| | ᠰᠢᠷᠦᠬᠦᠨ ᠪᠤᠷᠤᠭᠠᠨ ᠤᠷᠤᠵᠤ ᠦᠶᠡᠷ ᠪᠠᠭᠤᠭᠰᠠᠨ ᠤ ᠲᠠᠷᠠᠭ᠎ᠠ ᠲᠤᠤᠷᠠᠬᠢ ᠵᠦᠢᠯ ᠢ ᠠᠩᠬᠠᠷᠬᠤ ᠬᠡᠷᠡᠭᠲᠠᠢ ᠃ | | | ᠨᠢᠭᠡ ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠬᠦ ᠬᠡᠷᠡᠭᠲᠠᠢ ᠃ ᠰᠢᠪᠠᠷ ᠴᠢᠯᠠᠭᠤᠨ ᠤ ᠤᠷᠤᠰᠬᠠᠯ ᠂ ᠭᠤᠯᠭᠤᠭ᠎ᠠ ᠪᠠᠯ ᠤᠨ ᠨᠤᠷᠠᠯᠲᠠ ᠵᠡᠷᠭᠡ ᠶᠢᠨ | ᠡᠬᠦᠰᠬᠦ ᠴᠠᠭ ᠨᠢ ᠤᠬᠤᠷ ᠂ ᠬᠡᠨᠡᠳᠲᠡ ᠶᠢᠨ ᠴᠢᠨᠠᠷ ᠪᠠ ᠡᠪᠳᠡᠯᠭᠡ ᠶᠢᠨ ᠴᠢᠨᠠᠷ ᠢᠶᠠᠷ ᠴᠢᠩᠭ᠎ᠠ ᠪᠠᠶᠢᠳᠠᠭ ᠃ | ᠬᠤᠶᠠᠷ ᠂ ᠢᠳᠡᠭᠡᠨ ᠳᠤ ᠬᠤᠤᠷᠳᠠᠭᠳᠠᠬᠤ ᠠᠴᠠ ᠰᠡᠷᠭᠡᠶᠢᠯᠡᠬᠦ ᠬᠡᠷᠡᠭᠲᠠᠢ ᠃ ᠦᠶᠡᠷ ᠤᠨ ᠳᠠᠷᠠᠭ᠎ᠠ ᠂ ᠢᠳᠡᠭᠡᠨ ᠳᠤ ᠬᠤᠤᠷᠳᠠᠭᠳᠠᠬᠤ ᠨᠢ ᠤᠯᠠᠨ ᠨᠡᠶᠢᠲᠡ ᠶᠢᠨ ᠠᠮᠤᠷ | ᠲᠦᠪᠰᠢᠨ ᠢ ᠰᠦᠷᠳᠡᠬᠦᠯᠳᠡᠭ ᠃ ᠢᠳᠡᠭᠡᠨ ᠤᠮᠳᠠᠭᠠᠨ ᠤ ᠠᠷᠢᠭᠤᠨ ᠴᠡᠪᠡᠷ ᠪᠤᠯᠤᠨ ᠠᠮᠤᠷ ᠲᠦᠪᠰᠢᠨ ᠢ ᠠᠩᠬᠠᠷᠴᠤ ᠂ ᠢᠳᠡᠭᠡᠨ ᠠᠴᠠ ᠪᠤᠯᠤᠭᠰᠠᠨᠡᠪᠡᠳᠴᠢᠨ ᠢ | ᠰᠡᠷᠭᠡᠶᠢᠯᠡᠨ᠎ᠡ ᠃ | ᠭᠤᠷᠪᠠ ᠂ ᠦᠶᠡᠷ ᠤᠨ ᠳᠠᠷᠠᠭ᠎ᠠ ᠲᠡᠪᠲᠤᠵᠤ ᠦᠩᠭᠡᠷᠡᠭᠰᠡᠨ ᠭᠡᠷ ᠤᠨ ᠡᠳ᠋ᠯᠡᠯ ᠬᠡᠷᠡᠭᠰᠡᠯ ᠪᠤᠶᠤ ᠤᠮᠳᠠᠭᠠᠨ ᠤ ᠵᠦᠢᠯ ᠢᠯᠵᠠᠷᠠᠵᠤ ᠸᠠᠯᠠᠨ ᠡᠪᠡᠳᠴᠢᠨ ᠤ ᠪᠡᠺᠲ᠋ᠧᠷᠢ | ᠡᠬᠦᠰᠬᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠤᠮᠳᠤᠭᠠᠶᠢᠯᠠᠵᠤ ᠪᠤᠯᠬᠤ ᠦᠬᠡᠢ ᠃ | ᠲᠦᠷᠪᠡ ᠂ ᠢᠯᠠᠭ᠎ᠠ ᠪᠠᠲᠠᠭᠠᠨ᠎ᠠ ᠶᠢᠨ ᠡᠪᠡᠳᠴᠢᠨ ᠬᠢᠵᠢᠭ ᠢ ᠰᠡᠷᠭᠡᠶᠢᠯᠡᠬᠦ ᠬᠡᠷᠡᠭᠲᠠᠢ ᠃ ᠦᠶᠡᠷ ᠤᠨ ᠳᠠᠷᠠᠭ᠎ᠠ ᠢᠯᠠᠭ᠎ᠠ ᠪᠠᠲᠠᠭᠠᠨ᠎ᠠ ᠬᠤᠯᠤᠭᠠᠨ᠎ᠠ ᠵᠡᠷᠭᠡ ᠨᠢ ᠶᠡᠭᠡ | ᠬᠡᠮᠵᠢᠶ᠎ᠡ ᠪᠠᠷ ᠨᠡᠮᠡᠭᠳᠡᠵᠤ ᠂ ᠤᠯᠠᠨ ᠵᠦᠢᠯ ᠤᠨ ᠡᠪᠡᠳᠴᠢᠨ ᠳᠠᠷᠬᠠᠭᠠᠳᠠᠭ ᠃ | ᠲᠠᠪᠤ ᠂ ᠲᠠᠷᠢᠮᠠᠯ ᠤᠨ ᠡᠪᠡᠳᠴᠢᠨ ᠢ ᠰᠡᠷᠭᠡᠶᠢᠯᠡᠬᠦ ᠬᠡᠷᠡᠭᠲᠠᠢ ᠃ ᠦᠶᠡᠷ ᠤᠨ ᠳᠠᠷᠠᠭ᠎ᠠ ᠂ ᠤᠷᠭᠤᠮᠠᠯ ᠤᠨ ᠬᠠᠲᠠᠩᠭᠢᠷᠠᠬᠤ ᠡᠪᠡᠳᠴᠢᠨ ᠂ ᠴᠠᠭᠠᠨ ᠬᠦᠬᠡᠴᠤ ᠶᠢᠨ | ᠡᠪᠡᠳᠴᠢᠨ ᠵᠡᠷᠭᠡ ᠡᠬᠦᠰᠳᠡᠭ ᠪᠤᠯᠬᠤᠷ ᠦᠶᠡᠷ ᠤᠨ ᠳᠠᠷᠠᠭ᠎ᠠ ᠤᠷᠴᠢᠨ ᠲᠤᠭᠤᠷᠢᠨ ᠢᠶᠠᠨ ᠴᠠᠭ ᠳᠤᠬᠠᠢ ᠳᠤ ᠨᠢ ᠴᠡᠪᠡᠷᠯᠡᠬᠦ ᠬᠡᠷᠡᠭᠲᠠᠢ ᠃ | ᠵᠢᠷᠭᠤᠭ᠎ᠠ ᠂ ᠭᠡᠷ ᠤᠨ ᠲᠡᠵᠢᠭᠡᠪᠤᠷᠢ ᠶᠢᠨ ᠪᠤᠬᠢᠷᠳᠤᠯ ᠢ ᠰᠡᠷᠭᠡᠶᠢᠯᠡᠬᠦ ᠬᠡᠷᠡᠭᠲᠠᠢ ᠃ ᠦᠶᠡᠷ ᠤᠨ ᠳᠠᠷᠠᠭ᠎ᠠ ᠂ ᠠᠮᠢᠲᠠᠨ ᠤ ᠦᠬᠦᠳᠡᠯ ᠢ ᠴᠠᠭ ᠲᠤᠬᠠᠢ ᠳᠤ ᠨᠢ ᠪᠤᠯᠠᠬᠤ | ᠪᠤᠶᠤ ᠰᠢᠲᠠᠭᠠᠵᠤ ᠂ ᠰᠠᠭᠤᠭ᠎ᠠ ᠭᠠᠵᠠᠷ ᠪᠠ ᠤᠰᠤᠨ ᠤ ᠡᠬᠢ ᠰᠤᠷᠪᠤᠯᠵᠢ ᠠᠴᠠ 50 ᠮᠧᠳ᠋ᠷ ᠤᠨ ᠬᠤᠯᠠ ᠂ ᠬᠤᠶᠠᠷ ᠮᠧᠳ᠋ᠷ ᠤᠷᠴᠢᠮ ᠤᠨ ᠬᠦᠨᠨᠦ᠋ᠬᠡ ᠮᠠᠯᠲᠠᠨ | ᠪᠤᠯᠠᠵᠤ ᠲᠠᠷᠤᠨ᠎ᠠ ᠃ | 2022 ᠤᠨ ᠤ ᠳᠡᠭᠡᠷ᠎ᠡ ᠬᠠᠭᠠᠰ ᠵᠢᠯ ᠳᠤ ᠂ ᠪᠦᠬᠦ ᠤᠯᠤᠰ ᠲᠤ ᠨᠡᠶᠢᠲᠡ 18 ᠤᠳᠠᠭ᠎ᠠ ᠶᠢᠨ ᠤᠷᠤᠨ ᠪᠦᠰᠡ ᠶᠢᠨ ᠴᠢᠨᠠᠷᠲᠠᠢ ᠰᠢᠷᠦᠬᠦᠨ ᠪᠤᠷᠤᠭᠠᠨᠤᠷᠤᠵᠤ ᠂ | ᠬᠤᠷ᠎ᠠ ᠲᠤᠨᠳᠠᠰᠤᠨ ᠤ ᠬᠡᠮᠵᠢᠶ᠎ᠡ 306 ᠮᠢᠯᠢᠮᠧᠳ᠋ᠷ ᠲᠤ ᠬᠦᠷᠴᠤ ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 11% ᠪᠠᠷᠨᠡᠮᠡᠭᠳᠡᠵᠤ ᠂ ᠡᠮᠦᠨᠡᠲᠤ | ᠤᠷᠤᠨ ᠂ ᠬᠦᠬᠡᠮᠦ᠋ᠷᠡᠨ ᠤ ᠡᠮᠦᠨᠡᠲᠤ ᠤᠷᠤᠨ ᠂ ᠪᠠᠷᠠᠭᠤᠨ ᠡᠮᠦᠨᠡᠲᠤ ᠤᠷᠤᠨ ᠂ ᠵᠡᠬᠦᠨ ᠬᠤᠶᠢᠲᠤ ᠤᠷᠤᠨ ᠵᠡᠷᠭᠡ ᠭᠠᠵᠠᠷ ᠤᠨ ᠪᠤᠷᠤᠭᠠᠨ ᠤ ᠬᠡᠮᠵᠢᠶ᠎ᠡ ᠪᠠᠭ᠎ᠠ ᠢᠯᠡᠬᠦᠦ | ᠪᠠᠶᠢᠵᠤ ᠂ ᠬᠠᠲᠤᠨ ᠭᠤᠤᠯ ᠬᠤᠸᠠᠶᠢᠾᠧ ᠭᠤᠤᠯ ᠤᠨ ᠪᠠᠷᠠᠭᠤᠨ ᠭᠡᠰᠡᠭ ᠂ ᠤᠮᠠᠷᠠᠲᠤ ᠤᠷᠤᠨ ᠤ ᠪᠠᠷᠠᠭᠤᠨ ᠭᠡᠰᠡᠭ ᠂ ᠪᠠᠷᠠᠭᠤᠨ ᠬᠤᠶᠢᠲᠤ ᠤᠷᠤᠨ ᠵᠡᠷᠭᠡ ᠭᠠᠵᠠᠷ ᠤᠨ | ᠪᠤᠷᠤᠭᠠᠨ ᠤ ᠬᠡᠮᠵᠢᠶ᠎ᠡ ᠨᠡᠯᠢᠶᠡᠳ ᠪᠠᠭ᠎ᠠ ᠪᠠᠶᠢᠪᠠ ᠃ ᠡᠮᠦᠨᠡᠲᠤ ᠤᠷᠤᠨ ᠤ ᠦᠶᠡᠷ ᠠᠴᠠ ᠡᠮᠦᠨᠡᠬᠢ ᠬᠤᠭᠤᠴᠠᠭᠠᠨ ᠤ ᠪᠤᠷᠤᠭᠠᠨ ᠤ ᠬᠡᠮᠵᠢᠶ᠎ᠡ ᠂ ᠨᠦᠯᠦᠬᠡᠯᠡᠬᠦ ᠬᠡᠪᠴᠢᠶ᠎ᠡ | ᠦᠷᠬᠡᠨ ᠪᠠᠶᠢᠵᠤ ᠂ ᠦᠷᠬᠦᠯᠵᠢᠯᠡᠭᠰᠡᠨ ᠴᠠᠭ ᠨᠢ ᠤᠷᠲᠤ ᠂ ᠭᠠᠮᠰᠢᠭ ᠤᠨ ᠬᠤᠬᠢᠷᠠᠯ ᠨᠢ ᠬᠦᠨᠲᠤ ᠪᠠᠶᠢᠪᠠ ᠃ ᠪᠦᠬᠦ ᠤᠯᠤᠰ ᠲᠤ ᠨᠡᠶᠢᠲᠡ 21 ᠮᠤᠵᠢ ︵ ᠤᠷᠤᠨ ᠂ | ᠬᠤᠲᠠ ︶ ᠶᠢᠨ 426 ᠭᠤᠤᠯ ᠮᠦᠷᠡᠨ ᠳᠤ ᠰᠡᠷᠡᠮᠵᠢᠯᠡᠬᠦᠯᠦᠯ ᠤᠨ ᠬᠡᠮᠵᠢᠶ᠎ᠡ ᠶᠢ ᠳᠠᠪᠠᠭᠰᠠᠨ ᠦᠶᠡᠷ ᠪᠠᠭᠤᠵᠠᠢ ᠃ ᠶᠡᠷᠦᠩᠭᠡᠢ ᠳᠤ ᠨᠢ ᠠᠪᠴᠤ ᠦᠵᠡᠪᠡᠯ ᠂ ᠳᠡᠭᠡᠷ᠎ᠡ | ᠬᠠᠭᠠᠰ ᠵᠢᠯ ᠳᠤ ᠂ ᠦᠶᠡᠷ ᠤᠰᠤᠳᠠᠯ ᠤᠨ ᠭᠠᠮᠰᠢᠭ ᠲᠤ 2046 ᠲᠦᠮᠡᠨ ᠬᠦᠮᠦᠨ ᠤᠳᠠᠭ᠎ᠠ ᠭᠠᠮᠰᠢᠭᠳᠠᠵᠤ ᠂ ᠭᠠᠮᠰᠢᠭ ᠠᠴᠠ ᠪᠤᠯᠵᠤ 39 ᠬᠦᠮᠦᠨ ᠠᠳᠡᠵᠤ | ᠰᠤᠷᠠᠭ ᠳᠠᠰᠤᠷᠠᠵᠤ ᠂ 1.6 ᠲᠦᠮᠡᠨ ᠳᠠᠰᠤᠯᠭ᠎ᠠ ᠭᠡᠷ ᠪᠠᠶᠢᠰᠢᠩ ᠨᠤᠷᠠᠵᠤ ᠂ ᠠᠵᠤ ᠠᠬᠤᠢ ᠶᠢᠨ ᠰᠢᠭᠤᠳ ᠬᠤᠬᠢᠷᠠᠯ 628 ᠳ᠋ᠦᠩᠰᠢᠭᠤᠷ ᠲᠦᠬᠦᠷᠢᠭ ᠲᠤ | ᠬᠦᠷᠦᠭᠰᠡᠨ ᠪᠠᠶᠢᠨ᠎ᠠ ᠃ | | | | |