| | | | ᠤᠢᠢᠷ᠎ᠠ ᠶᠢᠨ ᠵᠢᠯ ᠠᠴᠠ ᠨᠠᠭᠠᠰᠢ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠲᠦᠷᠭᠡᠳᠦᠭᠰᠡᠨ ᠵᠢᠴᠢ ᠠᠷᠠᠳ ᠲᠤ | ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢ ᠲᠠᠰᠤᠷᠠᠯᠲᠠ ᠦᠭᠡᠢ ᠨᠠᠶᠢᠳᠠᠪᠤᠷᠢᠵᠢᠭᠤᠯᠬᠤ ᠶᠢ ᠲᠠᠭᠠᠯᠳᠤᠨ ᠂ ᠨᠢᠭᠡ ᠪᠦᠯᠦᠭ ᠦᠵᠡᠯ | ᠪᠤᠳᠤᠯ ᠲᠠᠢ ᠂ ᠮᠡᠳᠡᠯᠭᠡ ᠮᠡᠳᠡᠴᠡ ᠲᠠᠢ ᠂ ᠬᠦᠰᠡᠯ ᠵᠤᠷᠢᠯᠳᠠ ᠲᠠᠢ ᠂ ᠡᠬᠢ ᠪᠠᠶᠠᠯᠢᠭ ᠲᠠᠢ ᠂ ᠡᠷᠳᠡᠮ ᠴᠢᠳᠠᠪᠤᠷᠢ ᠲᠠᠢ ᠬᠦᠮᠤᠰ ᠰᠢᠨ᠎ᠡ | ᠤᠢᠢᠯᠠᠭᠠᠭᠳᠠᠬᠤᠨ ᠪᠠ ᠮᠡᠷᠭᠡᠵᠢᠯ ᠢ ᠠᠪᠴᠤ ᠨᠤᠲᠤᠭ ᠲᠠᠭᠠᠨ ᠪᠤᠴᠠᠵᠤ ᠦᠢᠯᠡᠰ ᠪᠦᠳᠤᠭᠡᠨᠠ ᠃ ᠲᠡᠳᠡ ᠦᠨᠳᠦᠰᠦᠨ ᠱᠠᠲᠤᠨ ᠳᠤ ᠨᠤᠳᠤᠬᠰᠢᠨ ᠂ | ᠬᠠᠨᠴᠤᠢ ᠰᠢᠮᠠᠯᠠᠨ ᠬᠦᠴᠦ ᠬᠥᠯᠥᠰᠥ ᠪᠠᠨ ᠤᠷᠤᠰᠬᠠᠵᠤ ᠂ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠳᠦᠷᠬᠦ ᠪᠠᠶᠢᠳᠠᠯ ᠢ ᠢᠯᠡᠷᠡᠭᠦᠯᠵᠤ ᠪᠤᠢ ᠃ ᠱᠢ ᠡᠯ ᠯᠢᠶᠠᠨ ᠴᠧᠩ ᠰᠢᠶᠠᠩ ᠤᠨ ᠬᠦᠭᠡᠪᠤᠷ ᠲᠣᠰᠬᠤᠨ ᠤ ᠠᠷᠠᠳ ᠠᠳᠢᠶ᠎ᠠ ᠪᠣᠯ | ᠲᠡᠳᠡᠨ ᠤ ᠳᠣᠲᠣᠷᠠᠬᠢ ᠨᠢᠭᠡ ᠭᠡᠰᠢᠭᠦᠨ ᠪᠣᠯᠤᠨ᠎ᠠ ᠃ | ᠠᠳᠢᠶ᠎ᠠ ᠶᠢᠨ ᠲᠡᠵᠢᠭᠡᠨ ᠦᠷᠡᠵᠢᠭᠦᠯᠬᠦ ᠲᠠᠯᠠᠪᠠᠶ ᠳᠤ ᠬᠦᠷᠬᠦ ᠳᠤ ᠂ ᠬᠤᠨᠢᠨ ᠬᠠᠰᠢᠶᠠᠨ ᠳᠠᠬᠢ ᠪᠡᠶ᠎ᠠ ᠪᠢᠯᠳᠠᠷ ᠨᠢ ᠠᠳᠠᠯᠢ ᠪᠤᠰᠤ ᠬᠤ᠋ ᠶᠠᠩ ᠬᠤᠨᠢ | ᠨᠢ ᠳᠠᠷᠭᠤ ᠰᠠᠶᠢᠳᠠᠢ ᠪᠠᠶᠢᠵᠤ ᠂ ᠵᠠᠷᠢᠮ ᠨᠢ ᠡᠪᠡᠰᠦ ᠢᠳᠡᠵᠦ ᠂ ᠵᠠᠷᠢᠮ ᠨᠢ ᠳᠤᠬᠯᠠᠨ ᠨᠠᠭᠠᠳᠴᠤ ᠂ ᠮᠠᠶᠢᠯᠠᠯᠳᠤᠨᠠ ᠃ ᠠᠳᠢᠶ᠎ᠠ 2016 ᠣᠨ ᠳᠤ | ᠨᠤᠲᠤᠭ ᠲᠠᠭᠠᠨ ᠪᠤᠴᠠᠵᠤ ᠲᠡᠵᠢᠭᠡᠪᠤᠷᠢ ᠶᠢᠨ ᠦᠢᠯᠡᠰ ᠢ ᠬᠥᠭᠵᠢᠭᠦᠯᠬᠦ ᠳᠡᠭᠡᠨ ᠠᠩᠬ᠎ᠠ ᠡᠬᠢᠨ ᠳᠡᠭᠡᠨ ᠤᠯᠠᠮᠵᠢᠯᠠᠯᠲᠤ ᠠᠷᠭ᠎ᠠ ᠪᠠᠷ ᠢᠮᠠᠭ᠎ᠠ ᠲᠡᠵᠢᠭᠡᠵᠦ | ᠪᠠᠶᠢᠪᠠ ᠂ ᠭᠡᠪᠡᠴᠦ ᠵᠦᠢᠯ ᠵᠦᠢᠯ ᠤᠨ ᠰᠢᠯᠲᠠᠭᠠᠨ ᠠᠴᠠ ᠪᠤᠯᠵᠤ ᠦᠷ᠎ᠡ ᠠᠰᠢᠭ ᠨᠢ ᠶᠡᠷᠦ ᠠᠴᠠ ᠲᠡᠶᠢᠮᠦ ᠰᠠᠶᠢᠨ ᠪᠢᠰᠢ ᠪᠠᠶᠢᠪᠠ ᠃ ᠰᠡᠭᠦᠯᠡᠷ ᠨᠢ ᠵᠠᠬ᠎ᠠ | ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠂ ᠬᠤ᠋ ᠶᠠᠩ ᠬᠤᠨᠢᠨ ᠤ ᠳᠠᠪᠠᠭᠤᠯᠢᠭ ᠢ ᠣᠢᠢᠯᠠᠭᠠᠵᠤ ᠂ ᠵᠠᠬ᠎ᠠ ᠳᠡᠯᠭᠡᠭᠦᠷ ᠤᠨ | ᠢᠷᠡᠭᠡᠳᠤᠢ ᠨᠢ ᠰᠠᠶᠢᠨ ᠪᠤᠯᠬᠤᠷ ᠠᠳᠢᠶ᠎ᠠ ᠰᠡᠳᠬᠢᠴᠡ ᠪᠠᠨ ᠬᠤᠪᠢᠷᠠᠭᠤᠯᠤᠨ ᠂ ᠤᠨᠴᠠᠯᠢᠬᠳᠤ ᠲᠡᠵᠢᠭᠡᠪᠤᠷᠢ ᠶᠢᠨ ᠦᠶᠯᠡᠰ ᠢ ᠴᠣᠭᠴᠠᠯᠠᠬᠤ ᠵᠠᠮ ᠢᠶᠠᠷ | ᠵᠠᠮᠨᠠᠭᠰᠠᠨ ᠪᠠᠶᠢᠨ᠎ᠠ ᠃ | ︽ 2017 ᠣᠨ ᠳᠤ ᠬᠤ᠋ ᠶᠠᠩ ᠬᠤᠨᠢᠨ ᠤ ᠬᠥᠭᠵᠢᠯᠲᠡ ᠶᠢᠨ ᠢᠷᠡᠭᠡᠳᠦᠶ ᠨᠢ ᠨᠡᠯᠢᠶᠡᠳ ᠰᠠᠶᠢᠨ ᠪᠠᠶᠢᠬᠤ ᠶᠢ ᠤᠯᠵᠤ ᠮᠡᠳᠡᠭᠡᠳ ᠵᠠᠬ᠎ᠠ | ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠵᠦ ᠂ 2018 ᠣᠨ ᠤ 4 ᠰᠠᠷ᠎ᠠ ᠳᠤ ᠨᠢᠭᠡ ᠪᠦᠯᠦᠭ ᠬᠤ᠋ ᠶᠠᠩ ᠬᠤᠨᠢ ᠶᠢ ᠬᠤᠳᠠᠯᠳᠤᠨ ᠠᠪᠴᠢᠷᠠᠵᠤ | ᠲᠤᠷᠰᠢᠨ ᠲᠡᠵᠢᠭᠡᠭᠡᠳ ᠦᠷ᠎ᠡ ᠠᠰᠢᠭ ᠨᠢ ᠮᠠᠰᠢ ᠰᠠᠶᠢᠨ ᠪᠤᠯᠤᠬᠰᠠᠨ ᠪᠠᠶᠢᠨ᠎ᠠ ᠂ 2018 ᠣᠨ ᠤ ᠡᠴᠦᠰ ᠲᠤ ᠪᠠᠰᠠ ᠨᠢᠭᠡ ᠪᠦᠯᠦᠭ ᠬᠤᠨᠢ ᠶᠢ | ᠬᠤᠳᠠᠯᠳᠤᠨ ᠠᠪᠴᠢᠷᠠᠵᠤ ᠳᠡᠵᠢᠭᠡᠨ ᠦᠷᠡᠵᠢᠭᠦᠯᠦᠭᠡᠳ ᠣᠲᠣ ᠪᠣᠯᠬᠤ ᠳᠤ 600 ᠭᠠᠷᠤᠶ ᠬᠤᠨᠢ ᠲᠠᠢ ᠪᠣᠯᠵᠣ ᠂ ᠵᠢᠯ ᠤᠨ ᠡᠴᠦᠰ ᠪᠣᠯᠬᠤ ᠳᠤ 1000 | ᠭᠠᠷᠤᠶ ᠬᠤᠨᠢ ᠲᠠᠢ ᠪᠤᠯᠬᠤ ᠪᠤᠯᠤᠨ᠎ᠠ ᠃ 100 ᠬᠤᠨᠢ 260 ᠬᠤᠷᠠᠭ᠎ᠠ ᠬᠤᠷᠠᠭᠠᠯᠠᠵᠤ ᠂ ᠨᠢᠭᠡ ᠬᠤᠷᠠᠭ᠎ᠠ ᠶᠢ ᠨᠢ 1100 — 1200 | ᠲᠥᠭᠦᠷᠢᠭ ᠢᠶᠠᠷ ᠬᠤᠳᠠᠯᠳᠤᠵᠤ ᠳᠡᠶᠢᠯᠦᠨ᠎ᠡ ︾ ᠭᠡᠵᠦ ᠠᠳᠢᠶ᠎ᠠ ᠶᠠᠷᠢᠨ᠎ᠠ ᠃ | ᠲᠦᠮᠡᠨ ᠬᠡᠷᠡᠭ ᠤᠨ ᠳᠦᠷᠦᠬᠦᠦ ᠠᠯᠬᠤᠮ ᠪᠡᠷᠬᠡ ᠭᠡᠳᠡᠭᠴᠢᠯᠡᠨ ᠂ ᠬᠤᠷᠠᠭ᠎ᠠ ᠪᠠᠨ ᠰᠠᠶᠢᠬᠠᠨ ᠠᠷᠠᠴᠢᠯᠠᠨ ᠲᠡᠵᠢᠭᠡᠬᠦ ᠶᠢᠨ ᠲᠥᠯᠥᠭᠡ ᠠᠳᠢᠶ᠎ᠠ | ᠲᠤᠰᠬᠠᠶ ᠲᠡᠵᠢᠭᠡᠯ ᠪᠣᠷᠳᠤᠭ᠎ᠠ ᠬᠤᠳᠠᠯᠳᠤᠨ ᠠᠪᠬᠤ ᠶᠢᠨ ᠳᠠᠭᠠᠤ ᠲᠤᠰᠬᠠᠶ ᠮᠡᠷᠭᠡᠵᠢᠯᠲᠡᠨ ᠠᠴᠠ ᠲᠡᠵᠢᠭᠡᠨ ᠦᠷᠡᠵᠢᠭᠦᠯᠬᠦ ᠮᠡᠷᠭᠡᠵᠢᠯ ᠰᠤᠷᠴᠠᠢ ᠃ ᠲᠡᠭᠦᠨ ᠤ | ᠨᠠᠷᠢᠨ ᠨᠢᠮᠪᠠᠶ ᠠᠷᠠᠴᠢᠯᠠᠭ᠎ᠠ ᠳᠣᠤᠷ᠎ᠠ ᠂ ᠬᠤᠳᠠᠯᠳᠤᠨ ᠠᠪᠴᠢᠷᠠᠬᠰᠠᠨ ᠬᠤ᠋ ᠶᠠᠩ ᠬᠤᠨᠢ ᠨᠢ ᠲᠠᠷᠭᠤ ᠬᠦᠴᠦ ᠰᠠᠶᠢᠲᠠᠶ ᠪᠠᠶᠢᠨ᠎ᠠ ᠂ ᠬᠡᠳᠦᠨ ᠵᠢᠯ ᠤᠨ | ᠲᠤᠷᠰᠢ ᠂ ᠰᠤᠷᠴᠤ ᠰᠤᠳᠤᠯᠬᠤ ᠳᠤᠷᠠᠳᠠᠢ ᠳᠡᠷᠡ ᠮᠠᠯ ᠠᠬᠤᠢ ᠶᠢ ᠤᠶᠢᠯᠭᠠᠵᠤ ᠮᠡᠳᠡᠬᠦ ᠦᠭᠡᠢ ᠬᠥᠮᠦᠨ ᠪᠠᠶᠢᠬᠰᠠᠨ ᠠᠴᠠ ᠪᠠᠨ ᠲᠤᠰᠬᠠᠶ ᠮᠡᠷᠭᠡᠵᠢᠯ ᠤᠨ | ︽ ᠬᠤᠨᠢᠴᠢᠨ ︾ ᠪᠣᠯᠵᠣ ᠬᠦᠮᠤᠵᠢᠭ᠍ᠳᠡᠵᠡᠢ ᠃ ᠡᠨᠡ ᠬᠤᠶᠠᠷ ᠵᠢᠯ ᠳᠤ ᠂ ᠬᠤ᠋ ᠶᠠᠩ ᠬᠤᠨᠢᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠰᠠᠶᠢᠨ | ᠮᠦᠷᠳᠡᠭᠡᠨ ᠲᠣᠭᠲᠠᠭᠤᠨ ᠂ ᠪᠣᠷᠣᠯᠠᠭᠤᠯᠭ᠎ᠠ ᠶᠢᠨ ᠵᠠᠮ ᠮᠦᠷ ᠨᠢ ᠴᠤ ᠰᠠᠶᠢᠨ ᠪᠠᠶᠢᠵᠤ ᠂ ᠠᠳᠢᠶ᠎ᠠ ᠬᠤ᠋ ᠶᠠᠩ ᠬᠤᠨᠢᠨ ᠤ ᠠᠵᠤ ᠦᠶᠯᠡᠰ ᠢ | ᠬᠥᠭᠵᠢᠭᠦᠯᠦᠭᠰᠡᠨ ᠢᠶᠠᠷ ᠠᠷᠠᠳ ᠣᠯᠠᠨ ᠤ ᠬᠤᠭᠤᠯᠠᠨ ᠰᠢᠷᠡᠭᠡᠨ ᠳᠡᠭᠡᠷᠡᠬᠢ ᠬᠤᠭᠤᠯᠠ ᠵᠠᠭᠤᠰᠢ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠂ | ᠥᠪᠡᠷ ᠤᠨ ︽ ᠵᠣᠭᠤᠰᠣᠨ ᠤᠭᠤᠲᠠ ︾ ᠪᠠᠨ ᠴᠦ ᠤᠯᠠᠮ ᠳᠦᠨᠳᠦᠶᠢᠯᠭᠡᠭᠰᠡᠨ ᠪᠠᠶᠢᠨ᠎ᠠ ᠃ | ᠠᠳᠢᠶ᠎ᠠ ᠄ 《 ᠡᠨᠡ ᠵᠢᠯ 400 ᠭᠠᠷᠤᠶ ᠬᠤᠨᠢ ᠬᠤᠳᠠᠯᠳᠤᠨ ᠪᠤᠷᠤᠯᠠᠭᠤᠯᠵᠤ ᠂ 50 ᠲᠦᠮᠡᠨ ᠲᠥᠭᠦᠷᠢᠭ ᠤᠨ ᠣᠷᠣᠯᠭ᠎ᠠ ᠲᠠᠢ ᠪᠣᠯᠤᠨ᠎ᠠ ᠂ | ᠳᠠᠷᠠᠭᠠᠴᠢ ᠶᠢᠨ ᠠᠯᠬᠤᠮ ᠳᠤ ᠬᠤᠨᠢᠨ ᠰᠦᠷᠦᠭ ᠢ ᠦᠷᠭᠦᠯᠵᠢᠯᠡᠨ ᠨᠡᠮᠡᠭᠳᠡᠬᠦᠯᠵᠤ ᠂ ᠦᠷᠡᠵᠢᠯ ᠤᠨ ᠰᠦᠷᠦᠭ ᠢ ᠰᠢᠯᠢᠳᠡᠭᠵᠢᠭᠦᠯᠦᠨ ᠂ ᠣᠯᠠᠨ | ᠬᠤᠷᠠᠭ᠎ᠠ ᠬᠤᠷᠠᠭᠠᠯᠠᠳᠠᠭ ᠢ ᠨᠢ ᠦᠯᠡᠳᠡᠭᠡᠵᠦ ᠂ ᠴᠥᠭᠡᠨ ᠬᠤᠷᠠᠭᠠᠯᠠᠳᠠᠭ ᠢ ᠨᠢ ᠰᠢᠭᠰᠢᠭᠳᠡᠭᠦᠯᠬᠦ ᠪᠠᠷ ᠲᠥᠯᠥᠪᠯᠡᠵᠦ ᠪᠠᠶᠢᠨ᠎ᠠ 》 ᠭᠡᠵᠤ ᠶᠠᠷᠢᠨ᠎ᠠ ᠃ | ᠣᠢᠢᠷ᠎ᠠ ᠶᠢᠨ ᠵᠢᠯ ᠤᠳ ᠲᠤ ᠂ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠨᠤᠲᠤᠭ ᠲᠠᠭᠠᠨ ᠪᠤᠴᠠᠵᠤ ᠦᠶᠯᠡᠰ ᠪᠦᠳᠤᠭᠡᠬᠦ ᠨᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠪᠣᠯᠵᠣ ᠂ ᠡᠯ᠎ᠡ ᠲᠥᠷᠥᠯ ᠤᠨ ᠬᠤᠯᠪᠤᠬᠳᠠᠯ ᠪᠥᠬᠦᠶ ᠲᠥᠷᠥ ᠶᠢᠨ ᠪᠣᠳᠣᠯᠭ᠎ᠠ ᠨᠢ ᠴᠦ | ᠲᠣᠰᠬᠤᠨ ᠤ ᠠᠷᠠᠳ ᠤᠨ ᠠᠳᠠᠯ ᠦᠶᠯᠡᠰ ᠪᠦᠳᠤᠭᠡᠬᠦ ᠳᠤ ᠬᠦᠴᠦᠲᠡᠶ ᠪᠠᠲᠤᠯᠠᠭ᠎ᠠ ᠬᠠᠩᠭᠠᠵᠤ ᠪᠠᠶᠢᠨ᠎ᠠ ᠃ ︽ ᠨᠤᠲᠤᠭ ᠤᠰᠤᠨ ᠳᠠᠭᠠᠨ ᠢᠨᠠᠬᠰᠢᠨ | ᠬᠤᠷᠭᠤᠳᠠᠬᠤ ᠪᠠᠷ ᠪᠠᠷᠠᠬᠤ ᠦᠭᠡᠢ ᠪᠠᠰᠠ ᠡᠬᠡ ᠨᠤᠲᠤᠭ ᠢᠶᠠᠨ ᠲᠠᠬᠢᠨ ᠴᠤᠬᠴᠠᠯᠠᠬᠤ ᠬᠡᠷᠡᠭᠲᠡᠢ ᠪᠠᠶᠢᠨ᠎ᠠ ᠃ ︾ ᠠᠳᠢᠶ᠎ᠠ ᠄ ︽ ᠨᠤᠲᠤᠭ ᠲᠠᠭᠠᠨ | ᠬᠠᠷᠢᠵᠤ ᠦᠶᠯᠡᠰ ᠪᠦᠳᠤᠭᠡᠭᠰᠡᠨ ᠮᠠᠨᠢ ᠪᠣᠯ ᠮᠢᠨᠦ ᠰᠤᠩᠭᠤᠬᠰᠠᠨ ᠬᠠᠮᠤᠭ ᠤᠨ ᠵᠥᠪ ᠰᠣᠩᠭᠤᠯᠲᠠ ᠪᠤᠯᠤᠨ᠎ᠠ ᠂ ᠢᠷᠡᠭᠡᠳᠦᠶ ᠳᠡᠭᠡᠨ ᠮᠠᠰᠢ ᠢᠲᠡᠭᠡᠯ ᠲᠠᠢ | ᠪᠠᠶᠢᠵᠤ ᠂ ᠥᠪᠡᠷ ᠢᠶᠠᠨ ᠪᠠᠶᠠᠵᠢᠬᠤ ᠪᠠᠷ ᠪᠠᠷᠠᠬᠤ ᠥᠬᠡᠶ ᠨᠠᠩ ᠣᠯᠠᠨ ᠲᠣᠰᠬᠤᠨ ᠤ ᠠᠷᠠᠳ ᠢ ᠳᠠᠭᠠᠭᠤᠯᠤᠨ ᠬᠤ᠋ ᠶᠠᠩ ᠬᠤᠨᠢ ᠲᠡᠵᠢᠭᠡᠵᠦ ᠂ | ᠪᠠᠶᠠᠵᠢᠬᠤ ᠠᠷᠭ᠎ᠠ ᠵᠠᠮ ᠢ ᠥᠷᠭᠡᠳᠬᠡᠨ ᠂ ᠬᠡᠪᠴᠢᠶᠡᠵᠢᠭᠦᠯᠦᠨ ᠡᠵᠡᠩᠨᠡᠬᠦ ᠵᠠᠮ ᠢᠶᠠᠷ ᠵᠠᠮᠨᠠᠵᠤ ᠂ ᠨᠢᠭᠡ ᠪᠦᠯᠦᠭ ᠳᠤᠮᠳᠠ ᠵᠢᠵᠢᠭ ᠲᠡᠵᠢᠭᠡᠨ ᠦᠷᠡᠵᠢᠭᠦᠯᠬᠦ | ᠡᠷᠦᠬᠡ ᠶᠢ ᠬᠥᠭᠵᠢᠭᠦᠯᠵᠦ ᠂ ᠬᠠᠮᠲᠤ ᠪᠠᠷ ︿ ᠬᠤᠨᠢ ᠳᠡᠵᠢᠭᠡᠬᠦ ﹀ ᠰᠠᠷᠠᠭᠤᠯ ᠳᠠᠷᠳᠠᠩ ᠵᠠᠮ ᠢᠶᠠᠷ ᠵᠠᠮᠨᠠᠵᠤ ᠂ ᠬᠥᠷ ᠬᠥᠭᠵᠢᠶᠡᠨ ᠲᠠᠢ | ᠴᠢᠨᠡᠭᠡᠯᠢᠭ ᠠᠮᠢᠳᠤᠷᠠᠯ ᠢ ᠡᠳ᠋ᠯᠡᠭᠦᠯᠤᠨᠠ ︾ ᠭᠡᠮᠡᠨ ᠪᠠᠶᠠᠷᠳᠠᠢ ᠶᠠᠷᠢᠨ᠎ᠠ ᠃ | |