵᠢᠯ ᠤᠨ ᠳᠤᠬᠠᠢ ᠣᠢᠢᠯᠠᠭᠠᠵᠤ ᠪᠠᠶᠢᠯ᠎ᠠ ᠂ ᠬᠡᠳᠦᠬᠡᠨ ᠮᠢᠨᠦ᠋ᠲ ᠤᠨ ᠳᠣᠲᠣᠷ᠎ᠠ ᠲᠡᠭᠦᠨ ᠳᠤ ᠰᠠᠶᠢᠬᠠᠨ | ᠤᠶᠢᠯᠠᠭᠠᠭᠤᠯᠵᠠᠢ ᠂ ᠡᠨᠡ ᠶᠠᠪᠤᠴᠠ ᠨᠢ ᠲᠦᠷᠭᠡᠨ ᠮᠥᠷᠲᠡᠭᠡᠨ ᠳᠥᠭᠦᠮ ᠶᠠᠪᠤᠬᠳᠠᠵᠤ ᠱᠢ ᠯᠸᠢ ᠮᠠᠰᠢ ᠰᠡᠳᠬᠢᠯ ᠬᠠᠨᠤᠮᠵᠢᠲᠠᠶ ᠪᠠᠶᠢᠪᠠ ᠃ | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠬᠤᠰᠢᠭᠤᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ 《 ᠲᠠᠯᠪᠢᠬᠤ ᠬᠠᠮᠢᠶᠠᠷᠬᠤ ᠦᠢᠯᠡᠴᠢᠯᠡᠬᠦ 》 | ᠥᠭᠡᠷᠡᠴᠢᠯᠡᠯᠲᠡ ᠶᠢ ᠲᠠᠰᠤᠷᠠᠯᠲᠠ ᠦᠭᠡᠶ ᠭᠦᠨᠵᠡᠭᠡᠶᠢᠷᠡᠭᠦᠯᠵᠦ ᠂ ︽ ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ︾ ᠴᠣᠩᠬᠤᠪᠴᠢ ᠳᠤ | ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠂ ᠨᠠᠰᠤᠲᠠᠶᠢᠴᠤᠳ ᠲᠤ ᠲᠤᠰᠬᠠᠶ ᠤᠶᠢᠯᠡᠴᠢᠯᠡᠬᠦ ᠦᠶᠯᠡᠴᠢᠯᠡᠭᠡ ᠶᠢ ᠬᠡᠷᠡᠭᠵᠢᠭᠦᠯᠦᠨ ᠂ ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ 80% ᠠᠴᠠ ᠳᠡᠭᠡᠭᠰᠢᠬᠢ ᠦᠶᠯᠡᠴᠢᠯᠡᠭᠡᠨ ᠤ ᠳᠦᠷᠤᠯ ᠵᠤᠶᠢᠯ ᠢ ᠵᠠᠰᠠᠭ ᠤᠨ ᠶᠠᠪᠤᠳᠠᠯ ᠤᠨ ᠲᠠᠪᠴᠠᠩ ᠲᠠᠢ | ᠵᠠᠯᠭᠠᠯᠳᠤᠭᠤᠯᠤᠨ ᠣᠷᠣᠭᠤᠯᠬᠤ ᠶᠢ ᠠᠬᠢᠭᠤᠯᠵᠤ ᠂ ︽ ᠰᠦᠯᠵᠢᠶᠡᠨ ᠳᠡᠭᠡᠷ᠎ᠡ ᠭᠦᠶᠴᠡᠳᠬᠡᠬᠦ ︾ ᠂ ︽ ᠨᠢᠭᠡ ᠰᠦᠯᠵᠢᠶ᠎ᠡ ᠪᠠᠷ ᠨᠡᠶᠢᠳᠡᠮ | ᠭᠦᠶᠴᠡᠳᠬᠡᠬᠦ ︾ ᠂ ︽ ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ ︾ ᠵᠡᠷᠭᠡ ᠣᠯᠠᠨ ᠵᠦᠶᠯ ᠤᠨ ᠠᠷᠭ᠎ᠠ ᠬᠡᠮᠵᠢᠶ᠎ᠡ ᠶᠢ | ᠠᠪᠴᠤ ᠂ ᠡᠯ᠎ᠡ ᠳᠦᠷᠤᠯ ᠤᠨ ᠠᠵᠢᠯ ᠢ ᠪᠣᠳᠠᠲᠠᠶ ᠨᠠᠷᠢᠯᠢᠭ ᠪᠥᠭᠡᠳ ᠭᠦᠶᠴᠡᠳ ᠬᠢᠵᠦ ᠂ ᠴᠢᠨᠠᠷ ᠰᠠᠶᠢᠲᠠᠶ ᠂ ᠥᠨᠳᠥᠷ ᠪᠦᠲᠦᠮᠵᠢᠲᠡᠶ | ᠦᠶᠯᠡᠴᠢᠯᠡᠭᠡ ᠪᠠᠷ ᠥᠷᠭᠡᠨ ᠣᠯᠠᠨ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠵᠤ ᠪᠠᠶᠢᠨ᠎ᠠ ᠃ | ︽ ᠲᠠᠷᠠᠭᠠᠴᠢ ᠶᠢᠨ ᠠᠯᠬᠤᠮ ᠳᠤ ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠬᠤᠳᠠᠯᠳᠤᠭ᠎ᠠ ᠡᠷᠭᠢᠯᠡᠬᠦ ᠣᠷᠴᠢᠨ ᠠᠬᠤᠢ ᠪᠠᠨ | ᠦᠷᠭᠦᠯᠵᠢᠯᠡᠨ ᠰᠢᠯᠢᠳᠡᠭᠵᠢᠭᠦᠯᠵᠦ ᠂ ᠣᠯᠠᠨ ᠲᠦᠮᠡᠨ ᠂ ᠠᠵᠤ ᠠᠬᠤᠢᠢᠯᠠᠯ ᠳᠤ ᠪᠣᠳᠠᠲᠠᠶ ᠠᠵᠢᠯ ᠬᠢᠵᠦ ᠂ ᠬᠦᠴᠢᠷ ᠠᠰᠠᠭᠤᠳᠠᠯ ᠢ ᠰᠢᠶᠳᠪᠦᠷᠢᠯᠡᠨ | ᠥᠭᠴᠦ ᠂ ᠦᠶᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠨ ᠂ ᠦᠶᠯᠡᠴᠢᠯᠡᠭᠡᠨ ᠤ ᠴᠢᠳᠠᠪᠤᠷᠢ ᠪᠠ ᠦᠶᠯᠡᠴᠢᠯᠡᠭᠡᠨ ᠤ | ᠴᠢᠨᠠᠷᠵᠢᠯ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ ︾ ᠭᠡᠵᠦ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠵᠢᠭᠠᠨ | ᠵᠢᠯᠤᠭᠤᠳᠤᠭᠴᠢ ᠯᠢ ᠵᠢᠶᠠ ᠰᠢᠨ ᠶᠠᠷᠢᠨ᠎ᠠ ᠃ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ ᠂ | ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠪᠠᠷ ᠤᠳᠤᠷᠢᠳᠤᠮᠵᠢ ᠪᠣᠯᠭᠠᠨ ᠂ ᠣᠯᠠᠨ ᠠᠷᠭ᠎ᠠ ᠵᠠᠮ ᠢᠶᠠᠷ ᠠᠵᠤ | ᠠᠬᠤᠢᠢᠯᠠᠯ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠨ ᠠᠪᠴᠤ ᠂ ᠦᠶᠯᠡᠴᠢᠯᠡᠭᠡᠨ ᠤ ᠠᠷᠭ᠎ᠠ ᠮᠠᠶ᠋ᠢᠭ ᠢᠶᠠᠨ ᠬᠤᠪᠢᠷᠠᠭᠤᠯᠤᠨ ᠂ | ᠠᠵᠢᠯ ᠤᠨ ᠰᠡᠳᠬᠢᠴᠡ ᠪᠠᠨ ᠬᠤᠪᠢᠷᠠᠭᠤᠯᠵᠤ ᠂ ᠠᠵᠢᠯ ᠤᠨ ᠤᠳᠤᠷᠢᠳᠤᠮᠵᠢ ᠪᠠᠨ ᠬᠤᠪᠢᠷᠠᠭᠤᠯᠤᠨ ᠂ ︽ ᠶᠠᠭᠤ ᠶᠢ ᠠᠳᠬᠤᠬᠤ ︾ ᠪᠠ | ︽ ᠶᠠᠭᠠᠬᠢᠵᠤ ᠠᠳᠬᠤᠬᠤ ︾ ᠠᠰᠠᠭᠤᠳᠠᠯ ᠤᠨ ᠤᠶᠠᠯᠳᠤᠯ ᠢ ᠰᠠᠶᠢᠲᠤᠷ ᠰᠢᠶᠳᠪᠦᠷᠢᠯᠡᠵᠦ ᠂ ︽ ᠰᠡᠳᠬᠢᠯ ᠢ ᠳᠤᠯᠠᠭᠠᠴᠠᠭᠤᠯᠬᠤ ︾ ᠣᠷᠴᠢᠨ | ᠠᠬᠤᠢ ᠪᠠ ︽ ᠰᠠᠨᠠᠭ᠎ᠠ ᠠᠮᠤᠷ ︾ ᠣᠷᠴᠢᠨ ᠠᠬᠤᠢ ᠶᠢᠨ ᠤᠶᠠᠯᠳᠤᠯ ᠢ ᠪᠣᠶ ᠪᠣᠯᠭᠠᠵᠤ ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠠᠬᠤᠢ | ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ︽ ᠬᠠᠮᠳᠤᠷᠠᠯ ᠬᠦᠴᠤᠨ ︾ ᠢ ᠪᠣᠶ ᠪᠣᠯᠭᠠᠵᠤ ᠂ ᠵᠡᠭᠦᠨᠭᠠᠷ ᠬᠤᠰᠢᠭᠤᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠤᠢ ᠃ | |