| ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 26 ᠠᠴᠠ 27 ᠤ ᠡᠳᠦᠷ ᠪᠤᠯᠲᠠᠯ᠎ᠠ ᠠᠷᠠᠳᠴᠢᠯᠠᠯ ᠤᠨ ᠠᠮᠢᠳᠤᠷᠠᠯ ᠤᠨ | ᠬᠤᠷᠠᠯ ᠬᠤᠷᠠᠯᠳᠤᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠂ ︽ ᠳᠥᠷᠪᠡᠨ ᠤᠬᠠᠮᠰᠠᠷ ︾ | ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠂ ᠨᠠᠮ ᠤᠨ ᠭᠡᠰᠢᠭᠦᠨ ᠺᠠᠳ᠋ᠷᠴᠤᠳ ᠢ | ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠬᠦᠴᠦᠯᠡᠨ ᠴᠢᠷᠮᠠᠶᠢᠵᠤ ᠭᠠᠪᠢᠶ᠎ᠠ ᠵᠢᠳᠬᠦᠯ ᠪᠠᠶᠢᠭᠤᠯᠬᠤ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠠᠴᠠ | ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠢᠶᠠᠨ ᠪᠤᠯᠭᠠᠵᠥ ᠂ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠵᠢᠯ ᠲᠠᠢ ᠤᠶᠠᠯᠳᠤᠭᠤᠯᠵᠤ ᠂ ᠲᠦᠷᠦᠭᠦᠯᠡᠨ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠂ | ᠲᠦᠷᠦᠭᠦᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ | ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠂ ᠲᠦᠷᠦᠭᠦᠯᠡᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠂ ᠲᠦᠷᠦᠭᠦᠯᠡᠨ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠂ ᠲᠦᠷᠦᠭᠦᠯᠡᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠂ | ᠲᠦᠷᠦᠭᠦᠯᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠵᠤ ᠂ ᠠᠮᠵᠢᠯᠲᠠ ᠪᠦᠳᠦᠮᠵᠢ ᠪᠠᠨ ᠳ᠋ᠦᠩᠨᠡᠵᠦ ᠂ ᠳᠤᠲᠠᠭᠤᠳᠠᠯ ᠢᠶᠠᠨ ᠪᠠᠶᠢᠴᠠᠭᠠᠨ ᠳᠡᠯᠭᠡᠵᠦ ᠂ ᠨᠠᠮᠴᠢ ᠴᠢᠨᠠᠷ ᠤᠨ ᠵᠠᠳᠠᠯᠤᠯᠲᠠ ᠬᠢᠵᠦ ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠥᠷᠨᠢᠭᠦᠯᠪᠡ ᠃ | | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ ᠃ | ᠬᠤᠷᠠᠯ ᠠᠴᠠ ᠡᠮᠦᠨ᠎ᠡ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠪᠡᠯᠡᠳᠬᠡᠯ ᠬᠢᠪᠡ ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠨᠥᠬᠦᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠰᠡᠳᠬᠢᠯ ᠤᠨ ᠦᠭᠡ ᠪᠠᠨ ᠶᠠᠷᠢᠯᠴᠠᠵᠤ ᠂ ᠰᠠᠨᠠᠯ ᠰᠠᠨᠠᠭᠤᠯᠭ᠎ᠠ ᠶᠢ ᠨᠢ ᠰᠣᠨᠣᠰᠴᠤ ᠂ | ᠶᠠᠷᠢᠶᠠᠨ ᠤ ᠬᠥᠲᠥᠯᠪᠦᠷᠢ ᠶᠢ ᠲᠤᠭᠤᠷᠪᠢᠪᠠ ᠃ ᠬᠤᠷᠠᠯ ᠳᠡᠭᠡᠷ᠎ᠡ ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠨᠢᠭᠡᠳ ᠨᠢᠭᠡ ᠪᠠᠷ | ᠦᠭᠡ ᠬᠡᠯᠡᠵᠦ ᠂ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠂ ︽ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ ︾ ᠂ ︽ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠦᠯᠲᠡ ᠶᠢᠨ ᠨᠠᠷᠢᠨ ᠳᠦᠷᠢᠮ ︾ ᠲᠠᠢ | ᠬᠠᠷᠭᠤᠭᠤᠯᠵᠤ ᠂ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ ᠂ ᠭᠦᠨᠵᠡᠭᠡᠢ ᠵᠠᠳᠠᠯᠵᠤ ᠂ ᠦᠨᠡᠨ ᠢᠶᠠᠨ ᠳᠡᠯᠭᠡᠨ ᠶᠠᠷᠢᠵᠤ ᠂ ᠦᠨᠡᠨᠴᠢ ᠪᠠᠷ ᠬᠠᠨᠳᠤᠵᠤ ᠂ ᠠᠭᠤᠷ ᠠᠮᠢᠰᠬᠤᠯ | ᠲᠥᠪ ᠴᠢᠩᠭ᠎ᠠ ᠬᠥᠭᠵᠢᠶᠡᠨᠲᠡᠢ ᠪᠠᠶᠢᠵᠤ ᠂ ᠵᠢᠱᠢᠭᠰᠡᠨ ᠦᠷ᠎ᠡ ᠪᠦᠲᠦᠮᠵᠢ ᠣᠯᠪᠠ ᠃ | | | | | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠶᠠᠷᠢᠶ᠎ᠠ ᠨᠢ 6 ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ ᠃ | ᠨᠢᠭᠡ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠤᠨ | ᠲᠤᠬᠠᠢ ᠲᠠᠨᠢᠯᠲᠠ ᠨᠡᠩ ᠭᠦᠨᠵᠡᠭᠡᠶᠢᠷᠡᠵᠦ ᠂ ᠤᠬᠠᠮᠰᠠᠷ ᠠᠴᠠ ᠪᠠᠨ ᠪᠦᠭᠦ ᠲᠠᠯ᠎ᠠ ᠪᠠᠷ ᠰᠤᠷᠤᠯᠴᠠᠬᠤ ᠂ ᠪᠦᠭᠦ ᠲᠠᠯ᠎ᠠ ᠪᠠᠷ ᠡᠵᠡᠮᠳᠡᠬᠦ ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠳᠡᠭᠡᠷ᠎ᠡ ᠦᠨᠡᠨ ᠬᠦ ᠬᠦᠴᠦ ᠣᠷᠣᠭᠤᠯᠤᠨ ᠪᠣᠳᠠᠲᠤ ᠪᠦᠲᠦᠮᠵᠢ ᠭᠠᠷᠭᠠᠬᠤ ᠬᠡᠷᠡᠭᠲᠡᠢ ᠃ | ᠬᠤᠶᠠᠷ ᠲᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠤᠨ ᠲᠤᠬᠠᠢ ᠣᠶᠢᠯᠠᠭᠠᠯᠲᠠ ᠨᠠᠩ ᠭᠦᠨᠵᠡᠭᠡᠶᠢᠷᠡᠵᠦ ᠂ ︽ ᠬᠤᠶᠠᠷ ᠢ | ᠬᠠᠮᠠᠭᠠᠯᠠᠬᠤ ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ ᠂ ᠤᠯᠤᠰ ᠲᠥᠷᠥ ᠶᠢᠨ ᠤᠬᠠᠮᠰᠠᠷ ᠂ ᠦᠶ᠋ᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ | ᠴᠢᠩᠭᠠᠳᠬᠠᠬᠤ ᠬᠡᠷᠡᠭᠲᠡᠢ ᠃ | ᠭᠤᠷᠪᠠ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠯᠤᠰ | ᠭᠡᠳᠦ ᠶᠢᠨ ᠵᠢᠯᠤᠭᠤᠳᠬᠤ ᠠᠴᠢ ᠬᠤᠯᠪᠣᠭᠳᠠᠯ ᠤᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ ᠂ ᠦᠨᠡᠨ ᠬᠦ ᠡᠭᠦᠨ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ | ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠬᠤ ᠬᠡᠷᠡᠭᠲᠡᠢ ᠃ | ᠳᠥᠷᠪᠡ ᠳᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤᠮᠳᠠᠳᠤ ᠤᠯᠤᠰ ᠤᠨ ᠣᠨᠴᠠᠯᠢᠭ ᠂ ᠮᠥᠨ | ᠴᠢᠨᠠᠷ ᠤᠨ ᠱᠠᠭᠠᠷᠳᠠᠯᠭ᠎ᠠ ᠂ ᠴᠢᠬᠤᠯᠠ ᠶᠡᠭᠡ ᠵᠠᠷᠴᠢᠮ ᠪᠣᠯᠣᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ ᠂ ᠪᠡᠷᠬᠡ ᠬᠠᠲᠠᠭᠤᠵᠢᠯᠲᠠᠢ ᠬᠦᠨᠳᠦ ᠨᠦᠰᠡᠷ ᠡᠭᠦᠷᠭᠡ ᠪᠣᠯᠣᠨ ᠠᠶᠤᠯ ᠲᠦᠭᠰᠢᠭᠦᠷᠢ | ᠥᠷᠢᠰᠦᠯᠳᠦᠭᠡᠨ ᠳᠤ ᠬᠠᠨᠳᠤᠨ ᠂ ᠵᠣᠷᠢᠭᠲᠠᠢ ᠲᠡᠮᠡᠴᠡᠵᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠨᠠᠮ ᠤᠨ ᠲᠥᠯᠥᠭᠡ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ | ᠲᠠᠪᠤ ᠳᠤ ᠂ ᠤᠳᠤᠷᠢᠳᠬᠤ ᠺᠠᠳ᠋ᠷ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠬᠢ ᠵᠦᠭᠯᠡᠭᠦᠷ ᠤᠨ ᠦᠢᠯᠡᠳᠦᠯ ᠤᠨ ᠲᠤᠬᠠᠢ ᠲᠠᠨᠢᠯᠲᠠ ᠨᠡᠩ | ᠭᠦᠨᠵᠡᠭᠡᠶᠢᠷᠡᠵᠦ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠴᠢᠩᠭ᠎ᠠ ᠪᠠᠶᠢᠵᠤ ᠂ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ | ᠪᠠᠲᠤ ᠶᠢ ᠰᠠᠬᠢᠬᠤ ᠲᠠᠯ᠎ᠠ ᠪᠠᠷ ᠪᠦᠭᠦ ᠨᠠᠮ ᠳᠤ ᠳᠠᠭᠤᠷᠢᠶᠠᠯ ᠪᠤᠯᠬᠤ ᠬᠡᠷᠡᠭᠲᠡᠢ ᠃ | ᠵᠢᠷᠭᠤᠭ᠎ᠠ ᠳᠤ ᠂ ᠶᠡᠭᠡ ᠨᠠᠮ ᠳᠤ ᠯᠡ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠣᠯᠣᠨ ᠡᠷᠡᠰ ᠪᠠᠲᠤ ᠴᠢᠨᠠᠷ ᠢ ᠪᠠᠷᠢᠮᠲᠠᠯᠠᠬᠤ ᠲᠤᠬᠠᠢ | ᠲᠠᠨᠢᠯᠲᠠ ᠨᠡᠩ ᠭᠦᠨᠵᠡᠭᠡᠶᠢᠷᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ ᠃ | | ᠬᠤᠷᠠᠯ ᠠᠴᠠ ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠦᠢᠯ ᠤᠨ ᠴᠢᠬᠤᠯᠠ ᠨᠢᠭᠡ ᠵᠢᠯ ᠮᠥᠨ ᠃ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ | ᠵᠢᠷᠤᠭᠯᠠᠪᠠ ᠃ ᠰᠠᠯᠬᠢ ᠶᠡᠭᠡ ᠳᠠᠪᠠᠯᠭᠠᠨ ᠰᠢᠷᠦᠭᠦᠨ ᠳᠡᠯᠡᠬᠡᠢ ᠶᠢᠨ ᠣᠷᠴᠢᠨ ᠲᠣᠭᠤᠷᠢᠨ ᠪᠣᠯᠣᠨ ᠪᠡᠷᠬᠡ ᠬᠠᠲᠠᠭᠤᠵᠢᠯᠲᠠᠢ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ | ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠡᠷᠴᠢᠮ ᠢᠶᠠᠨ ᠴᠢᠩᠭᠠᠷᠠᠭᠤᠯᠵᠤ ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢ ᠠᠷᠭᠠᠴᠠᠭᠠᠵᠤ ᠂ | ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ ᠃ ᠪᠦᠭᠦ ᠵᠢᠯ ᠤᠨ ᠠᠵᠤ ᠠᠬᠤᠢ ᠨᠡᠮᠡᠭᠳᠡᠯ ᠢᠶᠠᠨ ᠪᠠᠲᠤᠯᠠᠵᠤ ᠂ ᠠᠵᠢᠯ ᠣᠯᠭᠤᠯᠲᠠ | ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠪᠠᠷᠠᠭᠠᠨ ᠤ ᠦᠨ᠎ᠡ ᠲᠣᠭᠲᠠᠭᠤᠨ ᠪᠠᠶᠢᠵᠤ ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢᠨ ᠪᠠᠶᠢᠳᠠᠯ ᠨᠡᠯᠢᠶᠡᠳ | ᠰᠠᠶᠢᠨ ᠪᠠᠶᠢᠨ᠎ᠠ ᠃ ᠠᠮᠤ ᠪᠤᠳᠠᠭᠠᠨ ᠤ ᠤᠨᠠᠯᠲᠠ ᠨᠠᠢᠮᠠᠨ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ ᠂ ᠠᠮᠤ | ᠪᠤᠳᠠᠭᠠᠨ ᠤ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠪᠠ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠪᠠ ᠃ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠪᠡ ᠃ ᠡᠳᠡᠭᠡᠷ ᠠᠮᠵᠢᠯᠲᠠ ᠪᠦᠲᠦᠮᠵᠢ ᠨᠢ ᠮᠠᠰᠢ ᠭᠢᠯᠪᠠᠷ ᠪᠤᠰᠤ ᠂ ᠬᠤᠪᠢ ᠳᠠᠭᠢᠨ ᠨᠠᠨᠳᠢᠩᠨᠠᠭᠤᠰᠢᠲᠠᠢ ᠶᠤᠮ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠳ ᠂ ︽ ᠬᠤᠶᠠᠷ ᠢ ᠲᠣᠭᠲᠠᠭᠠᠭᠰᠠᠨ ︾ ᠨᠢ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠲᠠᠢ ᠭᠡᠳᠡᠭ ᠢ ᠨᠢᠭᠡ ᠵᠢᠯ ᠤᠨ ᠲᠤᠷᠰᠢᠬᠢ ᠦᠢᠯᠡᠳᠦᠯᠭᠡ ᠳᠠᠬᠢᠨᠲᠠ ᠭᠡᠷᠡᠴᠢᠯᠡᠪᠡ ᠃ ᠰᠢᠨ᠎ᠡ ᠠᠶᠠᠨ ᠳᠤ ᠂ ᠪᠦᠭᠦ ᠨᠠᠮ ᠢᠶᠠᠷ ᠢᠶᠠᠨ ᠡᠷᠬᠡᠪᠰᠢ ︽ ᠬᠤᠶᠠᠷ ᠢ | ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠲᠦᠷᠪᠡᠨ | ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ | ᠠᠵᠢᠯ ᠤᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠢᠷᠡᠬᠦ ᠵᠢᠯ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠪᠠᠶᠢᠭᠤᠯᠤᠭᠰᠠᠨ ᠠᠭᠤᠤ ᠶᠡᠭᠡ | ᠵᠣᠷᠢᠭ ᠰᠠᠨᠠᠭ᠎ᠠ ᠶᠢ ᠪᠠᠳᠠᠷᠠᠭᠤᠯᠵᠤ ᠂ ︽ ᠭᠤᠷᠪᠠᠨ ᠡᠷᠬᠡᠪᠰᠢ ︾ ᠶᠢ ᠪᠠᠲᠤ ᠴᠡᠭᠡᠵᠢᠯᠡᠵᠦ ᠂ ᠪᠦᠯᠬᠦᠮᠳᠡᠨ ᠲᠡᠮᠡᠴᠡᠵᠦ ᠂ ᠵᠠᠮ ᠨᠡᠭᠡᠭᠡᠨ ᠰᠢᠨ᠎ᠡ ᠶᠢ ᠡᠭᠦᠳᠴᠦ ᠂ ᠰᠠᠶᠢᠨ | ᠰᠠᠶᠢᠬᠠᠨ ᠡᠭᠢᠯᠡᠯᠲᠡ ᠶᠢ ᠴᠢᠷᠮᠠᠶᠢᠨ ᠪᠡᠶᠡᠯᠡᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠵᠦ ᠰᠠᠨᠠᠯ ᠨᠢᠭᠡᠲᠡᠢ | ᠦᠵᠡᠵᠡᠭᠡᠪᠡ ᠃ | ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠬᠠᠷᠢᠴᠠᠭᠤᠯᠤᠨ ᠪᠠᠶᠢᠴᠠᠭᠠᠵᠤ ᠶᠠᠷᠢᠭᠰᠠᠨ ᠶᠠᠷᠢᠶ᠎ᠠ ᠶᠢ | ᠨᠢᠭᠡᠳ ᠨᠢᠭᠡ ᠪᠠᠷ ᠦᠨᠡᠯᠡᠵᠦ ᠂ ᠨᠢᠭᠡᠳ ᠨᠢᠭᠡ ᠪᠠᠷ ᠱᠠᠭᠠᠷᠳᠠᠯᠭ᠎ᠠ ᠳᠤᠷᠠᠳᠤᠭᠰᠠᠨ ᠪᠥᠭᠡᠳ ᠳ᠋ᠦᠩᠨᠡᠯᠲᠡ ᠬᠢᠪᠡ ᠃ ᠲᠡᠷᠡ ᠂ ᠡᠨᠡ ᠤᠳᠠᠭ᠎ᠠ ᠶᠢᠨ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠢᠵᠦ ᠂ ᠮᠠᠰᠢ ᠶᠡᠭᠡ ᠠᠮᠵᠢᠯᠲᠠ ᠪᠦᠲᠦᠮᠵᠢ ᠣᠯᠵᠠᠢ ᠂ | ᠤᠯᠠᠨ ᠢᠶᠠᠷ ᠢᠶᠠᠨ ᠰᠡᠳᠬᠢᠯ ᠢᠶᠠᠨ ᠳᠡᠯᠭᠡᠵᠦ ᠂ ᠦᠵᠡᠯ ᠰᠠᠨᠠᠭ᠎ᠠ ᠪᠠᠨ ᠰᠣᠯᠢᠯᠴᠠᠵᠤ ᠂ ᠠᠰᠠᠭᠤᠳᠠᠯ ᠢ ᠪᠠᠶᠢᠴᠠᠭᠠᠨ ᠦᠵᠡᠵᠦ ᠂ ᠴᠢᠭᠯᠡᠯ ᠢ ᠲᠣᠳᠣᠷᠬᠠᠶᠢᠯᠠᠵᠤ ᠂ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠦᠯᠬᠦᠮᠳᠡᠯ ᠢ ᠴᠢᠩᠭᠠᠳᠬᠠᠬᠤ ᠂ ᠠᠵᠢᠯ ᠢᠶᠠᠨ ᠰᠠᠶᠢᠵᠢᠷᠠᠭᠤᠯᠬᠤ ᠂ ᠡᠭᠦᠷᠭᠡ ᠬᠠᠷᠢᠭᠤᠴᠠᠯᠭ᠎ᠠ | ᠡᠭᠦᠷᠭᠡᠯᠡᠬᠦ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ ᠂ ᠲᠥᠪ ᠤᠨ ᠤᠳᠤᠷᠢᠳᠬᠤ ᠬᠠᠮᠲᠤ ᠶᠢᠨ ᠨᠢᠭᠲᠠᠷᠠᠯ ᠤᠨ ᠬᠦᠴᠦᠨ ᠂ ᠲᠠᠶᠢᠴᠢᠨ ᠬᠦᠴᠦᠨ ᠂ | ᠲᠥᠪᠯᠡᠷᠡᠩᠭᠦᠢ ᠬᠦᠴᠦᠨ ᠢ ᠴᠢᠩᠭᠠᠳᠬᠠᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠬᠠᠷᠠᠯᠲᠠᠡᠭᠦᠷᠭᠡ ᠶᠢ ᠲᠣᠳᠣᠷᠬᠠᠶᠢᠯᠠᠪᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠠᠪᠤᠳᠠᠯ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ | ᠡᠭᠦᠷᠭᠡ ᠮᠥᠨ ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠰᠤᠷᠤᠯᠴᠠᠵᠤ ᠂ ᠪᠦᠭᠦ ᠲᠠᠯ᠎ᠠ ᠪᠠᠷ ᠡᠵᠡᠮᠰᠢᠵᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠰᠠᠶᠢᠲᠤᠷ ᠲᠦᠷᠦᠭᠦᠯᠡᠨ ᠂ ᠦᠯᠢᠭᠡᠷ ᠳᠠᠭᠤᠷᠢᠶᠠᠯ | ᠪᠣᠯᠵᠤ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠂ ᠤᠯᠠᠨ ᠤ ᠬᠦᠰᠡᠯ ᠢ ᠬᠥᠰᠡᠷᠳᠡᠭᠦᠯᠬᠦ ᠦᠭᠡᠢ ᠪᠠᠶᠢᠵᠤ ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠪᠣᠯᠪᠠᠰᠤᠷᠠᠩᠭᠤᠢ ᠮᠠᠷᠺᠰ ᠤᠨ | ᠦᠵᠡᠯ ᠤᠨ ᠲᠦᠷᠦ ᠪᠠᠷᠢᠭᠴᠢ ᠨᠠᠮ ᠤᠨ ᠴᠢᠬᠤᠯᠠ ᠶᠡᠭᠡ ᠨᠠᠮ ᠪᠠᠶᠢᠭᠤᠯᠬᠤ ᠵᠠᠷᠴᠢᠮ ᠮᠥᠨ ᠃ ᠮᠠᠨ ᠤ ᠡᠶᠢᠮᠦ ᠨᠢᠭᠡᠨ ᠶᠡᠭᠡ ᠨᠠᠮ ᠂ ᠡᠶᠢᠮᠦ ᠨᠢᠭᠡᠨ ᠶᠡᠭᠡ ᠤᠯᠤᠰ | ᠬᠡᠷᠪᠡ ᠨᠠᠮ ᠤᠨ ᠲᠥᠪ ᠬᠤᠷᠢᠶ᠎ᠠ ᠴᠢᠩᠭ᠎ᠠ ᠬᠦᠴᠦᠲᠡᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠡᠷᠡᠭᠵᠢᠭᠦᠯᠬᠦ ᠦᠭᠡᠢ ᠪᠣᠯ ᠳᠠᠷᠤᠢ ᠲᠤᠰ ᠲᠤᠰ ᠲᠠᠭᠠᠨ | ᠲᠤᠭ ᠪᠣᠰᠬᠠᠵᠤ ᠂ ᠪᠤᠳᠤᠬᠰᠠᠨ ᠢᠶᠠᠷ ᠢᠶᠠᠨ ᠬᠢᠬᠦ ᠪᠠᠶᠢᠳᠠᠯ ᠭᠠᠷᠴᠤ ᠂ ᠶᠠᠮᠠᠷ ᠴᠤ ᠶᠠᠪᠤᠳᠠᠯ ᠢ ᠪᠦᠲᠦᠭᠡᠵᠦ ᠴᠢᠳᠠᠬᠤ ᠦᠭᠡᠢ ᠪᠣᠯᠣᠨ᠎ᠠ ᠃ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠬᠡᠶᠢᠰᠪᠦᠷᠢ ᠪᠢᠰᠢ ᠬᠠᠷᠢᠨ ᠪᠣᠳᠠᠲᠠᠢ ᠪᠠᠶᠢᠳᠠᠭ ᠂ ᠡᠩ ᠲᠡᠷᠢᠭᠦᠨ ᠳᠤ ᠨᠠᠮ ᠤᠨ | ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠬᠤ ᠳᠡᠭᠡᠷ᠎ᠡ ᠨᠠᠶᠢᠳᠠᠪᠤᠷᠢᠵᠢᠭᠤᠯᠵᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠬᠤ ᠂ ︽ ᠲᠦᠷᠪᠡᠨ ᠢᠲᠡᠭᠡᠯ ︾ | ᠢᠶᠠᠨ ᠪᠠᠲᠤᠳᠬᠠᠬᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠪᠣᠳᠠᠲᠤ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ ᠃ ᠶᠠᠮᠠᠷᠪᠠ ᠴᠠᠭ ᠦᠶ᠎ᠡ | ᠶᠠᠮᠠᠷᠪᠠ ᠪᠠᠶᠢᠳᠠᠯ ᠳᠣᠣᠷ᠎ᠠ ᠴᠤ ᠭᠡᠳ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠵᠤ ᠂ ᠨᠠᠮ ᠤᠨ ᠲᠥᠪ | ᠬᠤᠷᠢᠶᠠᠨ ᠤ ᠨᠢᠭᠡᠳᠦᠯᠲᠡᠢ ᠵᠢᠯᠣᠭᠤᠳᠤᠯᠭ᠎ᠠ ᠶᠢᠨ ᠨᠠᠶᠢᠷᠠᠯ ᠬᠥᠭᠵᠢᠮ ᠳᠤᠮᠳᠠ ᠬᠠᠮᠲᠤ ᠶᠢᠨ ᠭᠦᠭ ᠢ ᠪᠦᠷᠢᠯᠳᠦᠭᠦᠯᠵᠦ ᠂ ᠶᠠᠭᠠᠬᠢᠭᠰᠠᠨ ᠴᠤ ᠬᠤᠭᠤᠯᠠᠢ | ᠰᠣᠯᠣᠭᠠᠶᠢᠷᠠᠵᠤ ᠂ ᠭᠦᠭ ᠢᠶᠠᠨ ᠠᠯᠳᠠᠵᠤ ᠪᠤᠯᠬᠤ ᠦᠭᠡᠢ ︔ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠲᠤᠭ ᠢᠶᠠᠷ ᠲᠤᠭ ᠪᠤᠯᠭᠠᠬᠤ ᠂ | ᠨᠠᠮ ᠤᠨ ᠴᠢᠭᠯᠡᠯ ᠢᠶᠠᠷ ᠴᠢᠭᠯᠡᠯ ᠪᠤᠯᠭᠠᠬᠤ ᠂ ᠨᠠᠮ ᠤᠨ ᠵᠣᠷᠢᠯᠲᠠ ᠪᠠᠷ ᠵᠣᠷᠢᠯᠲᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ | ᠵᠦᠢᠯ ᠢ ᠡᠷᠡᠰ ᠴᠤᠤᠷᠢᠶᠠᠲᠤᠨ ᠲᠠᠭᠠᠵᠤ ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠵᠦᠢᠯ ᠢ ᠡᠷᠡᠰ ᠵᠢᠷᠤᠮᠯᠠᠨ ᠭᠦᠢᠴᠡᠳᠬᠡᠵᠦ ᠂ ᠨᠠᠮ ᠤᠨ ᠲᠥᠪ | ᠬᠤᠷᠢᠶᠠᠨ ᠤ ᠴᠠᠭᠠᠵᠠᠯᠠᠭᠰᠠᠨ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠵᠤ ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ ᠂ ᠠᠯᠳᠠᠭ᠎ᠠ ᠪᠤᠷᠤᠭᠤ ᠪᠠᠨ ᠴᠠᠭ | ᠲᠤᠬᠠᠢ ᠳᠤᠨᠢ ᠵᠠᠯᠠᠷᠠᠭᠤᠯᠬᠤ ᠭᠡᠷᠡᠭᠲᠡᠢ ︔ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ | ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠲᠠᠢ ᠰᠡᠳᠬᠢᠯ ᠵᠣᠷᠢᠭ ᠨᠢᠭᠡᠲᠡᠢ ᠪᠠᠶᠢᠵᠤ ᠂ ᠨᠠᠮ ᠢᠶᠠᠨ ᠬᠠᠶᠢᠷᠠᠯᠠᠵᠤ ᠂ ᠴᠠᠭ ᠢᠮᠠᠭᠲᠠ ᠨᠠᠮ ᠤᠨ ᠢᠶᠠᠨ ᠲᠥᠯᠥᠭᠡ | ᠰᠠᠨᠠᠭᠠᠰᠢᠷᠠᠵᠤ ᠂ ᠨᠠᠮ ᠢᠶᠠᠨ ᠡᠷᠡᠰ ᠬᠠᠮᠠᠭᠠᠯᠠᠵᠤ ᠂ ᠪᠦᠭᠦ ᠬᠦᠴᠦᠨ ᠢᠶᠠᠷ ᠢᠶᠠᠨ ᠨᠠᠮ ᠢᠶᠠᠨ ᠮᠠᠨᠳᠤᠭᠤᠯᠬᠤ ᠬᠡᠷᠡᠭᠲᠡᠢ ᠃ ᠠᠵᠢᠯ ᠤᠨ ᠳᠤᠮᠳᠠᠬᠢ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠂ ᠴᠢᠬᠤᠯᠠ ᠶᠡᠭᠡ ᠵᠦᠢᠯᠡᠰ ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠠᠴᠠ ᠵᠢᠭᠠᠪᠤᠷᠢ ᠠᠪᠴᠤ ᠨᠠᠮ ᠲᠥᠪ | ᠬᠤᠷᠢᠶ᠎ᠠ ᠳᠤ ᠮᠡᠳᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶᠢᠭ᠎ᠠ ᠦᠭᠡᠢ ᠪᠦᠲᠦᠭᠡᠯᠴᠢ ᠴᠢᠨᠠᠷᠲᠠᠢ ᠦᠢᠯᠡᠰ ᠮᠥᠨ ᠂ | ᠪᠢᠳᠡ ᠰᠦᠪᠡᠭᠴᠢᠯᠡᠯᠲᠡ ᠬᠢᠵᠦ ᠰᠢᠨ᠎ᠡ ᠶᠢ ᠡᠭᠦᠳᠭᠦ ᠴᠢᠬᠤᠯᠠᠲᠠᠢ ᠶᠤᠮ ᠃ ᠡᠨᠡ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ | ᠺᠠᠳ᠋ᠷᠴᠤᠳ ᠤᠨ ᠬᠡᠪ ᠪᠣᠯᠪᠠᠰᠤᠷᠠᠯ ᠴᠢᠳᠠᠪᠤᠷᠢ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ ᠂ ᠮᠠᠨ ᠤ ᠤᠶᠤᠨ ᠰᠠᠨᠠᠭᠠᠨ ᠤ ᠳᠦᠷᠰᠦ ᠪᠠᠶᠢᠳᠠᠯ ᠳᠤ ᠨᠡᠩ | ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠤᠯᠤᠰ ᠲᠦᠷᠦ ᠶᠢᠨ ᠲᠣᠪᠴᠢᠶᠠᠨ ᠤ ᠨᠥᠬᠦᠳ ᠲᠤ ᠠᠪᠴᠤ ᠬᠡᠯᠡᠪᠡᠯ ᠂ ᠬᠠᠮᠤᠭ ᠤᠨ ᠴᠢᠬᠤᠯᠠ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯ ᠳᠠᠷᠤᠢ ᠤᠯᠤᠰ ᠲᠦᠷᠦ ᠶᠢᠨ ᠴᠢᠳᠠᠪᠤᠷᠢ ᠪᠣᠯᠣᠨ᠎ᠠ ᠂ ᠮᠠᠷᠺᠰ ᠤᠨ ᠦᠵᠡᠯ ᠤᠨ ᠤᠯᠤᠰ ᠲᠥᠷᠥᠴᠢᠨ ᠤ | ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠵᠤ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠭᠠᠪᠤᠷᠢᠯᠠᠬᠤ | ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠥᠭᠵᠢᠯᠲᠡ ᠶᠢᠨ ᠶᠡᠭᠡ ᠬᠠᠨᠳᠤᠰᠢ ᠶᠡᠭᠡ ᠲᠠᠯ᠎ᠠ ᠶᠢ ᠰᠤᠳᠤᠯᠤᠨ ᠮᠠᠭᠠᠳᠯᠠᠬᠤ ᠳᠠᠭᠠᠨ ᠴᠢᠳᠠᠮᠠᠭᠠᠢ ᠪᠠᠶᠢᠵᠤ ᠂ ︽ ᠤᠯᠤᠰ ᠤᠨ ᠶᠡᠭᠡ ᠶᠠᠪᠤᠳᠠᠯ ︾ ᠢ ᠪᠠᠲᠤ ᠴᠡᠭᠡᠵᠢᠯᠡᠵᠦ ᠂ | ᠤᠯᠤᠰ ᠤᠨ ᠶᠡᠭᠡ ᠪᠣᠳᠣᠯᠭ᠎ᠠ ᠂ ᠨᠠᠮ ᠤᠨ ᠶᠡᠭᠡ ᠪᠣᠳᠣᠯᠭ᠎ᠠ ᠶᠢ ᠰᠦᠪᠡᠭᠴᠢᠯᠡᠬᠦ ᠳᠡᠭᠡᠨ ᠴᠢᠳᠠᠮᠠᠭᠠᠢ ᠪᠠᠶᠢᠵᠤ ᠂ ᠠᠷᠠᠳ ᠲᠦᠮᠡᠨ ᠳᠤ ᠪᠤᠶᠠᠨ ᠦᠢᠯᠡᠳᠴᠦ ᠂ | ᠠᠷᠠᠳ ᠤᠨ ᠰᠡᠳᠬᠢᠯ ᠢ ᠣᠯᠬᠤ ᠬᠡᠷᠡᠭᠲᠡᠢ ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠱᠠᠭᠠᠷᠳᠠᠯᠭ᠎ᠠ ᠶᠣᠰᠣᠭᠠᠷ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠂ ᠤᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ ᠃ | | ᠰᠢ ᠶᠢᠨ ᠫᠢᠩ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ | ᠬᠤᠪᠢᠷᠠᠭᠤᠯᠬᠤ ᠳᠤ ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ ᠃ ᠡᠯ᠎ᠡ | ᠱᠠᠲᠤᠨ ᠤ ᠤᠳᠤᠷᠢᠳᠬᠤ ᠺᠠᠳ᠋ᠷ ᠨᠠᠮ ᠤᠨ ᠲᠥᠯᠥᠭᠡ ᠪᠡᠶ᠎ᠡ ᠪᠠᠷ ᠢᠶᠠᠨ ᠣᠷᠣᠯᠴᠠᠵᠤ ᠂ ᠥᠷᠯᠥᠭᠡ ᠦᠳᠡᠰᠢ ᠶᠢ ᠲᠡᠮᠡᠴᠡᠨ ᠠᠵᠢᠯᠯᠠᠵᠤ ᠂ ᠴᠠᠭ ᠢᠮᠠᠭᠲᠠ ᠰᠡᠳᠬᠢᠯ | ᠠᠮᠤᠷ ᠪᠠᠶᠢᠵᠤ ᠦᠯᠦ ᠴᠢᠳᠠᠬᠤ ᠬᠠᠷᠢᠭᠤᠴᠠᠯᠭᠠᠲᠤ ᠰᠡᠳᠬᠢᠯᠭᠡ ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ | ᠨᠠᠮ ᠪᠣᠯᠣᠨ ᠠᠷᠠᠳ ᠲᠦᠮᠡᠨ ᠤ ᠲᠥᠯᠥᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠃ ᠠᠵᠢᠯ ᠬᠢᠵᠦ | ᠦᠢᠯᠡᠰ ᠪᠣᠰᠬᠠᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠢ ᠢᠳᠡᠪᠬᠢᠲᠡᠢ ᠪᠤᠢ ᠪᠤᠯᠭᠠᠵᠤ ᠂ ᠵᠣᠷᠢᠭᠲᠠᠢ ᠪᠠᠷ ᠡᠭᠦᠷᠭᠡᠯᠡᠭᠴᠢ ᠳᠤ ᠬᠠᠷᠢᠭᠤᠴᠠᠯᠭ᠎ᠠ ᠲᠠᠢ ᠬᠠᠨᠳᠤᠵᠤ ᠂ | ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠵᠤ ᠂ ᠠᠵᠢᠯ ᠬᠢᠭᠴᠢ ᠳᠤ ᠲᠦᠰᠢᠭ ᠪᠣᠯᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠢ ᠪᠠᠷ | ᠵᠢᠳᠬᠦᠯ ᠴᠢᠷᠮᠠᠶᠢᠯᠭ᠎ᠠ ᠭᠠᠷᠭᠠᠬᠤ ᠺᠠᠳ᠋ᠷ ᠢ ᠴᠢᠳᠠᠮᠠᠭᠠᠢ ᠪᠠᠷ ᠢᠯᠡᠷᠡᠭᠦᠯᠵᠦ ᠂ ᠬᠥᠮᠥᠵᠢᠭᠦᠯᠵᠦ ᠂ ᠬᠡᠷᠡᠭᠯᠡᠵᠦ ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠬᠠᠷᠰᠢᠯᠠᠬᠤ ᠡᠯ᠎ᠡ ᠵᠦᠢᠯ ᠤᠨ ᠬᠦᠴᠦᠨ ᠵᠦᠢᠯ ᠢ ᠬᠦᠴᠦᠯᠡᠨ ᠠᠷᠢᠯᠭᠠᠵᠤ ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠂ ᠴᠢᠳᠠᠮᠠᠭᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠬᠤ ᠬᠡᠷᠡᠭᠲᠡᠢ ᠃ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ ᠂ ᠰᠢᠷᠭᠠᠭᠤ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠦᠷᠦᠭᠦᠯᠡᠨ ᠰᠢᠰᠲ᠋ᠧᠮᠳᠦ ᠦᠵᠡᠯᠲᠡ ᠪᠠᠨ ᠴᠢᠩᠭᠠᠳᠬᠠᠵᠤ ᠂ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠠᠭᠤᠤ ᠶᠡᠭᠡ ᠲᠡᠮᠡᠴᠡᠯ ᠂ ᠠᠭᠤᠤ ᠶᠡᠭᠡ ᠢᠨᠵᠧᠨᠧᠷᠢᠩ ᠂ ᠠᠭᠤᠤ ᠶᠡᠭᠡ ᠦᠢᠯᠡᠰ ᠂ ᠠᠭᠤᠤ ᠶᠡᠭᠡ ᠬᠦᠰᠡᠯ | ᠵᠡᠭᠦᠳᠦ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ ᠂ ︽ ᠲᠠᠪᠤ ᠶᠢ ᠨᠢᠭᠡ ᠴᠣᠭᠴᠠᠵᠢᠭᠤᠯᠬᠤ ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ ᠳᠠᠭᠠᠨ ᠴᠢᠳᠠᠮᠠᠭᠠᠢ ᠪᠠᠶᠢᠵᠤ ᠂ ︽ ᠲᠦᠷᠪᠡᠨ ᠪᠦᠭᠦ ᠲᠠᠯ᠎ᠠ ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ | ᠠᠬᠢᠭᠤᠯᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ ᠃ ᠪᠦᠭᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ ᠂ | ᠤᠬᠠᠮᠰᠠᠷ ᠠᠴᠠ ᠪᠠᠨ ᠶᠡᠭᠡ ᠲᠠᠯ᠎ᠠ ᠶᠢ ᠪᠣᠳᠣᠯᠬᠢᠯᠠᠨ ᠠᠵᠢᠯᠯᠠᠵᠤ ᠂ ᠪᠠᠭ᠎ᠠ ᠶᠣᠰᠣ ᠨᠢ ᠶᠡᠭᠡ ᠶᠣᠰᠣ ᠪᠠᠨ ᠳᠠᠭᠠᠬᠤ ᠂ ᠣᠷᠣᠨ ᠨᠤᠲᠤᠭ ᠤᠨ ᠠᠰᠢᠭ ᠲᠤᠰᠠ ᠨᠢ | ᠤᠯᠤᠰ ᠤᠨ ᠪᠦᠬᠦᠯᠢ ᠴᠣᠭᠴᠠ ᠶᠢᠨ ᠠᠰᠢᠭ ᠲᠤᠰᠠ ᠶᠢ ᠳᠠᠭᠠᠬᠤ ᠶᠢ ᠪᠠᠷᠢᠮᠲᠠᠯᠠᠵᠤ ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠂ ᠲᠡᠦᠬᠡ ᠶᠢᠨ ᠰᠡᠳᠬᠢᠬᠦᠢ ᠂ | ᠬᠤᠪᠢᠰᠤᠩᠭᠤᠢ ᠰᠡᠳᠬᠢᠬᠦᠢ ᠂ ᠰᠢᠰᠲ᠋ᠧᠮᠲᠦ ᠰᠡᠳᠬᠢᠬᠦᠢ ᠂ ᠰᠢᠨ᠎ᠡ ᠶᠢ ᠡᠭᠦᠳᠭᠦ ᠰᠡᠳᠬᠢᠬᠦᠢ ᠂ ᠬᠠᠤᠯᠢᠵᠢᠯ ᠤᠨ ᠰᠡᠳᠬᠢᠬᠦᠢ ᠂ ᠬᠤᠷᠢᠭ᠎ᠠ ᠱᠤᠭᠤᠮ ᠤᠨ | ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠷᠢᠳᠠᠴᠢ ᠴᠢᠨᠠᠷᠲᠠᠢ ᠪᠠᠷ ᠰᠡᠳᠭᠢᠭᠦ ᠂ ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ ᠂ | ᠪᠦᠬᠦᠯᠢ ᠴᠣᠭᠴᠠ ᠶᠢᠨ ᠴᠢᠨᠠᠷᠲᠠᠢ ᠪᠠᠷ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠶᠡᠭᠡ ᠲᠠᠩᠰᠠ ᠪᠤᠳᠤᠬᠤ ᠂ ᠠᠯᠤᠰ | ᠭᠡᠳᠤ ᠶᠢᠨ ᠲᠠᠩᠰᠠ ᠪᠤᠳᠤᠬᠤ ᠶᠢ ᠪᠠᠷᠢᠮᠲᠠᠯᠠᠵᠤ ᠂ ᠪᠠᠭ᠎ᠠ ᠠᠰᠢᠭ ᠢ ᠪᠣᠳᠣᠯᠬᠢᠯᠠᠬᠤ ᠦᠭᠡᠢ ᠂ ᠪᠠᠭ᠎ᠠ ᠤᠬᠠᠭᠠᠨ ᠭᠠᠷᠭᠠᠬᠤ ᠦᠭᠡᠢ ᠪᠠᠶᠢᠵᠤ ᠂ ᠬᠤᠪᠢᠨᠴᠢᠷ ᠦᠵᠡᠯ ᠂ | ᠲᠠᠷᠠᠬᠠᠢ ᠦᠵᠡᠯ ᠂ ᠳᠤᠷ᠎ᠠ ᠵᠣᠷᠢᠭ ᠤᠨ ᠦᠵᠡᠯ ᠂ ᠥᠪᠡᠷᠮᠡᠲᠡᠭᠡᠢ ᠦᠵᠡᠯ ᠢ ᠤᠬᠠᠮᠰᠠᠷ ᠠᠴᠠ ᠪᠠᠨ ᠰᠡᠷᠭᠡᠶᠢᠯᠡᠨ ᠡᠰᠡᠷᠭᠦᠴᠡᠵᠦ ᠂ ᠨᠢᠭᠡ ᠣᠷᠣᠨ ᠳᠤ ᠥᠩᠭᠡ ᠭᠡᠷᠡᠯ | ᠨᠡᠮᠡᠷᠢᠯᠡᠬᠦ ᠮᠥᠷᠲᠡᠭᠡᠨ ᠪᠠᠰᠠ ᠪᠦᠭᠦ ᠲᠠᠯ᠎ᠠ ᠳᠤ ᠥᠩᠭᠡ ᠭᠡᠷᠡᠯ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠨ ᠰᠤᠷᠲᠠᠯ ᠪᠣᠯ ᠶᠡᠷᠦ ᠠᠴᠠ ᠨᠠᠮ ᠤᠨ ᠰᠤᠷᠲᠠᠯ ᠪᠣᠯᠣᠨ ᠨᠡᠶᠢᠭᠡᠮ ᠤᠨ ᠬᠡᠪ | ᠰᠤᠷᠲᠠᠯ ᠢ ᠬᠥᠲᠥᠯᠥᠨ ᠳᠠᠭᠠᠭᠤᠯᠬᠤ ᠴᠢᠬᠤᠯᠠ ᠵᠦᠭᠯᠡᠭᠦᠷ ᠪᠣᠯᠣᠭᠰᠠᠭᠠᠷ ᠢᠷᠡᠵᠠᠢ ᠂ ᠠᠷᠠᠳ ᠤᠯᠠᠨ ᠤ ᠨᠠᠮ ᠤᠨ ᠰᠤᠷᠲᠠᠯ ᠢ ᠠᠵᠢᠭᠯᠠᠬᠤ ᠴᠢᠬᠤᠯᠠ ᠴᠣᠩᠬᠤᠪᠴᠢ | ᠮᠥᠨ ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠪ ᠤᠨ ᠨᠠᠢᠮᠠᠨ ᠲᠣᠭᠲᠠᠭᠠᠯ ᠤᠨ ᠬᠡᠷᠡᠭᠵᠢᠭᠦᠯᠬᠦ | ᠨᠠᠷᠢᠨ ᠳᠦᠷᠢᠮ ᠲᠠᠢ ᠬᠠᠷᠭᠤᠭᠤᠯᠵᠤ ᠂ ᠨᠢᠭᠡᠳ ᠨᠢᠭᠡ ᠵᠤᠷᠪᠤᠰ ᠢᠶᠠᠷ ᠴᠢᠩᠭ᠎ᠠ ᠪᠠᠷᠢᠮᠵᠢᠶᠠᠯᠠᠨ ᠬᠠᠷᠭᠤᠭᠤᠯᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ | ᠶᠣᠰᠣᠭᠠᠷ ᠨᠢ ᠰᠠᠶᠢᠲᠤᠷ ᠠᠳᠬᠤᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠤᠨ ᠠᠷᠬᠠᠭ ᠭᠡᠮ ᠢ ᠭᠤᠣᠯᠳᠠᠯᠭ᠎ᠠ ᠲᠠᠢ ᠵᠠᠯᠠᠷᠠᠭᠤᠯᠵᠤ ᠂ ᠨᠠᠮ ᠤᠨ ᠰᠢᠯᠢᠳᠡᠭ | ᠰᠤᠷᠲᠠᠯ ᠢ ᠲᠦᠷᠦᠭᠦᠯᠡᠨ ᠪᠠᠳᠠᠷᠠᠭᠤᠯᠬᠤ ᠬᠡᠷᠡᠭᠲᠡᠢ ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ ᠂ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠳᠠᠬᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠢᠯᠡᠭᠦᠬᠡᠨ ᠣᠴᠢᠵᠤ ᠂ ᠬᠦᠴᠢᠷᠳᠡᠯ ᠤᠯᠠᠨ ᠂ ᠤᠯᠠᠨ ᠲᠦᠮᠡᠨ ᠤ ᠰᠠᠨᠠᠯ ᠲᠥᠪᠯᠡᠷᠡᠭᠰᠡᠨ ᠂ ᠠᠵᠢᠯ | ᠰᠠᠶᠢᠨ ᠶᠠᠪᠤᠭᠳᠠᠵᠤ ᠳᠡᠶᠢᠯᠭᠦ ᠦᠭᠡᠢ ᠭᠠᠵᠠᠷ ᠲᠤ ᠢᠯᠡᠭᠦᠬᠡᠨ ᠣᠴᠢᠵᠤ ᠂ ᠪᠣᠳᠠᠲᠤ ᠪᠠᠶᠢᠳᠠᠯ ᠢ ᠪᠡᠶᠡᠴᠢᠯᠡᠨ ᠪᠠᠶᠢᠴᠠᠭᠠᠵᠤ ᠂ ᠪᠢᠯᠵᠤᠤᠬᠠᠢ ᠶᠢ ᠲᠤᠶᠠᠴᠢᠵᠤ ᠂ | ᠪᠠᠶᠢᠳᠠᠯ ᠢ ᠪᠦᠭᠦ ᠲᠠᠯ᠎ᠠ ᠪᠠᠷ ᠡᠵᠡᠮᠰᠢᠵᠦ ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ ᠃ ᠣᠷᠴᠢᠨ ᠲᠣᠭᠤᠷᠢᠨ ᠢ ᠪᠤᠢ ᠪᠤᠯᠭᠠᠵᠤ ᠂ ᠨᠥᠬᠦᠴᠡᠯ ᠪᠦᠷᠢᠯᠳᠦᠭᠦᠯᠵᠦ ᠂ | ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠦᠨᠡᠨ ᠦᠭᠡ ᠭᠡᠯᠡᠭᠦ ᠂ ᠰᠡᠳᠬᠢᠯ ᠤᠨ ᠦᠭᠡ ᠪᠠᠨ ᠶᠠᠷᠢᠬᠤ ᠶᠢ ᠵᠣᠷᠢᠭᠵᠢᠭᠤᠯᠬᠤ ᠬᠡᠷᠡᠭᠲᠡᠢ ᠃ ᠢᠯᠡᠷᠡᠭᠦᠯᠦᠭᠰᠡᠨ | ᠠᠰᠠᠭᠤᠳᠠᠯ ᠤᠨ ᠰᠢᠯᠲᠠᠭᠠᠨ ᠢ ᠵᠠᠳᠠᠯᠵᠤ ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ ᠂ ᠬᠠᠨᠳᠤᠯᠭᠠᠲᠤ ᠴᠢᠨᠠᠷᠲᠠᠢ ᠪᠠᠷ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠮᠠᠨ ᠤ ᠨᠠᠮ ᠢᠮᠠᠭᠲᠠ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠲᠥᠯᠥᠭᠡᠯᠡᠵᠦ ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ ᠂ ᠶᠠᠮᠠᠷᠪᠠ ᠡᠷᠬᠡ ᠰᠦᠷᠲᠦ ᠪᠦᠯᠭᠦᠮ ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ | ᠲᠤᠰᠠ ᠶᠢ ᠲᠥᠯᠥᠭᠡᠯᠡᠳᠡᠭ ᠦᠭᠡᠢ ᠶᠤᠮ ᠃ ᠤᠳᠤᠷᠢᠳᠬᠤ ᠺᠠᠳ᠋ᠷ ᠥᠪᠡᠷ ᠢᠶᠠᠨ ᠣᠷᠦ᠋ᠢᠯᠠᠬᠤ ᠳᠤ ᠡᠩ ᠲᠡᠷᠢᠭᠦᠨ ᠳᠤ ᠥᠪᠡᠷ ᠢᠶᠠᠨ ᠠᠷᠢᠭᠤᠨ ᠴᠢᠬᠡᠴᠢ ᠪᠠᠶᠢᠬᠤ | ᠬᠡᠷᠡᠭᠲᠡᠢ ᠃ ᠠᠷᠢᠭᠤᠨ ᠴᠢᠬᠡᠴᠢ ᠶᠢᠨ ᠭᠤᠣᠯᠳᠠᠯᠭ᠎ᠠ ᠨᠢ ᠤᠬᠠᠮᠰᠠᠷ ᠲᠤ ᠪᠤᠢ ᠂ ᠡᠷᠬᠢᠮ ᠨᠢ ᠤᠳᠠᠭᠠᠨ ᠳᠠᠭᠠᠭᠠᠮᠠᠭᠠᠢ ᠳᠤ ᠪᠤᠢ ᠂ ᠬᠦᠴᠢᠷ ᠨᠢ ᠲᠦᠢᠯᠪᠤᠷᠢᠲᠠᠢ | ᠪᠠᠶᠢᠬᠤ ᠳᠤ ᠪᠤᠢ ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ ᠂ | ᠲᠦᠷᠦᠭᠦᠯᠡᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠪᠤᠶᠤ ᠭᠤᠣᠯᠯᠠᠨ ᠬᠠᠮᠢᠶᠠᠷᠴᠤ ᠪᠠᠶᠢᠭ᠎ᠠ ᠣᠷᠣᠨ ᠨᠤᠲᠤᠭ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ | ᠡᠯ᠎ᠡ ᠵᠦᠢᠯ ᠤᠨ ᠲᠥᠪ ᠪᠤᠰᠤ ᠰᠤᠷᠲᠠᠯ ᠪᠣᠯᠣᠨ ᠢᠯᠵᠠᠷᠠᠮᠠᠯ ᠦᠵᠡᠭᠳᠡᠯ ᠲᠠᠢ ᠡᠷᠡᠰ ᠲᠡᠮᠡᠴᠡᠯ ᠬᠢᠵᠦ ᠂ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ ᠂ ᠶᠣᠰᠣ | ᠳᠦᠷᠢᠮ ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ ᠂ ᠳᠣᠲᠣᠨᠣ ᠴᠢᠬᠡᠴᠢ ᠨᠢᠭᠡᠳᠦᠯᠲᠡᠢ ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠠᠷᠢᠴᠠᠭ᠎ᠠ ᠶᠢ ᠠᠬᠢᠭᠤᠯᠤᠨ ᠪᠦᠷᠢᠯᠳᠦᠭᠦᠯᠵᠦ ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠣᠨ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ ᠂ | ᠪᠠᠶᠢᠭᠤᠯᠤᠭᠴᠢ ᠂ ᠬᠠᠮᠠᠭᠠᠯᠠᠭᠴᠢ ᠪᠤᠯᠬᠤ ᠬᠡᠷᠡᠭᠲᠡᠢ ᠃ ᠡᠭᠦᠨ ᠤ ᠬᠠᠮᠲᠤ ᠂ ᠭᠡᠷ ᠤᠨ ᠬᠥᠮᠥᠰ ᠲᠦᠷᠦᠯ ᠰᠠᠳᠤᠨ ᠢᠶᠠᠨ ᠴᠢᠩᠭ᠎ᠠ ᠬᠠᠮᠢᠶᠠᠷᠴᠤ ᠂ ᠳᠡᠷᠭᠡᠳᠡᠬᠢ ᠬᠥᠮᠥᠰ | ᠳᠡᠷᠭᠡᠳᠡᠬᠢ ᠶᠠᠪᠤᠳᠠᠯ ᠢᠶᠠᠨ ᠰᠠᠶᠢᠲᠤᠷ ᠬᠠᠮᠢᠶᠠᠷᠴᠤ ᠂ ᠶᠠᠭᠠᠬᠢᠭᠰᠠᠨ ᠴᠤ ᠲᠡᠳᠡᠨ ᠤ ᠥᠪᠡᠷ ᠤᠨ ᠡᠷᠬᠡ ᠪᠠ ᠨᠥᠯᠥᠭᠡᠯᠡᠬᠦ ᠬᠦᠴᠦᠨ ᠢ ᠴᠢᠨᠢ ᠠᠰᠢᠭᠯᠠᠨ ᠵᠦᠢ ᠪᠤᠰᠤ | ᠠᠰᠢᠭ ᠣᠯᠵᠤ ᠪᠤᠯᠬᠤ ᠦᠭᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ | ᠠᠵᠢᠯ ᠢᠶᠠᠨ ᠰᠠᠶᠢᠲᠤᠷ ᠬᠢᠬᠦ ᠲᠤᠬᠠᠢ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ ᠃ ᠬᠤᠷᠠᠯ ᠤᠨ ᠲᠠᠷᠠᠭ᠎ᠠ ᠱᠠᠯᠠᠪᠳᠠᠨ ᠰᠤᠳᠤᠯᠵᠤ ᠂ ᠠᠷᠭ᠎ᠠ ᠬᠡᠮᠵᠢᠶ᠎ᠡ | ᠠᠪᠴᠤ ᠂ ᠠᠵᠢᠯ ᠢᠶᠠᠨ ᠰᠠᠶᠢᠵᠢᠷᠠᠭᠤᠯᠤᠨ ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | | | |