| | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ 12 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠨ ᠤᠷᠠᠯᠢᠭᠴᠢᠳ ᠲᠤ ᠬᠠᠷᠢᠭᠤ ᠵᠠᠬᠢᠳᠠᠯ ᠢᠯᠡᠭᠡᠵᠦ ᠂ | ᠲᠡᠳᠡᠨ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠠᠭᠢᠨ ᠰᠢᠨ᠎ᠡ ᠭᠠᠪᠢᠶ᠎ᠠ ᠪᠠᠶᠢᠭᠤᠯᠰᠤᠭᠠᠢ ᠭᠡᠵᠦ ᠵᠣᠷᠢᠭᠵᠢᠭᠤᠯᠪᠠ ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠡᠨᠡ ᠵᠢᠯ ᠪᠣᠯ ᠳᠤᠮᠳᠠᠳᠤ ᠤᠯᠤᠰ ᠤᠨ ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠨ ᠤᠤᠯ ᠤᠨ ᠪᠠᠶᠢᠭᠤᠯᠭ᠎ᠠ | — ᠲᠥᠪ ᠤᠨ ᠳᠠᠭᠤᠤ ᠪᠥᠵᠢᠭ ᠤᠨ ᠪᠦᠯᠭᠦᠮ ᠪᠠᠶᠢᠭᠤᠯᠤᠭᠳᠠᠭᠰᠠᠨ 70 ᠵᠢᠯ ᠤᠨ ᠤᠢ ᠂ ᠳᠣᠷᠣᠨᠠᠳᠠᠬᠢᠨ ᠤ ᠳᠠᠭᠤᠤ ᠪᠥᠵᠢᠭ ᠤᠨ ᠪᠦᠯᠭᠦᠮ ᠪᠠᠶᠢᠭᠤᠯᠤᠭᠳᠠᠭᠰᠠᠨ | 60 ᠵᠢᠯ ᠤᠨ ᠤᠢ ᠪᠣᠯᠣᠨ᠎ᠠ ᠂ ᠲᠠ ᠨᠠᠷ ᠵᠢᠴᠢ ᠪᠦᠭᠦ ᠲᠣᠭᠯᠠᠭᠴᠢᠳ ᠲᠤ ᠬᠠᠯᠠᠭᠤᠨ ᠪᠠᠶᠠᠷ ᠭᠦᠷᠭᠡᠭᠦ ᠶᠢᠨ ᠬᠠᠮᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ | ᠪᠠᠶᠢᠨ᠎ᠠ ᠭᠡᠵᠦ ᠬᠡᠯᠡᠪᠡ ᠃ | ᠰᠢ ᠶᠢᠨ ᠫᠢᠩ ᠂ ᠤᠯᠠᠨ ᠵᠢᠯ ᠤᠨ ᠲᠤᠷᠰᠢ ᠂ ᠲᠠ ᠨᠠᠷ ᠨᠠᠮ ᠤᠨ ᠤᠳᠬ᠎ᠠ ᠤᠷᠠᠯᠢᠭ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ ᠂ ᠮᠠᠰᠢ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠂ ᠤᠳᠬ᠎ᠠ ᠤᠷᠠᠯᠢᠭ ᠢ ᠬᠥᠭᠵᠢᠭᠦᠯᠦᠨ ᠴᠡᠴᠡᠭᠯᠡᠭᠦᠯᠬᠦ ᠂ | ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠳᠤ ᠦᠢᠯᠡᠴᠢᠯᠡᠬᠦ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ ᠂ ᠰᠢᠨ᠎ᠡ ᠳᠤᠮᠳᠠᠳᠤ ᠤᠯᠤᠰ ᠤᠨ | ᠴᠢᠬᠤᠯᠠ ︽ ᠰᠣᠶᠣᠯ ᠤᠨ ᠡᠯᠴᠢ ︾ ᠂ ᠦᠵᠡᠰᠬᠦᠯᠡᠩᠲᠦ ᠰᠠᠶᠢᠬᠠᠨ ︽ ᠰᠣᠶᠣᠯ ᠤᠨ ᠨᠡᠷ᠎ᠡ ᠶᠢᠨ ᠬᠠᠭᠤᠳᠠᠰᠤ ︾ ᠪᠣᠯᠵᠠᠢ ᠃ ᠦᠶ᠎ᠡ ᠦᠶ᠎ᠡ ᠶᠢᠨ ᠤᠷᠠᠯᠢᠭᠴᠢᠳ ᠤᠭ | ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠴᠠᠭ ᠦᠶ᠎ᠡ ᠶᠢ ᠮᠠᠭᠲᠠᠨ ᠳᠠᠭᠤᠯᠠᠨ ᠂ ᠠᠷᠠᠳ ᠲᠦᠮᠡᠨ ᠤ ᠲᠥᠯᠥᠭᠡ | ᠳᠠᠭᠤᠯᠠᠨ ᠪᠥᠵᠢᠭᠯᠡᠵᠦ ᠂ ᠤᠳᠬ᠎ᠠ ᠤᠷᠠᠯᠢᠭ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ ᠭᠡᠵᠦ ᠵᠢᠭᠠᠵᠤ ᠭᠠᠷᠭᠠᠵᠠᠢ ᠃ ᠰᠢ ᠶᠢᠨ ᠫᠢᠩ ᠂ ᠲᠠ | ᠨᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ ᠠᠷᠠᠳ ᠲᠦᠮᠡᠨ ᠢᠶᠠᠷ ᠭᠤᠣᠯ | ᠪᠤᠯᠭᠠᠬᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ ᠂ ᠶᠣᠰᠣ ᠰᠤᠷᠲᠠᠬᠤᠨ ᠢ ᠡᠷᠬᠢᠮᠯᠡᠨ ᠤᠷᠠᠯᠢᠭ ᠢ ᠳᠡᠭᠡᠳᠦᠯᠡᠵᠦ ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ ᠂ ᠰᠢᠨ᠎ᠡ ᠴᠠᠭ ᠦᠶ᠎ᠡ ᠶᠢᠨ ᠭᠤᠣᠯ ᠭᠦᠭ ᠠᠶᠠᠰ ᠢ ᠴᠢᠪᠬᠠᠳᠠᠵᠤ ᠂ ᠳᠤᠮᠳᠠᠳᠤᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠤᠳᠬ᠎ᠠ | ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠳᠤᠮᠳᠠᠳᠤ ᠤᠯᠤᠰ ᠤᠨ ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠤᠯ ᠳᠠᠭᠠᠨ ᠬᠤᠶᠠᠷ ᠪᠠᠶᠢᠭᠤᠯᠭ᠎ᠠ ᠪᠠᠶᠢᠵᠠᠢ ᠂ ᠲᠤᠰ ᠲᠤᠰ 1952 ᠣᠨ ᠤ 12 | ᠰᠠᠷ᠎ᠠ ᠳᠤ ᠪᠠᠶᠢᠭᠤᠯᠤᠭᠳᠠᠭᠰᠠᠨ ᠲᠥᠪ ᠤᠨ ᠳᠠᠭᠤᠤ ᠪᠥᠵᠢᠭ ᠤᠨ ᠪᠦᠯᠭᠦᠮ ᠪᠠ 1962 ᠣᠨ ᠤ 1 ᠰᠠᠷ᠎ᠠ ᠳᠤ ᠪᠠᠶᠢᠭᠤᠯᠤᠭᠳᠠᠭᠰᠠᠨ ᠳᠣᠷᠣᠨᠠᠳᠠᠬᠢᠨ ᠤ ᠳᠠᠭᠤᠤ | ᠪᠥᠵᠢᠭ ᠤᠨ ᠪᠦᠯᠭᠦᠮ ᠪᠣᠯᠣᠨ᠎ᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠲᠣᠰ ᠪᠦᠯᠦᠭᠯᠡᠯ ᠤᠨ ᠬᠢᠨ ᠪᠥᠵᠢᠭᠲᠦ ᠰᠢᠯᠦᠭᠯᠡᠯᠲᠦ ᠵᠢᠷᠤᠭ ︽ | ᠤᠯᠤᠰ ᠤᠨ ᠥᠩᠭᠡ ︾ ᠂ ᠪᠥᠵᠢᠭᠲᠦ ᠬᠥᠭᠵᠢᠮ ︽ ᠳᠤᠮᠳᠠᠳᠤ ᠤᠯᠤᠰ ᠤᠨ ᠥᠯᠢᠭᠡᠷ — ᠠᠷᠪᠠᠨ ᠬᠤᠶᠠᠷ ᠵᠢᠯ ︾ ᠂ ᠪᠥᠵᠢᠭᠲᠦ ᠰᠢᠯᠦᠭᠯᠡᠯᠲᠦ ᠵᠦᠴᠦᠭᠡ ︽ | ᠨᠣᠮᠢᠨ ᠨᠣᠭᠤᠭᠠᠨ — ︿ ᠮᠢᠩᠭᠠᠨ ᠭᠠᠵᠠᠷ ᠤᠨ ᠠᠭᠤᠯᠠ ᠤᠰᠤᠨ ᠤ ᠵᠢᠷᠤᠭ ﹀ ᠢ ᠤᠷᠠᠯᠠᠨ ᠵᠢᠷᠤᠭᠰᠠᠨ ᠨᠢ ︾ ᠂ ᠬᠥᠭᠵᠢᠮᠲᠦ ᠵᠦᠴᠦᠭᠡ ︽ ᠪᠠᠳᠠᠷᠠᠨ | ᠳᠡᠯᠭᠡᠷᠡᠭᠰᠡᠨ ᠨᠢ ︾ ᠵᠡᠷᠭᠡ ᠨᠢᠭᠡ ᠪᠦᠯᠦᠭ ᠰᠠᠶᠢᠨ ᠦᠨᠡᠯᠡᠯᠲᠡ ᠣᠯᠣᠭᠰᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠭᠰᠡᠨ ᠪᠠᠶᠢᠨ᠎ᠠ ᠃ ᠣᠶᠢᠷ᠎ᠠ ᠳᠤ ᠂ | ᠳᠤᠮᠳᠠᠳᠤ ᠤᠯᠤᠰ ᠤᠨ ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠨ 10 ᠤᠷᠠᠯᠢᠭᠴᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ ᠂ ᠰᠢᠨ᠎ᠡ | ᠴᠠᠭ ᠦᠶ᠎ᠡ ᠶᠢᠨ ᠠᠷᠪᠠᠨ ᠵᠢᠯ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠥᠷᠨᠢᠭᠦᠯᠦᠭᠰᠡᠨ ᠣᠯᠣᠯᠲᠠ ᠪᠠᠨ ᠬᠠᠷᠢᠭᠤ ᠮᠡᠳᠡᠭᠦᠯᠵᠦ ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠤᠷᠠᠯᠢᠭ ᠢᠶᠠᠷ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ ᠂ ᠳᠤᠮᠳᠠᠳᠤ ᠤᠯᠤᠰ ᠤᠨ ᠲᠠᠭᠤᠨ ᠢ ᠰᠠᠶᠢᠲᠤᠷ | ᠳᠠᠮᠵᠢᠭᠤᠯᠬᠤ ᠵᠣᠷᠢᠭ ᠢᠶᠠᠨ ᠢᠯᠡᠳᠬᠡᠪᠡ ᠃ | | | |