| | ᠰᠢᠷ᠎ᠠ ᠲᠤᠰᠤ ᠪᠤᠯ ᠬᠠᠯᠭᠤᠨ ᠪᠦᠯᠢᠶᠡᠨ ᠴᠢᠨᠠᠷᠲᠠᠢ ᠂ ᠬᠡᠢ ᠶᠢ ᠲᠠᠷᠤᠵᠤ ᠲᠠᠮᠢᠷ ᠢ ᠰᠠᠶᠢᠵᠢᠷᠠᠭᠤᠯᠤᠨ ᠂ ᠦᠩᠭᠡ ᠶᠢ ᠲᠡᠵᠢᠭᠡᠬᠦ ᠂ ᠬᠦᠮᠤᠨ ᠤ ᠪᠡᠶ᠎ᠡ ᠶᠢᠨ | ᠡᠷᠡᠬᠦᠯ ᠮᠡᠠᠳᠤ ᠳᠤ ᠤᠯᠠᠨ ᠬᠡᠷᠡᠭᠴᠡᠭᠡ ᠲᠠᠢ ᠂ ᠡᠮᠳᠤ ᠴᠢᠨᠠᠷᠳᠠᠢ ᠡᠷᠬᠢᠮ ᠴᠢᠬᠤᠯᠠ ᠢᠳᠡᠬᠡᠨ ᠪᠤᠯᠤᠨ᠎ᠠ ᠃ ︽ ᠠᠯᠲᠠᠨ ᠬᠠᠳᠠᠮᠠᠯ ︾ ᠳᠤ ᠴᠠᠭᠠᠨ ᠲᠤᠰᠤ ᠶᠢ | ᠰᠢᠮ᠎ᠡ ᠶᠢᠨ ᠲᠤᠩᠭᠠᠯᠠᠭ ᠴᠭᠠᠠᠨ ᠲᠤᠰᠤ ᠰᠢᠮ᠎ᠡ ᠶᠢ ᠲᠦᠯᠦᠵᠢᠭᠦᠯᠦᠨᠡ ᠭᠡᠵᠤ ᠪᠢᠴᠢᠵᠤ ᠪᠠᠶᠢᠳᠠᠭ ᠃ ᠰᠢᠷ᠎ᠠ ᠲᠤᠰᠤ ᠥᠯᠥ ᠬᠠᠯᠳᠠᠭᠠᠬᠤ ᠰᠢᠰᠲ᠋ᠧᠮ ᠢ | ᠰᠠᠶᠢᠵᠢᠷᠠᠭᠤᠯᠳᠠᠭ ᠃ ᠰᠥᠰᠥᠨ ᠤ ᠭᠤᠨᠠᠨ ᠠᠯᠺᠣᠣᠯ ᠢ ᠪᠠᠭᠤᠷᠠᠭᠤᠯᠤᠨ᠎ᠠ ᠃ ᠨᠢᠳᠤᠨ ᠤ ᠬᠠᠷᠠᠭ᠎ᠠ ᠶᠢ ᠰᠠᠶᠢᠵᠢᠷᠠᠭᠤᠯᠤᠨ᠎ᠠ ᠃ ᠰᠢᠩᠭᠡᠭᠡᠯᠲᠡ ᠶᠢ ᠰᠠᠶᠢᠵᠢᠷᠠᠭᠤᠯᠬᠤ ᠂ | ᠬᠤᠭᠤᠯᠠ ᠪᠣᠯᠪᠠᠰᠤᠷᠠᠭᠤᠯᠤᠯᠲᠠ ᠳᠤ ᠲᠤᠰᠠᠲᠠᠢ ᠃ ᠪᠡᠶ᠎ᠡ ᠶᠢ ᠲᠠᠮᠢᠷᠵᠢᠭᠤᠯᠬᠤ ᠪᠠ ᠰᠢᠮᠡᠵᠢᠬᠦᠯᠵᠦ ᠂ ᠬᠡᠢ ᠮᠠᠬᠠᠪᠤᠳ ᠢ ᠲᠡᠭᠰᠢᠷᠡᠭᠦᠯᠬᠦ ᠪᠠ ᠲᠠᠪᠤᠨ ᠴᠤᠯᠤ ᠵᠢᠷᠭᠤᠭᠠᠨ | ᠰᠠᠪᠠ ᠶᠢᠨ ᠬᠡᠢ ᠡᠪᠡᠳᠴᠢᠨ ᠢ ᠠᠷᠢᠯᠭᠠᠵᠦ ᠂ ᠲᠡᠷᠢᠬᠢ ᠶᠢ ᠰᠠᠶᠢᠵᠢᠷᠠᠭᠤᠯᠳᠠᠭ ᠃ ᠰᠢᠷ᠎ᠠ ᠲᠤᠰᠤ ᠶᠢ ᠢᠯᠪᠢᠬᠦ ᠵᠠᠰᠠᠯ ᠳᠤ ᠬᠡᠷᠡᠭᠯᠡᠵᠦ ᠂ ᠡᠮᠡᠭᠳᠡᠢ ᠶᠢᠨ ᠰᠠᠪᠠᠨ ᠤ ᠬᠡᠢ ᠂ | ᠪᠦᠬᠡᠷ᠎ᠠ ᠨᠢᠷᠤᠭᠤᠨ ᠤ ᠬᠡᠢ ᠂ ᠦᠶ᠎ᠡ ᠬᠡᠰᠢᠬᠦᠦ ᠶᠢᠨ ᠬᠡᠢ ᠪᠤᠶᠤ ᠭᠤᠤᠯ ᠤᠨ ᠬᠡᠢ ᠂ ᠲᠤᠯᠤᠭᠠᠢ ᠶᠢᠨ ᠬᠡᠢ ᠂ ᠤᠯᠤᠭᠠᠢ ᠶᠢᠨ ᠬᠡᠢ ᠶᠢ ᠵᠠᠰᠠᠳᠠᠭ ᠃ | ᠤᠨ ᠤᠳᠠᠭᠰᠠᠨ ᠰᠢᠷ᠎ᠠ ᠲᠤᠰᠤ ᠪᠠᠷ ᠦᠬᠡᠷ ᠢᠯᠢᠳᠤ ᠵᠡᠷᠬᠡ ᠠᠷᠠᠰᠤ ᠮᠢᠠᠬᠨ ᠤ ᠡᠯᠳᠡᠪ ᠤᠨ ᠡᠪᠡᠳᠴᠢᠨ ᠶᠠᠷ᠎ᠠ ᠰᠢᠷᠬ᠎ᠠ ᠶᠢ ᠡᠮᠨᠡᠨ ᠵᠠᠰᠠᠳᠠᠭ ᠃ ᠰᠢᠷ᠎ᠠ | ᠲᠤᠰᠤ ᠶᠢ ᠴᠠᠢ ᠲᠠᠢ ᠴᠢᠨᠠᠭᠠᠳ ᠬᠠᠯᠠᠭᠤᠨ ᠢᠶᠠᠷ ᠤᠤᠭᠤᠯᠭᠠᠵᠦ ᠬᠦᠯᠦᠰᠤ ᠭᠠᠷᠭᠠᠪᠠᠯ ᠰᠠᠯᠬᠢ ᠠᠪᠴᠦ ᠪᠠᠶ᠎ᠠ ᠬᠡᠮᠳᠤᠭ᠍ᠰᠠᠨ ᠪᠤᠶᠤ ᠰᠢᠩᠬᠡᠬᠡᠯᠳᠡ ᠮᠠᠭᠤᠳᠠᠭᠰᠠᠨ ᠢ | ᠵᠠᠰᠠᠨ ᠠᠷᠢᠯᠭᠠᠳᠠᠭ ᠃ ᠴᠠᠢ ᠬᠤᠭᠤᠯᠠᠨ ᠳᠤ ᠵᠠᠩᠬᠢᠷᠠᠭᠰᠠᠳ ᠲᠤ ᠰᠢᠷ᠎ᠠ ᠲᠤᠰᠤ ᠪᠠᠭ᠎ᠠ ᠤᠤᠭᠤᠯᠭᠠᠪᠠᠯ ᠵᠠᠩᠬᠢᠷᠠᠭ᠎ᠠ ᠲᠠᠶᠢᠯᠤᠭᠳᠠᠨ᠎ᠠ ᠃ ᠨᠢᠯᠬ᠎ᠠ ᠬᠡᠤᠬᠡᠳ ᠤᠨ ᠵᠤᠯᠠᠢ | ᠲᠡᠬᠡᠷ᠎ᠡ ᠦᠷᠬᠦᠯᠵᠢ ᠰᠢᠷ᠎ᠠ ᠲᠤᠰᠤ ᠲᠦᠷᠬᠢᠪᠡᠯ ᠬᠠᠭ ᠤᠨᠠᠬᠤ ᠳᠤ ᠰᠠᠶᠢᠨ ᠪᠦᠬᠡᠳ ᠬᠠᠮᠠᠷ ᠱᠤᠤᠬᠢᠨ ᠪᠦᠭᠯᠡᠷᠡᠬᠦ ᠶᠢ ᠵᠠᠰᠠᠳᠠᠭ ᠃ ᠬᠡᠳᠡᠰᠤ ᠡᠪᠡᠳᠬᠦ ᠂ ᠬᠡᠳᠡᠰᠤ | ᠲᠦᠬᠦᠷᠬᠦ ᠂ ᠪᠠᠭᠠᠰᠤ ᠬᠠᠳᠠᠬᠤ ᠳᠤ ᠰᠢᠷ᠎ᠠ ᠲᠤᠰᠤ ᠶᠢ ᠬᠠᠷ᠎ᠠ ᠠᠷᠢᠬᠢ ᠲᠠᠢ ᠡᠰᠡᠬᠦᠯ᠎ᠡ ᠬᠠᠷ᠎ᠠ ᠰᠢᠬᠢᠷ ᠲᠠᠢ ᠪᠤᠴᠠᠯᠭᠠᠵᠦ ᠤᠤᠭᠤᠪᠠᠯ ᠲᠤᠰᠠ ᠪᠤᠯᠳᠠᠭ ᠃ ᠬᠠᠮᠡᠷ | ᠶᠠᠮᠠᠰᠢᠭᠰᠠᠨ ᠳᠤ ᠰᠢᠷ᠎ᠠ ᠲᠤᠰᠤ ᠲᠦᠷᠬᠢᠪᠡᠯ ᠰᠠᠶᠢᠨ ᠃ ᠰᠠᠯᠬᠢᠨ ᠳᠤ ᠤᠷᠤᠭᠤᠯ ᠦᠷᠦᠮᠳᠡᠨ ᠬᠠᠭᠠᠷᠠᠬᠤ ᠳᠤ ᠰᠢᠷ᠎ᠠ ᠲᠤᠰᠤ ᠲᠦᠷᠬᠢᠪᠡᠯ ᠢᠯᠡᠷᠢ ᠪᠤᠯᠳᠠᠭ ᠃ ᠭᠠᠷ | ᠬᠠᠭᠠᠷᠠᠵᠦ ᠲᠠᠰᠤᠷᠠᠬᠤ ᠳᠤ ᠰᠢᠷ᠎ᠠ ᠲᠤᠰᠤ ᠶᠢ ᠲᠦᠷᠬᠢᠬᠦ ᠪᠤᠶᠤ ᠬᠠᠯᠠᠭᠠᠵᠦ ᠲᠤᠰᠤᠭᠠᠪᠠᠯ ᠰᠠᠶᠢᠨ ᠪᠤᠯᠳᠠᠭ ᠃ ᠰᠢᠷ᠎ᠠ ᠲᠤᠰᠤ ᠶᠢ ᠴᠠᠭᠠᠨ ᠰᠢᠬᠢᠷ ᠲᠠᠢ ᠪᠤᠴᠠᠯᠭᠠᠵᠦ | ᠤᠤᠭᠤᠪᠠᠯ ᠬᠠᠨᠢᠶᠠᠳᠤ ᠶᠢ ᠵᠠᠰᠠᠳᠠᠭ ᠃ ᠰᠢᠷ᠎ᠠ ᠲᠤᠰᠤ ᠶᠢ ᠬᠠᠯᠠᠭᠠᠭᠰᠠᠨ ᠰᠢᠷᠬᠠᠨ ᠳᠤ ᠲᠦᠷᠬᠢᠪᠠᠯ ᠰᠤᠷᠪᠢ ᠦᠯᠡᠳᠡᠬᠦ ᠦᠬᠡᠢ ᠃ ᠬᠠᠮᠠᠷ ᠬᠠᠳᠠᠬᠤ ᠳᠤ ᠰᠢᠷ᠎ᠠ | ᠲᠤᠰᠤ ᠶᠢ ᠬᠠᠮᠠᠷ ᠲᠠᠭᠠᠨ ᠦᠨᠦᠷᠲᠤᠭᠦᠯᠪᠡᠯ ᠰᠠᠶᠢᠨ ᠪᠤᠯᠳᠠᠭ ᠃ ᠴᠢᠬᠢᠨ ᠬᠤᠯᠬᠢ ᠬᠠᠳᠠᠬᠤ ᠪᠤᠶᠤ ᠴᠢᠬᠢ ᠡᠪᠡᠳᠪᠡᠯ ᠰᠢᠷ᠎ᠠ ᠲᠤᠰᠤ ᠬᠢᠬᠦ ᠪᠤᠶᠤ ᠰᠢᠷ᠎ᠠ ᠲᠤᠰᠤ ᠲᠠᠢ | ᠬᠦᠪᠤᠡᠭ ᠢᠶᠠᠷ ᠴᠢᠬᠢ ᠪᠠᠨ ᠪᠦᠭᠯᠡᠪᠡᠯ ᠲᠤᠰᠠ ᠪᠤᠯᠳᠠᠭ ᠃ ᠡᠭᠦᠨ ᠠᠴᠠ ᠭᠠᠳᠠᠨ᠎ᠠ ᠭᠠᠳᠠᠷ ᠢᠯᠢᠵᠤ ᠨᠤᠬᠤᠯᠠᠬᠤ ᠳᠤ ᠬᠡᠷᠡᠭᠯᠡᠵᠤ ᠂ ᠭᠠᠳᠠᠷ ᠪᠡᠶ᠎ᠠ ᠳᠤ ᠲᠦᠷᠬᠢᠪᠠᠯ | ᠭᠠᠶᠢᠬᠠᠮᠰᠢᠠᠠᠳᠤ ᠣᠶᠢᠯᠠᠳᠤᠯ ᠲᠠᠢ ᠪᠠᠶᠢᠳᠠᠭ ᠶᠤᠮ ᠃ | | | |