| | | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠲᠤᠵᠤ ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠶᠢᠨ ᠳᠤᠰᠠᠳᠠ ᠣᠢᠢᠷ᠎ᠠ ᠳᠤ ᠂ ᠵᠡᠭᠦᠨᠭᠠᠷ ᠬᠤᠰᠢᠭᠤᠨ ᠤ ᠠᠷᠠᠳ ᠤᠨ ᠤᠳᠬ᠎ᠠ ᠤᠷᠠᠯᠢᠭ ᠤᠨ ᠰᠠᠶᠢᠨ ᠳᠤᠷᠠᠴᠤᠤᠯ ᠪᠥᠬᠦ | ᠬᠤᠰᠢᠭᠤᠨ ᠤ ᠡᠯ᠎ᠡ ᠲᠣᠰᠬᠤᠨ ᠬᠤᠷᠰᠢᠶ᠎ᠠ ᠪᠠᠷ ᠭᠦᠨᠵᠡᠭᠡᠶᠢᠷᠡᠵᠦ ᠂ ᠮᠠᠩᠬᠠᠨ ᠠᠶᠠᠯᠭᠤ ᠵᠡᠷᠭᠡ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ | ᠨᠠᠮ ᠢᠶᠠᠨ ᠮᠠᠭᠲᠠᠨ ᠳᠠᠭᠤᠯᠠᠵᠤ ᠂ ᠨᠠᠮ ᠤᠨ ᠠᠴᠢ ᠶᠢ ᠮᠡᠳᠡᠷᠡᠨ᠎ᠡ ᠃ | ᠱᠠᠬᠳᠠᠷ ᠪᠠᠯᠭᠠᠰᠤᠨ ᠤ ᠹᠦ᠋ ᠯᠦ ᠲᠣᠰᠬᠤᠨ ᠤ ᠰᠢᠨ ᠹᠦ᠋ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠤᠨ ᠰᠣᠶᠣᠯ ᠤᠨ ᠠᠵᠢᠯᠯᠠᠭ᠎ᠠ ᠶᠢᠨ | ᠦᠷᠦᠭᠡ ᠳᠤ ᠂ ᠮᠠᠩᠬᠠᠨ ᠠᠶᠠᠯᠭᠤ ᠪᠠᠷ ᠭᠤᠣᠯ ᠪᠣᠯᠭᠠᠭᠰᠠᠨ ᠰᠣᠶᠣᠯ ᠤᠨ ᠦᠪᠡᠳᠡᠭᠰᠢ ᠨᠠᠶᠢᠷ ᠢᠳᠡ ᠬᠦᠭ ᠲᠠᠢ ᠶᠠᠪᠤᠭᠳᠠᠵᠤ ᠪᠠᠶᠢᠯ᠎ᠠ ᠃ ᠠᠷᠠᠳ ᠤᠨ | ᠤᠳᠬ᠎ᠠ ᠤᠷᠠᠯᠢᠭ ᠤᠨ ᠰᠠᠶᠢᠨ ᠳᠤᠷᠠᠴᠤᠤᠯ ᠨᠢᠭᠡ ᠨᠢᠭᠡ ᠪᠠᠷ ᠲᠠᠶᠢᠰᠠᠨ ᠳᠤ ᠭᠠᠷᠴᠤ ᠂ ︽ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠂ | ᠨᠠᠮ ᠢᠶᠠᠨ ᠡᠭᠦᠷᠢᠳᠡ ᠳᠠᠭᠠᠨ᠎ᠠ ︾ ᠭᠡᠬᠦ ᠭᠤᠣᠯ ᠬᠦᠭ ᠠᠶᠠᠰ ᠤᠨ ᠲᠣᠭᠤᠷᠢᠨ ᠳᠤ ᠂ ᠰᠠᠶᠢᠨ ᠳᠤᠷ᠎ᠠ ᠠᠴᠠ ᠪᠠᠨ ᠳᠠᠭᠤᠤ ᠶᠢᠨ ᠦᠭᠡ | ᠨᠠᠶᠢᠷᠠᠭᠤᠯᠤᠨ ᠪᠢᠴᠢᠵᠦ ᠂ ᠲᠣᠭᠯᠠᠯᠲᠠ ᠪᠣᠯᠪᠠᠰᠤᠷᠠᠵᠤ ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠮᠠᠩᠬᠠᠨ ᠠᠶᠠᠯᠭᠤ ᠶᠢᠨ ᠳᠠᠭᠤᠤ ᠂ ᠭᠤᠶᠢᠳᠠ | ᠰᠠᠶᠢᠬᠠᠨ ᠤᠳᠬ᠎ᠠ ᠤᠷᠠᠯᠢᠭ ᠤᠨ ᠱᠤᠭ ᠵᠦᠴᠦᠭᠡ ᠪᠠᠷ ᠢᠶᠠᠨ ᠨᠠᠮ ᠤᠨ ᠤᠳᠤᠷᠢᠳᠤᠯᠭ᠎ᠠ ᠳᠣᠣᠷᠠᠬᠢ ᠵᠡᠭᠦᠨᠭᠠᠷ ᠬᠤᠰᠢᠭᠤᠨ ᠤ ᠲᠩᠷᠢ ᠭᠠᠵᠠᠷ ᠢ | ᠳᠣᠩᠰᠣᠯᠭᠠᠮ᠎ᠠ ᠯᠤᠲᠤ ᠶᠡᠭᠡ ᠬᠤᠪᠢᠷᠠᠯᠲᠠ ᠶᠢ ᠮᠠᠭᠲᠠᠨ ᠳᠠᠭᠤᠯᠠᠵᠤ ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠢ | ᠭᠦᠢᠴᠡᠳ ᠬᠠᠷᠠᠭᠤᠯᠤᠨ᠎ᠠ᠃ ᠪᠦᠬᠦ ᠲᠠᠯᠠᠪᠠᠢ ᠲᠣᠭᠯᠠᠯᠲᠠ ᠨᠢᠵᠢᠬᠢᠷ ᠰᠠᠶᠢᠬᠠᠨ ᠶᠠᠪᠤᠭᠳᠠᠵᠤ ᠂ ᠠᠬᠤᠢ ᠲᠠᠯᠠᠪᠠᠢ ᠳᠤ ᠠᠯᠠᠭ᠎ᠠ ᠲᠠᠰᠢᠯᠳᠠ ᠶᠢᠨ ᠲᠠᠭᠤᠨ | ᠲᠠᠰᠤᠷᠠᠯᠳᠡ ᠦᠭᠡᠢ ᠨᠢᠵᠢᠬᠢᠨᠠᠵᠤ ᠪᠠᠶᠢᠯ᠎ᠠ ᠃ | ᠲᠤᠰ ᠲᠣᠰᠬᠤᠨ ᠤ ᠠᠷᠠᠳ ᠳ᠋ᠤᠸᠠᠨ ᠰᠢᠦ ᠶᠢᠩ ᠄ ︽ᠠᠷᠠᠳ ᠤᠨ ᠰᠠᠶᠢᠨ ᠳᠤᠷᠠᠴᠤᠤᠯ ᠤᠨ ᠤᠷᠠᠯᠢᠭ ᠤᠨ ᠪᠦᠯᠬᠦᠮ ᠹᠦ᠋ ᠯᠦ ᠲᠣᠰᠬᠤᠨ ᠳᠤ | ᠢᠷᠡᠵᠦ ᠬᠤᠶᠠᠷ ᠬᠥᠮᠦᠨ ᠤ ᠴᠦᠷᠬᠦᠯᠡᠭᠡ ᠂ ᠱᠤᠭ ᠵᠦᠴᠦᠭᠡ ᠂ ᠮᠠᠩᠬᠠᠨ ᠠᠶᠠᠯᠭᠤ ᠂ ᠠᠭᠤᠯᠠᠨ ᠠᠶᠠᠯᠭᠤ ᠶᠢ ᠲᠣᠭᠯᠠᠭᠰᠠᠨ ᠳᠤ ᠪᠢᠳᠡ ᠮᠠᠰᠢ | ᠪᠠᠶᠠᠷᠯᠠᠵᠤ ᠪᠠᠶᠢᠨ᠎ᠠ ᠂ ᠨᠠᠮ ᠤᠨ ᠲᠦᠷᠦ ᠶᠢᠨ ᠪᠤᠳᠤᠯᠭ᠎ᠠ ᠰᠠᠶᠢᠨ ᠂ ᠮᠠᠨ ᠤ ᠠᠮᠢᠳᠤᠷᠠᠯ ᠮᠠᠰᠢ ᠵᠣᠯ ᠵᠢᠷᠭᠠᠯ ᠲᠠᠢ ᠪᠠᠶᠢᠵᠤ ᠂ ᠤᠯᠠᠨ ᠢᠶᠠᠷ ᠢᠶᠠᠨ | ᠪᠠᠶᠠᠷ ᠬᠦᠷ ᠲᠠᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ ᠪᠠᠶᠢᠨ᠎ᠠ ︾ ᠭᠡᠵᠦ ᠶᠠᠷᠢᠨ᠎ᠠ ᠃ | ᠠᠵᠢᠯᠯᠠᠭ᠎ᠠ ᠶᠢᠨ ᠠᠬᠤᠢ ᠲᠠᠯᠠᠪᠠᠢ ᠳᠤ ᠂ ᠰᠠᠶᠢᠨ ᠳᠤᠷᠠᠴᠤᠤᠯ ᠥᠪᠡᠷ ᠢᠶᠠᠨ ᠨᠠᠶᠢᠷᠠᠭᠤᠯᠵᠤ ᠥᠪᠡᠷ ᠢᠶᠠᠨ ᠲᠣᠭᠯᠠᠭᠰᠠᠨ ᠲᠣᠭᠯᠠᠯᠲᠠ ᠪᠠᠷ ᠢᠶᠠᠨ | ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠤᠶᠠᠩᠭᠠᠯᠠᠵᠤ ᠂ ᠠᠷᠠᠳ ᠤᠯᠠᠨ ᠤ ᠨᠠᠮ ᠢᠶᠠᠨ | ᠬᠠᠶᠢᠷᠠᠯᠠᠬᠤ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠢᠶᠠᠨ ᠬᠠᠯᠠᠭᠤᠨ ᠢᠶᠠᠷ ᠮᠠᠭᠲᠠᠨ ᠳᠠᠭᠤᠯᠠᠵᠤ ᠪᠠᠶᠢᠬᠤ ᠪᠠᠨ | ᠢᠯᠡᠳᠬᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠪᠠᠶᠠᠷ ᠤᠨ ᠴᠢᠮᠡᠭᠡ ᠶᠢ ᠦᠨᠳᠦᠰᠦᠨ ᠱᠠᠲᠤᠨ ᠤ | ᠠᠷᠠᠳ ᠤᠯᠠᠨ ᠤ ᠳᠤᠮᠳᠠ ᠳᠠᠮᠵᠢᠭᠤᠯᠤᠨ᠎ᠠ ᠃ | ᠵᠡᠭᠦᠨᠭᠠᠷ ᠬᠤᠰᠢᠭᠤᠨ ᠤ ᠠᠷᠠᠳ ᠤᠨ ᠤᠳᠬ᠎ᠠ ᠤᠷᠠᠯᠢᠭ ᠤᠨ ᠰᠠᠶᠢᠨ ᠳᠤᠷᠠᠴᠤᠤᠯ ᠪᠤᠯᠬᠤ ᠸᠠᠩ ᠱᠤᠸᠠᠨ ᠰᠤᠷᠪᠤᠯᠵᠢᠯᠠᠭᠴᠢ ᠳᠤ ᠄ ︽ᠨᠠᠮ ᠤᠨ | ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠂ ᠪᠢᠳᠡ ᠤᠳᠬ᠎ᠠ ᠤᠷᠠᠯᠢᠭ ᠢ ᠲᠠᠷᠢᠶᠠᠴᠢᠨ ᠠᠶᠢᠯ ᠳᠤ ᠬᠦᠷᠭᠡᠵᠤ ᠪᠤᠢ ᠂ ᠨᠠᠮ ᠤᠨ ᠬᠤᠷᠢᠳᠤᠭᠠᠷ | ᠶᠡᠭᠡ ᠬᠤᠷᠠᠯ ᠢ ᠤᠭᠲᠤᠬᠤ ᠪᠠᠶᠠᠷᠲᠤ ᠰᠡᠳᠬᠢᠯᠭᠡ ᠪᠠᠨ ᠮᠠᠩᠬᠠᠨ ᠠᠶᠠᠯᠭᠤ ᠶᠢᠨ ᠳᠠᠭᠤᠤ ᠶᠢᠨ ᠦᠭᠡᠨ ᠳᠤ ᠠᠭᠤᠰᠬᠠᠵᠤ ᠂ ᠤᠯᠠᠨ ᠲᠦᠮᠡᠨ ᠤ | ᠳᠤᠮᠳᠠ ᠳᠠᠭᠤᠯᠠᠬᠤ ᠶᠢᠨ ᠬᠠᠮᠲᠤ ᠤᠯᠠᠨ ᠲᠦᠮᠡᠨ ᠳᠤ ᠬᠠᠮᠢᠶ᠎ᠠ ᠪᠦᠬᠦᠢ ᠨᠣᠮ ᠪᠢᠴᠢᠭ ᠢ ᠬᠦᠷᠭᠡᠵᠦ ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ︾ ᠭᠡᠵᠦ ᠶᠠᠷᠢᠨ᠎ᠠ ᠃ | ᠭᠡᠷᠡᠯ ᠵᠢᠷᠤᠭ ᠤᠨ ᠮᠡᠳᠡᠭᠡ ᠄ 8 ᠰᠠᠷ᠎ᠠ ᠶᠢᠨ 17 — 18 ᠤ ᠡᠳᠦᠷ ᠪᠣᠯᠲᠠᠯ᠎ᠠ ᠂ ᠵᠡᠭᠦᠨᠭᠠᠷ ᠬᠤᠰᠢᠭᠤᠨ ᠳᠤ ᠶᠡᠭᠡ ᠬᠡᠪᠴᠢᠶᠡᠨ ᠤ | ᠪᠣᠷᠣᠭᠠᠨ ᠣᠷᠣᠵᠤ ᠂ ᠯᠠᠨ ᠲᠢᠶᠠᠨ ᠵᠡᠭᠡᠯᠢ ᠭᠤᠳᠤᠮᠵᠢ ᠶᠢᠨ ᠪᠠᠶ ᠶᠦᠨ ᠨᠡᠶᠢᠭᠡᠮ ᠲᠣᠭᠤᠷᠢᠭ ᠂ ᠶᠠᠩ ᠭᠤᠸᠠᠩ ᠨᠡᠶᠢᠭᠡᠮ ᠲᠣᠭᠤᠷᠢᠭ ᠤᠨ ᠬᠠᠷᠢᠶ᠎ᠠ ᠤᠷᠤᠨ | ᠤ ᠭᠠᠵᠠᠷ ᠳᠣᠤᠷᠠᠬᠢ ᠬᠤᠭᠤᠯᠠᠶ ᠲᠣᠤᠷ ᠤᠨ ᠤᠰᠤᠨ ᠲᠦᠪᠰᠢᠨ ᠳᠡᠭᠡᠭᠰᠢᠯᠡᠵᠦ ᠂ ᠭᠠᠵᠠᠷ ᠤᠨ ᠪᠠᠶᠢᠴᠠ ᠳᠣᠤᠷ᠎ᠠ ᠬᠤᠲᠣᠭᠤᠷ ᠭᠠᠵᠠᠷ ᠲᠤ ᠪᠣᠷᠣᠭᠠᠨ ᠤ | ᠤᠰᠤ ᠴᠢᠳᠬᠤᠬᠤ ᠪᠠᠶᠢᠳᠠᠯ ᠢᠯᠡᠷᠡᠭᠰᠡᠨ ᠪᠠᠶᠢᠨ᠎ᠠ ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠤᠳᠤᠷᠢᠳᠤᠯᠭ᠎ᠠ ᠨᠢᠭᠡᠳᠦᠭᠡᠷ ᠹᠷᠣᠨᠲ ᠲᠤ ᠬᠦᠷᠴᠤ ᠂ | ᠦᠶᠡᠷ ᠢ ᠰᠡᠷᠭᠡᠶᠢᠯᠡᠬᠦ ᠠᠵᠢᠯ ᠤᠨ ᠳᠤᠭᠤᠢᠢᠯᠠᠩ ᠰᠠᠨᠠᠭᠠᠴᠢᠯᠠᠭ᠎ᠠ ᠲᠠᠢ ᠪᠠᠷ ᠠᠵᠢᠯᠯᠠᠨ ᠂ ᠬᠠᠮᠲᠤ ᠪᠠᠷ ᠪᠠᠶᠢᠭᠤᠯᠬᠤ ᠨᠢᠭᠡᠴᠢ ᠢᠳᠡᠪᠬᠢᠲᠡᠶ ᠳᠡᠮᠵᠢᠵᠦ | ᠪᠠᠶᠢᠯ᠎ᠠ ᠂ ᠰᠠᠶᠢᠨ ᠳᠤᠷᠠᠴᠤᠤᠯ ᠡᠨᠡ ᠴᠢᠮᠡᠭᠡ ᠶᠢ ᠰᠣᠨᠣᠰᠤᠭᠠᠳ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠠᠵᠢᠯ ᠢ ᠪᠥᠬᠦ ᠬᠦᠴᠦᠨ ᠢᠶᠠᠷ ᠢᠶᠠᠨ | ᠥᠷᠨᠢᠭᠦᠯᠦᠭᠰᠡᠨ ᠪᠠᠶᠢᠨ᠎ᠠ ᠃ ᠤᠯᠠᠨ ᠢᠶᠠᠷ ᠢᠶᠠᠨ ᠰᠠᠯᠬᠢ ᠪᠣᠷᠣᠭᠠᠨ ᠪᠠ ᠰᠢᠪᠠᠷ ᠪᠠᠯᠴᠢᠭ ᠢ ᠦᠯᠦ ᠬᠠᠶᠢᠬᠤᠷᠤᠨ ᠂ ᠳᠤᠭᠤᠢᠢᠯᠠᠩ ᠬᠤᠪᠢᠶᠠᠨ ᠬᠠᠷᠢᠶ᠎ᠠ | ᠣᠷᠣᠨ ᠤ ᠭᠠᠵᠠᠷ ᠳᠤᠤᠷᠠᠬᠢ ᠬᠤᠭᠤᠯᠠᠶ ᠪᠠᠷ ᠤᠰᠤ ᠵᠠᠯᠠᠬᠤ ᠭᠤᠣᠯᠳᠠᠯᠭ᠎ᠠ ᠲᠠᠢ ᠣᠷᠣᠨ ᠤ ᠤᠰᠤ ᠵᠠᠯᠠᠬᠤ ᠵᠡᠷᠭᠡ ᠠᠵᠢᠯ ᠢ ᠥᠷᠨᠢᠭᠦᠯᠵᠦ ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠂ ᠭᠠᠮᠰᠢᠭᠳᠠᠭᠰᠠᠨ ᠰᠠᠭᠤᠭᠠᠯᠢ ᠠᠷᠠᠳ ᠲᠤ ᠠᠪᠤᠷᠠᠨ ᠳᠤᠰᠠᠯᠠᠬᠤ ᠡᠳ᠋ ᠪᠣᠳᠠᠰ ᠢ ᠭᠠᠷᠳᠠᠭᠤᠯᠤᠨ ᠦᠭᠬᠦᠭᠰᠡᠨ | ᠪᠠᠶᠢᠨ᠎ᠠ ᠃ ᠶᠠᠩ ᠶᠠᠨᠰᠡᠭᠦᠳᠡᠷᠯᠡᠨ ᠮᠡᠳᠡᠭᠡᠯᠡᠪᠡ | |