| 1 ᠰᠠᠷ᠎ᠠ ᠶᠢᠨ 3 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ | ᠨᠠᠶᠢᠬᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ | ᠬᠥᠭᠵᠢᠯᠲᠡ ᠶᠢᠨ ᠲᠥᠯᠥᠪᠯᠡᠭᠡ ︵ ᠲᠥᠰᠥᠯ ︶ ᠶᠢᠨ ᠮᠡᠳᠡᠭᠦᠯᠦᠯᠲᠡ ᠪᠣᠯᠣᠨ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠵᠢᠴᠢ | 2023 ᠣᠨ ᠤ ᠡᠳ᠋ ᠤᠨ ᠵᠠᠰᠠᠭ ᠤᠨ ᠲᠥᠰᠥᠪ ︵ ᠲᠥᠰᠥᠯ ︶ ᠶᠢᠨ ᠮᠡᠳᠡᠭᠦᠯᠦᠯᠲᠡ ᠵᠡᠷᠭᠡ ᠵᠦᠢᠯ ᠢ ᠰᠤᠳᠤᠯᠪᠠ ᠃ | ᠬᠤᠷᠠᠯ ᠠᠴᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠂ ᠭᠦᠢᠴᠡᠳ ᠰᠢᠩᠭᠡᠭᠡᠨ ᠠᠪᠴᠤ ᠂ ᠴᠢᠨᠠᠷ ᠰᠠᠶᠢᠲᠠᠢ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠲᠣᠪᠤᠶᠢᠮ᠎ᠠ ᠳᠤᠲᠠᠭᠤᠳᠠᠯ ᠪᠣᠯᠣᠨ ᠭᠤᠣᠯᠳᠠᠯᠭ᠎ᠠ ᠲᠠᠢ ᠠᠰᠠᠭᠤᠳᠠᠯ ᠢ ᠭᠦᠨᠵᠡᠭᠡᠢ ᠰᠤᠳᠤᠯᠵᠤ ᠂ ᠦᠨᠡᠨ ᠪᠣᠳᠠᠲᠠᠢ ᠂ ᠬᠠᠲᠠᠭᠤ ᠴᠢᠩᠭ᠎ᠠ ᠂ | ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠠᠷᠭ᠎ᠠ ᠭᠠᠷᠭᠠᠬᠤ ᠬᠡᠷᠡᠭᠲᠡᠢ ᠃ ᠪᠥᠬᠦ ᠵᠢᠯ ᠤᠨ ᠠᠵᠢᠯ ᠢ ᠡᠷᠲᠡᠬᠡᠨ ᠲᠥᠯᠥᠪᠵᠢᠭᠦᠯᠵᠦ ᠂ ᠮᠥᠷᠳᠡᠨ ᠵᠣᠬᠢᠴᠠᠭᠤᠯᠵᠤ ᠂ | ᠡᠭᠦᠷᠭᠡ ᠶᠢᠨ ᠨᠠᠷᠢᠨ ᠳᠠᠩᠰᠠ ᠂ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠷᠢᠯᠳᠦᠭᠦᠯᠵᠦ ᠂ ᠴᠢᠩᠭ᠎ᠠ ᠠᠳᠬᠤᠨ ᠲᠦᠷᠭᠡᠨ | ᠭᠦᠢᠴᠡᠳᠬᠡᠵᠦ ᠂ ᠴᠢᠩᠭ᠎ᠠ ᠠᠩᠬᠠᠷᠴᠤ ᠨᠠᠶᠢᠳᠠᠪᠤᠷᠢᠵᠢᠭᠤᠯᠵᠤ ᠂ ᠡᠬᠢᠯᠡᠮᠡᠭᠴᠡ ᠲᠣᠭᠲᠠᠭᠤᠨ ᠪᠠᠶᠢᠯᠭᠠᠬᠤ ᠂ ᠰᠠᠶᠢᠨ ᠡᠬᠢᠯᠡᠯᠲᠡ ᠲᠠᠢ ᠪᠠᠶᠢᠬᠤ ᠶᠢ ᠴᠢᠷᠮᠠᠶᠢᠨ | ᠪᠡᠶᠡᠯᠡᠭᠦᠯᠵᠦ ᠂ ᠠᠵᠤ ᠠᠬᠤᠢ ᠶᠢᠨ ᠡᠷᠭᠢᠯᠲᠡ ᠪᠦᠬᠦᠯᠢ ᠴᠣᠭᠴᠠ ᠪᠠᠷ ᠰᠠᠶᠢᠵᠢᠷᠠᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠂ ᠠᠷᠠᠯᠵᠢᠶᠠᠴᠢᠨ ᠤᠷᠢᠵᠦ ᠪᠡᠯᠡ ᠮᠦᠩᠬᠦ ᠣᠷᠣᠭᠤᠯᠤᠨ ᠠᠪᠴᠢᠷᠠᠬᠤ ᠵᠡᠷᠭᠡ | ᠵᠦᠢᠯ ᠢ ᠰᠤᠳᠤᠯᠪᠠ ᠃ | | | | | |