| 1 ᠰᠠᠷ᠎ᠠ ᠶᠢᠨ 4 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠹᠢᠯᠢᠫᠢᠨ ᠤ ᠶᠡᠷᠦᠩᠬᠡᠶᠢᠯᠡᠭᠴᠢ ᠮᠠᠺᠧᠰ ᠲᠠᠢ ᠬᠡᠯᠡᠯᠴᠡᠭᠡ ᠬᠢᠪᠡ ᠃ | | | | | 1 ᠰᠠᠷ᠎ᠠ ᠶᠢᠨ 4 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠹᠢᠯᠢᠫᠢᠨ ᠤ ᠶᠡᠷᠦᠩᠬᠡᠶᠢᠯᠡᠭᠴᠢ ᠮᠠᠺᠧᠰ ᠲᠠᠢ ᠬᠡᠯᠡᠯᠴᠡᠭᠡ ᠬᠢᠪᠡ ᠃ ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ | ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠠᠺᠧᠰ ᠢ ᠤᠭᠲᠤᠬᠤ ᠶᠣᠰᠣᠯᠠᠯ ᠶᠠᠪᠤᠭᠤᠯᠪᠠ ᠃ ᠵᠢᠷᠤᠭ ᠪᠣᠯ ᠰᠢ ᠶᠢᠨ ᠫᠢᠩ | ᠬᠠᠳᠤᠨ ᠫᠧᠩ ᠯᠢ ᠶᠤᠸᠠᠨ ᠲᠠᠢ ᠪᠠᠨ ᠮᠠᠺᠧᠰ ᠪᠣᠯᠣᠨ ᠲᠡᠭᠦᠨ ᠤ ᠬᠠᠳᠤᠨ ᠯᠢᠱᠠ ᠲᠠᠢ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠰᠢ ᠶᠢᠨ ᠫᠢᠩ ᠮᠠᠺᠧᠰ ᠤᠨ ᠹᠢᠯᠢᠫᠢᠨ ᠤ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠤ ᠳᠠᠷᠠᠭ᠎ᠠ ᠠᠩᠬ᠎ᠠ ᠤᠳᠠᠭ᠎ᠠ ᠳᠤᠮᠳᠠᠳᠤ ᠤᠯᠤᠰ ᠲᠤ | ᠠᠶᠢᠯᠴᠢᠯᠠᠬᠰᠠᠨ ᠢ ᠪᠠᠶᠠᠷᠯᠠᠨ ᠤᠭᠲᠤᠪᠠ ᠃ ᠰᠢ ᠶᠢᠨ ᠫᠢᠩ ᠂ ᠡᠨᠡ ᠪᠣᠯ ᠲᠠᠨ ᠤ ᠠᠩᠬ᠎ᠠ ᠤᠳᠠᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ ᠠᠴᠠ ᠭᠠᠳᠠᠨᠠᠬᠢ ᠤᠯᠤᠰ ᠲᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ ᠂ ᠲᠠ ᠮᠥᠨ ᠴᠤ ᠡᠨᠡ ᠵᠢᠯ ᠤᠨ ᠳᠤᠮᠳᠠᠳᠤ ᠤᠯᠤᠰ ᠤᠨ ᠭᠥᠯᠢᠶᠡᠨ ᠠᠪᠴᠤ | ᠵᠣᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠣᠯᠣᠨ᠎ᠠ ᠃ ᠡᠨᠡ ᠨᠢ ᠳᠤᠮᠳᠠᠳᠤ ᠹᠢᠯᠢᠫᠢᠨ ᠤ ᠬᠠᠷᠢᠯᠴᠠᠭ᠎ᠠ ᠶᠢᠨ ᠨᠢᠭᠲᠠ ᠪᠠᠶᠢᠬᠤ | ᠬᠡᠮᠵᠢᠶ᠎ᠡ ᠶᠢ ᠭᠦᠢᠴᠡᠳ ᠢᠯᠡᠷᠡᠭᠦᠯᠦᠭᠰᠡᠨ ᠪᠥᠭᠡᠳ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭᠠᠨ ᠤ ᠪᠠᠶᠢᠷᠢᠰᠢᠯ ᠳᠤ ᠴᠢᠬᠤᠯᠠ ᠪᠠᠶᠢᠷᠢ ᠶᠢ ᠡᠵᠡᠯᠡᠵᠦ | ᠪᠠᠶᠢᠬᠤ ᠶᠢ ᠬᠠᠷᠠᠭᠤᠯᠵᠤ ᠪᠠᠶᠢᠨ᠎ᠠ ᠃ ᠳᠤᠮᠳᠠᠳᠤ ᠹᠢᠯᠢᠫᠢᠨ ᠪᠣᠯ ᠬᠥᠷᠰᠢ ᠵᠡᠷᠭᠡᠯᠡᠳᠡᠭᠡ ᠤᠯᠤᠰ ᠶᠤᠮ ᠃ ᠬᠤᠶᠠᠷ ᠤᠯᠤᠰ ᠤᠨ ᠮᠢᠩᠭ᠎ᠠ ᠭᠠᠷᠤᠢ ᠵᠢᠯ ᠤᠨ | ᠬᠠᠷᠢᠯᠴᠠᠭᠠᠨ ᠤ ᠲᠡᠦᠬᠡᠨ ᠳᠡᠭᠡᠷ᠎ᠡ ᠂ ᠦᠨᠡᠨᠴᠢ ᠪᠠᠷ ᠬᠠᠨᠳᠤᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠢᠮᠠᠭᠲᠠ ᠳᠤᠮᠳᠠᠳᠤ ᠹᠢᠯᠢᠫᠢᠨ ᠤ | ᠬᠠᠷᠢᠯᠴᠠᠭ᠎ᠠ ᠶᠢᠨ ᠭᠤᠣᠯ ᠤᠷᠤᠰᠬᠠᠯ ᠪᠤᠯᠬᠤ ᠪᠥᠭᠡᠳ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠡᠷᠬᠢᠮ ᠨᠠᠨᠳᠢᠨ ᠤᠶᠤᠨ ᠰᠠᠨᠠᠭᠠᠨ ᠤ ᠥᠪ | ᠬᠥᠷᠥᠩᠭᠡ ᠪᠣᠯᠣᠨ᠎ᠠ ᠃ 48 ᠵᠢᠯ ᠤᠨ ᠡᠮᠦᠨ᠎ᠡ ᠂ ᠲᠠᠨ ᠤ ᠡᠴᠢᠭᠡ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠲᠠᠢ ᠬᠠᠮᠲᠤ ᠪᠠᠷ | ᠴᠠᠭ ᠤᠨ ᠪᠠᠶᠢᠳᠠᠯ ᠢ ᠨᠡᠪᠲᠡ ᠠᠵᠢᠭᠯᠠᠵᠤ ᠂ ᠶᠡᠭᠡ ᠬᠠᠨᠳᠤᠰᠢ ᠶᠢ ᠲᠠᠭᠠᠵᠥ ᠂ ᠳᠤᠮᠳᠠᠳᠤ ᠹᠢᠯᠢᠫᠢᠨ ᠬᠠᠷᠢᠯᠴᠠᠭ᠎ᠠ ᠪᠠᠶᠢᠭᠤᠯᠬᠤ ᠲᠡᠦᠬᠡᠲᠦ ᠴᠢᠨᠠᠷᠲᠠᠢ ᠲᠣᠭᠲᠠᠭᠠᠯ | ᠭᠠᠷᠭᠠᠪᠠ ᠃ ᠡᠭᠦᠨ ᠠᠴᠠ ᠬᠤᠶᠢᠰᠢᠬᠢ ᠬᠠᠭᠠᠰ ᠵᠠᠭᠤᠨ ᠰᠢᠬᠠᠮ ᠤᠨ ᠬᠤᠭᠤᠴᠠᠭᠠᠨ ᠳᠤ ᠂ ᠳᠡᠯᠡᠬᠡᠢ ᠶᠢᠨ ᠪᠠᠶᠢᠳᠠᠯ ᠪᠠ ᠹᠢᠯᠢᠫᠢᠨ ᠤ ᠤᠯᠤᠰ ᠤᠨ | ᠳᠣᠲᠣᠭᠠᠳᠤ ᠵᠢᠨᠤᠯᠤᠰ ᠲᠦᠷᠦ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠂ ᠲᠠ ᠪᠣᠯᠣᠨ ᠲᠠᠨ ᠤ ᠭᠡᠷ ᠪᠦᠯᠢ ᠶᠢᠨ ᠬᠢᠨ ᠦᠨᠡᠨ ᠰᠡᠳᠬᠢᠯ ᠠᠴᠠ ᠪᠠᠨ | ᠳᠤᠮᠳᠠᠳᠤ ᠹᠢᠯᠢᠫᠢᠨ ᠤ ᠨᠥᠬᠦᠷᠯᠡᠯ ᠢ ᠠᠬᠢᠭᠤᠯᠬᠤ ᠪᠠᠷ ᠵᠣᠷᠢᠭ ᠰᠢᠭᠤᠳᠴᠠᠢ ᠂ ᠡᠨᠡ ᠬᠦ ᠨᠥᠬᠦᠷᠯᠡᠯ ᠪᠣᠯ ᠲᠦᠢᠯ ᠤᠨ ᠡᠷᠬᠢᠮ ᠨᠠᠨᠳᠢᠨ ᠶᠤᠮ ᠃ ᠲᠠᠨ ᠤ ᠡᠨᠡ | ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠪᠣᠯ ︽ ᠥᠩᠭᠡᠷᠡᠭᠰᠡᠨ ᠢᠶᠠᠨ ᠡᠷᠭᠢᠴᠡᠭᠦᠯᠬᠦ ᠠᠶᠠᠯᠠᠯ ︾ ᠪᠤᠯᠬᠤ ᠪᠠᠷ ᠪᠠᠷᠠᠬᠤ ᠦᠭᠡᠢ ᠂ ᠨᠡᠩ ᠴᠤ ︽ | ᠡᠭᠦᠳᠦᠨ ᠨᠡᠭᠡᠭᠡᠯᠲᠡ ᠶᠢᠨ ᠠᠶᠠᠯᠠᠯ ︾ ᠪᠤᠯᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠢᠮᠠᠭᠲᠠ ᠹᠢᠯᠢᠫᠢᠨ ᠢ ᠡᠷᠭᠢᠨ ᠲᠣᠭᠤᠷᠢᠨ ᠤ ᠭᠠᠳᠠᠭᠠᠳᠤ | ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠳᠤ ᠲᠠᠯᠪᠢᠵᠤ ᠂ ᠪᠠᠶᠢᠯᠳᠤᠬᠤ ᠪᠣᠳᠣᠯᠭ᠎ᠠ ᠪᠠ ᠪᠦᠭᠦ ᠲᠠᠯ᠎ᠠ ᠶᠢᠨ ᠥᠨᠳᠥᠷᠴᠡ ᠠᠴᠠ ᠳᠤᠮᠳᠠᠳᠤ | ᠹᠢᠯᠢᠫᠢᠨ ᠤ ᠬᠠᠷᠢᠯᠴᠠᠭ᠎ᠠ ᠳᠤ ᠬᠠᠨᠳᠤᠬᠤ ᠶᠢ ᠪᠠᠷᠢᠮᠲᠠᠯᠠᠨ᠎ᠠ ᠃ ᠪᠢ ᠳᠤᠷᠠᠲᠠᠶ᠎ᠠ ᠲᠠᠨ ᠲᠠᠢ ᠪᠠᠶᠢᠩᠭᠤ ᠶᠢᠨ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ | ᠪᠠᠲᠤᠯᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢ ᠪᠦᠭᠦ ᠲᠠᠯ᠎ᠠ ᠪᠠᠷ ᠲᠥᠯᠥᠪᠵᠢᠭᠦᠯᠵᠦ ᠂ ᠬᠠᠷᠢᠯᠴᠠᠨ ᠳᠡᠮᠵᠢᠵᠦ | ᠬᠠᠷᠢᠯᠴᠠᠨ ᠬᠠᠪᠰᠤᠷᠤᠯᠴᠠᠬᠤ ᠰᠠᠶᠢᠨ ᠬᠥᠷᠰᠢ ᠂ ᠬᠠᠷᠢᠯᠴᠠᠨ ᠮᠡᠳᠡᠯᠴᠡᠵᠦ ᠬᠠᠷᠢᠯᠴᠠᠨ ᠣᠶᠢᠯᠠᠭᠠᠯᠴᠠᠬᠤ ᠰᠠᠶᠢᠨ ᠲᠦᠷᠦᠯ ᠰᠠᠳᠤᠨ ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠰᠠᠶᠢᠨ ᠬᠠᠨᠢᠲᠠᠨ ᠪᠣᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠂ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠹᠢᠯᠢᠫᠢᠨ ᠤ ᠤᠯᠤᠰ ᠤᠨ ᠪᠠᠶᠢᠳᠠᠯ ᠠᠳᠠᠯᠢ ᠦᠭᠡᠢ ᠂ ᠪᠠᠶᠢᠭᠤᠯᠤᠮᠵᠢ ᠠᠳᠠᠯᠢ ᠪᠤᠰᠤ ᠪᠤᠯᠪᠠᠴᠤ ᠬᠥᠭᠵᠢᠯᠲᠡ ᠶᠢ ᠬᠥᠭᠡᠭᠡᠴᠡᠯᠳᠦᠬᠦ | ᠵᠠᠮ ᠳᠡᠭᠡᠷ᠎ᠡ ᠬᠠᠷᠠᠯᠲᠠ ᠠᠳᠠᠯᠢᠪᠲᠤᠷ ᠂ ᠠᠷᠭ᠎ᠠ ᠵᠠᠮ ᠬᠠᠷᠢᠯᠴᠠᠨ ᠨᠡᠪᠲᠡᠷᠡᠯᠴᠡᠵᠦ ᠂ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ ᠃ ᠬᠤᠶᠠᠷ | ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠬᠠᠤᠯᠢ ᠲᠣᠭᠲᠠᠭᠠᠬᠤ ᠪᠠᠶᠢᠭᠤᠯᠤᠮᠵᠢ ᠂ ᠲᠦᠷᠦ ᠶᠢᠨ ᠨᠠᠮ ᠤᠨ ᠬᠤᠭᠤᠷᠣᠨᠳᠣᠭᠢ | ᠰᠣᠯᠢᠯᠴᠠᠭ᠎ᠠ ᠪᠠ ᠲᠣᠯᠢ ᠪᠤᠯᠭᠠᠬᠤ ᠪᠠᠨ ᠴᠢᠩᠭᠠᠳᠬᠠᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ ᠂ ᠲᠤᠰ | ᠲᠤᠰ ᠤᠨ ᠣᠳᠣᠬᠢᠴᠢᠯᠠᠯᠲᠠ ᠶᠢᠨ ᠠᠬᠢᠴᠠ ᠳᠤᠮᠳᠠ ᠪᠠᠨ ᠠᠭᠤᠰᠤᠯᠴᠠᠨ ᠬᠠᠷᠢᠯᠴᠠᠨ ᠠᠬᠢᠭᠤᠯᠵᠤ ᠂ ᠬᠤᠶᠠᠷ ᠤᠯᠤᠰ ᠤᠨ ᠬᠥᠭᠵᠢᠯ ᠴᠡᠴᠡᠭᠯᠡᠯ ᠳᠤ ᠨᠡᠩ ᠰᠠᠶᠢᠲᠤᠷ | ᠬᠦᠴᠦᠨ ᠨᠡᠮᠡᠷᠢᠯᠡᠪᠡᠯ ᠵᠣᠬᠢᠨ᠎ᠠ ᠃ ᠬᠤᠶᠠᠷ ᠲᠠᠯ᠎ᠠ ᠪᠠᠷ ᠢᠶᠠᠨ ᠲᠠᠷᠢᠶᠠᠯᠠᠩ ᠂ ᠰᠠᠭᠤᠷᠢ ᠪᠦᠲᠦᠭᠡᠨ ᠪᠠᠶᠢᠭᠤᠯᠤᠯᠲᠠ ᠂ ᠡᠨᠧᠷᠭᠢ ᠂ ᠰᠣᠶᠣᠯ ᠢᠷᠭᠡᠨᠰᠢᠯ ᠵᠡᠷᠭᠡ ᠳᠥᠷᠪᠡᠨ | ᠶᠡᠭᠡ ᠭᠤᠣᠯᠳᠠᠯᠭ᠎ᠠ ᠲᠠᠢ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ ᠨᠢᠭᠡᠨᠲᠡ ᠲᠣᠭᠲᠠᠭᠠᠪᠠ ᠂ ᠡᠨᠡ ᠪᠣᠯ ᠳᠤᠮᠳᠠᠳᠤ ᠹᠢᠯᠢᠫᠢᠨ ᠤ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠲᠤᠯᠭᠠᠭᠤᠷᠢᠯᠠᠬᠤ ᠨᠢᠷᠤᠭᠤ ᠲᠤᠯᠭᠠᠭᠤᠷᠢ ᠮᠥᠨ ᠂ ᠶᠡᠭᠡ ᠬᠦᠴᠦ ᠣᠷᠣᠭᠤᠯᠤᠨ ᠨᠡᠮᠡᠭᠳᠡᠯ ᠤᠨ ᠴᠡᠭ ᠢ | ᠪᠤᠶᠢᠵᠢᠭᠤᠯᠵᠤ ᠂ ᠰᠢᠨ᠎ᠡ ᠭᠢᠯᠠᠰ ᠴᠡᠭ ᠢ ᠪᠤᠶ ᠪᠣᠯᠭᠠᠶ᠎ᠠ ᠃ ᠳᠤᠮᠳᠠᠳᠤ ᠤᠯᠤᠰ ᠶᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ | ᠠᠬᠢᠭᠤᠯᠵᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ ᠪᠠᠶᠢᠨ᠎ᠠ ᠂ ᠳᠤᠷᠠᠲᠠᠶ᠎ᠠ ᠹᠢᠯᠢᠫᠢᠨ ᠤ ᠬᠥᠳᠡᠭᠡ ᠠᠵᠤ ᠠᠬᠤᠢ ᠬᠥᠳᠡᠭᠡ | ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠵᠦ ᠂ ᠲᠠᠷᠢᠶᠠᠯᠠᠩ ᠤᠨ ᠮᠡᠷᠭᠡᠵᠢᠯ ᠤᠨ ᠲᠥᠪ ᠤᠨ ᠲᠦᠷᠦᠯ ᠲᠡᠮᠳᠡᠭᠲᠦ ᠲᠦᠷᠦᠯ ᠵᠦᠢᠯ ᠢ ᠴᠣᠭᠴᠠᠯᠠᠵᠤ ᠂ ᠦᠷ᠎ᠡ | ᠪᠤᠶᠢᠵᠢᠭᠤᠯᠬᠤ ᠂ ᠦᠢᠯᠡᠳᠪᠦᠷᠢᠯᠡᠬᠦ ᠂ ᠡᠳ᠋ᠰᠢᠭᠦᠯᠦᠨ ᠪᠤᠯᠪᠠᠰᠤᠷᠠᠭᠤᠯᠬᠤ ᠂ ᠬᠠᠳᠠᠭᠠᠯᠠᠬᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠥᠷᠨᠢᠭᠦᠯᠵᠦ ᠂ | ᠨᠢᠩ ᠡᠪᠡᠰᠦᠨ ᠤ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠤᠶ᠎ᠠ ᠃ | ᠰᠠᠭᠤᠷᠢ ᠲᠥᠬᠦᠭᠡᠷᠦᠮᠵᠢ ᠪᠠ ᠬᠤᠯᠪᠣᠯᠳᠤᠨ ᠨᠡᠪᠲᠡᠷᠡᠯᠴᠡᠬᠦ ᠬᠦᠷᠢᠶᠡᠨ ᠤ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ ᠂ ᠭᠤᠣᠯᠳᠠᠯᠭ᠎ᠠ ᠲᠠᠢ | ᠲᠥᠷᠥᠯ ᠵᠦᠢᠯ ᠤᠨ ︽ ᠬᠠᠲᠠᠭᠤ ︾ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠴᠠᠭᠢᠯᠭᠠᠨ ᠬᠤᠯᠪᠤᠭ᠎ᠠ ᠂ | ᠲᠣᠮᠣ ᠳ᠋ᠠᠶᠢᠲ᠋ᠠ ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠵᠡᠷᠭᠡ ︽ ᠵᠥᠭᠡᠯᠡᠨ ︾ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠥᠷᠭᠡᠳᠬᠡᠵᠦ ᠂ | ᠹᠢᠯᠢᠫᠢᠨ ᠤ ᠠᠵᠤ ᠠᠬᠤᠢ ᠨᠡᠶᠢᠭᠡᠮ ᠤᠨ ᠪᠦᠬᠦᠯᠢ ᠴᠣᠭᠴᠠ ᠶᠢᠨ ᠬᠥᠭᠵᠢᠯᠲᠡ ᠶᠢ ᠳᠠᠶᠢᠴᠢᠯᠠᠨ᠎ᠠ ᠃ ᠳᠤᠮᠳᠠᠳᠤ ᠹᠢᠯᠢᠫᠢᠨ ᠤᠯᠠᠮᠵᠢᠯᠠᠯᠲᠤ ᠴᠢᠯᠠᠭᠤᠨ ᠲᠣᠰᠣ | ᠰᠢᠲᠠᠮᠠᠬᠠᠢ ᠬᠡᠢ ᠶᠢᠨ ᠡᠨᠧᠷᠭᠢ ᠪᠣᠯᠣᠨ ᠴᠡᠪᠡᠷ ᠡᠨᠧᠷᠭᠢ ᠶᠢᠨ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠨᠢ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠲᠠᠢ ᠶᠤᠮ ᠃ | ᠳᠤᠮᠳᠠᠳᠤ ᠤᠯᠤᠰ ᠳᠤᠷᠠᠲᠠᠶ᠎ᠠ ᠹᠢᠯᠢᠫᠢᠨ ᠤ ᠬᠢᠨ ᠲᠠᠢ ᠦᠷᠭᠦᠯᠵᠢᠯᠡᠨ ᠨᠥᠭᠦᠷᠰᠡᠭ ᠢᠶᠠᠷ ᠵᠥᠪᠳᠡᠯᠴᠡᠬᠦ ᠭᠡᠯᠪᠡᠷᠢ ᠪᠠᠷ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ | ᠰᠢᠢᠳᠪᠦᠷᠢᠯᠡᠵᠦ ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠬᠡᠯᠡᠯᠴᠡᠭᠡ ᠶᠢ ᠳᠠᠭᠢᠨ ᠡᠬᠢᠯᠡᠭᠦᠯᠵᠦ ᠂ ᠮᠠᠷᠭᠤᠭᠠᠨ ᠦᠭᠡᠢ ᠣᠷᠣᠨ ᠤ | ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠬᠠᠮᠲᠤᠷᠠᠯᠴᠠᠭ᠎ᠠ ᠶᠢ ᠠᠬᠢᠭᠤᠯᠵᠤ ᠂ ᠭᠡᠷᠡᠯᠴᠢ ᠴᠡᠨᠡᠭ ᠂ ᠰᠠᠯᠬᠢᠨ ᠡᠨᠧᠷᠭᠢ ᠂ ᠰᠢᠨ᠎ᠡ | ᠡᠨᠧᠷᠭᠢ ᠶᠢᠨ ᠮᠠᠰᠢᠨ ᠲᠡᠷᠭᠡ ᠵᠡᠷᠭᠡ ᠪᠣᠬᠢᠷᠳᠤᠯ ᠦᠭᠡᠢ ᠡᠨᠧᠷᠭᠢ ᠶᠢᠨ ᠬᠠᠮᠲᠤᠷᠠᠯᠴᠠᠭ᠎ᠠ ᠶᠢ ᠥᠷᠨᠢᠭᠦᠯᠦᠨ᠎ᠡ ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠤ ᠴᠢᠨᠠᠷ | ᠰᠠᠶᠢᠲᠠᠢ ᠲᠠᠷᠢᠶᠠᠯᠠᠩ ᠵᠢᠭᠠᠰᠤᠨ ᠤ ᠪᠦᠲᠦᠭᠡᠭᠳᠡᠬᠦᠨ ᠢ ᠣᠷᠣᠭᠤᠯᠬᠤ ᠪᠠᠨ ᠦᠷᠭᠦᠯᠵᠢᠯᠡᠨ ᠥᠷᠭᠡᠳᠬᠡᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ | ᠹᠢᠯᠢᠫᠢᠨ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠠ ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠰᠠᠭᠤᠷᠢ ᠰᠤᠷᠭᠠᠨ ᠬᠥᠮᠦᠵᠢᠯ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ | ᠥᠷᠭᠡᠳᠬᠡᠵᠦ ᠂ ᠴᠠᠭ ᠠᠭᠤᠷ ᠂ ᠰᠠᠨᠰᠠᠷ ᠤᠨ ᠠᠶᠠᠯᠠᠯ ᠵᠡᠷᠭᠡ ᠬᠦᠷᠢᠶᠡᠨ ᠤ ᠰᠢᠨ᠎ᠡ ᠶᠢ ᠡᠭᠦᠳᠭᠦ ᠬᠠᠮᠲᠤᠷᠠᠯᠴᠠᠭ᠎ᠠ ᠶᠢ ᠬᠠᠶᠢᠨ ᠰᠦᠪᠡᠭᠴᠢᠯᠡᠶ᠎ᠡ ᠃ ᠳᠤᠮᠳᠠᠳᠤ ᠤᠯᠤᠰ | ᠳᠤᠷᠠᠲᠠᠶ᠎ᠠ ᠹᠢᠯᠢᠫᠢᠨ ᠤ ᠬᠢᠨ ᠲᠠᠢ ᠸᠠᠺᠼᠢᠨ ᠰᠤᠳᠤᠯᠤᠨ ᠨᠡᠭᠡᠭᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠨᠢᠭᠦᠯᠵᠦ ᠂ ᠲᠣᠰ ᠲᠣᠰ ᠤᠨ ᠣᠷᠣᠨ | ᠨᠤᠲᠤᠭ ᠤᠨ ᠢᠶᠠᠨ ᠠᠵᠤ ᠦᠢᠯᠡᠰ ᠤᠨ ᠳᠠᠪᠠᠭᠤᠯᠢᠭ ᠲᠠᠢ ᠤᠶᠠᠯᠳᠤᠭᠤᠯᠤᠨ ᠂ ᠬᠤᠶᠠᠷ ᠤᠯᠤᠰ ᠤᠨ ᠮᠤᠵᠢ ᠬᠤᠲᠠ ᠣᠷᠣᠨ ᠰᠢᠶᠠᠨ ᠤ ᠬᠠᠷᠢᠯᠴᠠᠨ ᠬᠠᠪᠰᠤᠷᠤᠯᠴᠠᠵᠤ | ᠬᠠᠮᠲᠤᠷᠠᠯᠴᠠᠬᠤ ᠰᠢᠨ᠎ᠡ ᠵᠠᠭᠪᠤᠷ ᠢ ᠪᠠᠶᠢᠭᠤᠯᠤᠨ᠎ᠠ ᠃ ᠳᠤᠮᠳᠠᠳᠤ ᠤᠯᠤᠰ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠦᠨ | ᠲᠣᠬᠢᠷᠠᠭᠤᠯᠵᠤ ᠂ ᠬᠢᠵᠢᠭ ᠢ ᠰᠡᠷᠭᠡᠶᠢᠯᠡᠨ ᠬᠤᠷᠢᠭᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠵᠦ ᠪᠠᠶᠢᠨ᠎ᠠ ᠂ ᠤᠳᠠᠯ ᠦᠭᠡᠢ ᠬᠤᠶᠠᠷ ᠤᠯᠤᠰ ᠤᠨ ᠠᠷᠠᠳ ᠲᠦᠮᠡᠨ ᠪᠠᠰᠠ ᠬᠢᠵᠢᠭ ᠤᠨ ᠪᠠᠶᠢᠳᠠᠯ ᠤᠨ ᠡᠮᠦᠨᠡᠬᠢ ᠲᠡᠷᠡ ᠬᠦ ᠨᠢᠭᠲᠠ ᠰᠣᠯᠢᠯᠴᠠᠭ᠎ᠠ | ᠶᠠᠪᠤᠯᠴᠠᠭ᠎ᠠ ᠪᠠᠨ ᠰᠡᠷᠭᠦᠭᠡᠵᠦ ᠳᠡᠶᠢᠯᠭᠦ ᠶᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠹᠢᠯᠢᠫᠢᠨ ᠪᠦᠷ ᠠᠽᠢᠶ᠎ᠠ ᠲᠢᠪ ᠤᠨ ᠬᠥᠭᠵᠢᠵᠦ ᠪᠠᠶᠢᠭ᠎ᠠ ᠤᠯᠤᠰ ᠪᠣᠯᠣᠨ᠎ᠠ ᠂ ᠪᠢᠳᠡᠨ ᠤ ᠬᠥᠭᠵᠢᠯᠲᠡ ᠡᠶᠡᠯᠳᠡᠭ ᠬᠥᠷᠰᠢ ᠶᠢᠨ | ᠨᠥᠭᠦᠷᠰᠡᠭ ᠡᠷᠭᠢᠨ ᠲᠣᠭᠤᠷᠢᠨ ᠤ ᠣᠷᠴᠢᠨ ᠳᠤ ᠦᠨᠳᠦᠰᠦᠯᠡᠵᠦ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠽᠢᠶ᠎ᠠ ᠲᠢᠪ ᠤᠨ ᠶᠡᠭᠡ ᠭᠡᠷ ᠪᠦᠯᠢ ᠳᠤ | ᠦᠨᠳᠦᠰᠦᠯᠡᠭᠰᠡᠨ ᠶᠤᠮ ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠤᠰᠤᠳ | ᠤᠯᠤᠰ ᠯᠤᠭ᠎ᠠ ᠬᠠᠮᠲᠤᠷᠠᠯᠴᠠᠭ᠎ᠠ ᠪᠣᠯᠣᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ | ᠣᠷᠣᠨ ᠪᠦᠰᠡ ᠶᠢᠨ ᠬᠠᠮᠲᠤᠷᠠᠯᠴᠠᠭ᠎ᠠ ᠳᠠᠬᠢ ᠭᠤᠣᠯᠯᠠᠭᠴᠢ ᠪᠠᠶᠢᠷᠢ ᠰᠠᠭᠤᠷᠢ ᠶᠢ ᠰᠠᠶᠢᠲᠤᠷ ᠬᠠᠮᠠᠭᠠᠯᠠᠵᠤ ᠂ ︽ ᠲᠠᠪᠤᠨ ᠶᠡᠭᠡ ᠭᠡᠷ ᠣᠷᠣᠨ ︾ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠂ ᠲᠤᠰ ᠭᠠᠵᠠᠷ ᠣᠷᠣᠨ ᠤ ᠬᠦᠢᠲᠡᠨ ᠲᠠᠶᠢᠨ ᠤ ᠪᠠᠷᠠᠭᠠᠨ ᠰᠡᠭᠦᠳᠡᠷ ᠠᠴᠠ ᠮᠤᠯᠲᠤᠷᠠᠵᠤ ᠂ ᠯᠡᠭᠧᠷ ᠤᠨ ᠡᠰᠡᠷᠭᠦᠴᠡᠯᠳᠦᠯ ᠠᠴᠠ | ᠵᠠᠶᠢᠯᠠᠰᠬᠢᠵᠦ ᠂ ᠦᠷᠭᠦᠯᠵᠢᠯᠡᠨ ᠬᠥᠭᠵᠢᠨ ᠴᠡᠴᠡᠭᠯᠡᠬᠦ ᠥᠨᠳᠦᠷᠯᠢᠭ ᠪᠤᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠹᠢᠯᠢᠫᠢᠨ ᠤ ᠬᠢᠨ ᠤ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠡᠮᠵᠢᠵᠦ ᠪᠠᠶᠢᠬᠤ ᠶᠢ ᠮᠠᠭᠲᠠᠨ ᠰᠠᠶᠢᠰᠢᠶᠠᠵᠤ ᠂ | ᠳᠤᠷᠠᠲᠠᠶ᠎ᠠ ᠹᠢᠯᠢᠫᠢᠨ ᠤ ᠬᠢᠨ ᠲᠠᠢ ᠬᠠᠮᠲᠤ ᠪᠠᠷ ᠂ ᠬᠠᠷᠢᠯᠴᠠᠨ ᠳᠡᠮᠵᠢᠭᠦ ᠪᠠᠨ ᠴᠢᠩᠭᠠᠳᠬᠠᠵᠤ ᠂ ᠬᠤᠶᠠᠷ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ ᠃ | ᠮᠠᠺᠧᠰ ᠂ ᠬᠦᠰᠡᠭᠰᠡᠭᠡᠷ ᠢᠷᠡᠭᠰᠡᠨ ᠳᠤᠮᠳᠠᠳᠤ ᠤᠯᠤᠰ ᠲᠠᠬᠢ ᠠᠶᠢᠯᠴᠢᠯᠠᠯᠲᠠ ᠪᠡᠶᠡᠯᠡᠭᠳᠡᠭᠰᠡᠨ ᠳᠤ ᠮᠠᠰᠢ ᠪᠠᠶᠠᠷ ᠲᠠᠢ ᠪᠠᠶᠢᠨ᠎ᠠ ᠂ ᠡᠨᠡ ᠪᠣᠯ ᠮᠢᠨᠤ ᠠᠩᠬ᠎ᠠ | ᠤᠳᠠᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠠᠴᠠ ᠭᠠᠳᠠᠨᠠᠬᠢ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ | ᠶᠠᠪᠤᠳᠠᠯ ᠪᠣᠯᠣᠨ᠎ᠠ ᠂ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠹᠢᠯᠢᠫᠢᠨ ᠳᠤᠮᠳᠠᠳᠤ ᠶᠢᠨ ᠬᠠᠷᠢᠯᠴᠠᠭ᠎ᠠ ᠮᠠᠰᠢ ᠰᠠᠶᠢᠨ ᠪᠥᠭᠡᠳ ᠮᠠᠰᠢ ᠴᠢᠬᠤᠯᠠ | ᠭᠡᠳᠡᠭ ᠢ ᠳᠡᠯᠡᠬᠡᠢ ᠳ᠋ᠠᠬᠢᠨ ᠳᠤ ᠭᠡᠷᠡᠴᠢᠯᠡᠬᠦ ᠶᠢ ᠬᠦᠰᠡᠵᠦ ᠪᠠᠶᠢᠨ᠎ᠠ ᠂ ᠬᠤᠶᠠᠷ ᠲᠠᠯ᠎ᠠ ᠪᠠᠷ ᠢᠶᠠᠨ ᠴᠥᠮ ᠬᠤᠶᠠᠷ ᠲᠠᠯ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠂ ᠪᠦᠷ ᠹᠢᠯᠢᠫᠢᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠥᠨᠳᠥᠷᠴᠡ ᠳᠤ ᠭᠦᠷᠭᠡᠭᠦ ᠪᠠᠷ ᠴᠢᠷᠮᠠᠶᠢᠵᠤ ᠪᠠᠶᠢᠨ᠎ᠠ ᠃ ᠹᠢᠯᠢᠫᠢᠨ ᠳᠤᠮᠳᠠᠳᠤ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠨᠢ ᠬᠡᠳᠦ᠋ᠢᠪᠡᠷ 48 ᠵᠢᠯ ᠯᠡ ᠪᠣᠯᠵᠤ ᠪᠠᠶᠢᠭ᠎ᠠ ᠪᠤᠯᠪᠠᠴᠤ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠨᠢᠭᠡᠨᠲᠡ ᠮᠢᠩᠭᠠᠨ | ᠣᠨ ᠢ ᠰᠤᠨᠳᠠᠯᠠᠭᠰᠠᠨ ᠪᠠᠶᠢᠨ᠎ᠠ ᠃ ᠪᠢ ᠲᠤᠬᠠᠢ ᠶᠢᠨ ᠵᠢᠯ ᠳᠤ ᠹᠢᠯᠢᠫᠢᠨ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ ᠲᠡᠦᠬᠡ ᠳᠤ ᠣᠷᠣᠯᠴᠠᠬᠰᠠᠨ ᠳᠠᠭᠠᠨ ᠮᠠᠰᠢ | ᠠᠵᠠ ᠲᠠᠢ ᠪᠠᠶᠢᠨ᠎ᠠ ᠂ ᠥᠨᠥᠳᠥᠷ ᠪᠢ ᠹᠢᠯᠢᠫᠢᠨ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠨ ᠠᠬᠢᠭᠤᠯᠬᠤ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠬᠦ | ᠪᠣᠯᠣᠨ᠎ᠠ ᠃ ᠪᠢ ᠲᠡᠷᠢᠭᠦᠯᠡᠭᠴᠢ ᠰᠢ ᠶᠢᠨ ᠫᠢᠩ ᠲᠠᠢ ᠨᠢᠭᠲᠠ ᠣᠯᠣᠯᠴᠠᠭ᠎ᠠ ᠪᠠᠨ ᠪᠠᠲᠤᠯᠠᠵᠤ ᠂ ᠬᠠᠮᠲᠤᠷᠠᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ ᠂ | ᠹᠢᠯᠢᠫᠢᠨᠲ᠋ᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ ᠂ ᠬᠤᠶᠠᠷ | ᠤᠯᠤᠰ ᠲᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠣᠯᠣᠨ ᠠᠰᠠᠭᠤᠳᠠᠯ ᠢ ᠨᠡᠩ ᠰᠠᠶᠢᠲᠤᠷ ᠬᠠᠮᠲᠤᠷᠠᠯᠴᠠᠨ ᠰᠢᠢᠳᠪᠦᠷᠢᠯᠡᠵᠦ ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ ᠂ ᠪᠠᠰᠠ ᠲᠤᠰ ᠭᠠᠵᠠᠷ ᠣᠷᠣᠨ ᠤ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠤᠯᠬᠤ ᠶᠢ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠃ ᠹᠢᠯᠢᠫᠢᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠲᠠᠯᠳᠠ ᠬᠦᠴᠦᠨ ᠢᠶᠠᠨ | ᠠᠭᠤᠳᠠᠯᠵᠤ ᠂ ᠬᠤᠶᠠᠷ ᠤᠯᠤᠰ ᠤᠨ ᠬᠠᠷᠢᠯᠴᠠᠭᠠᠨ ᠤ ᠠᠭᠤᠯᠤᠭᠳᠠᠬᠤᠨ ᠢ ᠦᠷᠭᠦᠯᠵᠢᠯᠡᠨ ᠪᠠᠶᠠᠯᠢᠭᠵᠢᠭᠤᠯᠵᠤ ᠂ ᠬᠥᠳᠡᠭᠡ ᠠᠵᠤ ᠠᠬᠤᠢ ᠂ ᠦᠨᠳᠦᠰᠦᠨ ᠪᠦᠲᠦᠭᠡᠨ | ᠪᠠᠶᠢᠭᠤᠯᠤᠯᠲᠠ ᠂ ᠡᠨᠧᠷᠭᠢ ᠂ ᠰᠣᠶᠣᠯ ᠢᠷᠭᠡᠨᠰᠢᠯ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠲᠣᠭᠠᠴᠢᠯᠠᠭᠰᠠᠨ ᠠᠵᠤ | ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠥᠨᠥᠳᠥᠷ ᠤᠨ ᠪᠢᠳᠡᠨ ᠤ ᠭᠠᠷ ᠤᠨ ᠦᠰᠦᠭ ᠵᠢᠷᠤᠵᠤ ᠬᠠᠮᠲᠤ ᠪᠠᠷ ᠭᠡᠷᠡᠴᠢᠯᠡᠭᠰᠡᠨ | ᠤᠯᠠᠨ ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠨᠢ ᠹᠢᠯᠢᠫᠢᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠲᠦᠢᠯ ᠤᠨ ᠶᠡᠭᠡ ᠬᠦᠴᠦᠨ | ᠨᠡᠮᠡᠷᠢᠯᠡᠬᠦ ᠶᠢ ᠢᠲᠡᠭᠡᠵᠦ ᠪᠠᠶᠢᠨ᠎ᠠ ᠃ ᠳᠤᠮᠳᠠᠳᠤ ᠤᠯᠤᠰ ᠪᠣᠯ ᠹᠢᠯᠢᠫᠢᠨ ᠤ ᠬᠠᠮᠤᠭ ᠤᠨ ᠬᠦᠴᠦᠷᠬᠡᠭ ᠬᠠᠮᠲᠤᠷᠠᠯᠴᠠᠭᠠᠨ ᠤ ᠬᠠᠨᠢᠲᠠᠨ ᠮᠥᠨ ᠂ ᠹᠢᠯᠢᠫᠢᠨ | ᠳᠤᠮᠳᠠᠳᠤ ᠶᠢᠨ ᠨᠥᠬᠦᠷᠯᠡᠯ ᠤᠨ ᠦᠷᠭᠦᠯᠵᠢᠯᠡᠬᠦ ᠪᠠ ᠭᠦᠭᠵᠢᠭᠦ ᠶᠢ ᠬᠤᠷᠢᠭᠯᠠᠵᠤ ᠳᠡᠶᠢᠯᠭᠦ ᠶᠠᠭᠤᠮ᠎ᠠ ᠭᠡᠵᠦ ᠦᠭᠡᠢ ᠶᠤᠮ ᠃ ᠹᠢᠯᠢᠫᠢᠨ ᠤ ᠬᠢᠨ ᠨᠢᠭᠡ ᠳᠤᠮᠳᠠᠳᠤ | ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ ᠃ ᠹᠢᠯᠢᠫᠢᠨ ᠤ ᠬᠢᠨ ᠳᠤᠷᠠᠲᠠᠶ᠎ᠠ ᠦᠷᠭᠦᠯᠵᠢᠯᠡᠨ ᠨᠥᠭᠦᠷᠰᠡᠭ ᠵᠥᠪᠳᠡᠯᠴᠡᠭᠡ ᠪᠠᠷ ᠲᠠᠮᠵᠢᠨ ᠲᠠᠯᠠᠢ | ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ ᠂ ᠳᠤᠮᠳᠠᠳᠤ ᠤᠯᠤᠰ ᠯᠤᠭ᠎ᠠ ᠲᠣᠰᠣ ᠬᠡᠢ ᠶᠢ ᠨᠡᠭᠡᠭᠡᠨ ᠬᠥᠭᠵᠢᠭᠦᠯᠬᠦ ᠵᠥᠪᠳᠡᠯᠴᠡᠭᠡ ᠪᠠᠨ ᠲᠠᠭᠢᠨ ᠡᠬᠢᠯᠡᠭᠦᠯᠦᠨ᠎ᠡ ᠃ | ᠳᠤᠮᠳᠠᠳᠤ ᠶᠢᠨ ᠲᠠᠯ᠎ᠠ ᠶᠢᠨ ᠹᠢᠯᠢᠫᠢᠨ ᠤ ᠬᠢᠵᠢᠭ ᠲᠠᠢ ᠲᠡᠮᠡᠴᠡᠬᠦ ᠳᠤ ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ ᠃ ᠬᠢᠵᠢᠭ ᠤᠨ | ᠪᠠᠶᠢᠳᠠᠯ ᠥᠩᠭᠡᠷᠡᠭᠰᠡᠨ ᠤ ᠲᠠᠷᠠᠭ᠎ᠠ ᠂ ᠨᠡᠩ ᠤᠯᠠᠨ ᠳᠤᠮᠳᠠᠳᠤ ᠤᠯᠤᠰ ᠤᠨ ᠠᠷᠠᠳ ᠲᠦᠮᠡᠨ ᠹᠢᠯᠢᠫᠢᠨ ᠳᠤ ᠬᠦᠷᠴᠦ ᠵᠢᠭᠤᠯᠴᠢᠯᠠᠨ ᠰᠤᠷᠤᠯᠴᠠᠵᠤ ᠂ ᠬᠤᠶᠠᠷ | ᠤᠯᠤᠰ ᠤᠨ ᠠᠷᠠᠳ ᠲᠦᠮᠡᠨ ᠤ ᠶᠠᠪᠤᠯᠴᠠᠭ᠎ᠠ ᠨᠡᠩ ᠨᠢᠭᠲᠠᠷᠠᠵᠤ ᠂ ᠬᠤᠶᠠᠷ ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠨᠡᠩ ᠪᠠᠲᠤ ᠪᠠᠬᠢ | ᠰᠠᠭᠤᠷᠢ ᠶᠢ ᠲᠠᠯᠪᠢᠵᠤ ᠥᠭᠭᠦ ᠶᠢ ᠬᠦᠰᠡᠵᠦ ᠪᠠᠶᠢᠨ᠎ᠠ ᠃ ᠪᠢ ᠹᠢᠯᠢᠫᠢᠨ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ ᠳᠦᠭᠦᠷᠡᠩ | ᠪᠠᠶᠢᠨ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠂ ᠲᠠᠷᠢᠶᠠᠯᠠᠩ ᠵᠢᠭᠠᠰᠤᠨ ᠤ ᠦᠢᠯᠡᠰ ᠂ ᠰᠠᠭᠤᠷᠢ | ᠲᠥᠬᠦᠭᠡᠷᠦᠮᠵᠢ ᠂ ᠮᠥᠩᠭᠦᠨ ᠭᠦᠢᠯᠭᠡᠭᠡᠨ ᠂ ᠪᠣᠭᠤᠮᠲᠠ ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠂ ᠵᠢᠭᠤᠯᠴᠢᠯᠠᠯ ᠵᠡᠷᠭᠡ ᠬᠤᠯᠪᠣᠭᠳᠠᠯ ᠪᠦᠬᠦᠢ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠠᠺᠧᠰ ᠢ ᠤᠭᠲᠤᠬᠤ ᠶᠣᠰᠣᠯᠠᠯ | ᠶᠠᠪᠤᠭᠤᠯᠪᠠ ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ | ᠳᠡᠪᠰᠢᠭᠦᠯᠵᠦ ᠂ ᠵᠣᠴᠢᠨ ᠤᠭᠲᠤᠬᠤ ᠪᠦᠷᠢᠶ᠎ᠡ ᠬᠠᠩᠭᠢᠨᠠᠭᠤᠯᠪᠠ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ | ᠬᠥᠭᠵᠢᠮ ᠤᠨ ᠪᠦᠯᠭᠦᠮ ᠳᠤᠮᠳᠠᠳᠤ ᠹᠢᠯᠢᠫᠢᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠮᠠᠺᠧᠰ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠮᠠᠺᠧᠰ ᠤᠨ ᠬᠠᠳᠤᠨ ᠯᠢᠱᠠ ᠪᠠᠷ᠎ᠠ ᠪᠣᠯᠵᠤ ᠤᠭᠲᠤᠬᠤ ᠶᠣᠰᠣᠯᠠᠯ ᠳᠤ ᠣᠷᠣᠯᠴᠠᠪᠠ ᠃ | ᠲᠤᠰ ᠣᠷᠣᠢ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ | ᠮᠠᠺᠧᠰ ᠪᠣᠯᠣᠨ ᠲᠡᠭᠦᠨ ᠤ ᠬᠠᠳᠤᠨ ᠯᠢᠱᠠ ᠶᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠂ ᠾᠧ ᠯᠢ ᠹᠧᠩ ᠨᠠᠷ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ ᠃ | ᠮᠠᠺᠧᠰ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ ᠂ ᠬᠤᠶᠠᠷ ᠲᠠᠯ᠎ᠠ ᠪᠠᠷ ᠢᠶᠠᠨ ᠪᠠᠰᠠ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠣᠯᠣᠨ ᠪᠦᠭᠦᠳᠡ ᠨᠠᠶᠢᠷᠠᠮᠳᠠᠬᠤ ᠹᠢᠯᠢᠫᠢᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠬᠦ ᠪᠣᠯᠣᠨ᠎ᠠ ᠃ | | | |