| ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠠᠷᠠᠳ ᠤᠨ ᠠᠮᠢᠳᠤᠷᠠᠯ ᠤᠨ ᠴᠢᠬᠤᠯᠠ | ᠲᠠᠸᠠᠷ ᠪᠠ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ | ᠪᠠᠶᠢᠷᠢᠯᠠᠭᠤᠯᠵᠤ ᠂ ᠣᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ ᠂ ᠠᠷᠠᠳ ᠤᠨ ᠠᠮᠢᠳᠤᠷᠠᠯ ᠤᠨ | ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠂ ᠣᠯᠠᠨ ᠲᠦᠮᠡᠨ ᠤ ᠴᠠᠭᠠᠨ ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ ᠃ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 3 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠪᠣᠯᠣᠨ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠢ ᠪᠠᠶᠢᠷᠢᠯᠠᠭᠤᠯᠵᠤ ᠂ ᠤᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ | ᠪᠠᠲᠤᠯᠠᠵᠤ ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠂ ᠤᠯᠠᠨ ᠲᠦᠮᠡᠨ ᠤ ᠴᠠᠭᠠᠨ ᠰᠠᠷ᠎ᠠ ᠪᠠᠨ ᠰᠠᠶᠢᠲᠤᠷ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠵᠢᠭᠠᠬᠤ ᠳᠤ ᠪᠠᠨ ᠂ ᠥᠩᠭᠡᠷᠡᠭᠰᠡᠨ ᠨᠢᠭᠡ ᠵᠢᠯ ᠳᠤ ᠮᠠᠨ ᠤ ᠤᠯᠤᠰ ᠤᠨ ᠪᠠᠷᠠᠭᠠᠨ ᠤ ᠦᠨ᠎ᠡ ᠢᠮᠠᠭᠲᠠ ᠲᠣᠭᠲᠠᠭᠤᠨ ᠪᠠᠶᠢᠳᠠᠯ ᠢ ᠪᠠᠲᠤᠯᠠᠵᠤ ᠂ | ᠠᠮᠤ ᠪᠤᠳᠠᠭ᠎ᠠ ᠂ ᠡᠨᠧᠷᠭᠢ ᠶᠢᠨ ᠰᠤᠷᠪᠤᠯᠵᠢ ᠵᠡᠷᠭᠡ ᠶᠢᠨ ᠲᠣᠭᠲᠠᠭᠤᠨ ᠬᠠᠩᠭᠠᠯᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ ᠃ ᠡᠨᠡ ᠪᠣᠯ ᠲᠦᠢᠯ ᠤᠨ | ᠬᠢᠯᠪᠠᠷ ᠪᠤᠰᠤ ᠶᠠᠪᠤᠳᠠᠯ ᠮᠥᠨ ᠂ ᠡᠨᠡ ᠨᠢ ᠠᠵᠤ ᠠᠬᠤᠢ ᠶᠢ ᠲᠣᠭᠲᠠᠪᠤᠷᠢᠵᠢᠭᠤᠯᠬᠤ ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠴᠦᠲᠡᠢ ᠲᠦᠰᠢᠭ ᠲᠤᠯᠭᠠᠭᠤᠷᠢ | ᠬᠠᠩᠭᠠᠭᠰᠠᠨ ᠪᠠᠶᠢᠨ᠎ᠠ ᠃ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠣᠭᠤᠰᠢᠯᠠᠭᠤᠯᠵᠤ ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠂ | ᠡᠮᠴᠢᠯᠡᠭᠡᠨ ᠤ ᠡᠳ᠋ ᠪᠣᠳᠠᠰ ᠂ ᠡᠨᠧᠷᠭᠢ ᠵᠡᠷᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠪᠠ ᠦᠨ᠎ᠡ ᠬᠠᠩᠰᠢ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠵᠤ ᠂ ᠣᠯᠠᠨ ᠲᠦᠮᠡᠨ ᠤ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ ᠪᠠ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ | ᠬᠡᠷᠡᠭᠲᠡᠢ ᠃ ᠨᠢᠭᠡ ᠳᠤ ᠂ ︽ ᠠᠮᠤ ᠬᠦᠨᠡᠰᠦᠨ ᠤ ᠤᠭᠤᠲᠠ ︾ ᠶᠢᠨ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠂ ︽ ᠨᠣᠭᠤᠭ᠎ᠠ ᠶᠢᠨ ᠰᠠᠭᠰᠤ ︾ ᠶᠢᠨ | ᠬᠤᠳᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠴᠠᠭ ᠲᠤᠬᠠᠢ ᠳᠤ ᠨᠢ | ᠰᠠᠶᠢᠲᠤᠷ ᠬᠢᠵᠦ ᠂ ᠵᠢᠵᠢᠭ ᠪᠣᠭᠤᠳᠠᠯ ᠲᠠᠢ ᠠᠮᠤ ᠲᠤᠰᠤᠨ ᠤ ᠲᠦᠷᠤᠯ ᠵᠦᠢᠯ ᠢ ᠪᠠᠶᠠᠯᠢᠭᠵᠢᠭᠤᠯᠤᠨ ᠂ ᠡᠮᠦᠨᠡᠲᠦ ᠶᠢᠨ ᠨᠣᠭᠤᠭ᠎ᠠ ᠶᠢ ᠤᠮᠠᠷᠠᠰᠢ ᠵᠥᠭᠡᠭᠡᠪᠦᠷᠢᠯᠡᠬᠦ ᠂ | ᠪᠠᠷᠠᠭᠤᠨ ᠳᠠᠬᠢ ᠵᠢᠮᠢᠰ ᠢ ᠵᠡᠭᠦᠨᠰᠢ ᠳᠠᠮᠵᠢᠭᠤᠯᠬᠤ ᠶᠢ ᠴᠢᠩᠭᠠᠳᠬᠠᠵᠤ ᠂ ᠨᠥᠭᠡᠴᠡᠯᠡᠨ ᠲᠣᠬᠢᠷᠠᠭᠤᠯᠬᠤ ᠠᠵᠢᠯ ᠢ ᠵᠦᠢ ᠵᠣᠬᠢᠰᠲᠠᠢ ᠬᠢᠬᠦ ᠶᠢᠨ ᠬᠠᠮᠲᠤ ᠠᠷᠠᠳ ᠤᠨ | ᠠᠮᠢᠳᠤᠷᠠᠯ ᠤᠨ ᠪᠤᠰᠤᠳ ᠴᠢᠬᠤᠯᠠ ᠲᠠᠸᠠᠷ ᠤᠨ ᠦᠢᠯᠡᠳᠪᠦᠷᠢᠯᠡᠯ ᠪᠠ ᠬᠠᠩᠭᠠᠨ ᠪᠣᠷᠣᠯᠠᠭᠤᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠦᠢᠯ ᠪᠠ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠶᠢᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ ᠂ ᠠᠮᠤ ᠪᠤᠳᠠᠭᠠᠨ ᠤ ᠦᠢᠯᠡᠳᠪᠦᠷᠢᠯᠡᠯ ᠢ ᠤᠯᠠᠮ ᠨᠢᠭᠡ ᠠᠯᠬᠤᠮ ᠪᠣᠳᠠᠲᠠᠢ ᠠᠳᠬᠤᠵᠤ ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ ᠃ ᠬᠤᠶᠠᠷ ᠲᠤ ᠂ ᠠᠷᠭ᠎ᠠ ᠪᠦᠬᠦᠨ ᠢ ᠰᠦᠪᠡᠭᠴᠢᠯᠡᠨ ᠡᠮᠴᠢᠯᠡᠭᠡ ᠂ ᠬᠢᠵᠢᠭ ᠢ ᠰᠡᠷᠭᠡᠶᠢᠯᠡᠬᠦ ᠡᠳ᠋ | ᠪᠣᠳᠠᠰ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠣᠳᠣᠷᠬᠠᠢ ᠬᠠᠭᠤᠳᠠᠰᠤ ᠪᠠᠶᠢᠭᠤᠯᠤᠨ ᠭᠦᠢᠴᠡᠳ | ᠳᠠᠭᠠᠭᠠᠴᠠ ᠲᠠᠢ ᠦᠢᠯᠡᠳᠪᠦᠷᠢᠯᠡᠬᠦ ᠶᠢ ᠳᠡᠮᠵᠢᠵᠦ ᠂ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠤᠨ ᠬᠠᠩᠭᠠᠯᠭ᠎ᠠ ᠂ ᠠᠵᠢᠯᠴᠢᠨ ᠬᠡᠷᠡᠭᠯᠡᠬᠦ ᠂ ᠪᠡᠯᠡ ᠮᠥᠩᠭᠦ | ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠨᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ ᠂ ᠦᠢᠯᠡᠳᠪᠦᠷᠢᠯᠡᠯ ᠪᠠ ᠬᠠᠩᠭᠠᠯᠭ᠎ᠠ ᠶᠢ | ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ᠡᠮ ᠤᠨ ᠵᠦᠢᠯ ᠵᠡᠷᠭᠡ ᠡᠮᠴᠢᠯᠡᠭᠡᠨ ᠤ ᠡᠳ᠋ ᠪᠣᠳᠠᠰ ᠤᠨ ᠲᠣᠬᠢᠷᠠᠭᠤᠯᠤᠯᠲᠠ ᠶᠢ ᠴᠢᠩᠭᠠᠳᠬᠠᠵᠤ ᠂ | ᠡᠮᠴᠢᠯᠡᠭᠡᠨ ᠤ ᠪᠠᠶᠢᠭᠤᠯᠤᠮᠵᠢ ᠂ ᠭᠡᠷ ᠲᠤ ᠪᠠᠨ ᠰᠠᠭᠤᠵᠤ ᠪᠠᠶᠢᠭ᠎ᠠ ᠡᠪᠡᠳᠴᠢᠲᠡᠨ ᠂ ᠨᠠᠰᠤᠲᠠᠨ ᠢ ᠠᠰᠠᠷᠠᠬᠤ ᠬᠦᠷᠢᠶᠡᠯᠡᠩ ᠂ ᠬᠥᠳᠡᠭᠡ ᠲᠣᠰᠬᠤᠨ ᠤ ᠭᠠᠵᠠᠷ ᠣᠷᠣᠨ | ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠃ ᠡᠮᠴᠢᠯᠡᠭᠡᠨ ᠤ | ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠪᠡᠳᠴᠢᠨ ᠦᠵᠡᠭᠦᠯᠬᠦ ᠪᠠ ᠡᠮ ᠤᠨ ᠵᠦᠢᠯ ᠤᠨ ᠵᠠᠷᠤᠳᠠᠯ ᠢ ᠪᠦᠬᠦᠨ ᠢ ᠮᠡᠳᠡᠭᠦᠯᠬᠦ ᠬᠡᠷᠡᠭᠲᠡᠢ ᠃ ᠭᠤᠷᠪᠠ ᠳᠤ ᠂ | ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ ᠬᠡᠷᠡᠭᠲᠡᠢ ᠃ ᠨᠡᠭᠦᠷᠡᠰᠦᠨ ᠤ ᠲᠡᠷᠢᠭᠦᠨ ᠤ | ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠲᠠᠶᠢᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠂ ᠡᠨᠧᠷᠭᠢ ᠶᠢᠨ ᠠᠵᠤ ᠠᠬᠤᠶᠢᠯᠠᠯ ᠤᠨ ᠪᠠᠶᠠᠷ ᠤᠨ ᠡᠳᠦᠷ ᠤᠨ ᠠᠮᠤᠷ ᠲᠦᠪᠰᠢᠨ ᠪᠥᠭᠡᠳ ᠬᠡᠪ ᠤᠨ | ᠦᠢᠯᠡᠳᠪᠦᠷᠢᠯᠡᠯ ᠢ ᠳᠡᠮᠵᠢᠵᠦ ᠂ ᠡᠨᠧᠷᠭᠢ ᠶᠢᠨ ᠲᠣᠬᠢᠷᠠᠭᠤᠯᠤᠯᠲᠠ ᠶᠢ ᠴᠢᠩᠭᠠᠳᠬᠠᠨ ᠂ ᠴᠠᠬᠢᠯᠭᠠᠨ ᠬᠦᠴᠦᠨ ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠣᠷᠭᠢᠯ | ᠦᠶ᠎ᠡ ᠤᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠲᠥᠰᠥᠯ ᠢ ᠰᠠᠶᠢᠲᠤᠷ ᠬᠢᠵᠦ ᠂ ᠠᠷᠠᠳ ᠤᠨ ᠠᠮᠢᠳᠤᠷᠠᠯ ᠤᠨ ᠬᠡᠷᠡᠭᠯᠡᠬᠦ ᠡᠨᠧᠷᠭᠢ ᠶᠢ ᠦᠨᠡᠨ ᠬᠦ ᠪᠠᠲᠤᠯᠠᠵᠤ ᠂ | ᠭᠤᠣᠯᠳᠠᠯᠭ᠎ᠠ ᠲᠠᠢ ᠭᠠᠵᠠᠷ ᠣᠷᠣᠨ ᠂ ᠠᠵᠢᠯ ᠲᠥᠷᠥᠯ ᠪᠠ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠪᠠᠲᠤᠯᠠᠬᠤ ᠬᠡᠷᠡᠭᠲᠡᠢ ᠃ ᠳᠥᠷᠪᠡ ᠳᠤ ᠂ ᠵᠠᠮ ᠬᠠᠷᠢᠯᠴᠠᠭ᠎ᠠ | ᠡᠳ᠋ ᠪᠠᠷᠠᠭᠠᠨ ᠤ ᠭᠦᠢᠯᠭᠡᠭᠡᠨ ᠤ ᠭᠤᠣᠯ ᠬᠦᠢᠰᠦ ᠂ ᠪᠢᠴᠢᠯ ᠡᠷᠭᠢᠯᠲᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ | ᠬᠡᠷᠡᠭᠲᠡᠢ ᠃ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠡᠭᠡᠭᠡᠪᠦᠷᠢ ᠶᠢᠨ ᠬᠦᠴᠦᠨ ᠢᠶᠠᠨ ᠵᠦᠢ ᠵᠣᠬᠢᠰᠲᠠᠢ ᠲᠣᠬᠢᠷᠠᠭᠤᠯᠬᠤ ᠶᠢ ᠳᠡᠮᠵᠢᠵᠦ ᠂ ᠨᠢᠭᠡᠳᠦᠭᠡᠷ | ᠹᠷᠣᠨᠲ ᠤᠨ ᠬᠦᠴᠦᠨ ᠢ ᠨᠥᠬᠦᠪᠦᠷᠢᠯᠡᠵᠦ ᠂ ᠲᠦᠷᠭᠡᠨ ᠬᠦᠷᠭᠡᠯᠲᠡ ᠂ ᠵᠠᠬᠢᠶᠠᠯᠠᠭ᠎ᠠ ᠶᠢᠨ ᠬᠤᠭᠤᠯᠠ ᠵᠡᠷᠭᠡ ᠶᠢᠨ ᠦᠢᠯᠡᠴᠢᠯᠡᠭᠡ ᠶᠢᠨ ᠬᠥᠮᠥᠰ ᠢ ᠬᠠᠯᠠᠮᠵᠢᠯᠠᠨ | ᠬᠠᠶᠢᠷᠠᠯᠠᠵᠤ ᠂ ᠡᠴᠦᠰ ᠤᠨ ᠦᠵᠦᠭᠦᠷ ᠤᠨ ᠦᠢᠯᠡᠴᠢᠯᠡᠭᠡᠨ ᠳᠤ ᠲᠤᠯᠭᠠᠷᠠᠵᠤ ᠮᠡᠳᠡᠬᠦ ᠲᠦᠭᠵᠢᠷᠡᠯ ᠢ ᠴᠠᠭ ᠲᠤᠬᠠᠢ ᠳᠤ ᠨᠢ ᠨᠠᠪᠲᠠᠷᠡᠭᠦᠯᠵᠦ ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠰᠢᠤᠳᠠᠨ ᠤ ᠲᠦᠷᠭᠡᠨ ᠬᠦᠷᠭᠡᠯᠲᠡ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠃ ᠲᠠᠪᠤ ᠳᠤ ᠂ ᠣᠷᠣᠨ ᠨᠤᠲᠤᠭ ᠢ | ᠵᠢᠯᠣᠭᠤᠳᠤᠨ ᠬᠦᠴᠢᠷᠳᠡᠯᠲᠡᠢ ᠣᠯᠠᠨ ᠲᠦᠮᠡᠨ ᠳᠤ ᠲᠣᠭᠲᠠᠭᠠᠯ ᠶᠣᠰᠣᠭᠠᠷ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠬᠤ | ᠬᠡᠷᠡᠭᠲᠡᠢ ᠃ ᠵᠢᠷᠭᠤᠭ᠎ᠠ ᠳᠤ ᠂ ᠵᠠᠬ᠎ᠠ ᠳᠡᠯᠭᠡᠭᠦᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠬᠤᠷᠠᠮᠳᠤᠭᠤᠯᠤᠨ ᠳᠠᠷᠤᠵᠤ ᠬᠤᠨᠵᠢᠨ | ᠵᠠᠪᠰᠢᠬᠤ ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠡᠢ ᠃ | ᠬᠤᠷᠠᠯ ᠠᠴᠠ ᠵᠢᠭᠠᠬᠤ ᠳᠤ ᠪᠠᠨ ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ | ᠪᠠᠲᠤᠲᠠᠢ ᠪᠥᠭᠡᠳ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ ᠃ ᠨᠢᠭᠡ ᠳᠤ ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠠᠪᠤᠳᠠᠯ ᠢ ᠪᠣᠳᠠᠲᠠᠢ ᠪᠥᠭᠡᠳ ᠨᠠᠷᠢᠯᠢᠭ | ᠠᠳᠬᠤᠵᠤ ᠪᠠᠲᠤᠯᠠᠬᠤ ᠬᠡᠷᠡᠭᠲᠡᠢ ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠣᠯᠳᠠᠯᠭ᠎ᠠ ᠪᠣᠯᠭᠠᠵᠤ ᠂ ᠵᠠᠰᠠᠭ ᠤᠨ ᠣᠷᠳᠣᠨ ᠤ | ᠪᠠᠷᠢᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠤᠨ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠳᠠᠷᠦ᠋ᠢᠬᠠᠨ ᠴᠡᠭᠴᠡᠯᠡᠨ | ᠥᠭᠡᠷᠡᠴᠢᠯᠡᠵᠦ ᠂ ᠴᠠᠭᠠᠨ ᠰᠠᠷ᠎ᠠ ᠠᠴᠠ ᠡᠮᠦᠨ᠎ᠡ ᠪᠦᠬᠦᠨ ᠢ ᠲᠥᠯᠥᠵᠦ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ ᠃ ᠥᠷᠢ ᠰᠢᠷᠢ ᠪᠠᠨ ᠢᠯᠭᠠᠷᠠᠭᠤᠯᠤᠨ ᠬᠤᠷᠢᠶᠠᠵᠤ | ᠠᠪᠤᠭᠰᠠᠨ ᠠᠵᠤ ᠠᠬᠤᠶᠢᠯᠠᠯ ᠤᠨ ᠳᠠᠩᠰᠠᠨ ᠵᠣᠭᠤᠰ ᠢ ᠤᠷᠢᠳ ᠢᠶᠠᠷ ᠬᠥᠯᠥᠰᠦᠨ ᠠᠵᠢᠯᠴᠢᠨ ᠤ ᠴᠠᠯᠢᠩ ᠢ ᠥᠭᠬᠦ ᠳᠤ ᠬᠡᠷᠡᠭᠯᠡᠬᠦ ᠬᠡᠷᠡᠭᠲᠡᠢ ᠃ ᠲᠦᠷ ᠴᠠᠭ | ᠰᠢᠢᠳᠪᠦᠷᠢᠯᠡᠬᠦ ᠳᠤ ᠪᠡᠷᠬᠡᠲᠡᠢ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠴᠠᠯᠢᠩ ᠤᠨ ᠪᠠᠲᠤᠯᠠᠭ᠎ᠠ ᠶᠢᠨ ᠮᠥᠩᠭᠦ ᠂ | ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠵᠡᠷᠭᠡ ᠨᠥᠭᠡᠴᠡ ᠪᠡᠯᠡ ᠮᠥᠩᠭᠦ ᠪᠠᠷ ᠪᠠᠴᠢᠮ ᠪᠠᠶᠢᠳᠠᠯ ᠢ ᠠᠷᠭᠠᠴᠠᠭᠠᠬᠤ ᠳᠡᠮᠵᠢᠯᠭᠡ ᠬᠠᠩᠭᠠᠬᠤ ᠬᠡᠷᠡᠭᠲᠡᠢ ᠃ | ᠠᠷᠠᠯᠵᠢᠶ᠎ᠠ ᠬᠤᠳᠠᠯᠳᠤᠭ᠎ᠠ ᠂ ᠡᠳ᠋ᠰᠢᠭᠦᠯᠦᠨ ᠦᠶ᠋ᠯᠡᠳᠬᠦ ᠵᠡᠷᠭᠡ ᠠᠵᠢᠯ ᠲᠥᠷᠥᠯ ᠤᠨ ᠬᠦᠴᠢᠷᠳᠡᠯᠲᠡᠢ ᠠᠵᠤ ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ | ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠃ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠪᠠᠷ ᠳᠠᠮᠵᠢᠭᠤᠯᠤᠨ ᠲᠡᠳᠡᠨ ᠤ ᠢᠲᠡᠭᠡᠯ ᠵᠣᠷᠢᠭ ᠢ ᠨᠡᠮᠡᠭᠳᠡᠭᠦᠯᠵᠦ ᠂ ᠴᠠᠭᠠᠨ ᠰᠠᠷ᠎ᠠ ᠶᠢᠨ ᠲᠠᠷᠠᠭ᠎ᠠ ᠬᠥᠯᠥᠰᠦᠨ ᠠᠵᠢᠯᠴᠢᠨ ᠤ ᠠᠵᠢᠯ ᠣᠯᠬᠤ ᠂ ᠠᠵᠢᠯ ᠤᠨ | ᠪᠠᠶᠢᠷᠢ ᠳᠤ ᠪᠠᠨ ᠪᠤᠴᠠᠬᠤ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠬᠤᠶᠠᠷ ᠲᠤ ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠂ ᠬᠦᠴᠢᠷᠳᠡᠯᠲᠡᠢ ᠬᠦᠮᠦᠰ ᠢ | ᠠᠪᠤᠷᠠᠨ ᠲᠤᠰᠠᠯᠠᠬᠤ ᠂ ᠠᠵᠢᠯ ᠠᠯᠳᠠᠯᠲᠠ ᠶᠢᠨ ᠨᠥᠬᠦᠪᠦᠷᠢ ᠪᠠ ᠠᠪᠤᠷᠠᠨ ᠲᠤᠰᠠᠯᠠᠬᠤ ᠵᠡᠷᠭᠡ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ | ᠲᠠᠷᠬᠠᠭᠠᠵᠤ ᠂ ᠬᠢᠵᠢᠭ ᠪᠤᠶᠤ ᠭᠠᠮᠰᠢᠭ ᠠᠴᠠ ᠪᠣᠯᠣᠭᠰᠠᠨ ᠬᠦᠴᠢᠷᠳᠡᠯ ᠲᠠᠢ ᠤᠯᠠᠨ ᠲᠦᠮᠡᠨ ᠢ ᠲᠦᠷ ᠴᠠᠭ ᠠᠪᠤᠷᠠᠨ ᠲᠤᠰᠠᠯᠠᠵᠤ ᠂ ᠦᠨᠳᠦᠰᠦᠨ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠭᠤᠷᠪᠠ ᠳᠤ ᠂ ᠠᠶᠤᠯᠭᠦᠢ ᠦᠢᠯᠡᠳᠪᠦᠷᠢᠯᠡᠯ ᠢ ᠥᠴᠥᠬᠡᠨ ᠴᠦ ᠣᠰᠣᠯᠳᠠᠬᠤ | ᠦᠭᠡᠢ ᠪᠠᠷ ᠰᠠᠶᠢᠲᠤᠷ ᠠᠳᠬᠤᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ ᠂ ᠣᠯᠠᠨ ᠬᠥᠮᠥᠨ | ᠴᠤᠭᠯᠠᠷᠠᠬᠤ ᠲᠠᠯᠠᠪᠤᠷ ᠭᠠᠵᠠᠷ ᠤᠨ ᠠᠮᠤᠷ ᠲᠦᠪᠰᠢᠨ ᠤ ᠵᠢᠵᠢᠭᠦᠷᠯᠡᠯ ᠢ ᠴᠢᠩᠭᠠᠳᠬᠠᠵᠤ ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ | ᠡᠷᠡᠰ ᠰᠡᠷᠭᠡᠶᠢᠯᠡᠬᠦ ᠬᠡᠷᠡᠭᠲᠡᠢ ᠃ ᠣᠨᠴᠠᠭᠠᠶ ᠴᠠᠭ ᠠᠭᠤᠷ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠪᠦᠷᠢᠨᠰᠢᠭᠦᠯᠵᠦ ᠂ ᠵᠠᠮ ᠬᠠᠷᠢᠯᠴᠠᠭ᠎ᠠ ᠂ | ᠡᠨᠧᠷᠭᠢ ᠶᠢᠨ ᠰᠤᠷᠪᠤᠯᠵᠢ ᠂ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠠᠶᠤᠯ ᠦᠭᠡᠢ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠡᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ ᠃ | | | |