| ᠡᠨᠡ ᠵᠢᠯ ᠠᠴᠠ ᠨᠠᠭᠠᠰᠢ ᠂ ᠵᠡᠬᠦᠡᠭᠠᠷ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠡ ᠨᠢ ᠠᠵᠤ ᠠᠬᠤᠶᠢᠯᠡᠯ ᠪᠠ ᠤᠯᠠᠨ ᠳᠦᠮᠡᠨ ᠳᠤ ᠨᠡᠩ | ᠦᠨᠳᠦᠷ ᠪᠦᠳᠦᠮᠵᠢ ᠲᠠᠢ ᠳᠦᠬᠦᠮ ᠳᠦᠳᠡ ᠦᠢᠯᠡᠴᠢᠯᠡᠭᠡ ᠬᠠᠨᠭ᠍ᠭᠠᠬᠤ ᠪᠠᠷ ᠭᠤᠤᠯ ᠱᠤᠭᠤᠮ ᠢᠶᠠᠨ ᠪᠤᠯᠭᠠᠵᠤ ᠂《 ᠨᠢᠬᠡ ᠴᠤᠩᠬᠤᠪᠴᠢ ᠪᠠᠷ ᠨᠡᠶᠢᠳᠡᠮ | ᠬᠦᠢᠴᠡᠳᠬᠡᠵᠤ》 ᠂《ᠨᠢᠬᠡ ᠡᠬᠦᠳᠡᠨ ᠳᠤ ᠪᠦᠬᠦᠨ ᠢ ᠬᠦᠢᠴᠡᠳᠬᠡᠬᠦ》 ᠶᠢᠨ ᠳᠤᠭᠤᠷᠢᠨ ᠳᠤ ᠂ ᠪᠤᠳᠠᠳᠠᠢ ᠳᠠᠭᠠᠨ ᠰᠠᠭᠤᠷᠢᠯᠡᠨ ᠰᠢᠨᠵᠢᠯᠡᠬᠦ ᠤᠬᠠᠭᠠᠨᠴᠢ ᠪᠠᠷ | ᠳᠦᠯᠦᠪᠵᠢᠬᠦᠯᠵᠤ ᠂ ᠵᠢᠷᠤᠭ ᠳᠦᠯᠦᠪᠯᠡᠭᠡ ᠨᠢ ᠰᠢᠨᠵᠢᠯᠡᠬᠦ ᠤᠬᠠᠭᠠᠨᠴᠢ ᠂ ᠪᠠᠶᠢᠷᠢᠰᠢᠭᠤᠯᠤᠯᠳᠠ ᠨᠢ ᠵᠦᠢ ᠵᠤᠬᠢᠰᠳᠡᠢ ᠂ ᠡᠷᠬᠢᠯᠳᠡ ᠨᠢ ᠡᠮᠬᠢ ᠳᠢᠭᠯᠢᠮ ᠲᠠᠢ | ᠳᠤᠳᠤᠭᠠᠳᠤ ᠶᠢ ᠬᠠᠮᠠᠭᠠᠯᠠᠬᠤ《ᠶᠡᠷᠦᠩᠬᠡᠶᠢᠯᠡᠭᠰᠡᠨ ᠴᠤᠩᠬᠤᠪᠴᠢ》 ᠶᠢᠨ ᠨᠢᠬᠡ ᠴᠤᠩᠬᠤᠪᠴᠢ ᠪᠠᠷ ᠨᠡᠶᠢᠳᠡᠮ ᠬᠦᠢᠴᠡᠳᠬᠡᠬᠦ ᠰᠢᠨ᠎ᠡ ᠵᠠᠬᠪᠤᠷ ᠢ ᠡᠬᠦᠳᠴᠤ ᠂ | ᠶᠡᠷᠦᠩᠬᠡᠶᠢᠯᠡᠭᠰᠡᠨ ᠦᠢᠯᠡᠴᠢᠯᠡᠬᠡᠨ ᠤ ᠴᠤᠩᠬᠤᠪᠴᠢ ᠶᠢᠨ ᠪᠠᠶᠢᠭᠤᠯᠤᠯᠳᠠ ᠶᠢᠨ ᠠᠵᠢᠯ ᠢ ᠡᠮᠬᠢ ᠳᠢᠭᠯᠢᠮ ᠲᠠᠢ ᠠᠬᠢᠭᠤᠯᠵᠤ ᠂ ᠤᠯᠠᠨ ᠳᠦᠮᠡᠨ ᠳᠤ ᠦᠢᠯᠡᠴᠢᠯᠡᠬᠦ《 | ᠡᠴᠦᠰ ᠤᠨ ᠨᠢᠬᠡ ᠮᠧᠲᠷ》 ᠢ ᠨᠡᠪᠳᠡᠷᠡᠬᠦᠯᠵᠤ ᠂ ᠡᠷᠦᠬᠡ ᠠᠮᠠ ᠶᠢᠨ ᠶᠠᠪᠤᠳᠠᠯ ᠂ ᠬᠢᠯᠢ ᠪᠠᠷ ᠤᠷᠤᠵᠤ ᠭᠠᠷᠬᠤ ᠪᠠ ᠠᠮᠤᠷ ᠢ ᠬᠠᠮᠠᠭᠠᠯᠠᠬᠤ ᠳᠤᠬᠠᠶᠢᠯᠠᠬᠰᠠᠨ ᠠᠵᠢᠯ ᠢ | 《ᠨᠢᠬᠡ ᠴᠤᠩᠬᠤᠪᠴᠢ ᠪᠠᠷ ᠨᠡᠶᠢᠳᠡᠮ ᠬᠦᠢᠴᠡᠳᠬᠡᠬᠦ》 ᠶᠢ ᠪᠡᠶᠡᠯᠡᠬᠦᠯᠵᠡᠢ ᠃ ᠤᠳᠤᠬᠠᠨ ᠳᠤ ᠂ ᠨᠡᠶᠢᠳᠡ 3 ᠶᠡᠷᠦᠩᠬᠡᠶᠢᠯᠡᠭᠰᠡᠨ ᠴᠤᠩᠬᠪᠴᠢ ᠶᠢ ᠪᠠᠶᠢᠭᠤᠯᠵᠤ ᠂143 | ᠲᠦᠷᠦᠯ ᠤᠨ ᠳᠤᠬᠠᠶᠢᠯᠠᠬᠰᠠᠨ ᠠᠵᠢᠯ ᠢ ᠪᠠᠭᠳᠠᠭᠠᠵᠤ ᠂ ᠡᠬᠦᠨ ᠳᠤ ᠬᠢᠯᠢ ᠪᠠᠷ ᠤᠷᠤᠵᠤ ᠭᠠᠷᠬᠤ ᠳᠤᠬᠠᠶᠢᠯᠠᠬᠰᠠᠨ ᠠᠵᠢᠯ 26 ᠲᠦᠷᠦᠯ ᠂ ᠠᠮᠤᠷ ᠢ ᠬᠠᠮᠠᠭᠠᠯᠠᠬᠤ | ᠳᠤᠬᠠᠶᠢᠯᠠᠬᠰᠠᠨ ᠠᠵᠢᠯ 18 ᠲᠦᠷᠦᠯ ᠂ ᠡᠷᠦᠬᠡ ᠠᠮᠠ ᠶᠢᠨ ᠶᠠᠪᠤᠳᠠᠯ 95 ᠲᠦᠷᠦᠯ ᠪᠠᠶᠢᠵᠦ ᠂ ᠤᠯᠠᠨ ᠳᠦᠮᠡᠨ ᠳᠤ ᠨᠠᠶᠢᠳᠠ 21575 ᠤᠳᠠᠭ᠎ᠠ ᠦᠢᠯᠡᠴᠢᠯᠡᠭᠡ | ᠬᠢᠪᠠ ᠃ ᠡᠬᠦᠨ ᠳᠤ ᠡᠷᠦᠬᠡ ᠠᠮᠠ ᠶᠢᠨ ᠶᠠᠪᠤᠳᠠᠯ 2473 ᠤᠳᠠᠭ᠎ᠠ ᠂ ᠠᠮᠤᠷ ᠢ ᠬᠠᠮᠠᠭᠠᠯᠠᠬᠤ ᠳᠤᠬᠠᠶᠢᠯᠠᠬᠰᠠᠨ ᠠᠵᠢᠯ 18917 ᠤᠳᠠᠭ᠎ᠠ ᠂ ᠬᠢᠯᠢ ᠪᠠᠷ ᠤᠷᠤᠵᠤ | ᠭᠠᠷᠬᠤ ᠳᠤᠬᠠᠶᠢᠯᠠᠬᠰᠠᠨ ᠠᠵᠢᠯ 185 ᠤᠳᠠᠭ᠎ᠠ ᠪᠤᠯᠤᠨ᠎ᠠ ᠃ | ᠳᠤᠬᠢᠷᠠᠭᠤᠯᠤᠯᠳᠠ ᠪᠠᠨ ᠰᠢᠯᠢᠳᠡᠭᠵᠢᠬᠦᠯᠵᠤ ᠂ ᠬᠦᠮᠦᠵᠢᠯ ᠪᠤᠯᠪᠠᠰᠤᠷᠡᠯ ᠢᠶᠠᠨ ᠴᠢᠩᠭᠠᠳᠬᠠᠨ ᠂《ᠬᠦᠴᠤᠨ ᠢ ᠪᠤᠳᠠᠳᠠᠶᠢᠵᠢᠭᠤᠯᠬᠤ》 ᠶᠢ ᠪᠠᠳᠤᠯᠠᠵᠤ ᠂ ᠡᠯ᠎ᠡ | ᠬᠤᠯᠪᠤᠬᠳᠠᠯ ᠪᠦᠬᠦᠢ ᠴᠠᠬᠳᠠᠭᠠᠨ ᠤ ᠳᠦᠷᠦᠯ ᠤᠨ ᠰᠢᠰᠲ᠋ᠧᠮ ᠳᠤ ᠵᠤᠬᠢᠴᠠᠭᠤᠯᠬᠤ ᠶᠢ ᠠᠬᠢᠭᠤᠯᠪᠠ ᠃ ᠠᠷᠭ᠎ᠠ ᠵᠠᠮ ᠢᠶᠠᠨ ᠲᠤᠳᠤᠷᠬᠠᠶᠢᠯᠠᠨ ᠰᠢᠯᠭᠠᠨ ᠦᠵᠡᠬᠦ ᠶᠢ | ᠴᠢᠩᠭᠠᠳᠬᠠᠵᠦ ᠂ ᠺᠤᠮᠫᠢᠤᠲ᠋ᠧᠷ ᠤᠨ ᠠᠵᠢᠯᠯᠠᠭᠠᠨ ᠤ ᠰᠢᠰᠲ᠋ᠧᠮ ᠢ ᠡᠯ᠎ᠡ ᠳᠤᠬᠠᠶᠢᠯᠠᠬᠰᠠᠨ ᠠᠵᠢᠯ ᠤᠨ ᠰᠢᠰᠲ᠋ᠧᠮ ᠲᠠᠢ ᠨᠢᠬᠡ ᠺᠤᠮᠫᠢᠤᠲ᠋ᠧᠷ ᠮᠠᠰᠢᠨ ᠳᠡᠬᠡᠷ᠎ᠡ | ᠠᠵᠢᠯᠯᠠᠬᠤ ᠪᠤᠯᠭᠠᠵᠦ ᠂ ᠭᠠᠳᠠᠬᠰᠢ ᠵᠠᠯᠭᠠᠭᠤᠯᠬᠤ ᠳᠤᠨᠤᠭ ᠤᠨ ᠳᠤᠬᠢᠷᠠᠭᠤᠯᠤᠯᠳᠠ ᠶᠢ ᠠᠬᠢᠭᠤᠯᠵᠤ ᠂ ᠠᠮᠤᠷ ᠢ ᠬᠠᠮᠠᠭᠠᠯᠠᠬᠤ ᠂ ᠡᠷᠦᠬᠡ ᠠᠮᠠ ᠶᠢᠨ ᠶᠠᠪᠤᠳᠠᠯ ᠂ ᠬᠢᠯᠢ | ᠪᠠᠷ ᠤᠷᠤᠵᠤ ᠭᠠᠷᠬᠤ ᠵᠡᠷᠬᠡ ᠳᠤᠬᠠᠶᠢᠯᠠᠬᠰᠠᠨ ᠠᠵᠢᠯ ᠢ ᠭᠠᠳᠠᠬᠰᠢ ᠵᠠᠯᠭᠠᠭᠤᠯᠬᠤ ᠳᠤᠨᠤᠭ ᠲᠡᠭᠡᠷ᠎ᠠ ᠳᠤᠬᠢᠷᠠᠭᠤᠯᠵᠤ ᠂ ᠳᠤᠬᠠᠶᠢᠯᠠᠬᠰᠠᠨ ᠠᠵᠢᠯ ᠢ ᠬᠦᠢᠴᠡᠳᠬᠡᠬᠦ ᠳᠤ | ᠰᠢᠯᠤᠭᠤᠨ ᠪᠠᠶᠢᠬᠤ ᠶᠢ ᠪᠠᠳᠤᠯᠠᠪᠠ ᠃ ᠮᠡᠷᠬᠡᠵᠢᠯ ᠤᠨ ᠳᠤᠯᠭᠠᠭᠤᠷᠢᠯᠡᠯ ᠢ ᠪᠠᠳᠤᠯᠠᠵᠤ ᠂ ᠳᠡᠬᠡᠳᠦ ᠱᠠᠳᠤᠨ ᠤ ᠪᠠᠶᠢᠭᠤᠯᠭ᠎ᠠ ᠠᠴᠠ ᠳᠤᠭᠠᠴᠠᠯᠠᠬᠰᠠᠨ ᠦᠨᠡᠮᠯᠡᠯ | ᠭᠤᠶᠤᠴᠢᠯᠠᠬᠤ ᠡᠷᠬᠡ ᠶᠢ ᠤᠯᠵᠤ ᠂ ᠡᠷᠦᠬᠡ ᠠᠮᠠ ᠶᠢᠨ ᠶᠠᠪᠤᠳᠠᠯ ᠂ ᠬᠢᠯᠢ ᠪᠠᠷ ᠤᠷᠤᠵᠤ ᠭᠠᠷᠬᠤ ᠶᠢ《 ᠨᠢᠬᠡ ᠴᠤᠩᠬᠤᠪᠴᠢ ᠪᠠᠷ ᠨᠡᠶᠢᠳᠡᠮ ᠬᠦᠢᠴᠡᠳᠬᠡᠬᠦ》 ᠶᠢ | ᠪᠡᠶᠡᠯᠡᠬᠦᠯᠪᠡ ᠃ ᠳᠤᠬᠠᠶᠢᠯᠠᠬᠰᠠᠨ ᠠᠵᠢᠯ ᠤᠨ ᠬᠦᠮᠦᠵᠢᠯ ᠪᠤᠯᠪᠠᠰᠤᠷᠡᠯ ᠢ ᠴᠢᠩᠭᠠᠳᠬᠠᠵᠤ《ᠨᠢᠬᠡ ᠨᠢ ᠨᠢᠬᠡ ᠪᠠᠨ》ᠬᠠᠪᠰᠤᠷᠬᠤ ᠂ ᠡᠬᠡᠯᠵᠢᠯᠡᠨ ᠠᠵᠢᠯᠯᠠᠭᠤᠯᠬᠤ | ᠬᠡᠯᠪᠡᠷᠢ ᠪᠠᠷ ᠳᠡᠮᠵᠢᠨ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠳᠡᠳ ᠢ《 ᠲᠠᠩ ᠲᠦᠷᠦᠯ ᠤᠨ ᠬᠡᠯᠪᠡᠷᠢ》 ᠠᠴᠠ《 ᠶᠡᠷᠦᠩᠬᠡᠶᠢᠯᠡᠭᠰᠡᠨ ᠲᠦᠷᠦᠯ ᠤᠨ | ᠬᠡᠯᠪᠡᠷᠢ》ᠳᠠᠶᠢᠰᠢ ᠬᠤᠪᠢᠷᠠᠭᠤᠯᠬᠤ ᠶᠢ ᠪᠡᠶᠡᠯᠡᠬᠦᠯᠵᠤ ᠂ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠳᠡᠳ ᠤᠨ ᠬᠤᠭᠤᠷᠤᠨᠳᠤᠬᠢ ᠨᠡᠪᠳᠡᠷᠡᠯᠴᠡᠨ ᠬᠠᠷᠢᠯᠴᠠᠬᠤ ᠶᠢ | ᠴᠢᠩᠭᠠᠳᠬᠠᠵᠤ ᠂ ᠳᠤᠬᠠᠶᠢᠯᠠᠬᠰᠠᠨ ᠠᠵᠢᠯ ᠤᠨ ᠬᠦᠷᠢᠶ᠎ᠡ ᠬᠡᠪᠴᠢᠶ᠎ᠡ ᠂ ᠬᠢᠨᠠᠨ ᠬᠠᠷᠭᠤᠭᠤᠯᠬᠤ ᠭᠤᠤᠯᠳᠠᠯᠭ᠎ᠠ ᠂ ᠬᠦᠢᠴᠡᠳᠬᠡᠬᠦ ᠭᠤᠬᠴᠤᠭ᠎ᠠ ᠂ ᠰᠢᠰᠲ᠋ᠧᠮ ᠤᠨ | ᠠᠵᠢᠯᠯᠠᠭ᠎ᠠ ᠵᠡᠷᠬᠡ ᠠᠭᠤᠯᠭ᠎ᠠ ᠶᠢ ᠭᠤᠤᠯᠳᠠᠯᠭ᠎ᠠ ᠲᠠᠢ ᠡᠵᠡᠮᠰᠢᠵᠦ ᠴᠢᠳᠠᠪᠠ ᠃ | ᠳᠦᠷᠢᠮ ᠳᠤᠬᠳᠠᠭᠠᠯ ᠳᠤᠬᠳᠠᠭᠠᠨ ᠠᠵᠢᠯ ᠤᠨ ᠰᠤᠷᠳᠠᠯ ᠢᠶᠠᠨ ᠬᠤᠪᠢᠷᠠᠭᠤᠯᠵᠤ ᠂《 ᠬᠠᠮᠢᠶᠠᠷᠤᠯᠳᠡ ᠶᠢ ᠪᠤᠳᠠᠳᠠᠶᠢᠵᠢᠭᠤᠯᠬᠤ》 ᠶᠢ ᠦᠨᠡᠨᠬᠦ ᠪᠠᠳᠤᠯᠠᠵᠤ ᠂ ᠨᠠᠮ | ᠤᠨ ᠪᠠᠶᠢᠭᠤᠯᠤᠯᠳᠠ ᠪᠠᠷ ᠬᠦᠳᠦᠯᠦᠨ ᠳᠠᠭᠠᠭᠤᠯᠬᠤ ᠶᠢ ᠪᠠᠷᠢᠮᠳᠡᠯᠡᠵᠤ ᠂ ᠰᠤᠷᠤᠯᠴᠠᠯᠭ᠎ᠠ ᠬᠦᠮᠦᠵᠢᠯ ᠢ ᠬᠦᠨᠵᠡᠬᠡᠶᠢᠷᠡᠬᠦᠯᠵᠤ ᠂ ᠡᠩᠨᠡᠬᠡᠨ ᠤ ᠪᠠᠶᠢᠭᠤᠯᠤᠯᠳᠠ ᠶᠢᠨ | ᠰᠠᠭᠤᠷᠢ ᠶᠢ ᠪᠠᠬᠢᠵᠢᠬᠦᠯᠪᠡ ᠃ ᠳᠡᠷᠢᠬᠦᠨ ᠤ ᠦᠢᠯᠡᠴᠢᠯᠡᠬᠡᠨ ᠤ ᠦᠢᠯᠠᠭᠠᠬᠳᠠᠬᠤᠨ ᠢᠶᠠᠷ ᠵᠢᠯᠤᠭᠤᠳᠤᠯᠭ᠎ᠠ ᠪᠤᠯᠭᠠᠵᠤ ᠂ ᠦᠬᠡ ᠶᠠᠷᠢᠶ᠎ᠡ ᠂ ᠦᠢᠯᠡ ᠠᠵᠢᠯᠯᠠᠭ᠎ᠠ ᠳᠤᠮᠳᠠ | ᠦᠢᠯᠡᠴᠢᠯᠡᠬᠡᠨ ᠤ ᠴᠢᠨᠠᠷᠵᠢᠯ ᠂ ᠳᠦᠷᠬᠡᠨ ᠳᠦᠳᠡ ᠂ ᠠᠷᠡᠳ ᠲᠤ ᠳᠦᠬᠦᠮ ᠦᠵᠡᠬᠦᠯᠬᠦ ᠶᠢ ᠢᠯᠡᠷᠡᠬᠦᠯᠵᠦ ᠂ ᠴᠤᠩᠬᠤᠪᠴᠢ ᠪᠠᠶᠢᠭᠤᠯᠭ᠎ᠠ ᠶᠢᠨ ᠰᠠᠶᠢᠨ ᠰᠠᠶᠢᠬᠠᠨ | ᠳᠦᠷᠢ ᠲᠦᠷᠬᠦ ᠶᠢ ᠱᠤᠭᠤᠵᠦ ᠂ ᠰᠤᠷᠳᠡᠯ ᠴᠢᠬᠡᠴᠢ ᠤᠪᠤᠷ ᠲᠦᠪ ᠳᠤᠳᠤᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠩᠨᠡᠭᠡ ᠶᠢ | ᠪᠠᠶᠢᠭᠤᠯᠵᠤ ᠪᠠᠶᠢᠨ᠎ᠠ ᠃ ᠠᠩᠬ᠎ᠠ ᠬᠦᠯᠢᠶᠡᠨ ᠠᠪᠬᠤ ᠬᠠᠷᠢᠭᠤᠴᠠᠯᠭ᠎ᠠ ᠶᠢᠨ ᠳᠦᠷᠢᠮ ᠂ ᠴᠠᠭ ᠬᠢᠵᠠᠭᠠᠷᠯᠠᠨ ᠬᠦᠢᠴᠡᠳᠬᠡᠬᠦ ᠳᠦᠷᠢᠮ ᠪᠠ ᠴᠠᠭ ᠤᠷᠳᠤᠳᠬᠠᠬᠤ ᠠᠵᠢᠯ | ᠤᠨ ᠳᠦᠷᠢᠮ ᠵᠡᠷᠬᠡ ᠳᠦᠷᠢᠮ ᠲᠤᠬᠳᠠᠭᠠᠯ ᠢ ᠰᠠᠶᠢᠳᠤᠷ ᠨᠠᠶᠢᠳᠠᠪᠤᠷᠢᠵᠢᠭᠤᠯᠵᠡᠢ ᠃ ᠴᠠᠭ ᠤᠷᠳᠤᠳᠬᠠᠨ ᠬᠦᠢᠴᠡᠳᠬᠡᠬᠦ ᠠᠵᠢᠯ ᠤᠨ ᠵᠠᠷᠴᠢᠮ ᠢ ᠪᠠᠷᠢᠮᠳᠡᠯᠡᠵᠤ ᠂ | ᠪᠤᠯᠵᠤᠵᠤ ᠦᠢᠯᠡᠴᠢᠯᠡᠬᠦ ᠳᠦᠷᠢᠮ ᠪᠠ ᠬᠡᠷ ᠲᠤᠨᠢ ᠬᠦᠷᠴᠤ ᠦᠢᠯᠡᠴᠢᠯᠡᠬᠦ ᠶᠢ ᠬᠡᠷᠡᠭᠵᠢᠬᠦᠯᠵᠤ ᠂ ᠭᠠᠷᠠᠭ ᠤᠨ ᠵᠢᠷᠭᠤᠭᠠᠨ ᠵᠢᠴᠢ ᠭᠠᠷᠠᠭ ᠤᠨ ᠡᠳᠦᠷ ᠂ ᠬᠠᠤᠯᠢ ᠪᠠᠷ | ᠳᠤᠬᠳᠠᠭᠠᠬᠰᠠᠨ ᠪᠡᠶᠡᠷ ᠳᠤᠷᠠᠰᠬᠠᠯ ᠤᠨ ᠠᠮᠠᠷᠡᠯᠳᠡ ᠶᠢᠨ ᠡᠳᠦᠷ ᠲᠤ ᠴᠢᠭᠯᠡᠬᠦᠯᠦᠨ ᠪᠤᠯᠵᠤᠵᠤ ᠦᠢᠯᠡᠴᠢᠯᠡᠬᠦ ᠶᠢ ᠦᠷᠨᠢᠬᠦᠯᠦᠨ ᠂ ᠶᠠᠪᠤᠵᠤ ᠰᠠᠭᠤᠬᠤ ᠳᠤ ᠳᠦᠬᠦᠮ | ᠦᠬᠡᠢ ᠭᠤᠤᠨᠢ ᠭᠠᠭᠴᠠᠭᠠᠷ ᠨᠠᠰᠤᠳᠠᠨ ᠂ ᠵᠡᠮᠳᠡᠭᠴᠤᠳ ᠵᠡᠷᠬᠡ ᠤᠨᠴᠠᠭᠠᠢ ᠤᠯᠠᠨ ᠳᠦᠮᠡᠨ ᠳᠤ ᠪᠤᠯᠵᠤᠵᠤ ᠬᠡᠷ ᠲᠤᠨᠢ ᠬᠦᠷᠴᠤ ᠦᠢᠯᠡᠴᠢᠯᠡᠬᠦ ᠪᠠ ᠦᠨᠡᠮᠯᠡᠯ ᠢ ᠬᠡᠷ | ᠲᠤᠨᠢ ᠬᠦᠷᠬᠡᠵᠦ ᠰᠡᠳᠬᠢᠯ ᠢ ᠨᠢ ᠳᠤᠯᠠᠭᠠᠴᠠᠭᠤᠯᠬᠤ ᠵᠡᠷᠬᠡ ᠦᠢᠯᠡᠴᠢᠯᠡᠭᠡ ᠶᠢ ᠪᠦᠬᠦ ᠳᠠᠯ᠎ᠠ ᠪᠠᠷ ᠦᠷᠨᠢᠬᠦᠯᠪᠡ ᠃ | ᠦᠢᠯᠡᠴᠢᠯᠡᠬᠡᠨ ᠤ ᠳᠤᠨᠤᠭ ᠲᠦᠬᠦᠬᠡᠷᠦᠮᠵᠢ ᠶᠢ ᠰᠢᠯᠢᠳᠡᠭᠵᠢᠬᠦᠯᠵᠤ ᠂《 ᠪᠠᠳᠤᠯᠠᠭ᠎ᠠ ᠶᠢ ᠪᠤᠳᠠᠳᠠᠶᠢᠵᠢᠭᠤᠯᠬᠤ》 ᠶᠢ ᠦᠨᠡᠨᠬᠦ ᠪᠠᠳᠤᠯᠠᠵᠤ ᠂ ᠳᠤᠳᠤᠭᠠᠳᠤ ᠶᠢ | ᠬᠠᠮᠠᠭᠠᠯᠠᠬᠤ ᠴᠤᠩᠬᠤᠪᠴᠢ ᠶᠢᠨ ᠤᠷᠴᠢᠨ ᠳᠤᠭᠤᠷᠢᠨ ᠴᠡᠪᠡᠷ ᠴᠡᠮᠴᠡᠬᠡᠷ ᠪᠠᠶᠢᠬᠤ ᠶᠢ ᠪᠠᠳᠤᠯᠠᠵᠤ ᠂ ᠡᠯ᠎ᠡ ᠳᠦᠷᠦᠯ ᠤᠨ ᠳᠤᠨᠤᠭ ᠳᠦᠬᠦᠬᠡᠷᠦᠮᠵᠢ ᠪᠦᠷᠢᠨ ᠳᠦᠬᠦᠷ | ᠪᠠᠶᠢᠵᠤ ᠂《ᠳᠦᠷᠪᠡᠨ ᠴᠡᠪᠡᠷ ᠳᠦᠷᠪᠡᠨ ᠦᠬᠡᠢ》ᠪᠠᠶᠢᠯᠭᠠᠬᠤ ᠶᠢ ᠪᠠᠳᠤᠯᠠᠵᠤ ᠂ ᠦᠢᠯᠡᠴᠢᠯᠡᠬᠦ ᠡᠳᠡᠬᠡᠳ ᠲᠤ ᠳᠠᠭᠠᠯᠠᠮᠵᠢᠳᠡᠢ ᠤᠷᠴᠢᠨ ᠠᠬᠤᠢ ᠬᠠᠨᠭ᠍ᠭᠠᠬᠤ ᠶᠢ | ᠪᠠᠳᠤᠯᠠᠵᠤ ᠪᠠᠶᠢᠨ᠎ᠠ ᠃ ᠴᠠᠬᠳᠠᠭ᠎ᠠ ᠠᠷᠡᠳ ᠳᠦᠮᠡᠨ ᠲᠠᠢ ᠬᠠᠷᠢᠯᠴᠠᠬᠤ ᠰᠠᠨᠠᠯ ᠬᠤᠷᠢᠶᠠᠬᠤ ᠬᠠᠶᠢᠷᠴᠠᠭ ᠂ ᠦᠢᠯᠡᠴᠢᠯᠡᠭᠡ ᠶᠢ ᠦᠨᠡᠯᠡᠬᠦ ᠳᠤᠨᠤᠭ ᠵᠡᠷᠭᠡ ᠬᠢᠨᠠᠯᠳᠠ | ᠳᠠᠯᠪᠢᠬᠤ ᠳᠤᠨᠤᠭ ᠳᠦᠬᠦᠬᠡᠷᠦᠮᠵᠢ ᠶᠢ ᠲᠤᠬᠢᠷᠠᠭᠤᠯᠵᠦ ᠂ ᠤᠯᠠᠨ ᠳᠦᠮᠡᠨ ᠤ ᠬᠢᠨᠡᠯᠳᠡ ᠳᠠᠯᠪᠢᠬᠤ ᠳᠤ ᠳᠦᠬᠦᠮ ᠦᠵᠡᠬᠦᠯᠪᠠ ᠃ ᠬᠡᠷᠡᠭ ᠰᠢᠢᠳᠪᠦᠷᠢᠯᠡᠬᠦ ᠤᠯᠠᠨ | ᠳᠦᠮᠡᠨ ᠤ ᠬᠡᠷᠡᠭᠯᠡᠬᠦ ᠰᠢᠷᠡᠭᠡ ᠰᠠᠨᠳᠠᠯᠢ ᠂ ᠴᠠᠭᠠᠰᠤ ᠪᠢᠷ ᠪᠡᠭᠡ ᠂ ᠭᠠᠯ ᠰᠢᠯ ᠵᠡᠷᠬᠡ ᠪᠠᠭᠠᠵᠢ ᠬᠡᠷᠡᠭᠰᠡᠯ ᠢ ᠳᠤᠬᠢᠷᠠᠭᠤᠯᠵᠤ ᠂ ᠤᠯᠠᠨ ᠳᠦᠮᠡᠨ ᠳᠤ ᠳᠦᠬᠦᠮ | ᠦᠵᠡᠬᠦᠯᠪᠠ ᠃ ᠦᠪᠡᠷ ᠲᠡᠭᠡᠨ ᠦᠢᠯᠡᠴᠢᠯᠡᠬᠦ ᠳᠤᠭᠤᠷᠢᠭ ᠭᠠᠷᠭᠠᠵᠤ ᠂ ᠪᠡᠶ᠎ᠡ ᠶᠢᠨ ᠦᠨᠡᠮᠯᠡᠯ ᠳᠤ ᠦᠪᠡᠷ ᠢᠶᠠᠨ ᠵᠢᠷᠤᠭ ᠳᠠᠳᠠᠬᠤ ᠂ ᠦᠨᠡᠮᠯᠡᠯ ᠢᠶᠠᠨ ᠭᠤᠶᠤᠴᠢᠯᠠᠨ | ᠠᠪᠬᠤ ᠮᠠᠰᠢᠨ ᠳᠤᠬᠢᠷᠠᠭᠤᠯᠵᠤ ᠂ ᠤᠯᠠᠨ ᠳᠦᠮᠡᠨ ᠤ ᠪᠡᠶ᠎ᠡ ᠶᠢᠨ ᠦᠨᠡᠮᠯᠡᠯ ᠢᠶᠠᠨ《ᠦᠪᠡᠷ ᠲᠡᠭᠡᠨ ᠠᠪᠬᠤ》 ᠶᠢ ᠪᠡᠶᠡᠯᠡᠬᠦᠯᠪᠡ ᠃ ᠳ᠋ᠤᠭᠠᠷᠯᠠᠬᠤ ᠰᠢᠰᠲ᠋ᠧᠮ | ᠳᠠᠭᠠᠷᠠᠭᠤᠯᠵᠤ ᠂ ᠬᠡᠷᠡᠭ ᠰᠢᠢᠳᠪᠦᠷᠢᠯᠡᠬᠦ ᠤᠯᠠᠨ ᠳᠦᠮᠡᠨ ᠵᠡᠬᠦᠡᠭᠠᠷ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠢᠮᠡᠭᠡ ᠵᠠᠩᠬᠢ ᠶᠢᠨ ᠭᠠᠷᠡᠮ ᠢ ᠰᠢᠷᠪᠢᠵᠦ ᠳ᠋ᠤᠭᠠᠷ | ᠠᠪᠤᠭᠤᠯᠤᠨ ᠂ ᠤᠯᠠᠨ ᠳᠦᠮᠡᠨ ᠳᠤ ᠳᠦᠬᠦᠮ ᠦᠵᠡᠬᠦᠯᠪᠡ ᠃ | ᠦᠢᠯᠡᠴᠢᠯᠡᠬᠡᠨ ᠤ ᠨᠠᠷᠢᠯᠢᠭ ᠤᠨᠤᠪᠴᠢᠳᠡᠢ ᠶᠢ ᠠᠬᠢᠭᠤᠯᠵᠤ ᠂《 ᠦᠢᠯᠡᠴᠢᠯᠡᠭᠡ ᠶᠢ ᠪᠤᠳᠠᠳᠠᠶᠢᠵᠢᠭᠤᠯᠬᠤ》 ᠶᠢ ᠪᠠᠳᠤᠯᠠᠨ ᠂《ᠳᠠᠷᠤᠢ ᠳᠦᠷᠬᠡᠨ ᠬᠦᠢᠴᠡᠳᠬᠡᠬᠦ ᠂ | ᠰᠦᠯᠵᠢᠶᠡᠨ ᠳᠡᠬᠡᠷ᠎ᠡ ᠬᠦᠢᠴᠡᠳᠬᠡᠬᠦ ᠂ ᠤᠶᠢᠷ᠎ᠡ ᠬᠠᠪᠢ ᠳᠤ ᠬᠦᠢᠴᠡᠳᠬᠡᠬᠦ ᠂ ᠨᠢᠬᠡ ᠤᠳᠠᠭ᠎ᠠ ᠳᠤ ᠬᠦᠢᠴᠡᠳᠬᠡᠬᠦ》 ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠬᠰᠠᠨ | ᠰᠠᠭᠤᠷᠢᠨ ᠳᠡᠬᠡᠷ᠎ᠡ ᠂ ᠴᠤᠩᠬᠤᠪᠴᠢ ᠶᠢᠨ ᠦᠢᠯᠡᠴᠢᠯᠡᠬᠡᠨ ᠤ ᠶᠠᠪᠤᠴᠠ ᠪᠠᠨ ᠤᠯᠠᠮ ᠨᠢᠬᠡ ᠠᠯᠬᠤᠮ ᠰᠢᠯᠢᠳᠡᠭᠵᠢᠬᠦᠯᠵᠤ ᠂ ᠶᠠᠪᠤᠳᠠᠯ ᠬᠦᠢᠴᠡᠳᠬᠡᠬᠦ ᠶᠠᠪᠤᠴᠠ ᠶᠢ | ᠳᠦᠬᠦᠮᠴᠢᠯᠡᠵᠤ ᠂ ᠦᠢᠯᠡᠴᠢᠯᠡᠬᠡᠨ ᠤ ᠵᠠᠮ ᠮᠦᠷ ᠢᠶᠠᠨ ᠦᠷᠬᠡᠳᠬᠡᠵᠤ ᠂ ᠰᠠᠨᠠᠭᠠᠴᠢᠯᠠᠭ᠎ᠠ ᠲᠠᠢ ᠦᠢᠯᠡᠴᠢᠯᠡᠬᠦ ᠂ ᠳᠤᠳᠤᠨᠤ ᠪᠠᠷ ᠦᠢᠯᠡᠴᠢᠯᠡᠬᠦ ᠂ ᠴᠠᠭ ᠤᠷᠳᠤᠳᠬᠠᠨ | ᠦᠢᠯᠡᠴᠢᠯᠡᠬᠦ ᠂ ᠪᠤᠯᠵᠤᠵᠤ ᠦᠢᠯᠡᠴᠢᠯᠡᠬᠦ ᠂《ᠠᠭᠤᠴᠢᠯᠠᠵᠦ ᠬᠦᠯᠢᠶᠡᠨ ᠠᠪᠬᠤ》᠂ ᠡᠬᠦᠳᠡᠨ ᠳᠤ ᠨᠢ ᠬᠦᠷᠴᠤ ᠦᠢᠯᠡᠴᠢᠯᠡᠬᠦ ᠶᠢ ᠬᠡᠷᠡᠭᠵᠢᠬᠦᠯᠵᠤ ᠂ ᠴᠠᠭ ᠢ | ᠤᠷᠳᠤᠳᠬᠠᠬᠤ ᠦᠢᠯᠡᠴᠢᠯᠡᠭᠡ ᠶᠢ ᠤᠯᠠᠮ ᠨᠢᠬᠡ ᠠᠯᠬᠤᠮ ᠪᠤᠳᠠᠳᠠᠶᠢᠵᠢᠭᠤᠯᠪᠠ ᠃ ᠬᠢᠨᠠᠨ ᠵᠦᠪᠰᠢᠶᠡᠷᠡᠬᠦ ᠴᠠᠭ ᠢ ᠪᠠᠭᠠᠰᠬᠠᠵᠤ ᠂ ᠠᠮᠠᠯᠳᠠᠬᠰᠠᠨ ᠴᠠᠭ ᠤᠨ ᠬᠢᠵᠠᠭᠠᠷᠯᠡᠯ | ᠢ ᠪᠠᠭᠠᠰᠬᠠᠬᠤ ᠬᠠᠷᠢᠴᠠᠯ ᠢ 60% ᠠᠴᠠ ᠳᠡᠭᠡᠭᠰᠢ ᠪᠤᠯᠭᠠᠪᠠ ᠃ ᠳᠤᠳᠤᠭᠠᠳᠤ ᠶᠢ ᠬᠠᠮᠠᠭᠠᠯᠠᠬᠤ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠤ ᠂ | ᠰᠡᠬᠦᠳᠡᠷᠯᠡᠭᠰᠡᠨ ᠤ ᠳᠠᠷᠠᠭ᠎ᠠ ᠦᠨᠡᠮᠯᠡᠯ ᠢ ᠴᠦᠬᠡᠳᠬᠡᠬᠦ ᠪᠠ ᠬᠢᠨᠠᠨ ᠵᠦᠪᠰᠢᠶᠡᠷᠡᠬᠦ ᠶᠢ ᠳᠦᠬᠦᠮᠴᠢᠯᠡᠬᠦ ᠶᠢ ᠠᠬᠢᠭᠤᠯᠵᠤ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ | ᠤᠯᠠᠮ ᠨᠢᠬᠡ ᠠᠯᠬᠤᠮ ᠰᠢᠯᠢᠳᠡᠭᠵᠢᠬᠦᠯᠵᠤ ᠂ ᠵᠠᠬ᠎ᠠ ᠳᠡᠯᠬᠡᠬᠦᠷ ᠤᠨ ᠪᠡᠶᠡᠴᠢ ᠴᠤᠬᠴᠠ ᠶᠢᠨ ᠠᠮᠢᠵᠢᠷᠡᠯ ᠤᠨ ᠬᠦᠴᠤᠨ ᠢ ᠬᠦᠭᠵᠢᠬᠡᠪᠡ ᠃ ᠲᠠᠨᠵᠢᠯᠡᠬᠦ ᠵᠡᠷᠬᠡ ᠤᠨᠴᠠ | ᠳᠦᠷᠦᠯ ᠤᠨ ᠠᠵᠢᠯ ᠳᠦᠷᠦᠯ ᠤᠨ ᠵᠦᠪᠰᠢᠶᠡᠷᠡᠯ ᠤᠨ ᠦᠨᠡᠮᠯᠡᠯ ᠢ ᠬᠢᠨᠠᠨ ᠵᠦᠪᠰᠢᠶᠡᠷᠡᠬᠦ ᠶᠢ ᠰᠢᠭᠤᠳ ᠬᠦᠴᠤᠨ ᠦᠬᠡᠢ ᠪᠤᠯᠭᠠᠵᠤ ᠂ ᠪᠠᠭᠤᠳᠠᠯ ᠤᠨ ᠦᠢᠯᠡᠰ ᠤᠨ | ᠤᠨᠴᠠ ᠳᠦᠷᠦᠯ ᠵᠦᠢᠯ ᠤᠨ ᠵᠦᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠤᠯᠭᠤᠬᠤ ᠂ ᠠᠯᠪᠠᠨ ᠳᠠᠮᠠᠭ᠎ᠠ ᠰᠡᠶᠢᠯᠦᠨ ᠦᠢᠯᠡᠳᠬᠦ ᠦᠢᠯᠡᠰ ᠤᠨ ᠤᠨᠴᠠ ᠳᠦᠷᠦᠯ | ᠤᠨ ᠠᠵᠢᠯ ᠳᠦᠷᠦᠯ ᠤᠨ ᠵᠦᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠤᠯᠭᠤᠬᠤ ᠪᠠ ᠢᠨᠲ᠋ᠧᠷ ᠰᠦᠯᠵᠢᠶᠡᠨ ᠤ ᠦᠢᠯᠡᠴᠢᠯᠡᠬᠡᠨ ᠤ ᠡᠵᠡᠩᠨᠡᠯᠳᠡ ᠶᠢᠨ ᠳᠠᠯᠠᠪᠤᠷ | ᠤᠨ ᠴᠢᠮᠡᠭᠡ ᠵᠠᠩᠬᠢ ᠰᠦᠯᠵᠢᠶᠡᠨ ᠤ ᠠᠮᠤᠷ ᠲᠦᠪᠰᠢᠨ ᠢ ᠬᠢᠨᠠᠨ ᠬᠠᠷᠭᠤᠭᠤᠯᠬᠤ ᠳᠤ ᠮᠡᠳᠡᠭᠳᠡᠬᠦ ᠠᠮᠠᠯᠳᠠᠯᠭ᠎ᠠ ᠶᠢ ᠬᠡᠷᠡᠭᠵᠢᠬᠦᠯᠵᠤ ᠂ ᠤᠯᠠᠨ ᠳᠦᠮᠡᠨ ᠤ ᠳᠠᠷᠤᠭᠠᠰᠤ | ᠶᠢ ᠦᠨᠡᠨᠬᠦ ᠬᠦᠡᠭᠬᠡᠷᠡᠬᠦᠯᠵᠦ ᠂《 ᠳᠤᠭ᠎ᠠ ᠪᠠᠷᠢᠮᠳᠡ ᠶᠢ ᠢᠯᠡᠬᠦᠦ ᠬᠦᠶᠦᠯᠬᠡᠵᠤ ᠂ ᠤᠯᠠᠨ ᠳᠦᠮᠡᠨ ᠢ ᠳᠤᠳᠠᠭᠤ ᠬᠦᠶᠦᠯᠬᠡᠬᠦ》 ᠶᠢ ᠪᠡᠶᠡᠯᠡᠬᠦᠯᠵᠤ ᠂《 ᠨᠢᠬᠡ | ᠤᠳᠠᠭ᠎ᠠ ᠳᠤ ᠬᠦᠢᠴᠡᠳᠬᠡᠬᠦ》ᠠᠮᠠᠯᠳᠠᠯᠭ᠎ᠠ ᠪᠠᠨ ᠨᠠᠶᠢᠳᠠᠪᠤᠷᠢᠵᠢᠭᠤᠯᠪᠠ ᠃ ᠡᠯᠧᠺᠲᠷᠤᠨ ᠳᠠᠮᠠᠭ᠎ᠠ ᠂ ᠡᠯᠧᠺᠲᠷᠤᠨ ᠦᠨᠡᠮᠯᠡᠯ ᠤᠨ ᠬᠡᠷᠡᠭᠯᠡᠬᠡᠨ ᠤ ᠬᠦᠷᠢᠶ᠎ᠡ ᠬᠡᠪᠴᠢᠶ᠎ᠡ | ᠶᠢ ᠦᠷᠬᠡᠳᠬᠡᠵᠤ ᠂ ᠬᠢᠨᠠᠨ ᠵᠦᠪᠰᠢᠶᠡᠷᠡᠬᠦ ᠡᠯᠧᠺᠲᠷᠤᠨ ᠦᠨᠡᠮᠯᠡᠯ ᠤᠨ ᠵᠠᠬᠪᠤᠷ ᠢ ᠦᠢᠯᠡᠳᠬᠦ ᠶᠢ ᠪᠡᠶᠡᠯᠡᠬᠦᠯᠵᠤ ᠂ ᠬᠤᠸᠠᠷ ᠫᠤᠤᠵᠢᠩ ᠳᠡᠬᠡᠬᠡᠪᠦᠷᠢᠯᠡᠬᠦ ᠵᠦᠪᠰᠢᠶᠡᠷᠡᠯ | ᠤᠨ ᠦᠨᠡᠮᠯᠡᠯ ᠂ ᠬᠡᠰᠡᠭ ᠡᠷᠦᠬᠡ ᠠᠮᠠ ᠶᠢ ᠰᠢᠯᠵᠢᠬᠦᠯᠬᠦ ᠦᠨᠡᠮᠯᠡᠯ ᠂ ᠠᠷᠡᠳ ᠤᠨ ᠬᠡᠷᠡᠭᠯᠡᠬᠡᠨ ᠤ ᠳᠡᠯᠪᠡᠴᠢᠬᠦ ᠡᠳ᠋ ᠢ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ | ᠪᠠ ᠠᠷᠡᠳ ᠤᠨ ᠬᠡᠷᠡᠭᠯᠡᠬᠡᠨ ᠤ ᠳᠡᠯᠪᠡᠴᠢᠬᠦ ᠡᠳ᠋ ᠢ ᠳᠡᠬᠡᠬᠡᠪᠦᠷᠢᠯᠡᠬᠦ ᠵᠦᠪᠰᠢᠶᠡᠷᠡᠯ ᠤᠨ ᠦᠨᠡᠮᠯᠡᠯ ᠤᠨᠡᠯᠧᠺᠲᠷᠤᠨ ᠦᠨᠡᠮᠯᠡᠯ ᠲᠠᠢ ᠨᠡᠶᠢᠯᠡᠬᠦ ᠶᠢ ᠪᠡᠶᠡᠯᠡᠬᠦᠯᠵᠤ ᠂ | ᠰᠠᠯᠠᠭ᠎ᠠ ᠮᠦᠴᠢᠷ ᠠᠯᠤᠰᠯᠠᠵᠤ ᠱᠠᠳᠤ ᠳᠠᠪᠬᠤᠷᠭ᠎ᠠ ᠠᠯᠤᠰᠯᠠᠨ ᠬᠠᠮᠳᠤᠪᠡᠷ ᠡᠳ᠋ᠯᠡᠵᠤ ᠬᠠᠷᠢᠯᠴᠠᠨ ᠵᠦᠪᠰᠢᠶᠡᠷᠡᠬᠦ ᠶᠢ ᠪᠡᠶᠡᠯᠡᠬᠦᠯᠪᠡ ᠃ | | | |