| | | ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠲᠤᠭᠠᠴᠠᠯᠠᠬᠰᠠᠨ ᠰᠢᠶᠠᠩ ᠪᠠᠯᠭᠠᠰᠤᠨ ᠤ ᠤᠶᠤᠨᠲᠤ ᠲᠠᠪᠴᠠᠩ ᠨᠢ ᠺᠠᠳ᠋ᠷ ᠪᠠ ᠲᠣᠰᠬᠤᠨ ᠤ ᠠᠷᠠᠳ ᠤᠨ | ᠬᠤᠭᠤᠷᠣᠨᠳᠣᠬᠢ ᠵᠠᠢ ᠵᠠᠪᠰᠠᠷ ᠢ ᠪᠠᠭᠠᠰᠬᠠᠵᠤ ᠂ ᠲᠣᠰᠬᠤᠨ ᠤ ᠶᠡᠭᠡ ᠪᠠᠭ᠎ᠠ ᠶᠠᠪᠤᠳᠠᠯ ᠢ ᠲᠤᠮᠤ ᠳ᠋ᠠᠶᠢᠲ᠋ᠠ ᠪᠠᠷ ᠲᠠᠮᠵᠢᠭᠤᠯᠤᠨ ᠲᠦᠷᠭᠡᠨ ᠰᠢᠢᠳᠪᠦᠷᠢᠯᠡᠵᠦ ᠴᠢᠳᠠᠬᠤ | ᠪᠤᠯᠪᠠ ᠃ ᠤᠶᠤᠨᠳᠤ ᠲᠠᠪᠴᠠᠩ ᠨᠢ ᠲᠣᠰᠬᠤᠨ ᠤ ᠠᠷᠠᠳ ᠤᠨ ᠠᠰᠠᠭᠤᠳᠠᠯ ᠢ ᠰᠢᠢᠳᠪᠦᠷᠢᠯᠡᠬᠦ ︽ ᠠᠯᠠᠭᠠᠨ ᠲᠡᠭᠡᠷᠡᠬᠢ ᠡᠷᠳᠡᠨᠢ ︾ ᠪᠣᠯᠤᠭᠰᠠᠨ ᠪᠠᠶᠢᠨ᠎ᠠ ᠃ | ᠲᠦᠷᠦᠬᠦᠬᠡᠨ ᠂ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠳᠠᠬᠢ ᠲᠣᠰᠬᠤᠨ ᠤ ᠨᠢᠭᠡᠨ ᠵᠠᠮ ᠤᠨ ᠬᠠᠵᠠᠭᠤ ᠳᠤ ᠪᠦᠳᠦᠭᠦᠨ ᠮᠣᠳᠣ ᠰᠠᠯᠬᠢ ᠪᠣᠷᠣᠭᠠᠨ ᠳᠤ | ᠳᠠᠭᠠᠷᠢᠭᠳᠠᠨ ᠤᠨᠠᠭᠠᠳ ᠵᠠᠮ ᠢ ᠬᠠᠰᠢᠵᠤ ᠲᠣᠰᠬᠤᠨ ᠤ ᠠᠷᠠᠳ ᠤᠨ ᠶᠠᠪᠤᠵᠤ ᠰᠠᠭᠤᠬᠤ ᠶᠢ ᠬᠠᠷᠰᠢᠯᠠᠪᠠ ᠃ ᠲᠣᠰᠬᠤᠨ ᠤ ᠠᠷᠠᠳ ᠸᠠᠩ ᠸᠧᠨ ᠯᠢᠶᠠᠩ ᠣᠯᠵᠤ | ᠦᠵᠡᠬᠡᠳ ᠂ ᠲᠠᠷᠤᠶᠢᠬᠠᠨ ᠲᠤᠭᠠᠴᠠᠯᠠᠬᠰᠠᠨ ᠰᠢᠶᠠᠩ ᠪᠠᠯᠭᠠᠰᠤᠨ ᠤ ᠤᠶᠤᠨᠲᠤ ᠲᠠᠪᠴᠠᠩ ᠢ ᠠᠰᠢᠬᠯᠠᠨ ᠲᠤᠰ ᠮᠡᠳᠡᠭᠡ ᠵᠠᠩᠭᠢ ᠶᠢ ᠲᠠᠮᠵᠢᠭᠤᠯᠤᠬᠰᠠᠨ ᠳᠤ ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠢᠨ ᠲᠡᠷᠡ ᠳᠠᠷᠤᠢ ᠳᠤᠨᠢ ᠬᠥᠮᠦᠨ ᠲᠣᠮᠢᠯᠠᠨ ᠢᠷᠡᠬᠦᠯᠵᠦ ᠳᠤᠮᠤ ᠮᠣᠳᠣ ᠶᠢ ᠨᠡᠬᠦᠯᠬᠡᠨ ᠂ ᠵᠠᠮ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠭᠰᠠᠨ ᠪᠠᠶᠢᠨ᠎ᠠ ᠃ ᠳ᠋ᠠ ᠯᠦ ᠪᠠᠯᠭᠠᠰᠤᠨ ᠤ ᠰᠢᠶᠤᠤ ᠲᠠᠨ ᠽᠢ ᠲᠣᠰᠬᠤᠨ ᠤ ᠠᠷᠠᠳ ᠸᠠᠩ ᠸᠧᠨ ᠯᠢᠶᠠᠩ ᠬᠡᠯᠡᠬᠦ ᠳᠡᠭᠡᠨ ᠄ ︽ ᠡᠨᠡ ᠲᠠᠪᠴᠠᠩ ᠶᠡᠭᠡ ᠰᠠᠶᠢᠨ | ᠪᠠᠶᠢᠨ᠎ᠠ ᠂ ᠪᠢᠳᠠ ᠰᠡᠬᠦᠳᠡᠷᠯᠡᠬᠡᠳ ᠲᠠᠪᠴᠠᠩ ᠳᠡᠭᠡᠷ᠎ᠡ ᠲᠠᠷᠬᠠᠭᠠᠬᠰᠠᠨᠠ ᠵᠠᠰᠠᠭ ᠤᠨ ᠣᠷᠳᠣᠨ ᠤ ᠠᠵᠢᠯᠲᠠᠳ ᠲᠡᠷᠡ ᠳᠠᠷᠤᠶ ᠳᠤᠨᠢ ᠬᠦᠷᠴᠦ ᠢᠷᠡᠭᠡᠳ ᠡᠨᠡ ᠤᠴᠢᠷ ᠢ | ᠰᠢᠢᠳᠪᠤᠷᠢᠯᠡᠵᠦ ᠦᠭᠬᠦᠯ᠎ᠠ ᠂ ᠢᠡᠭᠬᠢᠬᠦᠯᠡᠷ ᠪᠤᠰᠤᠳ ᠶᠠᠪᠤᠳᠠᠯ ᠢ ᠴᠤ ᠰᠦᠯᠵᠢᠶᠡᠨ ᠤ ᠲᠠᠪᠴᠠᠩ ᠢᠶᠠᠷ ᠰᠢᠢᠳᠪᠤᠷᠢᠯᠡᠵᠦ ᠴᠢᠳᠠᠳᠠᠭ ᠪᠠᠶᠢᠨ᠎ᠠ ︾ ᠬᠡᠵᠡᠢ ᠃ | | | | | ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠲᠤᠭᠠᠴᠠᠯᠠᠬᠰᠠᠨ ᠰᠢᠶᠠᠩ ᠪᠠᠯᠭᠠᠰᠤᠨ ᠤ ᠤᠶᠤᠨᠲᠤ ᠲᠠᠪᠴᠠᠩ ᠨᠢ ᠲᠣᠰᠬᠤᠨ ᠤ ᠠᠷᠠᠳ ᠲᠠᠭᠠᠨ ᠮᠠᠰᠢ | ᠶᠡᠭᠡ ᠬᠦᠷᠢᠶᠡᠯᠡᠭᠳᠡᠵᠦ ᠂ ᠶᠡᠭᠡ ᠠᠴᠠ ᠨᠢ ᠲᠣᠰᠬᠤᠨ ᠤ ᠠᠷᠠᠳ ᠤᠨ ᠬᠡᠷ ᠪᠠᠶᠢᠰᠢᠩ ᠤᠨ ᠲᠠᠯᠠᠪᠠᠶ ᠂ ᠭᠠᠵᠠᠷ ᠰᠢᠷᠣᠶ ᠶᠢᠨ ᠪᠠᠶᠢᠳᠠᠯ ᠂ ᠲᠠᠷᠢᠮᠠᠯ ᠲᠡᠵᠢᠬᠡᠪᠦᠷᠢ ᠶᠢᠨ | ᠬᠡᠪᠴᠢᠶ᠎ᠡ ᠵᠡᠷᠭᠡ ᠮᠡᠳᠡᠭᠡ ᠵᠠᠩᠭᠢ ᠂ ᠪᠠᠭ᠎ᠠ ᠠᠴᠠ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠲᠠᠷᠢᠮᠠᠯ ᠤᠨ ᠲᠥᠷᠥᠯ ᠵᠦᠢᠯ ᠵᠡᠷᠭᠡ ᠠᠭᠤᠯᠭ᠎ᠠ ᠶᠢ ᠬᠦᠷᠲᠡᠯ᠎ᠡ | ᠴᠥᠮ ᠲᠣᠰ ᠲᠠᠪᠴᠠᠩ ᠢᠶᠠᠷ ᠲᠠᠮᠵᠢᠭᠤᠯᠤᠨ ᠠᠰᠠᠭᠤᠨ ᠯᠠᠪᠯᠠᠵᠦ ᠂ ᠬᠠᠷᠢᠭᠤ ᠲᠤᠰᠬᠠᠵᠦ ᠪᠣᠯᠤᠨ᠎ᠠ ᠃ ᠤᠶᠤᠨᠲᠤ ᠲᠠᠪᠴᠠᠩ ᠢ ᠬᠡᠷᠡᠭᠯᠡᠬᠦ ᠳᠤ ᠬᠢᠯᠪᠡᠷ ᠪᠠᠶᠢᠵᠦ ᠂ ᠴᠠᠭ | ᠲᠤᠬᠠᠢ ᠳᠤᠨᠢ ᠬᠠᠷᠢᠭᠤ ᠲᠤᠰᠬᠠᠯ ᠤᠯᠳᠠᠭ ᠪᠤᠯᠬᠤᠷ ᠲᠣᠰᠬᠤᠨ ᠤ ᠠᠷᠠᠳ ᠬᠡᠵᠢᠶ᠎ᠡ ᠬᠠᠮᠢᠭ᠎ᠠ ᠴᠤ ᠬᠡᠰᠡᠨ ᠭᠠᠷ ᠤᠲᠠᠰᠤᠨ ᠳᠡᠭᠡᠷ᠎ᠡ ᠪᠠᠨ ᠠᠵᠢᠯᠯᠠᠭᠤᠯᠵᠤ ᠪᠤᠯᠳᠠᠭ ᠂ | ᠡᠨᠡ ᠨᠢ ᠦᠨᠳᠦᠰᠦᠨ ᠱᠠᠲᠤᠨ ᠤ ᠬᠠᠮᠢᠶᠠᠷᠤᠯᠲᠠ ᠳᠤ ᠶᠡᠬᠡᠬᠡᠨ ᠲᠦᠭᠦᠮ ᠦᠵᠡᠭᠦᠯᠵᠦ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠠᠷᠢᠯᠴᠠᠨ | ᠳᠠᠮᠵᠢᠭᠤᠯᠬᠤ ᠶᠢ ᠰᠢᠯᠤᠭᠤᠳᠬᠠᠪᠠ ᠃ ᠳ᠋ᠠ ᠯᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠢᠶᠣᠤ ᠫᠧᠩ ᠬᠡᠯᠡᠬᠦ ᠳᠡᠭᠡᠨ ᠄ ︽ ᠲᠠᠪᠴᠠᠩ ᠨᠢ ᠤᠯᠠᠨ | ᠲᠤᠭ᠎ᠠ ᠪᠠᠷᠢᠮᠲᠠ ᠶᠢ ᠠᠭᠤᠰᠤᠯᠴᠠᠭᠤᠯᠵᠤ ᠂ ᠪᠢᠳᠡᠨ ᠳᠤ ᠶᠡᠭᠡ ᠬᠡᠮᠵᠢᠶᠡᠨ ᠤ ᠬᠥᠮᠦᠨ ᠤ ᠬᠦᠴᠦᠨ ᠢ ᠠᠷᠪᠢᠯᠠᠵᠤ ᠥᠭᠭᠦᠭᠰᠡᠨ ᠪᠣᠯᠬᠤᠷ ᠪᠢᠳᠡ ᠶᠠᠮᠠᠷ ᠴᠤ ᠵᠣᠷᠢᠯᠭ᠎ᠠ | ᠦᠭᠡᠶ ᠪᠠᠷ ᠠᠶᠢᠯ ᠲᠣᠰᠬᠤᠨ ᠳᠤ ᠪᠠᠭᠤᠵᠤ ᠡᠷᠦᠬᠡ ᠳᠠᠷᠠᠭᠠᠯᠠᠨ ᠪᠠᠶᠢᠴᠠᠭᠠᠬᠤ ᠴᠢᠬᠤᠯᠠ ᠦᠭᠡᠶ ᠪᠤᠯᠵᠡᠢ ᠂ ᠳᠠᠷᠠᠭᠠᠴᠢ ᠶᠢᠨ ᠠᠯᠬᠤᠮ ᠳᠤ ᠮᠠᠨ ᠤ ᠠᠵᠢᠯᠲᠠᠨ ᠤ | ᠬᠠᠮᠢᠶᠠᠷᠤᠯᠲᠠ ᠪᠣᠯᠤᠨ ᠣᠨᠴᠠ ᠬᠦᠴᠢᠷᠳᠡᠯᠳᠡᠢ ᠡᠷᠦᠬᠡ ᠶᠢ ᠬᠠᠪᠰᠤᠷᠤᠨ ᠲᠡᠳᠬᠦᠬᠦ ᠳᠤ ᠮᠠᠰᠢ ᠳᠥᠭᠦᠮ ᠪᠤᠯᠤᠬᠰᠠᠨ ᠪᠠᠶᠢᠨ᠎ᠠ ᠂ ᠡᠭᠦᠨ ᠤ ᠬᠠᠮᠳᠤ ᠳᠣᠲᠣᠭᠠᠳᠤ ᠶᠢ | ᠬᠠᠮᠠᠭᠠᠯᠠᠬᠤ ᠮᠡᠷᠭᠡᠵᠢᠯ ᠤᠨ ᠰᠡᠷᠭᠡᠶᠢᠯᠡᠯᠲᠡ ᠶᠢᠨ ᠲᠠᠯ᠎ᠠ ᠶᠢᠨ ᠬᠢᠨ ᠴᠤ ᠪᠢᠳᠡᠨ ᠲᠠᠢ ᠬᠤᠯᠪᠣᠭᠠᠯᠠᠨ ᠮᠡᠳᠡᠭᠡ ᠵᠠᠩᠬᠢ ᠪᠠᠨ ᠬᠠᠮᠲᠤ ᠪᠠᠷ ᠡᠳ᠋ᠯᠡᠵᠦ ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠶᠢᠨ ᠡᠳᠦᠷ ᠲᠤᠲᠤᠮ ᠤᠨ ᠡᠷᠦᠬᠡ ᠳᠤ ᠣᠷᠣᠵᠤ ᠪᠠᠶᠢᠴᠠᠭᠠᠬᠤ ᠳᠤ ᠮᠠᠰᠢ ᠰᠠᠶᠢᠨ ᠲᠡᠮᠵᠢᠯᠬᠡ ᠦᠵᠡᠬᠦᠯᠵᠦ ᠪᠠᠶᠢᠨ᠎ᠠ ︾ ᠭᠡᠵᠡᠶ ᠃ | | | ᠳ᠋ᠠ ᠯᠦ ᠪᠠᠯᠭᠠᠰᠤᠨ ᠤ ᠬᠢᠨ ᠠᠮᠤᠷ ᠲᠦᠪᠰᠢᠨ ᠤ ᠪᠠᠶᠢᠭᠤᠯᠤᠯᠲᠠ ᠂ ᠲᠠᠷᠢᠶᠠᠯᠠᠩ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠭᠡᠷ ᠪᠠᠶᠢᠰᠢᠩ ᠢ | ᠶᠡᠷᠦᠩᠬᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠲᠤᠭᠠᠴᠠᠯᠠᠬᠰᠠᠨ ᠰᠢᠶᠠᠩ ᠪᠠᠯᠭᠠᠰᠤᠨ ᠤ ᠤᠶᠤᠨᠲᠤ ᠲᠠᠪᠴᠠᠩ ᠳᠤ ᠠᠭᠤᠰᠤᠯᠴᠠᠭᠤᠯᠵᠦ ᠂ | ᠬᠠᠮᠳᠤ ᠳᠤ ᠨᠢ ᠪᠦᠬᠦ ᠪᠠᠯᠭᠠᠰᠤᠨ ᠤ ᠴᠢᠬᠤᠯᠠ ᠵᠠᠮ ᠤᠨ ᠪᠣᠭᠤᠮᠲᠠ ᠵᠢᠴᠢ ᠲᠣᠰᠬᠤᠨ ᠤ ᠲᠤᠳᠤᠷ᠎ᠠ ᠵᠠᠭᠤ ᠵᠢᠷᠠ ᠭᠠᠷᠤᠢ ᠬᠢᠨᠠᠨ ᠡᠵᠡᠮᠳᠡᠬᠦᠷ ᠤᠨ ᠰᠡᠭᠦᠳᠡᠷᠯᠡᠬᠦ | ᠮᠠᠰᠢᠨ ᠤᠬᠰᠠᠷᠠᠭᠤᠯᠵᠦ ᠂ ᠡᠩ ᠤᠨ ᠦᠶ᠎ᠡ ᠶᠢᠨ ᠨᠡᠶᠢᠭᠡᠮ ᠤᠨ ᠵᠠᠰᠠᠯᠲᠠ ᠂ ᠠᠮᠤᠷ ᠲᠦᠪᠰᠢᠨ ᠢᠶᠠᠷ ᠭᠠᠳᠠᠬᠰᠢ ᠭᠠᠷᠬᠤ ᠲᠠᠯ᠎ᠠ ᠳᠤ ᠪᠦᠬᠦ ᠲᠠᠯ᠎ᠠ ᠶᠢᠨ ᠬᠢᠨᠠᠠ | ᠬᠠᠮᠢᠶᠠᠷᠤᠯᠲᠠ ᠬᠢᠵᠡᠢ ᠃ ᠳ᠋ᠠ ᠯᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠢᠶᠣᠤ ᠫᠧᠩ ᠬᠡᠯᠡᠬᠦ ᠳᠡᠭᠡᠨ ᠄ ︽ ᠡᠭᠦᠨ ᠤ ᠲᠠᠭᠠᠤ ᠳᠤ ᠵᠠᠷᠢᠮ ᠡᠪᠡᠳᠴᠢᠨ | ᠵᠤᠪᠠᠯᠠᠩ ᠲᠠᠢ ᠵᠡᠮᠳᠡᠭ ᠪᠠᠭᠤᠷᠡᠢ ᠭᠤᠣᠯᠳᠠᠯᠭ᠎ᠠ ᠲᠠᠢ ᠡᠷᠦᠬᠡ ᠳᠤ ᠰᠡᠷᠡᠯ ᠤᠨ ᠲᠥᠬᠦᠭᠡᠷᠦᠮᠵᠢ ᠤᠬᠰᠠᠷᠠᠭᠤᠯᠵᠦ ᠂ ᠬᠡᠷᠪᠡ ᠭᠡᠷ ᠲᠤᠨᠢ ᠣᠨᠴᠠᠭᠠᠶ ᠠᠳᠡᠯ ᠭᠠᠷᠬᠤ ᠳᠤ | ᠬᠦᠷᠪᠡᠯ ᠴᠠᠭ ᠲᠠᠷᠤᠢ ᠳᠤᠨᠢ ᠮᠠᠨ ᠤ ᠲᠣᠮᠣ ᠲᠡᠯᠬᠡᠴᠡ ᠤᠷᠤᠭᠤ ᠲᠠᠮᠵᠢᠭᠤᠯᠤᠬᠳᠠᠨᠠ ᠂ ᠮᠠᠨ ᠤ ᠲᠠᠪᠴᠠᠩ ᠨᠢ ᠬᠠᠷᠢᠶᠠᠳᠤ ᠭᠠᠵᠠᠷ ᠤᠨ ᠰᠦᠯᠵᠢᠶᠡᠨ ᠤ | ᠠᠵᠢᠯᠲᠠᠨ ᠳᠤ ᠴᠠᠭ ᠲᠠᠷᠤᠢ ᠳᠤᠨᠢ ᠮᠡᠳᠡᠭᠳᠡᠪᠡᠯ ᠂ ᠲᠡᠭᠦᠨ ᠤ ᠪᠣᠳᠠᠲᠠᠶ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠵᠦ ᠦᠭᠬᠦᠨ᠎ᠠ ︾ ᠭᠡᠵᠡᠶ ᠃ | | | |