| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 9 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ | ᠰᠢ ᠶᠢᠨ ᠫᠢᠩ ᠂ ᠵᠣᠣ ᠯᠧ ᠵᠢᠢ ᠂ ᠸᠠᠩ ᠬᠤ᠋ ᠨᠢᠩ ᠂ ᠳ᠋ᠢᠩ ᠰᠢᠤᠸᠠᠢ ᠰᠢᠶᠠᠩ ᠂ ᠯᠢ ᠰᠢ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠥᠰ ᠬᠤᠷᠠᠯ ᠳᠤ | ᠣᠷᠣᠯᠴᠠᠨ ᠪᠠᠶᠠᠷ ᠬᠦᠷᠭᠡᠵᠦ ᠂ ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ ᠃ | | 10 ᠰᠠᠷ᠎ᠠ ᠶᠢᠨ 9 ᠤ ᠡᠳᠦᠷ ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ | ᠲᠠᠶᠢᠰᠠᠨ ᠠᠴᠠ ᠬᠤᠷᠠᠯ ᠳᠤ ᠤᠷᠤᠯᠴᠠᠬᠰᠡᠨ ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ | ᠫᠧᠩ ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ ᠃ ᠲᠡᠷᠢᠭᠦᠯᠡᠭᠴᠢ ᠶᠢᠨ ᠲᠠᠶᠢᠰᠠᠨ ᠤ | ᠳᠡᠭᠡᠷ᠎ᠡ ᠲᠠᠯ᠎ᠠ ᠳᠤ ︽ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ︾ ᠭᠡᠬᠦ ᠬᠤᠷᠠᠯ ᠤᠨ ᠲᠡᠮᠳᠡᠭ ᠢ ᠡᠯᠭᠦᠵᠦ ᠂ ᠠᠷᠤ ᠬᠥᠰᠢᠭᠡ ᠶᠢᠨ ᠭᠤᠣᠯ ᠳᠤᠮᠳᠠ ᠳᠤᠮᠳᠠᠳᠤ ᠤᠯᠤᠰ ᠤᠨ ᠠᠵᠢᠯᠴᠢᠨ ᠤ ᠡᠪᠯᠡᠯ ᠪᠣᠯᠣᠨ ᠳᠤᠮᠳᠠᠳᠤ | ᠤᠯᠤᠰ ᠤᠨ ᠠᠵᠢᠯᠴᠢᠨ ᠠᠩᠭᠢ ᠶᠢᠨ ᠪᠦᠯᠬᠦᠮᠳᠡᠯ ᠨᠢᠭᠡᠳᠦᠯ ᠢ ᠪᠡᠯᠭᠡᠳᠡᠭᠰᠡᠨ ᠠᠵᠢᠯᠴᠢᠨ ᠤ ᠡᠪᠯᠡᠯ ᠤᠨ ᠰᠦᠯᠳᠡ ᠭᠢᠯᠠᠯᠵᠠᠵᠤ ᠂ 10 ᠤᠯᠠᠭᠠᠨ ᠲᠤᠭ ᠢ ᠬᠤᠶᠠᠷ | ᠲᠠᠯ᠎ᠠ ᠪᠠᠷ ᠨᠢ ᠵᠢᠭᠰᠠᠭᠠᠪᠠ ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠤ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ︕ ︾ ᠭᠡᠬᠦ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ ᠃ ᠪᠦᠭᠦ ᠤᠯᠤᠰ ᠤᠨ ᠡᠯ᠎ᠡ ᠠᠵᠢᠯ | ᠲᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ 2000 ᠰᠢᠬᠠᠮ ᠲᠥᠯᠥᠭᠡᠯᠡᠭᠴᠢ | ᠪᠣᠯᠣᠨ 50 ᠭᠠᠷᠤᠢ ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ ᠠᠵᠢᠯᠲᠠᠨ ᠠᠵᠢᠯᠴᠢᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ | ᠣᠷᠣᠯᠴᠠᠪᠠ ᠃ ᠦᠳᠡ ᠶᠢᠨ ᠡᠮᠦᠨᠡᠬᠢ 10 ᠴᠠᠭ ᠲᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠶ ᠳᠤ ᠣᠷᠣᠵᠤ ᠢᠷᠡᠬᠦ ᠦᠶᠡᠰ | ᠲᠠᠯᠠᠪᠠᠶ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ | | 10 ᠰᠠᠷ᠎ᠠ ᠶᠢᠨ 9 ᠤ ᠡᠳᠦᠷ ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠰᠢ ᠶᠢᠨ ᠫᠢᠩ ᠂ ᠵᠣᠣ ᠯᠧ ᠵᠢᠢ ᠂ ᠸᠠᠩ ᠬᠤ᠋ ᠨᠢᠩ ᠂ | ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠡᠬᠢᠯᠡᠭᠰᠡᠨ ᠢ ᠵᠠᠷᠯᠠᠪᠠ ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ ᠃ | ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ ᠮ᠊ ᠠᠨ ᠤ ᠤᠯᠤᠰ ᠤᠨ ᠠᠵᠢᠯᠴᠢᠨ ᠠᠩᠭᠢ ᠶᠢᠨ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠤᠯᠴᠠᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ ︾ ᠭᠡᠬᠦ ᠰᠡᠳᠦᠪ ᠢᠶᠠᠷ | ᠪᠠᠶᠠᠷ ᠤᠨ ᠦᠭᠡ ᠬᠡᠯᠡᠵᠦ ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠂ ᠪᠦᠭᠦ ᠤᠯᠤᠰ ᠤᠨ ᠥᠷᠭᠡᠨ ᠣᠯᠠᠨ ᠠᠵᠢᠯᠲᠠᠨ ᠠᠵᠢᠯᠴᠢᠨ ᠪᠠ | ᠠᠵᠢᠯᠴᠢᠨ ᠤ ᠡᠪᠯᠡᠯ ᠤᠨ ᠺᠠᠳ᠋ᠷᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃ | ᠼᠠᠢ ᠴᠢ ᠪᠠᠶᠠᠷ ᠤᠨ ᠦᠭᠡ ᠳᠡᠭᠡᠨ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠮᠠᠨ ᠤ ᠤᠯᠤᠰ ᠤᠨ ᠠᠵᠢᠯᠴᠢᠨ ᠠᠩᠭᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ ᠂ | ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠃ ᠳᠤᠮᠳᠠᠳᠤ ᠤᠯᠤᠰ ᠤᠨ | ᠠᠵᠢᠯᠴᠢᠨ ᠤ ᠡᠪᠯᠡᠯ ᠤᠨ ᠠᠷᠪᠠᠨ ᠳᠣᠯᠣᠳᠤᠭᠠᠷ ᠶᠡᠭᠡ ᠬᠤᠷᠠᠯ ᠠᠴᠠ ᠨᠠᠭᠠᠰᠢ ᠂ ᠡᠯ᠎ᠡ ᠱᠠᠲᠤᠨ ᠤ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠯᠭ᠎ᠠ ᠶᠢ ᠴᠢᠩᠭᠠᠳᠬᠠᠵᠤ ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠵᠤ ᠂ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ ᠂ ᠥᠷᠭᠡᠨ ᠤᠯᠠᠨ ᠠᠵᠢᠯᠲᠠᠨ | ᠠᠵᠢᠯᠴᠢᠨ ᠢ ᠲᠠᠶᠢᠴᠢᠯᠠᠨ ᠰᠢᠨ᠎ᠡ ᠴᠠᠭ ᠦᠶ᠎ᠡ ᠳᠤ ᠢᠳᠡᠪᠬᠢᠲᠡᠢ ᠪᠠᠷ ᠭᠠᠪᠢᠶ᠎ᠠ ᠪᠠᠶᠢᠭᠤᠯᠵᠤ ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠯᠬᠤᠭ᠎ᠠ ᠨᠢᠭᠡᠲᠡᠢ ᠤᠷᠤᠭᠰᠢᠯᠠᠵᠠᠢ ᠭᠡᠵᠦ ᠬᠡᠯᠡᠪᠡ ᠃ | ᠼᠠᠢ ᠴᠢ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠪᠠ ᠃ | ᠨᠠᠮ ᠤᠨ ᠭᠤᠣᠯ ᠡᠭᠦᠷᠭᠡ ᠪᠣᠯ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠪᠠ ᠠᠵᠢᠯᠴᠢᠨ ᠤ ᠡᠪᠯᠡᠯ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠣᠯᠣᠨ᠎ᠠ ᠃ | ᠠᠵᠢᠯᠴᠢᠨ ᠠᠩᠭᠢ ᠦᠨᠡᠨᠴᠢ ᠰᠢᠳᠤᠷᠭᠤ ᠨᠠᠶᠢᠳᠠᠪᠤᠷᠢᠲᠠᠢ ᠪᠠᠶᠢᠬᠤ ᠣᠪᠣᠷ ᠢᠶᠠᠷ ᠠᠵᠢᠯᠴᠢᠨ ᠠᠩᠭᠢ ᠶᠢᠨ ᠤᠯᠤᠰ ᠲᠦᠷᠦ ᠶᠢᠨ ᠣᠣᠷ ᠴᠢᠨᠠᠷ ᠢᠶᠠᠨ | ᠦᠷᠭᠦᠯᠵᠢᠯᠡᠭᠦᠯᠵᠦ ᠂ ᠬᠥᠳᠡᠯᠮᠦᠷᠢᠯᠡᠵᠦ ᠡᠭᠦᠳᠦᠨ ᠪᠦᠲᠦᠭᠡᠬᠦ ᠪᠠᠷ ᠳᠠᠮᠵᠢᠨ ᠠᠵᠢᠯᠴᠢᠨ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ᠣᠷᠦ᠋ᠢᠯᠠᠭᠰᠠᠨ | ᠡᠷᠳᠡᠮ ᠴᠢᠳᠠᠪᠤᠷᠢ ᠪᠠᠷ ᠢᠶᠠᠨ ᠠᠵᠢᠯᠴᠢᠨ ᠠᠩᠭᠢ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ ᠂ ᠪᠦᠯᠬᠦᠮᠳᠡᠨ ᠲᠡᠮᠡᠴᠡᠬᠦ ᠪᠠᠷ ᠳᠠᠮᠵᠢᠨ ᠠᠵᠢᠯᠴᠢᠨ | ᠠᠩᠭᠢ ᠶᠢᠨ ᠡᠷᠬᠢᠮ ᠳᠡᠭᠡᠳᠦ ᠵᠠᠩ ᠴᠢᠨᠠᠷ ᠢ ᠪᠠᠳᠠᠷᠠᠭᠤᠯᠬᠤ ᠬᠡᠷᠡᠭᠲᠡᠢ ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠢ ᠱᠦᠵᠢ | ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠂ ᠨᠠᠮ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ ᠂ ᠠᠵᠢᠯᠲᠠᠨ ᠠᠵᠢᠯᠴᠢᠨ ᠳᠤ ᠴᠢᠩ ᠦᠨᠡᠨᠴᠢ ᠪᠠᠷ ᠦᠢᠯᠡᠴᠢᠯᠡᠵᠦ ᠂ ᠵᠥᠪ ᠤᠯᠤᠰ | ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠵᠤ ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ ᠢ ᠥᠷᠭᠡᠨ ᠢᠶᠠᠷ ᠨᠢᠭᠲᠠᠷᠠᠭᠤᠯᠵᠤ ᠂ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠂ ᠨᠠᠮ ᠤᠨ | ᠠᠵᠢᠯᠴᠢᠨ ᠤ ᠬᠥᠳᠡᠯᠭᠡᠭᠡᠨ ᠤ ᠦᠢᠯᠡᠰ ᠤᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ | ᠬᠤᠸᠠ ᠂ ᠤᠷᠢᠳ ᠬᠤᠵᠢᠳ ᠠᠷᠠᠳ ᠤᠨ ᠪᠦᠯᠭᠦᠮ ᠪᠣᠯᠣᠨ ᠴᠢᠯᠦᠭᠡᠯᠡᠬᠦ ᠴᠡᠷᠢᠭ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠡᠮᠦᠨ᠎ᠡ ᠠᠴᠠ ᠶᠡᠭᠡ ᠬᠤᠷᠠᠯ ᠳᠤ | ᠪᠠᠶᠠᠷ ᠤᠨ ᠦᠭᠡ ᠬᠡᠯᠡᠵᠡᠢ ᠃ | ᠸᠠᠩ ᠳ᠋ᠦᠩ ᠮᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ | ᠡᠮᠦᠨ᠎ᠡ ᠠᠴᠠ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ ᠃ ᠮᠡᠳᠡᠭᠦᠯᠦᠯᠲᠡ ᠨᠢ 3 | ᠬᠡᠰᠡᠭ ᠢᠶᠠᠷ ᠪᠦᠷᠢᠯᠳᠦᠵᠡᠢ ᠄ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠬᠥᠭᠵᠢᠯᠲᠡ ᠪᠣᠯᠣᠨ ᠥᠩᠭᠡᠷᠡᠭᠰᠡᠨ ᠲᠠᠪᠤᠨ | ᠵᠢᠯ ᠤᠨ ᠠᠵᠢᠯ ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯᠴᠢᠨ ᠤ | ᠡᠪᠯᠡᠯ ᠤᠨ ᠠᠵᠢᠯ ᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠬᠤ ︔ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ ᠵᠡᠷᠭᠡ ᠪᠣᠯᠣᠨ᠎ᠠ ᠃ | ᠶᠡᠭᠡ ᠬᠤᠷᠠᠯ ᠠᠴᠠ ᠪᠢᠴᠢᠭ ᠤᠨ ᠭᠡᠯᠪᠡᠷᠢ ᠪᠠᠷ ᠲᠥᠯᠥᠭᠡᠯᠡᠭᠴᠢᠳ ᠲᠤ ︽ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ ︵ ᠵᠠᠰᠠᠪᠤᠷᠢ ᠣᠷᠣᠭᠤᠯᠬᠤ | ᠲᠥᠰᠥᠯ ︶ ︾ ᠂ ︽ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ | ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ ︾ ᠂ ︽ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ | ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠮᠡᠳᠡᠭᠦᠯᠦᠯᠲᠡ ︾ ᠶᠢ ᠳᠡᠪᠰᠢᠭᠦᠯᠵᠦ ᠂ ᠲᠥᠯᠥᠭᠡᠯᠡᠭᠴᠢᠳ ᠢᠶᠠᠷ ᠬᠢᠨᠠᠨ ᠵᠥᠪᠯᠡᠭᠦᠯᠦᠨ᠎ᠡ ᠃ | ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠂ ᠰᠢᠶᠠᠩᠭᠠᠩ ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯᠴᠢᠨ ᠤ ᠡᠪᠯᠡᠯ ᠤᠨ ᠡᠲᠡᠭᠡᠳ ᠤᠨ ᠨᠠᠶᠢᠵᠠ ᠨᠠᠷ ᠂ ᠨᠡᠶᠢᠰᠯᠡᠯ ᠤᠨ ᠡᠯ᠎ᠡ ᠡᠲᠡᠭᠡᠳ ᠤᠨ ᠠᠵᠢᠯᠲᠠᠨ ᠠᠵᠢᠯᠴᠢᠨ ᠤ | ᠲᠥᠯᠥᠭᠡᠯᠡᠭᠴᠢ ᠨᠠᠷ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ ᠃ | ᠢᠷᠡᠯᠲᠡ ᠄ ᠥᠪᠥᠷ ᠮᠣᠩᠭᠤᠯ ᠤᠨ ᠡᠳᠦᠷ ᠤᠨ ᠰᠣᠨᠢᠨ | | |