ᠭᠠᠷ ᠤᠲᠠᠰᠤᠨ ᠤ ᠳᠡᠯᠭᠡᠴᠡ ᠨᠢ ᠨᠢᠳᠦᠨ ᠳᠤ ᠶᠠᠮᠠᠷ ᠬᠤᠤᠷ ᠬᠥᠨᠥᠭᠡᠯ ᠲᠠᠢ ᠪᠣᠶ
ᠨᠡᠶᠢᠲᠡᠯᠡᠭᠰᠡᠨ ᠴᠠᠭ᠄
2022/8/24
ᠤᠶᠤᠨᠲᠤ ᠭᠠᠷ ᠤᠲᠠᠰᠤᠨ ᠤ ᠨᠢᠳᠦᠨ ᠳᠤ ᠦᠵᠡᠭᠦᠯᠬᠦ ᠬᠤᠤᠷ ᠬᠥᠨᠥᠭᠡᠯ᠄   ⒈ ᠤᠷᠲᠤ ᠬᠤᠭᠤᠴᠠᠭ᠎ᠠ ᠪᠠᠷ ᠭᠠᠷ ᠤᠲᠠᠰᠤ ᠪᠠᠷ ᠰᠦᠯᠵᠢᠶᠡᠨ ᠤ ᠨᠢᠭᠤᠷ ᠢ ᠭᠦᠶᠦᠯᠭᠡᠨ ᠦᠵᠡᠪᠡᠯ ᠨᠢᠳᠦ ᠨᠢ ᠬᠠᠭᠤᠷᠠᠶᠢᠰᠢᠵᠤ ᠬᠠᠷᠠᠭ᠎ᠠ ᠪᠠᠯᠠᠷᠠᠨ᠂ ᠨᠢᠳᠦᠨ ᠰᠢᠯ ᠵᠡᠭᠦᠭᠰᠡᠨ ᠬᠥᠮᠦᠨ ᠨᠡᠩ ᠨᠣᠴᠢᠲᠠᠶ ᠨᠥᠯᠥᠭᠡᠯᠡᠭᠳᠡᠨ᠎ᠡ᠃   ⒉ ᠤᠷᠲᠤ ᠬᠤᠭᠤᠴᠠᠭ᠎ᠠ ᠪᠠᠷ ᠬᠡᠪᠲᠡᠵᠦ ᠪᠠᠶᠢᠭᠠᠳ ᠭᠠᠷ ᠤᠲᠠᠰᠤ ᠨᠠᠭᠠᠳᠪᠠᠯ ᠴᠢᠰᠤ ᠨᠢ ᠠᠮᠠᠷᠬᠠᠨ ᠨᠢᠳᠦᠨ ᠳᠤ ᠤᠷᠤᠰᠤᠨ ᠣᠷᠣᠵᠤ᠂ ᠨᠢᠳᠦᠨ ᠤ ᠨᠡᠶᠢᠯᠡᠮᠡᠯ ᠪᠦᠷᠬᠦᠪᠴᠢ ᠶᠢᠨ ᠴᠢᠰᠤᠨ ᠰᠤᠳᠠᠯ ᠳᠤ ᠴᠢᠰᠤ ᠬᠤᠷᠠᠨ᠎ᠠ᠂ ᠴᠢᠨᠠᠭᠰᠢᠯᠠᠨ ᠨᠡᠶᠢᠯᠡᠮᠡᠯ ᠪᠦᠷᠬᠦᠪᠴᠢ ᠶᠢᠨ ᠨᠡᠬᠡᠳᠡᠰᠦ ᠶᠢᠨ ᠤᠳᠠᠭᠠᠨ ᠴᠢᠨᠠᠷᠲᠠᠶ ᠦᠷᠪᠢᠰᠦᠯ ᠤᠨ ᠡᠪᠡᠳᠴᠢᠨ ᠵᠡᠷᠭᠡ ᠶᠢ ᠡᠭᠦᠰᠭᠡᠨ᠎ᠡ᠃ ᠡᠭᠦᠨ ᠠᠴᠠ ᠭᠠᠳᠠᠨ᠎ᠠ᠂ ᠤᠶᠤᠨᠲᠤ ᠭᠠᠷ ᠤᠲᠠᠰᠤ ᠨᠢ ᠶᠡᠷᠦ ᠳᠡᠭᠡᠨ ᠳᠡᠯᠭᠡᠴᠡ ᠨᠢ ᠶᠡᠭᠡ᠂ ᠭᠡᠷᠡᠯ ᠨᠢ ᠬᠤᠷᠴᠠ᠂ ᠳᠡᠭᠡᠷ᠎ᠡ ᠨᠢ ᠮᠠᠰᠢ ᠣᠯᠠᠨ ᠮᠡᠳᠡᠭᠡ ᠵᠠᠩᠭᠢ ᠲᠥᠪᠯᠡᠷᠡᠵᠦ᠂ ᠨᠢᠳᠦ ᠪᠠᠷ ᠳᠡᠯᠭᠡᠴᠡ ᠶᠢ ᠰᠢᠷᠲᠡᠬᠦ ᠦᠶ᠎ᠡ ᠳᠤ᠂ ᠲᠠᠰᠤᠷᠠᠯᠲᠠ ᠥᠬᠡᠶ ᠬᠤᠪᠢᠷᠠᠵᠤ ᠪᠠᠶᠢᠭ᠎ᠠ ᠬᠡᠷᠡᠯ ᠰᠡᠭᠦᠳᠡᠷ ᠨᠢ ᠨᠢᠳᠦᠨ ᠳᠤ ᠳᠠᠰᠤᠷᠠᠯᠲᠠ ᠦᠭᠡᠢ ᠰᠡᠲᠡᠯᠲᠡ ᠥᠭᠴᠦ᠂ ᠨᠢᠯᠪᠤᠰᠤᠨ ᠪᠦᠷᠬᠦᠭᠦᠯ ᠤᠨ ᠳᠠᠪᠬᠤᠷᠭ᠎ᠠ ᠶᠢ ᠭᠡᠮᠲᠦᠭᠡᠵᠦ ᠮᠡᠳᠡᠨ᠎ᠡ᠂ ᠴᠢᠨᠠᠭᠰᠢᠯᠠᠨ ᠬᠠᠳᠬᠤᠯᠠᠵᠤ ᠡᠪᠡᠳᠬᠦ᠂ ᠨᠢᠯᠪᠤᠰᠤ ᠭᠤᠭᠤᠵᠢᠬᠤ᠂ ᠭᠡᠷᠡᠯ ᠠᠴᠠ ᠠᠶᠤᠬᠤ ᠵᠡᠷᠭᠡ ᠰᠢᠨᠵᠢ ᠲᠡᠮᠳᠡᠭ ᠢᠯᠡᠷᠡᠨ᠎ᠡ᠃ᠡᠶᠢᠮᠦ ᠠᠴᠠ ᠤᠶᠤᠨᠲᠤ ᠭᠠᠷ ᠤᠲᠠᠰᠤ ᠦᠵᠡᠬᠦ ᠳᠤ ᠨᠢᠳᠦ ᠪᠠᠨ ᠬᠠᠮᠠᠭᠠᠯᠠᠬᠤ ᠠᠷᠭ᠎ᠠ ᠠᠪᠴᠠᠯ ᠠᠪᠬᠤ ᠬᠡᠷᠡᠭᠲᠡᠢ᠄  ⒈ ᠨᠢᠳᠦ ᠬᠢᠭᠡᠳ ᠤᠶᠤᠨᠲᠤ ᠭᠠᠷ ᠤᠲᠠᠰᠤᠨ ᠤ ᠬᠤᠭᠤᠷᠣᠨᠳᠣ 30 ᠰᠠᠨᠲ᠋ᠢᠮᠧᠳ᠋ᠷ ᠣᠷᠴᠢᠮ ᠤᠨ ᠵᠠᠶ ᠶᠢ ᠪᠠᠲᠤᠯᠠᠬᠤ ᠬᠡᠷᠡᠭᠲᠡᠶ᠃  ⒉ ᠭᠠᠷ ᠤᠲᠠᠰᠤᠨ ᠤ ᠭᠡᠷᠡᠯ ᠨᠢ ᠬᠡᠲᠦᠷᠬᠡᠢ ᠬᠤᠷᠴᠠ ᠪᠤᠶᠤ ᠬᠡᠲᠦᠷᠬᠡᠢ ᠪᠦᠳᠡᠭᠢ ᠪᠠᠶᠢᠵᠤ ᠪᠣᠯᠬᠤ ᠦᠭᠡᠢ᠃  ⒊ ᠭᠠᠷ ᠤᠲᠠᠰᠤ ᠬᠡᠷᠡᠭᠯᠡᠬᠦ ᠴᠠᠭ ᠢ ᠬᠡᠲᠦᠷᠬᠡᠢ ᠤᠷᠲᠤ ᠪᠠᠶᠢᠯᠭᠠᠵᠤ ᠪᠣᠯᠬᠤ ᠦᠭᠡᠢ᠂ ᠬᠡᠪᠲᠡᠵᠦ ᠪᠠᠶᠢᠭᠠᠳ ᠭᠠᠷ ᠤᠲᠠᠰᠤ ᠦᠵᠡᠵᠦ ᠪᠣᠯᠬᠤ ᠦᠭᠡᠢ᠂ 40 ᠮᠢᠨᠦ᠋ᠲ ᠪᠤᠶᠤ 50 ᠮᠢᠨᠦ᠋ᠲ ᠪᠦᠷᠢ 10 — 15 ᠮᠢᠨᠦ᠋ᠲ ᠠᠮᠠᠷᠠᠵᠤ᠂ ᠨᠢᠳᠦ ᠪᠠᠨ ᠠᠨᠢᠬᠤ ᠪᠤᠶᠤ ᠬᠤᠯᠠ ᠶᠢ ᠬᠡᠳᠦᠨ ᠮᠢᠨᠦ᠋ᠲ ᠪᠠᠷᠠᠯᠠᠨ᠎ᠠ᠃  ⒋ ᠬᠠᠷᠠᠭᠠᠨ ᠤ ᠪᠣᠯᠪᠠᠰᠤᠷᠠᠯ ᠢ ᠴᠢᠩᠭᠠᠳᠬᠠᠬᠤ ᠪᠠ ᠨᠢᠳᠦᠨ ᠤ ᠡᠷᠡᠭᠦᠯᠵᠢᠯ ᠤᠨ ᠲᠠᠮᠢᠷ ᠬᠢᠬᠦ ᠶᠢ ᠪᠠᠷᠢᠮᠲᠠᠯᠠᠨ᠎ᠠ᠃ ᠢᠯᠠᠩᠭᠤᠶ᠎ᠠ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠳᠤ ᠤᠷᠤᠯᠴᠠᠵᠤ᠂ ᠠᠭᠤᠷ ᠠᠮᠢᠰᠬᠤᠯ ᠰᠢᠨ᠎ᠡ ᠰᠣᠷᠭᠤᠭ ᠲᠤ ᠰᠡᠯᠡᠭᠦᠴᠡᠨ᠂ ᠬᠠᠷᠠᠭ᠎ᠠ ᠥᠷᠭᠡᠨ ᠰᠠᠶᠢᠬᠠᠨ ᠦᠵᠡᠮᠵᠢ ᠶᠢ ᠪᠠᠷᠠᠯᠠᠬᠤ ᠪᠣᠯ ᠨᠢᠳᠦᠨ ᠤ ᠬᠠᠮᠤᠭ ᠤᠨ ᠰᠠᠶᠢᠨ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠶᠢᠨ ᠨᠢᠭᠡ ᠪᠣᠯᠤᠨ᠎ᠠ ᠃  ⒌ ᠰᠢᠮ᠎ᠡ ᠲᠡᠵᠢᠭᠡᠯ ᠨᠥᠬᠦᠪᠥᠷᠢᠯᠡᠬᠦ᠂ ᠢᠯᠠᠩᠭᠤᠶ᠎ᠠ B ᠲᠥᠷᠥᠯ ᠤᠨ ᠸᠢᠲ᠋ᠠᠮᠢᠨ ᠪᠠ ᠡᠷᠦᠳᠡᠰᠦᠨ ᠪᠣᠳᠠᠰ ᠨᠥᠬᠦᠪᠥᠷᠢᠯᠡᠬᠦ ᠶᠢ ᠠᠩᠬᠠᠷᠤᠨ᠎ᠠ᠃  ⒍18 ᠨᠠᠰᠤᠨ ᠠᠴᠠ ᠳᠣᠷᠣᠭᠰᠢᠬᠢ ᠵᠠᠯᠠᠭᠤᠴᠤᠳ ᠪᠠᠭᠠᠴᠤᠳ ᠤᠶᠤᠨᠲᠤ ᠭᠠᠷ ᠤᠲᠠᠰᠤ ᠬᠡᠷᠡᠭᠯᠡᠬᠦ ᠥᠬᠡᠶ ᠪᠠᠶᠢᠪᠠᠯ ᠬᠠᠮᠤᠭ ᠤᠨ ᠰᠠᠶᠢᠨ᠂ ᠴᠢᠳᠠᠮᠵᠢ ᠨᠢ ᠲᠥᠬᠦᠮ᠂ ᠳᠡᠯᠭᠡᠴᠡ ᠨᠢ ᠲᠥᠬᠦᠮ ᠡᠩ ᠤᠨ ᠭᠠᠷ ᠤᠲᠠᠰᠤ ᠶᠢ ᠰᠣᠩᠭᠤᠪᠠᠯ ᠵᠣᠬᠢᠨ᠎ᠠ᠃
ᠢᠷᠡᠯᠲᠡ᠄ ᠤᠲᠤᠭ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ