| | ᠲᠦᠯᠬᠡᠬᠡᠨ ᠤᠷᠤᠰᠬᠤ ᠬᠠᠳᠤᠨ ᠭᠤᠤᠯ ᠤᠨ ᠤᠰᠤ ᠨᠢ ᠰᠢᠷᠡᠯᠵᠢᠳᠡᠢ ᠰᠢᠶᠠᠩ ᠤᠨ ᠬᠡᠳᠦᠨ ᠠᠷᠪᠠᠨ ᠺᠢᠯᠤᠮᠧᠲᠷ ᠤᠨ ᠤᠰᠤᠨ ᠬᠤᠭᠤᠯᠠᠢ ᠪᠠᠷ ᠤᠷᠤᠰᠤᠨ | ᠭᠠᠷᠤᠭᠠᠳ ᠪᠤᠷᠤᠳᠤᠬᠤᠢ ᠰᠤᠮᠤᠨ ᠤ ᠡᠯᠡᠰᠦᠨ ᠴᠦᠯ ᠤᠨ ᠤᠰᠤᠨ ᠴᠦᠬᠦᠷᠦᠮ ᠳᠤ ᠬᠤᠷᠠᠮᠳᠤᠬᠰᠠᠨ ᠤ ᠲᠠᠷᠠᠭ᠎ᠠ ᠡᠯᠡᠰᠦᠨ ᠴᠦᠯ ᠤᠨ ᠤᠰᠤ ᠶᠢ ᠲᠠᠰᠤᠷᠠᠯᠳᠠ | ᠦᠬᠡᠢ ᠨᠦᠬᠦᠪᠦᠷᠢᠯᠡᠵᠦ ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠤᠨ ᠂ ᠠᠷᠠᠳ ᠤᠯᠠᠨ ᠤ ᠠᠮᠢᠳᠤᠷᠠᠯ ᠳᠤ ᠪᠤᠶᠠᠨ ᠵᠢᠷᠭᠠᠯ ᠦᠢᠯᠡᠳᠦᠨ᠎ᠠ ᠃ | | | | ᠬᠤᠪᠤᠷ ᠴᠤᠬᠠᠭ ᠬᠠᠳᠤᠨ ᠭᠤᠤᠯ ᠤᠨ ᠤᠰᠤ ᠶᠢ ᠶᠠᠭᠤᠨ ᠳᠤ ᠪᠤᠷᠤᠳᠤᠬᠤᠢ ᠳᠤ ᠲᠠᠳᠠᠵᠦ ᠠᠪᠴᠢᠷᠠᠪᠠ ︖ | ᠠᠮᠢ ᠠᠬᠤᠢ ᠶᠢ ᠲᠦᠷᠦᠬᠦᠨ ᠳᠤ ᠲᠠᠯᠪᠢᠵᠦ ᠠᠷᠠᠳ ᠤᠨ ᠠᠮᠢᠳᠤᠷᠠᠯ ᠢᠶᠠᠷ ᠦᠨᠳᠤᠰᠤ ᠪᠤᠯᠭᠠᠪᠠ | ᠵᠡᠬᠦᠠᠭᠠᠷ ᠬᠤᠰᠢᠭᠤᠨ ᠳᠠᠬᠢ ᠬᠠᠳᠤᠨ ᠭᠤᠤᠯ ᠤᠨ ᠤᠷᠤᠰᠬᠠᠯ ᠤᠨ ᠪᠦᠬᠦ ᠤᠷᠳᠤ ᠨᠢ 238 ᠺᠢᠯᠤᠮᠧᠲᠷ ᠪᠠᠶᠢᠵᠦ ᠂ ᠵᠢᠯ ᠤᠨ ᠬᠤᠰᠢᠭᠤᠨ ᠤ ᠬᠢᠵᠠᠭᠠᠷ ᠢᠶᠠᠷ | ᠦᠡᠭᠬᠡᠷᠡᠬᠦ ᠤᠰᠤᠨ ᠤ ᠬᠡᠮᠵᠢᠶ᠎ᠠ ᠨᠢ ᠪᠠᠷᠤᠭ 248 ᠳ᠋ᠥᠡᠭᠰᠢᠭᠤᠷ ᠪᠤᠰᠤᠭ᠎ᠠ ᠲᠦᠷᠪᠡᠯᠵᠢᠨ ᠮᠧᠲᠷ ᠪᠠᠶᠢᠳᠠᠭ ᠃ | ᠬᠦᠪᠴᠢ ᠶᠢᠨ ᠡᠯᠡᠰᠤ ᠪᠤᠯ ᠮᠠᠨ ᠤ ᠤᠯᠤᠰ ᠤᠨ ᠲᠤᠯᠤᠳᠤᠭᠠᠷ ᠲᠤᠮᠤ ᠡᠯᠡᠰᠤ ᠪᠠᠶᠢᠵᠦ ᠂ ᠪᠤᠷᠤᠳᠤᠬᠤᠢ ᠶᠢᠨ ᠲᠠᠯ᠎ᠠ ᠭᠠᠵᠠᠷ ᠤᠨ ᠬᠠᠳᠤᠨ ᠭᠤᠤᠯ ᠤᠨ ᠲᠤᠬᠤᠢ | ᠲᠤᠳᠤᠷᠠᠬᠢ ᠬᠠᠳᠤᠨ ᠭᠤᠤᠯ ᠤᠨ ᠡᠮᠦᠨ᠎ᠠ ᠡᠷᠬᠢ ᠪᠠᠷ ᠪᠠᠶᠢᠷᠢᠰᠢᠵᠦ ᠂ ᠪᠦᠬᠦ ᠲᠠᠯᠠᠪᠡᠢ ᠨᠢ 1.45 ᠲᠦᠮᠡᠨ ᠲᠡᠭᠰᠢ ᠲᠦᠷᠪᠡᠯᠵᠢᠨ ᠺᠢᠯᠤᠮᠧᠲᠷ ᠲᠤ ᠬᠦᠷᠴᠤ ᠂ ᠡᠬᠦᠨ | ᠳᠤ ᠵᠡᠬᠦᠠᠭᠠᠷ ᠬᠤᠰᠢᠭᠤᠨ ᠤ ᠬᠢᠵᠠᠭᠠᠷ ᠲᠠᠬᠢ ᠲᠠᠯᠠᠪᠡᠢ ᠨᠢ 922 ᠲᠡᠭᠰᠢ ᠲᠦᠷᠪᠡᠯᠵᠢᠨ ᠺᠢᠯᠤᠮᠧᠲᠷ ᠪᠠᠶᠢᠵᠦ ᠂ ᠪᠦᠬᠦ ᠬᠤᠰᠢᠭᠤᠨ ᠤ ᠨᠤᠳᠤᠭ ᠲᠡᠪᠢᠰᠬᠡᠷ ᠤᠨ | ᠶᠡᠷᠦᠩᠬᠡᠢ ᠲᠠᠯᠠᠪᠡᠢ ᠶᠢᠨ 12 % ᠶᠢ ᠡᠵᠡᠯᠡᠵᠦ ᠪᠤᠢ ᠃ ᠤᠯᠠᠨ ᠵᠢᠯ ᠤᠨ ᠲᠤᠷᠰᠢ ᠂ ᠠᠮᠢ ᠠᠬᠤᠢ ᠶᠢᠨ ᠤᠰᠤᠨ ᠤ ᠡᠬᠢ ᠪᠠᠶᠠᠯᠢᠭ ᠤᠨ ᠲᠤᠳᠠᠭᠤᠳᠠᠯ ᠠᠴᠠ ᠪᠤᠯᠵᠦ ᠂ | ᠤᠤᠯ ᠤᠨ ᠨᠠᠭᠤᠷ ᠰᠢᠷᠬᠢᠵᠦ ᠂ ᠤᠰᠤᠨ ᠴᠦᠬᠦᠷᠦᠮ ᠬᠠᠳᠠᠵᠦ ᠂ ᠨᠤᠳᠤᠭ ᠪᠡᠯᠴᠢᠬᠡᠷ ᠲᠠᠴᠢᠷᠰᠢᠭᠠᠳ ᠂《ᠡᠯᠡᠰᠤ ᠤᠷᠤᠬᠰᠢᠯᠠᠵᠦ ᠬᠦᠮᠦᠨ ᠤᠬᠤᠷᠢᠬᠰᠠᠨ》ᠮᠠᠭᠤ | ᠤᠷᠴᠢᠨ ᠲᠤᠭᠤᠷᠢᠨ ᠪᠤᠯᠵᠦ ᠂ ᠪᠡᠬᠡᠵᠢᠩ ᠲᠢᠶᠠᠨᠵᠢᠨ ᠵᠡᠷᠬᠡ ᠭᠠᠵᠠᠷ ᠤᠷᠤᠨ ᠤ ᠬᠠᠮᠤᠭ ᠤᠨ ᠤᠶᠢᠷᠠᠬᠠᠨ ᠡᠯᠡᠰᠦᠨ ᠰᠢᠭᠤᠷᠭ᠎ᠠ ᠶᠢᠨ ᠡᠬᠢ ᠰᠤᠷᠪᠤᠯᠵᠢ ᠪᠤᠯᠵᠡᠢ ᠃ | ᠬᠦᠪᠴᠢ ᠶᠢᠨ ᠡᠯᠡᠰᠤᠨ ᠤ ᠡᠮᠦᠨ᠎ᠡ ᠬᠡᠰᠡᠭ ᠨᠢ ᠪᠤᠷᠤᠳᠤᠬᠤᠢ ᠰᠤᠮᠤᠨ ᠤ ᠬᠢᠵᠠᠭᠠᠷ ᠲᠤ ᠪᠠᠶᠢᠳᠠᠭ ᠃ ᠦᠢᠷ᠎ᠠ ᠶᠢᠨ ᠵᠢᠯ ᠠᠴᠠ ᠨᠠᠭᠠᠰᠢ ᠂ ᠪᠤᠷᠤᠳᠤᠬᠤᠢ ᠰᠤᠮᠤ | ᠭᠠᠵᠠᠷ ᠤᠨ ᠪᠠᠶᠢᠴᠠ ᠂ ᠭᠠᠵᠠᠷ ᠤᠨ ᠭᠠᠳᠠᠷᠭᠤ ᠵᠢᠴᠢ ᠭᠸᠤᠯᠤᠬᠢ ᠶᠢᠨ ᠨᠦᠬᠦᠴᠡᠯ ᠳᠤ ᠬᠢᠵᠠᠭᠠᠷᠯᠠᠬᠳᠠᠵᠦ ᠂ ᠭᠠᠵᠠᠷ ᠲᠡᠬᠡᠷᠡᠬᠢ ᠤᠰᠤ ᠪᠠ ᠭᠠᠵᠠᠷ ᠲᠤᠤᠷᠠᠬᠢ ᠤᠰᠤ | ᠨᠡᠯᠢᠶᠡᠳ ᠲᠤᠳᠠᠭᠳᠠᠵᠦ ᠂ ᠤᠰᠤᠨ ᠴᠦᠬᠦᠷᠤᠮ ᠬᠠᠳᠠᠬᠰᠠᠨ ᠠᠴᠠ ᠡᠯᠡᠰᠤᠨ ᠴᠦᠯ ᠳᠠᠬᠢ ᠤᠰᠤ ᠤᠷᠤᠰᠬᠠᠬᠳᠠᠵᠦ ᠂ ᠨᠤᠭᠤᠭᠠᠷᠠᠭᠤᠯᠤᠯᠳᠠ ᠪᠠ ᠠᠮᠢ ᠠᠬᠤᠢ ᠳᠤ | ᠬᠡᠷᠡᠭᠯᠡᠬᠦ ᠤᠰᠤ ᠶᠡᠬᠡᠪᠡᠷ ᠲᠤᠳᠠᠬᠳᠠᠨ ᠂ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠤᠨ ᠤᠰᠤᠯᠠᠯᠳᠠ ᠳᠤ ᠬᠡᠷᠡᠭᠯᠡᠬᠦ ᠤᠰᠤ ᠬᠦᠴᠢᠷᠳᠡᠯ ᠳᠤ ᠲᠤᠯᠭᠠᠷᠠᠪᠠ ᠃ | 2020 ᠤᠨ ᠠᠴᠠ ᠨᠠᠭᠠᠰᠢ ᠂ ᠵᠡᠬᠦᠠᠭᠠᠷ ᠬᠤᠰᠢᠭᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠡᠳᠬᠢᠴᠠ ᠶᠢᠨ ᠰᠢᠨ᠎ᠠ ᠶᠢ ᠡᠬᠦᠳᠴᠤ ᠂ ᠤᠯᠠᠨ | ᠲᠠᠯ᠎ᠠ ᠪᠠᠷ ᠪᠡᠯᠡ ᠴᠤᠬᠯᠠᠭᠤᠯᠤᠨ ᠵᠡᠬᠦᠠᠭᠠᠷ ᠬᠤᠰᠢᠭᠤᠨ ᠤ ᠪᠤᠷᠤᠳᠤᠬᠤᠢ ᠰᠤᠮᠤᠨ ᠤ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠶᠢᠨ | ᠪᠦᠳᠦᠬᠡᠨ ᠪᠠᠶᠢᠭᠤᠯᠤᠯᠳᠠ ᠬᠢᠵᠦ ᠂ ᠡᠯᠡᠰᠤᠨ ᠤ ᠠᠮᠢ ᠠᠬᠤᠢ ᠶᠢ ᠬᠠᠮᠠᠭᠠᠯᠠᠬᠤ ᠶᠢ ᠲᠡᠷᠢᠬᠦᠨ ᠤ ᠪᠠᠶᠢᠯᠳᠤᠬᠤ ᠪᠤᠳᠤᠯᠭ᠎ᠠ ᠪᠤᠯᠭᠠᠪᠠ ᠃ ᠤᠰᠤᠨ ᠤ ᠡᠬᠢ ᠰᠤᠷᠪᠤᠯᠵᠢ | ᠶᠢᠨ ᠪᠠᠷᠢᠯᠭ᠎ᠠ ᠪᠠᠷ ᠲᠠᠮᠵᠢᠭᠤᠯᠤᠨ ᠂ ᠬᠠᠳᠤᠨ ᠭᠤᠤᠯ ᠤᠨ ᠰᠦᠡᠭ ᠬᠠᠯᠢᠶ᠎ᠠ ᠵᠢᠴᠢ ᠦᠶᠡᠷᠯᠡᠬᠦ ᠬᠤᠭᠤᠴᠠᠭᠠᠨ ᠳᠠᠬᠢ ᠦᠶᠠᠷ ᠤᠨ ᠤᠰᠤ ᠶᠢ ᠪᠤᠷᠤᠳᠤᠬᠤᠢ ᠶᠢᠨ | ᠡᠯᠡᠰᠦᠨ ᠴᠦᠯ ᠤᠨ ᠲᠤᠳᠤᠷᠠᠬᠢ ᠤᠰᠤᠨ ᠴᠦᠬᠦᠷᠦᠮ ᠳᠤ ᠳᠠᠳᠠᠨ ᠤᠷᠤᠭᠤᠯᠵᠤ ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ ᠂ ᠡᠯᠡᠰᠦᠨ ᠴᠦᠯ ᠢ | ᠠᠮᠢᠯᠠᠭᠤᠯᠤᠬᠰᠠᠨ ᠪᠠᠶᠢᠨ᠎ᠠ ᠃ ᠲᠠᠭᠠᠤ ᠳᠤ ᠨᠢ ᠨᠤᠭᠤᠭᠠᠷᠠᠭᠤᠯᠤᠯᠳᠠ ᠂ ᠠᠮᠢ ᠠᠬᠤᠢ ᠳᠤ ᠬᠡᠷᠡᠭᠯᠡᠬᠦ ᠤᠰᠤ ᠶᠢ ᠪᠠᠳᠤᠯᠠᠵᠦ ᠂ ᠲᠡᠷᠡᠴᠢᠯᠡᠨ ᠲᠠᠷᠢᠶᠠᠯᠠᠩ ᠦᠢᠯᠡᠰ ᠤᠨ | ᠭᠠᠨᠭ᠌ ᠭᠠᠮᠰᠢᠭ ᠲᠠᠢ ᠲᠡᠮᠡᠴᠡᠬᠦ ᠳᠤ ᠪᠠᠴᠢᠮ ᠬᠡᠷᠡᠭᠯᠡᠬᠦ ᠤᠰᠤ ᠶᠢ ᠬᠠᠮᠳᠤ ᠳᠤ ᠨᠢ ᠬᠠᠷᠠᠭᠠᠯᠵᠠᠵᠦ ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ | ᠴᠢᠨᠠᠬᠰᠢᠳᠠ ᠰᠢᠯᠢᠳᠡᠭᠵᠢᠬᠦᠯᠦᠨ ᠂ ᠠᠵᠤ ᠠᠬᠤᠢ ᠨᠡᠶᠢᠬᠡᠮ ᠤᠨ ᠦᠷᠬᠦᠯᠵᠢᠯᠡᠭᠰᠡᠨ ᠬᠦᠭᠵᠢᠯᠳᠠ ᠳᠤ ᠲᠤᠯᠭᠠᠭᠤᠷᠢᠯᠠᠯ ᠪᠠ ᠪᠠᠳᠤᠯᠠᠭ᠎ᠠ ᠬᠠᠨᠭ᠍ᠭᠠᠵᠡᠢ ᠃ | ᠬᠠᠳᠤᠨ ᠭᠤᠤᠯ ᠤᠨ ᠤᠰᠤ ᠠᠮᠢ ᠠᠬᠤᠢ ᠶᠢ ᠭᠤᠶᠤᠵᠢᠭᠤᠯᠵᠤ ᠠᠷᠡᠳ ᠢᠷᠬᠡᠳ ᠢ ᠪᠠᠶᠠᠵᠢᠭᠤᠯᠪᠠ | ᠵᠡᠬᠦᠡᠭᠠᠷ ᠬᠤᠰᠢᠭᠤᠨ ᠤ ᠪᠤᠷᠤᠳᠤᠬᠤᠢ ᠰᠤᠮᠤᠨ ᠤ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠶᠢ 3 ᠬᠤᠭᠤᠴᠠᠭ᠎ᠠ ᠬᠤᠪᠢᠶᠠᠵᠦ | ᠶᠠᠪᠤᠬᠳᠠᠭᠤᠯᠪᠠ ᠃ 2020 ᠤᠨ ᠳᠤ ᠪᠠᠷᠢᠯᠭ᠎ᠠ ᠡᠬᠢᠯᠡᠬᠦᠯᠦᠨ ᠪᠦᠳᠦᠬᠡᠨ ᠪᠠᠶᠢᠭᠤᠯᠵᠤ ᠂ ᠤᠳᠤᠬᠠᠨ ᠪᠤᠯᠳᠠᠯ᠎ᠠ ᠂ ᠨᠢᠬᠡᠳᠦᠬᠡᠷ ᠂ ᠬᠤᠶᠠᠳᠤᠭᠠᠷ ᠬᠤᠭᠤᠴᠠᠭᠠᠨ ᠤ | ᠪᠠᠷᠢᠯᠭ᠎ᠠ ᠶᠢ ᠨᠢᠬᠡᠨᠳᠡ ᠲᠠᠭᠤᠰᠬᠠᠭᠠᠳ ᠤᠰᠤ ᠲᠡᠳᠡᠵᠦ ᠡᠬᠢᠯᠡᠪᠡ ᠃ ᠤᠳᠤᠬᠠᠨ ᠳᠤ ᠂ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠶᠠᠭ ᠳᠦᠯᠦᠪᠵᠢᠬᠦᠯᠦᠨ | ᠵᠢᠷᠤᠬᠯᠠᠨ ᠳᠦᠯᠦᠪᠯᠡᠵᠤ ᠪᠤᠢ ᠃ | ᠡᠨᠡ ᠵᠢᠯ ᠤᠨ 4 ᠰᠠᠷ᠎ᠡ ᠳᠤ ᠂ ᠰᠤᠷᠪᠤᠯᠵᠢᠯᠠᠬᠴᠢ ᠪᠤᠷᠤᠳᠤᠬᠤᠢ ᠰᠤᠮᠤᠨ ᠳᠤ ᠬᠦᠮᠦᠰ ᠤᠨ ᠰᠡᠳᠬᠢᠯ ᠢ ᠵᠤᠷᠢᠬᠵᠢᠭᠤᠯᠤᠮᠠ ᠨᠢᠬᠡᠨ ᠪᠠᠶᠢᠳᠠᠯ ᠢ ᠤᠯᠵᠦ | ᠬᠠᠷᠠᠪᠠ᠄ ᠰᠢᠷᠭᠠᠯ ᠡᠯᠡᠰᠦ ᠨᠠᠯᠠᠶᠢᠬᠰᠠᠨ ᠭᠤᠪᠢ ᠳᠤ ᠂ ᠤᠰᠤ ᠭᠠᠷᠭᠠᠬᠤ ᠲᠦᠬᠦᠬᠡᠷᠦᠮᠵᠢ ᠠᠴᠠ ᠳᠤᠬᠰᠢᠨ ᠬᠦᠴᠦᠳᠡᠢ ᠬᠠᠳᠤᠨ ᠭᠤᠤᠯ ᠤᠨ ᠤᠰᠤ ᠬᠤᠭᠤᠯᠠᠢ ᠠᠴᠠ | ᠳᠠᠪᠠᠷᠡᠨ ᠭᠠᠷᠴᠤ ᠂ ᠨᠠᠮᠬᠠᠳᠬᠠᠬᠤ ᠪᠠᠷ ᠳᠠᠮᠵᠢᠨ ᠳᠡᠷᠳᠡᠭᠡ ᠪᠠᠶᠢᠭ᠎ᠠ ᠬᠤᠭᠤᠯᠠᠢ ᠶᠢᠨ ᠭᠤᠤᠯ ᠤᠰᠤᠨ ᠴᠦᠬᠦᠷᠦᠮ ᠳᠤ ᠤᠷᠤᠰᠤᠨ ᠤᠷᠤᠵᠤ ᠪᠠᠶᠢᠯ᠎ᠠ ᠃ ᠳᠤᠬᠠᠢ | ᠶᠢᠨ ᠦᠶᠡᠰ ᠂ ᠴᠦᠬᠦᠷᠦᠮ ᠤᠨ ᠤᠰᠤᠨ ᠤ ᠳᠠᠯᠠᠪᠠᠢ ᠦᠷᠬᠡᠳᠴᠤ ᠂ ᠠᠮᠢᠵᠢᠷᠡᠯ ᠤᠨ ᠬᠦᠴᠦᠨ ᠢᠶᠠᠷ ᠪᠢᠯᠬᠠᠨ ᠂ ᠰᠠᠶᠢᠨ ᠰᠠᠶᠢᠬᠠᠨ ᠠᠮᠢ ᠠᠬᠤᠢ ᠶᠢᠨ ᠳᠦᠷᠰᠦ | ᠪᠠᠶᠢᠳᠠᠯ ᠢ ᠢᠯᠡᠷᠡᠬᠦᠯᠦᠯᠠ ᠃ ᠡᠨᠡ ᠪᠤᠯ ᠳᠠᠷᠤᠢ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢᠨ ᠤᠰᠤ ᠨᠡᠪᠳᠡᠷᠡᠬᠦᠯᠬᠦ ᠠᠬᠤᠢ ᠳᠠᠯᠠᠪᠠᠢ ᠪᠤᠯᠤᠨ᠎ᠠ ᠃ | | | | | | | | | ᠤᠶᠢᠯᠠᠭᠠᠬᠰᠠᠨ ᠢᠶᠠᠷ ᠂ ᠨᠢᠬᠡᠳᠦᠬᠡᠷ ᠬᠤᠭᠤᠴᠠᠭᠠᠨ ᠤ ᠪᠠᠷᠢᠯᠭ᠎ᠠ ᠳᠤ 6000 ᠭᠠᠷᠤᠢ ᠳᠦᠮᠡᠨ ᠳᠦᠬᠦᠷᠢᠭ ᠤᠨ ᠪᠡᠯᠡ ᠬᠤᠷᠠᠮᠳᠤᠭᠤᠯᠵᠤ ᠂ ᠰᠢᠷᠡᠯᠵᠢᠳᠡᠢ | ᠰᠢᠶᠠᠩ ᠤᠨ ᠰᠠᠨ ᠱᠢ ᠴᠢᠩ ᠳ᠋ᠢ ᠲᠤᠰᠬᠤᠨ ᠠᠴᠠ ᠬᠠᠳᠤᠨ ᠭᠤᠤᠯ ᠤᠨ ᠤᠰᠤ ᠶᠢ ᠳᠦᠷᠪᠡᠳᠦᠬᠡᠷ ᠳᠡᠰ ᠤᠨ ᠳᠠᠷᠤᠯᠳᠡ ᠨᠡᠮᠡᠬᠦ ᠪᠠᠷ ᠳᠠᠮᠵᠢᠨ ᠪᠤᠷᠤᠳᠤᠬᠤᠢ | ᠰᠤᠮᠤᠨ ᠤ ᠡᠯᠡᠰᠦᠨ ᠴᠦᠯ ᠤᠨ ᠲᠤᠳᠤᠷᠠᠬᠢ ᠬᠤᠭᠤᠯᠠᠢ ᠶᠢᠨ ᠭᠤᠤᠯ ᠤᠰᠤᠨ ᠴᠦᠬᠦᠷᠦᠮ ᠳᠤ ᠲᠠᠳᠠᠵᠦ ᠠᠪᠴᠢᠷᠠᠪᠠ ᠃ ᠳᠤᠰ ᠪᠠᠷᠢᠯᠭ᠎ᠠ ᠶᠢ ᠨᠢᠳᠤᠨᠤᠨ | ᠳᠠᠭᠤᠰᠬᠠᠵᠤ ᠤᠰᠤ ᠨᠡᠪᠳᠡᠷᠡᠬᠦᠯᠪᠡ ᠃ ᠬᠦᠪᠦᠮᠡᠯ ᠤᠡᠭᠭᠤᠴᠠ ᠮᠠᠶ᠋ᠢᠭ ᠤᠨ ᠤᠰᠤ ᠠᠪᠬᠤ ᠬᠦᠬᠡᠷᠭᠡ ᠶᠢ 1 ᠂ ᠳᠠᠷᠤᠯᠳᠡ ᠨᠡᠮᠡᠬᠦ ᠬᠦᠬᠡᠷᠬᠡ ᠶᠢ 3 ᠂ 600 ᠪᠤᠰᠤᠭ᠎ᠠ | ᠳᠦᠷᠪᠡᠯᠵᠢᠨ ᠮᠧᠲᠷ ᠤᠨ ᠤᠰᠤ ᠳᠤᠬᠢᠷᠠᠭᠤᠯᠬᠤ ᠴᠦᠬᠦᠷᠦᠮ 3 ᠪᠠᠶᠢᠭᠤᠯᠵᠤ ᠂ DN800 ᠶᠢᠨ ᠤᠰᠤ ᠬᠦᠷᠬᠡᠬᠦ ᠬᠤᠭᠤᠯᠠᠢ ᠶᠢ 34.75 ᠺᠢᠯᠦᠮᠧᠲᠷ ᠳᠡᠪᠢᠰᠪᠡ ᠃ | | 8 ᠰᠠᠷ᠎ᠡ ᠳᠤ ᠂ ᠰᠤᠷᠪᠤᠯᠵᠢᠯᠠᠬᠴᠢ ᠳᠠᠬᠢᠨᠳᠡ ᠪᠤᠷᠤᠳᠤᠬᠤᠢ ᠰᠤᠮᠤᠨ ᠳᠤ ᠬᠦᠷᠴᠤ ᠢᠷᠡᠬᠦ ᠳᠤ ᠂ ᠬᠠᠳᠤᠨ ᠭᠤᠤᠯ ᠤᠨ ᠤᠰᠤ ᠨᠢᠬᠡᠨ ᠬᠠᠷ᠎ᠡ ᠦᠡᠭᠬᠡᠳᠡᠢ | ᠬᠤᠭᠤᠯᠠᠢ ᠠᠴᠠ ᠤᠷᠤᠰᠤᠨ ᠭᠠᠷᠴᠤ ᠂ ᠪᠤᠷᠤᠳᠤᠬᠤᠢ ᠰᠤᠮᠤᠨ ᠤ ᠬᠦᠡᠭ ᠢ ᠭᠠᠢ ᠤᠰᠤᠨ ᠴᠦᠬᠦᠷᠦᠮ ᠳᠤ ᠤᠷᠤᠰᠤᠨ ᠤᠷᠤᠬᠤ ᠶᠢ ᠤᠯᠵᠦ ᠬᠠᠷᠠᠯ᠎ᠠ ᠃ ᠡᠨᠡ ᠪᠤᠯ | ᠳᠠᠷᠤᠢ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠤᠰᠤ ᠨᠡᠪᠳᠡᠷᠡᠬᠦᠯᠬᠦ ᠠᠬᠤᠢ ᠳᠠᠯᠠᠪᠠᠢ ᠪᠤᠯᠤᠨ᠎ᠠ ᠃ ᠳᠤᠬᠠᠢ ᠶᠢᠨ ᠦᠶᠡᠰ ᠂ ᠬᠤᠶᠡᠷ ᠤᠶᠢᠵᠢᠭᠤᠯᠤᠯᠳᠠ | ᠨᠤᠭᠤᠭᠠᠷᠠᠭᠤᠯᠤᠯᠳᠠ ᠶᠢᠨ ᠳᠡᠷᠭᠡ ᠶᠠᠭ ᠰᠠᠶᠢᠬᠠᠨ ᠠᠳᠡ ᠠᠴᠠ ᠤᠰᠤ ᠳᠠᠳᠠᠵᠤ ᠪᠠᠶᠢᠯ᠎ᠠ ︔ ᠵᠤᠨ ᠤ ᠠᠮᠠᠷᠠᠯᠳᠠ ᠲᠤᠬᠢᠶᠠᠯᠳᠤᠬᠰᠠᠨ ᠪᠤᠯᠬᠤᠷ ᠵᠤᠭᠠᠴᠠᠬᠰᠠᠳ | ᠤᠰᠤᠨ ᠴᠦᠬᠦᠷᠤᠮ ᠠᠴᠠ ᠵᠢᠭᠠᠰᠤ ᠬᠦᠬᠢᠳᠡᠬᠦ ᠲᠠᠢ ᠬᠠᠷᠭᠤᠯᠳᠤᠯᠠ ᠃ | | | | | | | | | | | | ᠤᠶᠢᠯᠠᠭᠠᠬᠰᠠᠨ ᠢᠶᠠᠷ ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠨᠢ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢᠨ ᠨᠦᠬᠦᠪᠦᠷᠢᠯᠡᠯᠳᠡ ᠪᠠᠶᠢᠵᠦ ᠂ 700 | ᠭᠠᠷᠤᠢ ᠳᠦᠮᠡᠨ ᠳᠦᠬᠦᠷᠢᠭ ᠤᠨ ᠪᠡᠯᠡ ᠴᠤᠬᠯᠠᠭᠤᠯᠵᠤ ᠂ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢᠨ ᠤᠰᠤ ᠠᠪᠬᠤ ᠠᠮᠠᠰᠠᠷ ᠤᠨ ᠦᠵᠦᠬᠦᠷ ᠲᠤ ᠬᠤᠪᠢᠶᠡᠷᠢ | ᠠᠮᠠᠰᠠᠷ ᠨᠡᠮᠡᠵᠤ ᠂ ᠤᠰᠤ ᠶᠢ ᠪᠤᠷᠤᠳᠤᠬᠤᠢ ᠰᠤᠮᠤᠨ ᠤ ᠡᠯᠡᠰᠦᠨ ᠴᠦᠯ ᠤᠨ ᠲᠤᠳᠤᠷᠠᠬᠢ ᠬᠦᠡᠭ ᠢ ᠭᠠᠢ ᠤᠰᠤᠨ ᠴᠦᠬᠦᠷᠦᠮ ᠳᠤ ᠲᠠᠳᠠᠨ ᠤᠷᠤᠭᠤᠯᠵᠦ ᠪᠠᠶᠢᠯ᠎ᠠ ᠃ | ᠳᠤᠰ ᠪᠠᠷᠢᠯᠭ᠎ᠠ ᠶᠢ ᠡᠨᠡ ᠵᠢᠯ ᠤᠨ 5 ᠰᠠᠷ᠎ᠡ ᠳᠤ ᠳᠠᠭᠤᠰᠬᠠᠨ ᠤᠰᠤ ᠨᠡᠪᠳᠡᠷᠡᠬᠦᠯᠵᠤ ᠂ DN800 ᠶᠢᠨ ᠤᠰᠤ ᠬᠦᠷᠬᠡᠬᠦ ᠬᠤᠭᠤᠯᠠᠢ ᠶᠢ 4.405 ᠺᠢᠯᠦᠮᠧᠲᠷ | ᠳᠡᠪᠢᠰᠪᠠ ᠃ | ᠵᠡᠬᠦᠡᠭᠠᠷ ᠬᠤᠰᠢᠭᠤᠨ ᠤ ᠤᠰᠤᠨ ᠠᠰᠢᠬᠠᠯᠳᠠ ᠶᠢᠨ ᠳᠤᠪᠴᠢᠶᠡᠨ ᠤ ᠺᠠᠳ᠋ᠷ ᠬᠠᠨ ᠵᠠᠨ ᠴᠢᠤᠸᠠᠨ ᠤ ᠳᠠᠨᠢᠯᠴᠠᠭᠤᠯᠬᠤ ᠪᠠᠷ ᠂ ᠤᠳᠤᠬᠠᠨ ᠪᠤᠯᠳᠠᠯ᠎ᠠ ᠂ ᠨᠢᠬᠡᠳᠦᠬᠡᠷ | ᠬᠤᠶᠠᠳᠤᠭᠠᠷ ᠬᠤᠭᠤᠴᠠᠭᠠᠨ ᠤ ᠪᠠᠷᠢᠯᠭ᠎ᠠ ᠳᠤ ᠨᠡᠶᠢᠳᠡ 176.4803 ᠳᠦᠮᠡᠨ ᠪᠤᠰᠤᠭ᠎ᠠ ᠳᠦᠷᠪᠡᠯᠵᠢᠨ ᠮᠧᠲᠷ ᠤᠨ ᠤᠰᠤ ᠨᠦᠬᠦᠪᠦᠷᠢᠯᠡᠵᠤ ᠂ ᠳᠦᠯᠦᠪᠯᠡᠭᠰᠡᠨ | ᠤᠰᠤ ᠨᠦᠬᠦᠪᠦᠷᠢᠯᠡᠬᠦ ᠬᠡᠮᠵᠢᠶᠡᠨ ᠤ 84.04% ᠢ ᠪᠡᠶᠡᠯᠡᠬᠦᠯᠪᠡ ᠃ ᠤᠰᠤ ᠨᠦᠬᠦᠪᠦᠷᠢᠯᠡᠬᠦ ᠪᠠᠷ ᠳᠠᠮᠵᠢᠨ ᠪᠤᠷᠤᠳᠤᠬᠤᠢ ᠰᠤᠮᠤᠨ ᠤ ᠬᠤᠭᠤᠯᠠᠢ ᠶᠢᠨ ᠭᠤᠤᠯ | ᠤᠰᠤᠨ ᠴᠦᠬᠦᠷᠦᠮ ᠤᠨ ᠤᠶᠢᠷ᠎ᠡ ᠬᠠᠪᠢ ᠶᠢᠨ ᠤᠰᠤᠨ ᠤ ᠡᠬᠢ ᠰᠤᠷᠪᠤᠯᠵᠢ ᠶᠢᠨ ᠠᠭᠤᠯᠤᠬᠳᠠᠴᠠ ᠶᠢ ᠨᠡᠮᠡᠭᠳᠡᠬᠦᠯᠵᠤ ᠂ ᠬᠤᠭᠤᠯᠠᠢ ᠶᠢᠨ ᠭᠤᠤᠯ ᠤᠰᠤᠨ | ᠴᠦᠬᠦᠷᠦᠮ ᠲᠠᠢ ᠨᠡᠪᠳᠡᠷᠡᠬᠦᠯᠦᠨ ᠂ ᠡᠯᠡᠰᠦ ᠤᠰᠤ ᠬᠠᠷᠢᠯᠴᠠᠨ ᠬᠤᠯᠪᠤᠯᠳᠤᠬᠰᠠᠨ ᠠᠮᠢ ᠠᠬᠤᠢ ᠶᠢᠨ ᠪᠠᠶᠢᠳᠠᠯ ᠢ ᠪᠦᠷᠢᠯᠳᠦᠬᠦᠯᠵᠤ ᠂ ᠡᠬᠡ ᠪᠠᠶᠢᠭᠠᠯᠢ ᠶᠢᠨ ᠠᠮᠢ | ᠠᠬᠤᠢ ᠶᠢᠨ ᠰᠢᠰᠲ᠋ᠧᠮ ᠤᠨ ᠪᠦᠬᠦ ᠳᠠᠯ᠎ᠠ ᠪᠠᠷ ᠰᠡᠷᠬᠦᠬᠦ ᠶᠢ ᠠᠬᠢᠭᠤᠯᠤᠬᠰᠠᠨ ᠪᠠᠶᠢᠨ᠎ᠠ ᠃ | | | ᠪᠤᠷᠤᠳᠤᠬᠤᠢ ᠰᠤᠮᠤᠨ ᠤ ᠶᠡᠷᠦᠩᠬᠡᠶᠢᠯᠡᠭᠰᠡᠨ ᠪᠠᠳᠤᠯᠠᠭ᠎ᠠ ᠪᠠ ᠮᠡᠷᠬᠡᠵᠢᠯ ᠢ ᠳᠦᠬᠡᠮᠡᠯᠵᠢᠬᠦᠯᠬᠦ ᠳᠦᠪ ᠤᠨ ᠳᠡᠳ᠋ ᠡᠷᠬᠢᠯᠡᠭᠴᠢ ᠵᠸᠦ ᠰᠧ ᠵᠤ᠋ ᠶᠢᠨ | ᠳᠠᠨᠢᠯᠴᠠᠭᠤᠯᠬᠤ ᠪᠠᠷ ᠂ ᠪᠤᠷᠤᠳᠤᠬᠤᠢ ᠰᠤᠮᠤᠨ ᠤ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠪᠤᠯ ᠠᠷᠡᠳ ᠤᠨ ᠠᠮᠢᠳᠤᠷᠡᠯ ᠤᠨ ᠬᠦᠨᠳᠤ | ᠴᠢᠬᠤᠯᠠ ᠲᠦᠷᠦᠯ ᠵᠦᠢᠯ ᠪᠤᠯᠤᠨ᠎ᠠ ᠂ ᠳᠡᠷᠡ ᠨᠢ ᠠᠮᠢ ᠠᠬᠤᠢ ᠶᠢ ᠶᠡᠭᠡ ᠪᠠᠷ ᠰᠠᠶᠢᠵᠢᠷᠠᠭᠤᠯᠤᠬᠰᠠᠨ ᠤ ᠬᠠᠮᠳᠤ ᠰᠢᠶᠠᠩ ᠪᠠᠯᠭᠠᠰᠤ ᠶᠢᠨ ᠲᠠᠷᠢᠮᠠᠯ ᠲᠡᠵᠢᠬᠡᠪᠦᠷᠢ ᠶᠢᠨ | ᠦᠢᠯᠡᠰ ᠂ ᠬᠦᠳᠡᠭᠡ ᠳᠤᠰᠬᠤᠨ ᠤ ᠵᠤᠭᠠᠴᠠᠯ ᠤᠨ ᠦᠢᠯᠡᠰ ᠤᠨ ᠬᠦᠭᠵᠢᠯᠳᠡ ᠶᠢ ᠳᠠᠶᠢᠴᠢᠯᠠᠵᠤ ᠂ ᠮᠠᠯᠴᠢᠨ ᠳᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠦᠨ | ᠴᠢᠨᠡᠬᠡᠯᠢᠭᠵᠢᠬᠦ ᠶᠢ ᠳᠠᠶᠢᠴᠢᠯᠠᠵᠤ ᠪᠠᠶᠢᠨ᠎ᠠ ᠃ 2021 ᠤᠨ ᠳᠤ ᠂ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢᠨ ᠤᠰᠤ ᠶᠢ ᠬᠤᠭᠤᠯᠠᠢ ᠶᠢᠨ ᠭᠤᠤᠯ ᠤᠰᠤᠨ | ᠴᠦᠬᠦᠷᠦᠮ ᠳᠤ ᠲᠠᠳᠠᠨ ᠤᠷᠤᠭᠤᠯᠵᠦ ᠂ ᠳᠤᠬᠠᠢ ᠶᠢᠨ ᠦᠶᠡᠰ ᠤᠨ ᠬᠤᠭᠤᠯᠠᠢ ᠶᠢᠨ ᠭᠤᠤᠯ ᠤᠰᠤᠨ ᠴᠦᠬᠦᠷᠦᠮ ᠤᠨ ᠤᠰᠤᠨ ᠳᠦᠪᠰᠢᠨ ᠳᠤᠤᠷ᠎ᠡ ᠪᠠᠶᠢᠬᠰᠠᠨ | ᠪᠤᠯᠬᠤᠷ ᠂ ᠤᠰᠤ ᠳᠠᠳᠠᠬᠰᠠᠨ ᠤ ᠳᠠᠷᠠᠭ᠎ᠠ ᠪᠤᠷᠤᠳᠤᠬᠤᠢ ᠰᠤᠮᠤ ᠵᠢᠴᠢ ᠤᠶᠢᠷ᠎ᠡ ᠬᠠᠪᠢ ᠶᠢᠨ ᠤᠶᠢᠵᠢᠭᠤᠯᠤᠯᠳᠠ ᠨᠤᠭᠤᠭᠠᠷᠠᠭᠤᠯᠤᠯᠳᠠ ᠂ ᠠᠮᠢ ᠠᠬᠤᠢ ᠳᠤ ᠬᠡᠷᠡᠭᠯᠡᠬᠦ | ᠤᠰᠤ ᠶᠢ ᠰᠢᠢᠳᠪᠦᠷᠢᠯᠡᠵᠤ ᠂ ᠪᠠᠰᠠ ᠤᠶᠢᠷ᠎ᠡ ᠬᠠᠪᠢ ᠶᠢᠨ 4 ᠳᠤᠰᠬᠤᠨ ᠤ ᠳᠠᠷᠢᠶᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠭᠠᠮᠰᠢᠭ ᠲᠠᠢ ᠳᠡᠮᠡᠴᠡᠬᠦ | ᠤᠰᠤᠨ ᠤ ᠠᠰᠠᠭᠤᠳᠠᠯ ᠢ ᠲᠠᠭᠠᠭᠠᠨ ᠰᠢᠢᠳᠪᠤᠷᠢᠯᠡᠵᠦ ᠂ 16000 ᠭᠠᠷᠤᠢ ᠮᠤ᠋ ᠳᠠᠷᠢᠶᠠᠨ ᠭᠠᠵᠠᠷ ᠢ ᠬᠠᠮᠤᠷᠠᠪᠠ ︔ ᠡᠨᠡ ᠵᠢᠯ ᠂ ᠬᠤᠶᠠᠳᠤᠭᠠᠷ ᠬᠤᠭᠤᠴᠠᠭᠠᠨ ᠤ | ᠪᠠᠷᠢᠯᠭ᠎ᠠ ᠶᠢᠨ ᠤᠰᠤ ᠶᠢ ᠬᠦᠡᠭ ᠢ ᠭᠠᠢ ᠤᠰᠤᠨ ᠴᠦᠬᠦᠷᠦᠮ ᠳᠤ ᠳᠠᠳᠠᠵᠤ ᠤᠷᠤᠭᠤᠯᠪᠠ ᠃ ᠳᠤᠰ ᠴᠦᠬᠦᠷᠦᠮ ᠨᠢ 1997 ᠤᠨ ᠠᠴᠠ ᠨᠠᠭᠠᠰᠢ ᠨᠡᠶᠢᠳᠡᠮ | ᠤᠰᠤ ᠳᠤᠳᠠᠬᠳᠠᠵᠤ ᠂ ᠦᠨᠳᠦᠰᠦᠨ ᠳᠡᠭᠡᠨ ᠰᠢᠷᠬᠢᠭᠰᠡᠨ ᠪᠠᠶᠢᠵᠡᠢ ᠃ ᠤᠰᠤ ᠤᠷᠤᠭᠤᠯᠤᠬᠰᠠᠨ ᠤ ᠳᠠᠷᠠᠭ᠎ᠠ ᠂ ᠤᠶᠢᠷ᠎ᠡ ᠬᠠᠪᠢ ᠶᠢᠨ ᠬᠤᠶᠡᠷ ᠳᠤᠰᠬᠤᠨ ᠤ ᠠᠮᠢ | ᠠᠬᠤᠢ ᠂ ᠤᠰᠤᠯᠠᠯᠳᠠ ᠳᠤ ᠬᠡᠷᠡᠭᠯᠡᠬᠦ ᠤᠰᠤ ᠶᠢ ᠰᠢᠢᠳᠪᠦᠷᠢᠯᠡᠬᠦ ᠶᠢᠨ ᠬᠠᠮᠳᠤ ᠵᠤᠭᠠᠴᠠᠯ ᠤᠨ ᠦᠢᠯᠡᠰ ᠤᠨ ᠬᠦᠭᠵᠢᠯᠳᠡ ᠳᠤ ᠴᠤ ᠬᠡᠷᠡᠭᠯᠡᠬᠦ ᠪᠤᠯᠤᠬᠰᠨᠨ ᠪᠠᠶᠢᠨ᠎ᠠ | ᠬᠡᠯ᠎ᠠ ᠃ | ᠤᠳᠤᠬᠠᠨ ᠳᠤ ᠂ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠶᠠᠭ ᠡᠷᠴᠢᠮ ᠲᠠᠢ ᠪᠠᠷ | ᠳᠦᠯᠦᠪᠵᠢᠬᠦᠯᠦᠨ ᠵᠢᠷᠤᠬᠯᠠᠨ ᠳᠦᠯᠦᠪᠯᠡᠵᠤ ᠪᠤᠢ ᠃ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠨᠢ ᠨᠢᠬᠡᠳᠦᠬᠡᠷ ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ | ᠰᠠᠭᠤᠷᠢᠨ ᠳᠡᠬᠡᠷ᠎ᠡ ᠂ 20 ᠺᠢᠯᠦᠮᠧᠲᠷ ᠤᠨ ᠤᠰᠤ ᠬᠦᠷᠬᠡᠬᠦ ᠬᠤᠭᠤᠯᠠᠢ ᠶᠢ ᠰᠢᠨ᠎ᠡ ᠪᠠᠷ ᠪᠠᠶᠢᠭᠤᠯᠵᠤ ᠂ ᠳᠠᠪᠠᠭᠠᠨᠰᠢᠯᠢ ᠭᠠᠴᠠᠭ᠎ᠠ ︵ ᠰᠢᠯᠢ ᠶᠢᠨ ᠬᠠᠰᠢᠯᠭ᠎ᠠ ︶ ᠳᠤ | ᠬᠦᠷᠬᠡᠨ᠎ᠡ ᠃ ᠳᠠᠪᠠᠭᠠᠨᠰᠢᠯᠢ ᠪᠤᠯ ᠬᠠᠳᠤᠨ ᠭᠤᠤᠯ ᠤᠨ ᠦᠪᠤᠷ ᠮᠤᠩᠭᠤᠯ ᠤᠨ ᠬᠡᠰᠡᠭ ᠲᠠᠬᠢ ᠠᠷᠪᠠᠨ ᠶᠡᠭᠡ ᠬᠦᠨᠳᠡᠢ ᠶᠢᠨ ᠨᠢᠬᠡ ᠪᠤᠯᠬᠤ ᠬᠤᠰᠤᠳᠠᠢ ᠭᠤᠤᠯ ᠤᠨ | ᠡᠬᠢ ᠪᠠᠶᠢᠵᠤ ᠂ ᠬᠠᠳᠤᠨ ᠭᠤᠤᠯ ᠤᠨ ᠤᠰᠤ ᠶᠢ ᠬᠤᠰᠤᠳᠠᠢ ᠭᠤᠤᠯ ᠤᠨ ᠡᠬᠢ ᠤᠷᠤᠭᠤ ᠳᠠᠳᠠᠬᠤ ᠨᠢ ᠬᠠᠳᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠂ ᠬᠠᠳᠤᠨ ᠭᠤᠤᠯ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠡᠷ ᠰᠡᠶᠢᠳᠡᠢ ᠬᠦᠭᠵᠢᠯᠳᠡ ᠳᠤ ᠴᠢᠬᠤᠯᠠ ᠶᠡᠭᠡ ᠠᠴᠢ ᠬᠤᠯᠪᠤᠬᠳᠠᠯ | ᠲᠠᠢ ᠪᠢᠯᠡ ᠃ | ᠪᠤᠷᠤᠳᠤᠬᠤᠢ ᠰᠤᠮᠤᠨ ᠤ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠪᠤᠯ ᠠᠷᠡᠳ ᠤᠨ ᠠᠮᠢᠳᠤᠷᠡᠯ ᠤᠨ ᠲᠤᠮᠤ ᠶᠠᠪᠤᠳᠠᠯ ᠪᠤᠯᠬᠤᠷ ᠦᠷ᠎ᠡ | ᠪᠦᠳᠦᠬᠡᠯ ᠨᠢ ᠬᠢᠯᠪᠡᠷ ᠪᠤᠰᠤ ᠪᠠᠷ ᠢᠷᠡᠭᠰᠡᠨ ᠶᠤᠮ ᠃ ᠤᠳᠤᠬᠠᠨ ᠳᠤ ᠂ ᠡᠯᠡᠰᠦᠨ ᠤ ᠠᠮᠢ ᠠᠬᠤᠢ ᠰᠡᠷᠬᠦᠪᠡ ︔ ᠪᠤᠷᠤᠳᠤᠬᠤᠢ ᠰᠤᠮᠤᠨ ᠤ ᠬᠦᠮᠦᠨ ᠠᠷᠡᠳ ᠤᠨ | ᠤᠷᠤᠰᠢᠨ ᠰᠠᠭᠤᠷᠢᠰᠢᠬᠤ ᠤᠷᠴᠢᠨ ᠳᠤᠭᠤᠷᠢᠨ ᠰᠠᠶᠢᠵᠢᠷᠡᠵᠤ ᠂ ᠡᠪᠡᠰᠦ ᠤᠷᠭᠤᠮᠠᠯ ᠰᠠᠬᠤᠯᠠᠬᠵᠢᠵᠦ ᠤᠢ ᠮᠤᠳᠤ ᠵᠢᠭᠳᠡᠷᠡᠨ ᠤᠰᠤ ᠨᠢ ᠳᠤᠩᠭᠠᠯᠠᠬᠰᠢᠵᠤ ᠰᠢᠪᠠᠭᠤᠳ | ᠤᠯᠠᠰᠢᠷᠡᠪᠡ ︔ ᠤᠯᠠᠨ ᠳᠦᠮᠡᠨ ᠤ ᠠᠮᠢᠳᠤᠷᠡᠯ ᠤᠨ ᠬᠢᠷᠢ ᠳᠦᠪᠰᠢᠨ ᠳᠡᠭᠡᠭᠰᠢᠯᠡᠪᠡ ᠃ | | | ᠪᠤᠷᠤᠳᠤᠬᠤᠢ ᠰᠤᠮᠤᠨ ᠤ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠨᠢ ᠶᠠᠭ《 ᠨᠢᠬᠡᠨ ᠦᠶ᠎ᠠ ᠶᠢᠨ ᠭᠠᠪᠢᠶ᠎ᠠ ᠂ ᠮᠢᠩᠭᠠᠨ ᠦᠶ᠎ᠠ ᠶᠢᠨ | ᠠᠰᠢᠭ》 ᠤᠨ ᠠᠯᠤᠰ ᠬᠡᠳᠦ ᠶᠢᠨ ᠨᠦᠯᠦᠬᠡ ᠪᠠᠨ ᠪᠠᠳᠠᠷᠠᠭᠤᠯᠵᠤ ᠪᠤᠢ ᠃ | | |