ᠬᠤᠵᠢᠷᠯᠢᠬ ᠭᠠᠵᠠᠷ ᠲᠤ ᠰᠠᠮ ᠬᠤᠷᠣᠬᠠᠶ ᠲᠡᠵᠢᠭᠡᠵᠤ ᠠᠷᠠᠳ  ᠢ ᠪᠠᠶᠠᠵᠢᠭᠤᠯᠵᠤ ᠲᠣᠰᠬᠤᠨ  ᠢ ᠬᠦᠴᠦᠷᠬᠡᠭᠵᠢᠭᠦᠯᠬᠦ ᠬᠦᠰᠡᠯ ᠡᠷᠡᠮᠡᠯᠵᠡᠯ  ᠪᠡᠶᠡᠯᠡᠭᠳᠡᠨ᠎ᠠ
ᠨᠡᠶᠢᠲᠡᠯᠡᠭᠰᠡᠨ ᠴᠠᠭ᠄
2022/8/2
     ᠣᠢᠢᠷ᠎ᠠ  ᠳᠤ  ᠂  ᠱᠢ ᠡᠯ ᠯᠢᠶᠠᠨ ᠴᠧᠩ ᠰᠢᠶᠠᠩ ᠤᠨ ᠵᠢᠤᠢ ᠾᠧ ᠲᠠᠨ ᠲᠣᠰᠬᠤᠨ  ᠤ ᠬᠢᠨ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ  ᠶᠢ ᠲᠡᠵᠢᠭᠡᠨ ᠦᠷᠡᠵᠢᠭᠦᠯᠬᠦ ᠲᠥᠷᠥᠯ ᠵᠦᠶᠯ  ᠢ ᠣᠷᠣᠭᠤᠯᠤᠨ  ᠠᠪᠴᠢᠷᠠᠵᠤ  ᠂ ᠲᠦᠷᠦᠭᠦᠦ ᠪᠦᠯᠦᠭ  ᠲᠤ ᠨᠡᠶᠢᠲᠡ 120 ᠲᠦᠮᠡᠨ ᠰᠠᠮ ᠬᠤᠷᠣᠬᠠᠶ  ᠶᠢᠨ  ᠵᠢᠷᠠᠭᠠᠬᠠᠢ ᠲᠠᠯᠪᠢᠭᠰᠠᠨ ᠪᠠᠶᠢᠨ᠎ᠠ  ᠃
1.jpg    
      ᠰᠤᠷᠪᠤᠯᠵᠢᠯᠠᠭᠴᠢ ᠰᠠᠮ  ᠤᠨ ᠵᠢᠷᠠᠭᠠᠬᠠᠢ ᠲᠠᠯᠪᠢᠭᠰᠠᠨ ᠲᠤᠬᠠᠶ  ᠶᠢᠨ ᠲᠠᠯᠠᠪᠤᠷ  ᠠᠴᠠ ᠣᠢᠢᠯᠠᠭᠠᠭᠰᠠᠨ  ᠢᠶᠠᠷ  ᠂ ᠵᠢᠤᠢ ᠾᠧ ᠲᠠᠨ ᠲᠣᠰᠬᠤᠨ  ᠤ ᠡᠮᠦᠨᠡᠲᠦ ᠠᠮᠧᠷᠢᠺᠠ  ᠶᠢᠨ ᠴᠠᠭᠠᠨ ᠰᠠᠮ ᠬᠤᠷᠣᠬᠠᠶ ᠲᠡᠵᠢᠭᠡᠨ ᠦᠷᠡᠵᠢᠭᠦᠯᠬᠦ ᠲᠥᠷᠥᠯ ᠵᠦᠶᠯ  ᠤᠨ ᠲᠣᠰ ᠤᠳᠠᠭᠠᠨ  ᠤ  ᠳᠡᠵᠢᠭᠡᠬᠦ ᠲᠠᠯᠠᠪᠠᠶ ᠨᠢ 100 ᠮᠥ ᠪᠣᠯᠤᠨ᠎ᠠ  ᠃ ᠬᠤᠰᠢᠭᠤᠨ  ᠤ ᠲᠠᠷᠢᠶᠠᠯᠠᠩ ᠮᠠᠯ ᠠᠵᠤ ᠠᠬᠤᠶ  ᠶᠢᠨ ᠶᠡᠷᠦᠩᠬᠡᠶᠢᠯᠡᠭᠰᠡᠨ ᠦᠶᠯᠡᠴᠢᠯᠡᠭᠡᠨ  ᠤ ᠲᠥᠪ  ᠨᠢ ᠡᠮᠦᠨᠡᠬᠢ ᠬᠤᠭᠤᠴᠠᠭᠠᠨ  ᠤ ᠤᠰᠤᠨ  ᠤ ᠴᠢᠨᠠᠷ  ᠢ ᠲᠤᠷᠰᠢᠨ ᠲᠣᠬᠢᠷᠠᠭᠤᠯᠬᠤ  ᠂ ᠰᠢᠯᠭᠠᠨ ᠪᠠᠶᠢᠴᠠᠭᠠᠬᠤ  ᠪᠠᠷ ᠳᠡᠮᠵᠢᠨ  ᠂ ᠡᠴᠦᠰ  ᠲᠡᠭᠡᠨ ᠵᠢᠤᠢ ᠾᠧ ᠲᠠᠨ ᠲᠣᠰᠬᠤᠨ  ᠤ ᠬᠠᠮᠲᠤ  ᠶᠢᠨ ᠠᠵᠤ ᠠᠬᠤᠶ  ᠳᠤ ᠬᠠᠷᠢᠶᠠᠯᠠᠭᠳᠠᠬᠤ ᠵᠢᠭᠠᠰᠤᠨ ᠴᠥᠭᠦᠷᠥᠮ  ᠳᠤ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠬᠢᠬᠦ  ᠪᠠᠷ ᠲᠣᠭᠲᠠᠪᠠ  ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ  ᠶᠢᠨ ᠶᠡᠷᠦᠩᠬᠡᠶᠢᠯᠡᠭᠰᠡᠨ ᠦᠶᠯᠡᠴᠢᠯᠡᠭᠡᠨ  ᠤ ᠲᠥᠪ ᠨᠢ ᠪᠠᠰᠠ ᠲᠡᠵᠢᠭᠡᠨ ᠦᠷᠡᠵᠢᠭᠦᠯᠬᠦ ᠡᠷᠦᠬᠡ  ᠳᠤ ᠰᠠᠮ ᠬᠤᠷᠣᠬᠠᠶ  ᠶᠢᠨ  ᠵᠢᠷᠠᠭᠠᠬᠠᠢ ᠵᠢᠴᠢ ᠲᠡᠵᠢᠭᠡᠨ ᠦᠷᠡᠵᠢᠭᠦᠯᠬᠦ ᠮᠡᠷᠭᠡᠵᠢᠯ  ᠤᠨ ᠵᠢᠯᠣᠭᠤᠳᠣᠯᠭ᠎ᠠ  ᠶᠢ ᠰᠦᠶᠳᠬᠡᠯ ᠬᠤᠷᠢᠶᠠᠬᠤ ᠥᠬᠡᠶ  ᠪᠠᠷ ᠬᠠᠩᠭᠠᠵᠤ  ᠂  ᠤᠶᠢᠷ᠎ᠠ  ᠬᠠᠪᠢ ᠶᠢᠨ ᠭᠠᠵᠠᠷ ᠣᠷᠣᠨ  ᠤ ᠬᠤᠵᠢᠷᠯᠢᠬ ᠭᠠᠵᠠᠷ  ᠤᠨ ᠵᠢᠭᠠᠰᠤᠨ ᠠᠵᠤ ᠠᠬᠤᠶ  ᠶᠢᠨ ᠠᠵᠤ ᠦᠶᠯᠡᠰ  ᠤᠨ ᠬᠥᠭᠵᠢᠯᠲᠡ ᠶᠢ  ᠳᠠᠶᠢᠴᠢᠯᠠᠨ ᠳᠠᠭᠠᠭᠤᠯᠬᠤ  ᠪᠠ ᠬᠤᠵᠢᠷᠯᠢᠬ ᠭᠠᠵᠠᠷ ᠢ ᠰᠠᠶᠢᠵᠢᠷᠠᠭᠤᠯᠬᠤ  ᠬᠤᠤᠰ ᠠᠮᠵᠢᠯᠲᠠ  ᠶᠢ ᠤᠯᠵᠤ  ᠂ ᠲᠣᠰᠬᠤᠨ  ᠤ ᠠᠷᠠᠳ  ᠤᠨ ᠣᠷᠣᠯᠭ᠎ᠠ  ᠶᠢ ᠨᠡᠮᠡᠭᠳᠡᠭᠦᠯᠵᠤ ᠪᠠᠶᠢᠨ᠎ᠠ  ᠃     ᠬᠤᠰᠢᠭᠤᠨ ᠤ ᠲᠠᠷᠢᠶᠠᠯᠠᠩ ᠮᠠᠯ ᠠᠵᠤ ᠠᠬᠤᠶ  ᠶᠢᠨ ᠶᠡᠷᠦᠩᠬᠡᠶᠢᠯᠡᠭᠰᠡᠨ ᠦᠶᠯᠡᠴᠢᠯᠡᠭᠡᠨ  ᠤ ᠲᠥᠪ  ᠤᠨ ᠤᠰᠤᠨ ᠭᠠᠷᠤᠯᠲᠠ  ᠶᠢᠨ ᠮᠡᠷᠭᠡᠵᠢᠯ  ᠤᠨ ᠲᠠᠰᠤᠭ  ᠤᠨ ᠡᠷᠬᠢᠯᠡᠭᠴᠢ ᠯᠢ ᠭᠠᠩ  ᠄ ︽ ᠵᠢᠱᠢᠯᠲᠡ  ᠪᠠᠷ ᠡᠨᠡ ᠬᠦ ᠠᠵᠤ ᠦᠶᠯᠡᠰ  ᠤᠨ  ᠦᠶᠯᠡᠳᠬᠦᠨ  ᠤ ᠥᠷᠲᠡᠭ ᠨᠢ ᠮᠥ ᠪᠦᠷᠢ  ᠳᠡᠭᠡᠨ ᠬᠠᠮᠤᠭ ᠳᠣᠤᠷ᠎ᠠ  ᠳᠠᠭᠠᠨ 300 ᠵᠢᠩ ᠣᠷᠴᠢᠮ ᠬᠦᠷᠴᠦ  ᠂ ᠵᠠᠬ᠎ᠠ ᠳᠡᠯᠭᠡᠭᠦᠷ  ᠤᠨ   ᠰᠠᠮ ᠬᠤᠷᠣᠬᠠᠶ  ᠶᠢᠨ ᠦᠨ᠎ᠡ  ᠶᠢ ᠵᠢᠩ ᠪᠦᠷᠢ ᠳᠤ 50 ᠲᠥᠭᠦᠷᠢᠭ  ᠢᠶᠠᠷ ᠪᠤᠳᠤᠪᠠᠯ  ᠂ ᠠᠵᠤ ᠠᠬᠤᠶ  ᠶᠢᠨ ᠦᠷ᠎ᠡ ᠠᠰᠢᠭ ᠨᠢ ᠵᠢᠭᠠᠰᠤ ᠲᠡᠵᠢᠭᠡᠬᠦ  ᠠᠴᠠ ᠨᠠᠩ ᠰᠠᠶᠢᠨ ᠪᠣᠯᠤᠨ᠎ᠠ  ︾  ᠭᠡᠬᠦ ᠶᠤᠮ  ᠃
2.jpg    
     ᠵᠢᠤᠢ ᠾᠧ ᠲᠠᠨ ᠲᠣᠰᠬᠤᠨ ᠪᠣᠯ ᠮᠠᠨ  ᠤ ᠬᠤᠰᠢᠭᠤᠨ  ᠤ ᠤᠰᠤᠨ ᠭᠠᠷᠤᠯᠲᠠ  ᠶᠢᠨ ᠲᠡᠵᠢᠭᠡᠨ ᠦᠷᠡᠵᠢᠭᠦᠯᠬᠦ ᠭᠤᠤᠯᠳᠠᠯᠭ᠎ᠠ  ᠲᠠᠢ ᠣᠷᠣᠨ ᠪᠣᠯᠤᠨ᠎ᠠ  ᠂ ᠡᠨᠡ ᠤᠳᠠᠭ᠎ᠠ ᠬᠤᠵᠢᠷᠯᠢᠬ ᠭᠠᠵᠠᠷ  ᠲᠤ ᠡᠮᠦᠨᠡᠲᠦ ᠠᠮᠧᠷᠢᠺᠠ  ᠶᠢᠨ ᠴᠠᠭᠠᠨ ᠰᠠᠮ ᠬᠤᠷᠣᠬᠠᠶ ᠲᠡᠵᠢᠭᠡᠨ ᠦᠷᠡᠵᠢᠭᠦᠯᠬᠦ ᠲᠥᠷᠥᠯ ᠵᠦᠶᠯ  ᠢ ᠣᠷᠣᠭᠤᠯᠤᠨ ᠠᠪᠴᠢᠷᠠᠵᠤ  ᠂ ᠲᠤᠬᠠᠶ  ᠶᠢᠨ ᠭᠠᠵᠠᠷ  ᠤᠨ ᠪᠠᠶᠢᠭᠠᠯᠢ  ᠶᠢᠨ ᠡᠬᠢ ᠪᠠᠶᠠᠯᠢᠭ  ᠢ ᠭᠦᠶᠴᠡᠳ ᠠᠰᠢᠭᠯᠠᠨ  ᠂ ᠲᠡᠵᠢᠭᠡᠨ ᠦᠷᠡᠵᠢᠭᠦᠯᠬᠦ ᠭᠠᠷᠤᠯᠲᠠ  ᠶᠢᠨ ᠬᠡᠮᠵᠢᠶ᠎ᠡ  ᠶᠢ ᠳᠡᠭᠡᠭᠰᠢᠯᠡᠭᠦᠯᠦᠭᠰᠡᠨ ᠪᠠᠶᠢᠨ᠎ᠠ  ᠃ ᠲᠣᠰᠬᠤᠨ  ᠤ ᠠᠷᠠᠳ ᠮᠧᠩ ᠵᠧᠨ ᠫᠢᠩ ᠪᠣᠯ ᠨᠤᠲᠤᠭ  ᠲᠠᠭᠠᠨ ᠪᠤᠴᠠᠵᠤ ᠠᠳᠠᠯ ᠦᠢᠯᠡᠰ  ᠪᠤᠰᠬᠠᠬᠰᠠᠨ ᠬᠦᠮᠤᠨ  ᠪᠤᠯᠤᠨ᠎ᠠ  ᠂ ︽ᠳᠤᠰᠬᠠᠢ  ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ  ︾   ᠶᠢᠨ ᠬᠤᠯᠪᠣᠭᠠᠯᠠᠨ ᠡᠵᠡᠩᠨᠡᠬᠦ ᠵᠠᠭᠪᠤᠷ ᠨᠢ ᠲᠡᠭᠦᠨ  ᠳᠤ ᠪᠣᠳᠠᠲᠠᠶ ᠠᠰᠢᠭ ᠬᠦᠷᠲᠡᠭᠡᠵᠡᠶ  ᠂ ᠲᠡᠷᠡ  ᠄ ︽  ᠰᠠᠮ ᠬᠤᠷᠣᠬᠠᠶ ᠲᠡᠵᠢᠭᠡᠬᠦ ᠠᠰᠢᠭ ᠬᠤᠨᠵᠢᠪᠣᠷᠢ  ᠨᠢ ᠤᠯᠠᠮᠵᠢᠯᠠᠯᠲᠤ ᠵᠢᠭᠠᠰᠤ ᠲᠡᠵᠢᠭᠡᠬᠦ ᠠᠰᠢᠭ ᠬᠤᠨᠵᠢᠪᠣᠷᠢ  ᠠᠴᠠ ᠬᠤᠯᠠ  ᠰᠠᠶᠢᠨ ᠪᠠᠶᠢᠨ᠎ᠠ  ᠂  ᠰᠠᠮ ᠬᠤᠷᠣᠬᠠᠶ  ᠶᠢᠨ  ᠵᠢᠷᠠᠭᠠᠬᠠᠢ  ᠶᠢ ᠪᠣᠯ ᠲᠣᠰᠬᠤᠨ  ᠤ ᠬᠢᠨ ᠪᠢᠳᠡᠨ  ᠳᠤ ᠬᠠᠪᠰᠤᠷᠤᠨ ᠣᠯᠵᠤ ᠥᠭᠭᠦᠭᠰᠡᠨ ᠶᠤᠮ  ᠂ ᠦᠨ᠎ᠡ ᠬᠠᠩᠰᠢ ᠨᠢ ᠮᠠᠰᠢ ᠬᠢᠮᠳᠠ      ᠪᠠᠶᠢᠵᠤ   ᠂   ᠳᠠᠭᠤᠷᠢᠶᠠᠯ ᠦᠵᠡᠭᠦᠯᠬᠦ ᠡᠷᠦᠬᠡ  ᠳᠤ ᠦᠵᠡᠭᠦᠯᠦᠭᠰᠡᠨ ᠳᠡᠮᠵᠢᠯᠭᠡ  ᠪᠤᠯᠬᠤ ᠶᠤᠮ  ᠂ ᠪᠢᠳᠡ ᠰᠠᠮ ᠬᠤᠷᠣᠬᠠᠶ  ᠶᠢ ᠪᠥᠬᠦ ᠬᠦᠴᠦᠨ  ᠢᠶᠠᠷ  ᠢᠶᠠᠨ ᠰᠠᠶᠢᠲᠤᠷ ᠲᠡᠵᠢᠭᠡᠵᠦ  ᠂ ᠦᠨᠡᠨ ᠬᠦ ᠰᠠᠶᠢᠨ ᠳᠠᠭᠠᠭᠤᠯᠬᠤ ᠦᠶᠯᠡᠳᠦᠯ ᠭᠠᠷᠭᠠᠬᠤ ᠪᠣᠯᠤᠨ᠎ᠠ  ︾  ᠭᠡᠵᠤ ᠶᠠᠷᠢᠨ᠎ᠠ  ᠃        ᠬᠤᠵᠢᠷᠯᠢᠬ ᠭᠠᠵᠠᠷ  ᠲᠤ ᠡᠷᠴᠢᠮᠵᠢᠭᠦᠯᠦᠨ ᠲᠡᠵᠢᠭᠡᠨ ᠦᠷᠡᠵᠢᠭᠦᠯᠬᠦ  ᠶᠢ ᠬᠡᠷᠡᠭᠵᠢᠭᠦᠯᠵᠦ  ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠶᠯᠡᠰ  ᠤᠨ ᠰᠠᠭᠤᠷᠢᠨ ᠳᠡᠭᠡᠷ᠎ᠡ ᠠᠵᠤ ᠦᠶᠯᠡᠰ  ᠤᠨ ᠬᠡᠯᠬᠢᠶ᠎ᠡ  ᠶᠢ ᠨᠡᠮᠡᠭᠳᠡᠭᠦᠯᠵᠦ  ᠂ ᠵᠢᠤᠢ ᠾᠧ ᠲᠠᠨ ᠲᠣᠰᠬᠤᠨ  ᠤ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠤᠭᠰᠠᠨ ᠦᠷ᠎ᠡ ᠪᠦᠲᠦᠭᠡᠯ  ᠢ ᠳᠡᠯᠭᠡᠨ ᠦᠵᠡᠭᠦᠯᠵᠦ  ᠂ ᠵᠢᠤᠢ ᠾᠧ ᠲᠠᠨ ᠲᠣᠰᠬᠤᠨ  ᠤ ︽   ᠵᠢᠭᠠᠰᠤᠨ ᠠᠵᠤ ᠤᠶᠢᠯᠡᠰ ᠢᠶᠠᠷ ᠬᠤᠵᠢᠷᠯᠢᠭ ᠭᠠᠵᠠᠷ ᠢ ᠥᠭᠡᠷᠡᠴᠢᠯᠡᠬᠦ  ︾ ᠠᠵᠤ ᠦᠶᠯᠡᠰ  ᠤᠨ ᠬᠥᠭᠵᠢᠯᠲᠡ  ᠶᠢᠨ ᠢᠷᠡᠭᠡᠳᠦᠶ  ᠲᠠᠢ ᠨᠡᠶᠢᠴᠡᠵᠦ ᠪᠠᠶᠢᠨ᠎ᠠ  ᠃
3.jpg    
     ᠬᠤᠰᠢᠭᠤᠨ  ᠤ ᠬᠢᠲᠠᠳ ᠮᠣᠩᠭᠤᠯ ᠡᠮᠨᠡᠯᠭᠡ  ᠶᠢᠨ ᠬᠤᠷᠢᠶ᠎ᠠ  ᠶᠢᠨ ᠵᠢᠤᠢ ᠾᠧ ᠲᠠᠨ ᠲᠣᠰᠬᠤᠨ  ᠳᠤ ᠰᠠᠭᠤᠭ᠎ᠠ ᠨᠢᠭᠡᠳᠦᠭᠡᠷ ᠱᠦᠵᠢ ᠭᠦᠸᠧ ᠬᠤᠶ ᠰᠤᠷᠪᠤᠯᠵᠢᠯᠠᠭᠴᠢ  ᠳᠤ   ᠄ ︽  ᠮᠠᠨ  ᠤ ᠲᠣᠰᠬᠤᠨ  ᠳᠤ ᠰᠠᠭᠤᠭ᠎ᠠ ᠠᠵᠢᠯᠯᠠᠬᠤ ᠠᠩᠬᠢ ᠲᠣᠰᠬᠤᠨ  ᠤ ᠠᠷᠠᠳ  ᠤᠨ ᠠᠵᠤ ᠦᠢᠯᠡᠰ  ᠤᠨ ᠬᠥᠭᠵᠢᠯᠲᠡ  ᠶᠢ  ᠠᠩᠬᠠᠷᠤᠨ ᠬᠠᠯᠠᠮᠵᠢᠯᠠᠭᠰᠠᠭᠠᠷ ᠢᠷᠡᠵᠠᠢ  ᠂ ᠪᠠᠰᠠ ᠵᠢᠤᠢ ᠾᠧ ᠲᠠᠨ ᠲᠣᠰᠬᠤᠨ  ᠤ ᠪᠠᠶᠠᠵᠢᠨ ᠴᠢᠨᠡᠭᠡᠯᠢᠭᠵᠢᠬᠦ ᠵᠠᠮ  ᠢ ᠬᠠᠶᠢᠨ ᠰᠦᠪᠡᠭᠴᠢᠯᠡᠭᠰᠡᠭᠡᠷ ᠢᠷᠡᠵᠡᠶ  ᠂ ᠡᠶᠢᠮᠦ  ᠠᠴᠠ ᠲᠣᠰᠬᠤᠨ  ᠳᠤ ᠰᠠᠭᠤᠭ᠎ᠠ ᠠᠵᠢᠯᠯᠠᠬᠤ ᠠᠩᠭᠢ ᠪᠣᠯᠤᠨ ᠲᠣᠰᠬᠤᠨ  ᠤ  ᠵᠦᠪᠯᠡᠯ  ᠤᠨ ᠬᠢᠨ ᠭᠠᠳᠠᠭᠰᠢ ᠭᠠᠷᠴᠤ ᠪᠠᠶᠢᠴᠠᠭᠠᠯᠲᠠ ᠬᠢᠬᠦ  ᠪᠠᠷ ᠳᠡᠮᠵᠢᠨ  ᠂ ᠵᠢᠤᠢ ᠾᠧ ᠲᠠᠨ ᠲᠣᠰᠬᠤᠨ  ᠤ ᠤᠰᠤᠨ  ᠤ ᠡᠬᠢ ᠪᠠᠶᠠᠯᠢᠭ  ᠤᠨ ᠳᠠᠪᠠᠭᠤᠯᠢᠭ  ᠲᠠᠢ ᠤᠶᠠᠯᠳᠤᠭᠤᠯᠤᠨ  ᠂ ᠬᠠᠮᠤᠭ ᠡᠴᠦᠰ  ᠲᠤ ᠡᠮᠦᠨᠡᠲᠦ ᠠᠮᠧᠷᠢᠺᠠ  ᠶᠢᠨ ᠴᠠᠭᠠᠨ  ᠰᠠᠮ ᠬᠤᠷᠣᠬᠠᠶ  ᠶᠢᠨ ᠲᠥᠷᠥᠯ ᠵᠦᠶᠯ  ᠢ ᠣᠷᠣᠭᠤᠯᠤᠨ ᠠᠪᠴᠢᠷᠠᠵᠠᠶ  ᠂ ᠡᠨᠡ ᠤᠳᠠᠭ᠎ᠠ ᠮᠠᠨ  ᠤ ᠲᠣᠰᠬᠤᠨ  ᠤ ᠣᠷᠣᠭᠤᠯᠤᠨ ᠠᠪᠴᠢᠷᠠᠭᠰᠠᠨ ᠡᠮᠦᠨᠡᠲᠦ ᠠᠮᠧᠷᠢᠺᠠ  ᠶᠢᠨ ᠴᠠᠭᠠᠨ  ᠰᠠᠮ ᠬᠤᠷᠣᠬᠠᠶ ᠨᠢ ᠬᠤᠲᠠ  ᠶᠢᠨ ᠤᠰᠤᠨ ᠭᠠᠷᠤᠯᠲᠠ  ᠶᠢᠨ ᠥᠷᠲᠡᠭᠡ  ᠂ ᠬᠤᠰᠢᠭᠤᠨ  ᠤ ᠤᠰᠤᠨ ᠭᠠᠷᠤᠯᠲᠠ  ᠶᠢᠨ ᠥᠷᠲᠡᠭᠡ ᠵᠢᠴᠢ  ᠱᠢ ᠡᠯ ᠯᠢᠶᠠᠨ ᠴᠧᠩ ᠰᠢᠶᠠᠩ ᠤᠨ ᠵᠠᠰᠠᠭ  ᠤᠨ ᠣᠷᠳᠣᠨ  ᠤ ᠬᠦᠴᠦᠲᠡᠶ ᠳᠡᠮᠵᠢᠯᠭᠡ  ᠶᠢ ᠣᠯᠵᠠᠶ  ᠂ ᠡᠶᠢᠮᠦ  ᠠᠴᠠ ᠪᠢᠳᠡ ᠵᠢᠤᠢ ᠾᠧ ᠲᠠᠨ ᠲᠣᠰᠬᠤᠨ  ᠤ ᠤᠰᠤᠨ ᠭᠠᠷᠤᠯᠲᠠ  ᠶᠢᠨ ᠲᠡᠵᠢᠭᠡᠨ ᠦᠷᠡᠵᠢᠭᠦᠯᠬᠦ ᠦᠶᠯᠡᠰ  ᠢ ᠬᠥᠭᠵᠢᠭᠦᠯᠦᠨ ᠪᠤᠵᠠᠭᠠᠢᠢᠷᠠᠭᠤᠯᠬᠤ ᠢᠲᠡᠭᠡᠯ ᠪᠠ ᠴᠢᠳᠠᠪᠤᠷᠢ  ᠲᠠᠢ ᠶᠤᠮ  ︾  ᠭᠡᠵᠤ ᠶᠠᠷᠢᠨ᠎ᠠ  ᠃
ᠢᠷᠡᠯᠲᠡ᠄ ︽ᠥᠨᠥᠳᠦᠷ ᠤᠨ ᠵᠡᠭᠦᠨᠭᠠᠷ︾ ᠳᠠᠪᠴᠠᠩ