| ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 25 ᠤ ᠴᠠᠬᠢᠯᠭᠠᠨ ᠮᠡᠳᠡᠭᠡ 1 ᠰᠠᠷ᠎ᠠ ᠶᠢᠨ 24 ᠤ ᠡᠳᠦᠷ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ | ᠶᠠᠪᠤᠭᠳᠠᠪᠠ ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ | ᠤᠷᠢᠯᠭ᠎ᠠ ᠪᠠᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ ᠃ | | | 1 ᠰᠠᠷ᠎ᠠ ᠶᠢᠨ 24 ᠤ ᠡᠳᠦᠷ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ | ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ ᠃ | ᠰᠢ ᠶᠢᠨ ᠫᠢᠩ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠬᠦᠨ ᠬᠡᠰᠡᠭ ᠮᠥᠨ ᠂ | ᠪᠠᠰᠠ ᠴᠤ ᠪᠥᠬᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ ᠂ ᠯᠠᠲ᠋ᠢᠨ ᠠᠮᠧᠷᠢᠺᠠ ᠶᠢᠨ ᠬᠠᠮᠲᠤ ᠶᠢᠨ | ᠴᠣᠭᠴᠠ ᠨᠢᠭᠡᠨᠲᠡ ᠪᠥᠬᠦ ᠪᠥᠮᠪᠥᠷᠴᠡᠭ ᠤᠨ ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠳᠤ ᠳᠤᠲᠠᠭᠳᠠᠵᠤ ᠪᠣᠯᠣᠰᠢ ᠦᠭᠡᠢ ᠠᠬᠢᠭᠤᠯᠬᠤ ᠬᠦᠴᠦᠨ ᠪᠣᠯᠵᠤ ᠂ | ᠭᠠᠵᠠᠷ ᠣᠷᠣᠨ ᠤ ᠡᠩᠬᠡ ᠲᠠᠶᠢᠪᠤᠩ ᠢ ᠬᠠᠮᠠᠭᠠᠯᠠᠬᠤ ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠳᠤ | ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠤ ᠨᠢᠭᠡ ᠴᠣᠭᠴᠠᠵᠢᠯᠲᠠ ᠶᠢᠨ ᠠᠬᠢᠴᠠ ᠶᠢ ᠢᠮᠠᠭᠲᠠ ᠳᠡᠮᠵᠢᠵᠦ ᠂ | ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠯᠠᠲ᠋ᠢᠨ ᠠᠮᠧᠷᠢᠺᠠ ᠶᠢᠨ ᠬᠠᠮᠲᠤ ᠶᠢᠨ | ᠴᠣᠭᠴᠠ ᠶᠢ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠢ ᠪᠠᠬᠢᠵᠢᠭᠦᠯᠬᠦ ᠂ ᠡᠮᠦᠨᠡᠳᠡᠬᠢ ᠲᠠᠢ ᠪᠠᠨ ᠬᠠᠮᠲᠤᠷᠠᠯᠴᠠᠬᠤ ᠶᠢ ᠠᠬᠢᠭᠤᠯᠬᠤ ᠴᠢᠬᠤᠯᠠ ᠬᠠᠨᠢᠲᠠᠨ ᠢᠶᠠᠷ | ᠦᠵᠡᠵᠦ ᠪᠠᠶᠢᠨ᠎ᠠ ᠃ ᠶᠠᠭ ᠡᠶᠢᠮᠦ ᠤᠭ ᠰᠠᠨᠠᠭ᠎ᠠ ᠠᠴᠠ ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠢᠨ ᠲᠠᠢ ᠬᠠᠮᠲᠤ ᠪᠠᠷ ᠂ ᠳᠤᠮᠳᠠᠳᠤ ᠯᠠᠲ᠋ᠢᠨ ᠠᠮᠧᠷᠢᠺᠠ ᠶᠢᠨ | ᠶᠠᠷᠢᠶᠠᠨ ᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ ᠂ | ᠬᠠᠷᠢᠯᠴᠠᠨ ᠠᠰᠢᠭᠲᠠᠢ ᠂ ᠰᠢᠨ᠎ᠡ ᠶᠢ ᠡᠭᠦᠳᠬᠦ ᠂ ᠨᠡᠭᠡᠭᠡᠯᠲᠡᠲᠦ ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠪᠠ ᠃ ᠨᠡᠩ ᠣᠯᠠᠨ | ᠭᠠᠵᠠᠷ ᠣᠷᠣᠨ ᠪᠣᠯᠣᠨ ᠤᠯᠤᠰ ᠤᠳ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠬᠢᠵᠦ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢ ᠠᠬᠢᠭᠤᠯᠵᠤ ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠳᠡᠮᠵᠢᠬᠦ ᠪᠥᠭᠡᠳ ᠣᠷᠣᠯᠴᠠᠵᠤ ᠂ ᠳᠤᠮᠳᠠᠳᠤ ᠤᠯᠤᠰ ᠲᠠᠢ ᠭᠠᠷ ᠬᠤᠯᠪᠣᠨ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ ᠃ | | | 1 ᠰᠠᠷ᠎ᠠ ᠶᠢᠨ 24 ᠤ ᠡᠳᠦᠷ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ | ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ ᠃ | ᠰᠢ ᠶᠢᠨ ᠫᠢᠩ ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠤᠷᠪᠠᠭᠠᠨ ᠬᠥᠷᠪᠡᠭᠡᠨ ᠲᠠᠢ ᠬᠤᠪᠢᠰᠤᠯᠲᠠ ᠶᠢᠨ ᠬᠤᠭᠤᠴᠠᠭᠠᠨ ᠳᠤ ᠣᠷᠣᠪᠠ ᠂ ᠭᠠᠭᠴᠠ ᠬᠦ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠪᠠᠯ ᠰᠠᠶ᠋ᠢ ᠥᠷᠢᠰᠦᠯᠳᠦᠭᠡᠨ ᠢ ᠬᠠᠮᠲᠤ ᠪᠠᠷ ᠤᠭᠲᠤᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠴᠢᠳᠠᠨ᠎ᠠ ᠃ | ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠦᠷᠭᠦᠯᠵᠢᠯᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ | ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠡᠩᠬᠡ ᠲᠠᠶᠢᠪᠤᠩ ᠂ ᠬᠥᠭᠵᠢᠯᠲᠡ ᠂ ᠲᠥᠪ ᠭᠤᠣᠯᠴᠢ ᠂ ᠰᠢᠳᠤᠷᠭᠤ ᠶᠣᠰᠣ ᠂ ᠠᠷᠠᠳᠴᠢᠯᠠᠯ ᠂ ᠡᠷᠬᠡ ᠴᠢᠯᠦᠭᠡ ᠪᠦᠬᠦᠢ | ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ | ᠭᠡᠵᠦ ᠴᠢᠬᠤᠯᠠᠴᠢᠯᠠᠪᠠ ᠃ | | | |