| 10 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ | ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠤᠯᠠᠨ ᠲᠣᠭᠠᠲᠤ ᠨᠠᠮ ᠤᠨ ᠤᠳᠤᠷᠢᠳᠤᠭᠴᠢ ᠱᠦᠮᠦᠸᠧ ᠶᠢᠨ ᠳᠠᠭᠠᠭᠤᠯᠤᠭᠰᠠᠨ ᠠᠮᠧᠷᠢᠺᠠ ᠶᠢᠨ ᠤᠯᠤᠰ ᠤᠨ | ᠬᠤᠷᠠᠯ ᠤᠨ ᠳᠡᠭᠡᠳᠦ ᠵᠥᠪᠯᠡᠯ ᠤᠨ ᠬᠤᠶᠠᠷ ᠨᠠᠮ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ ᠃ | | | ᠰᠢ ᠶᠢᠨ ᠫᠢᠩ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯᠠᠲᠤ ᠬᠠᠷᠢᠯᠴᠠᠭ᠎ᠠ ᠪᠣᠯᠣᠨ᠎ᠠ ᠃ ᠳᠤᠮᠳᠠᠳᠤ | ᠠᠮᠧᠷᠢᠺᠠ ᠬᠤᠶᠠᠷ ᠤᠯᠤᠰ ᠬᠡᠷᠬᠢᠨ ᠬᠠᠷᠢᠯᠴᠠᠬᠤ ᠨᠢ ᠬᠥᠮᠥᠨ ᠲᠥᠷᠥᠯᠬᠢᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠲᠣᠭᠲᠠᠭᠠᠳᠠᠭ ᠃ ᠥᠷᠢᠰᠦᠯᠳᠦᠭᠡᠨ | ᠡᠰᠡᠷᠭᠦᠴᠡᠯᠳᠦᠯ ᠨᠢ ᠴᠠᠭ ᠦᠶ᠎ᠡ ᠶᠢᠨ ᠤᠷᠤᠰᠬᠠᠯ ᠲᠠᠢ ᠨᠡᠶᠢᠴᠡᠬᠦ ᠦᠭᠡᠢ ᠂ ᠨᠡᠩ ᠴᠤ ᠲᠤᠰ ᠤᠯᠤᠰ ᠤᠨ ᠢᠶᠠᠨ ᠠᠰᠠᠭᠤᠳᠠᠯ ᠪᠠ ᠳᠡᠯᠡᠬᠡᠢ ᠶᠢᠷᠲᠢᠨᠴᠦ ᠳᠤ | ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠰᠢᠢᠳᠪᠦᠷᠢᠯᠡᠵᠦ ᠴᠢᠳᠠᠬᠤ ᠦᠭᠡᠢ ᠶᠤᠮ ᠃ ᠳᠤᠮᠳᠠᠳᠤ ᠠᠮᠧᠷᠢᠺᠠ ᠶᠢᠨ ᠬᠠᠮᠲᠤ ᠶᠢᠨ ᠠᠰᠢᠭ ᠲᠤᠰᠠ ᠨᠢ | ᠵᠥᠷᠢᠯᠳᠦᠭᠡᠨ ᠠᠴᠠ ᠬᠤᠯᠠ ᠶᠡᠭᠡ ᠂ ᠳᠤᠮᠳᠠᠳᠤ ᠠᠮᠧᠷᠢᠺᠠ ᠶᠢᠨ ᠲᠤᠰ ᠲᠤᠰ ᠤᠨ ᠣᠯᠣᠭᠰᠠᠨ ᠠᠮᠵᠢᠯᠲᠠ ᠨᠢ ᠬᠠᠷᠢᠯᠴᠠᠨ ᠨᠦᠭᠦᠭᠡ ᠲᠠᠯ᠎ᠠ ᠶᠢᠨ ᠢᠶᠠᠨ ᠠᠵᠠ | ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠭᠡᠵᠦ ᠳᠤᠮᠳᠠᠳᠤ ᠤᠯᠤᠰ ᠢᠮᠠᠭᠲᠠ ᠦᠵᠡᠭᠰᠡᠭᠡᠷ ᠢᠷᠡᠪᠡ ᠃ ︽ ᠰᠢᠦᠺᠢᠳᠢᠳ᠋ ᠤᠨ | ᠤᠨᠠᠭᠤᠯᠢ ︾ ᠨᠢ ᠵᠠᠶᠢᠯᠠᠰᠢ ᠦᠭᠡᠢ ᠶᠠᠪᠤᠳᠠᠯ ᠪᠢᠰᠢ ᠂ ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ ᠂ | ᠬᠠᠮᠲᠤ ᠶᠢᠨ ᠴᠡᠴᠡᠭᠯᠡᠯ ᠬᠥᠭᠵᠢᠯ ᠢ ᠪᠦᠷᠢᠮᠦᠰᠦᠨ ᠪᠠᠭᠲᠠᠭᠠᠵᠤ ᠲᠡᠶᠢᠯᠦᠨ᠎ᠠ ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ ᠂ | ᠬᠡᠨ ᠠᠯᠢᠨ ᠠᠴᠠ ᠪᠠᠨ ᠦᠯᠦ ᠰᠠᠯᠵᠤ ᠴᠢᠳᠠᠨ ᠂ ᠨᠦᠭᠦᠭᠡ ᠲᠠᠯ᠎ᠠ ᠶᠢᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠣᠯᠣᠨ᠎ᠠ ᠃ ᠪᠦᠭᠦ ᠪᠥᠮᠪᠥᠷᠴᠡᠭ ᠤᠨ | ᠬᠢᠵᠢᠭ ᠤᠨ ᠳᠠᠷᠠᠭᠠᠬᠢ ᠰᠡᠷᠭᠦᠯᠲᠡ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ | ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠱᠠᠭᠠᠷᠳᠠᠨ᠎ᠠ ᠃ ᠳᠤᠮᠳᠠᠳᠤ ᠠᠮᠧᠷᠢᠺᠠ ᠨᠢ ᠬᠤᠶᠠᠷ ᠲᠣᠮᠣ ᠤᠯᠤᠰ | ᠪᠣᠯᠤᠭᠰᠠᠨ ᠤ ᠬᠤᠪᠢ ᠳᠤ ᠂ ᠲᠣᠮᠣ ᠤᠯᠤᠰ ᠤᠨ ᠬᠡᠬᠦᠳᠡᠭ ᠴᠡᠭᠡᠵᠢ ᠂ ᠬᠠᠷᠠᠭᠠᠰᠤ ᠪᠣᠯᠣᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ ᠂ ᠲᠡᠦᠬᠡ ᠂ ᠠᠷᠠᠳ | ᠲᠦᠮᠡᠨ ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠲᠤᠷ ᠰᠢᠢᠳᠪᠦᠷᠢᠯᠡᠵᠦ ᠂ ᠬᠠᠷᠢᠯᠴᠠᠨ ᠭᠦᠨᠳᠦᠳᠭᠡᠵᠦ ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠵᠤ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠵᠦ ᠂ ᠬᠥᠮᠥᠨ ᠲᠥᠷᠥᠯᠬᠢᠲᠡᠨ ᠤ ᠨᠡᠶᠢᠭᠡᠮ ᠤᠨ ᠲᠠᠪᠰᠢᠯᠳᠠ ᠶᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ | ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠤᠮᠳᠠᠳᠤ ᠶᠢᠨ ᠪᠣᠯᠪᠠᠰᠤᠨ ᠲᠠᠪᠤᠨ ᠮᠢᠩᠭ᠎ᠠ ᠭᠠᠷᠤᠢ ᠵᠢᠯ ᠦᠷᠭᠦᠯᠵᠢᠯᠡᠵᠦ ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠂ ᠪᠦᠭᠦᠨ ᠢ | ᠬᠠᠮᠤᠷᠴᠤ ᠪᠦᠭᠦᠨ ᠢ ᠪᠠᠭᠲᠠᠭᠠᠬᠤ ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠡᠩᠬᠡ ᠲᠠᠶᠢᠪᠤᠩ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠭᠰᠠᠭᠠᠷ ᠢᠷᠡᠵᠡᠢ ᠃ | ᠳᠤᠮᠳᠠᠳᠤ ᠤᠯᠤᠰ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ | ᠡᠭᠦᠳᠴᠦ ᠂ ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ | ᠪᠡᠶᠡᠯᠡᠭᠦᠯᠦᠭᠰᠡᠨ ᠤ ᠦᠨᠳᠦᠰᠦᠨ ᠰᠢᠯᠲᠠᠭᠠᠨ ᠪᠣᠯ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠂ ᠠᠷᠠᠳ ᠲᠦᠮᠡᠨ ᠤ ᠬᠦᠰᠡᠯ ᠡᠷᠡᠮᠡᠯᠵᠡᠯ ᠳᠤ | ᠨᠡᠶᠢᠴᠡᠭᠰᠡᠨ ᠂ ᠠᠷᠠᠳ ᠲᠦᠮᠡᠨ ᠤ ᠳᠡᠮᠵᠢᠯᠭᠡ ᠶᠢ ᠣᠯᠣᠭᠰᠠᠨ ᠠᠮᠵᠢᠯᠲᠠ ᠲᠠᠢ ᠬᠥᠭᠵᠢᠯᠲᠡ ᠶᠢᠨ ᠵᠠᠮ ᠢ ᠡᠷᠢᠵᠦ ᠣᠯᠣᠭᠰᠠᠨ ᠳᠤ ᠪᠠᠶᠢᠨ᠎ᠠ ᠃ ᠳᠤᠮᠳᠠᠳᠤ ᠤᠯᠤᠰ | ᠦᠷᠭᠦᠯᠵᠢᠯᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠡᠩᠬᠡ ᠲᠠᠶᠢᠪᠤᠩ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ ᠂ ᠳᠡᠯᠡᠬᠡᠢ ᠶᠢᠨ ᠡᠯ᠎ᠡ ᠤᠯᠤᠰ ᠲᠠᠢ | ᠬᠠᠮᠲᠤ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠠᠮᠧᠷᠢᠺᠠ ᠶᠢᠨ ᠤᠯᠤᠰ ᠤᠨ ᠬᠤᠷᠠᠯ ᠤᠨ | ᠨᠡᠩ ᠤᠯᠠᠨ ᠭᠡᠰᠢᠭᠦᠨ ᠳᠤᠮᠳᠠᠳᠤ ᠤᠯᠤᠰ ᠲᠤ ᠠᠶᠢᠯᠴᠢᠯᠠᠵᠤ ᠂ ᠳᠤᠮᠳᠠᠳᠤ ᠤᠯᠤᠰ ᠤᠨ ᠥᠩᠭᠡᠷᠡᠭᠰᠡᠨ ᠂ ᠤᠳᠤ ᠪᠠ ᠢᠷᠡᠭᠡᠳᠦᠢ ᠶᠢ ᠨᠡᠩ ᠰᠠᠶᠢᠨ ᠣᠶᠢᠯᠠᠭᠠᠬᠤ ᠶᠢ | ᠪᠠᠶᠠᠷᠯᠠᠨ ᠤᠭᠲᠤᠵᠤ ᠪᠠᠶᠢᠨ᠎ᠠ ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠢᠯᠡᠭᠦᠬᠡᠨ ᠶᠠᠪᠤᠯᠴᠠᠵᠤ ᠂ ᠢᠯᠡᠭᠦᠬᠡᠨ ᠶᠠᠷᠢᠯᠴᠠᠵᠤ ᠂ ᠢᠯᠡᠭᠦᠬᠡᠨ | ᠰᠠᠨᠠᠯ ᠢᠶᠠᠨ ᠰᠣᠯᠢᠯᠴᠠᠵᠤ ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠪᠤᠷᠢᠵᠢᠭᠤᠯᠬᠤ ᠂ ᠰᠠᠶᠢᠵᠢᠷᠠᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠱᠦᠮᠦᠸᠧ ᠨᠠᠷ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠳᠤᠮᠳᠠᠳᠤ ᠶᠢᠨ ᠲᠠᠯ᠎ᠠ ᠵᠢᠨᠬᠢᠨ ᠤ | ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ ᠂ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠪᠢᠳᠡᠨ ᠳᠤ ᠳᠤᠮᠳᠠᠳᠤ ᠤᠯᠤᠰ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠪᠣᠯᠣᠨ ᠳᠠᠯᠳᠠ ᠬᠦᠴᠦᠨ ᠢ ᠮᠡᠳᠡᠷᠡᠭᠦᠯᠪᠡ ᠭᠡᠵᠦ ᠢᠯᠡᠳᠬᠡᠵᠡᠢ ᠃ ᠱᠦᠮᠦᠸᠧ ᠨᠠᠷ ᠳᠤᠮᠳᠠᠳᠤ ᠠᠮᠧᠷᠢᠺᠠ ᠵᠢᠨᠬᠠᠷᠢᠯᠴᠠᠭᠠ ᠶᠢᠨ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠵᠡᠯᠲᠡ ᠪᠠ ᠰᠠᠨᠠᠯ ᠢᠶᠠᠨ ᠲᠠᠨᠢᠯᠴᠠᠭᠤᠯᠵᠤ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠵᠢᠨᠲ᠋ᠣᠭᠲᠠᠭᠤᠨ | ᠬᠥᠭᠵᠢᠯᠲᠡ ᠨᠢ ᠠᠮᠧᠷᠢᠺᠠ ᠳᠤᠮᠳᠠᠳᠤ ᠬᠤᠶᠠᠷ ᠤᠯᠤᠰ ᠲᠤ ᠲᠦᠢᠯ ᠤᠨ ᠴᠢᠬᠤᠯᠠ ᠪᠠᠷ ᠪᠠᠷᠠᠬᠤ ᠦᠭᠡᠢ ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠦ | ᠬᠤᠯᠪᠣᠭᠳᠠᠨ᠎ᠠ ᠃ ᠳᠤᠮᠳᠠᠳᠤ ᠤᠯᠤᠰ ᠤᠨ ᠬᠥᠭᠵᠢᠯ ᠴᠡᠴᠡᠭᠯᠡᠯ ᠨᠢ ᠠᠮᠧᠷᠢᠺᠠ ᠶᠢᠨ ᠠᠷᠠᠳ ᠲᠦᠮᠡᠨ ᠳᠤ ᠠᠰᠢᠭᠲᠠᠢ ᠶᠤᠮ ᠃ ᠠᠮᠧᠷᠢᠺᠠ ᠵᠢᠨᠬᠢᠨ ᠳᠤᠮᠳᠠᠳᠤ | ᠤᠯᠤᠰ ᠯᠤᠭ᠎ᠠ ᠮᠥᠷᠭᠦᠯᠳᠦᠭᠡᠨ ᠭᠠᠷᠬᠤ ᠶᠢ ᠡᠷᠢᠯᠬᠢᠯᠡᠬᠦ ᠦᠭᠡᠢ ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠨ ᠲᠠᠰᠤᠯᠬᠤ ᠶᠢ ᠬᠦᠰᠡᠬᠦ ᠦᠭᠡᠢ ᠂ ᠳᠤᠷᠠᠲᠠᠶ᠎ᠠ | ᠳᠤᠮᠳᠠᠳᠤ ᠤᠯᠤᠰ ᠲᠠᠢ ᠨᠡᠭᠡᠭᠡᠯᠲᠡᠲᠡᠢ ᠦᠨᠡᠨᠴᠢ ᠰᠢᠳᠤᠷᠭᠤ ᠂ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠪᠠᠷ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ ᠂ | ᠬᠤᠶᠠᠷ ᠤᠯᠤᠰ ᠤᠨ ᠬᠠᠷᠢᠯᠴᠠᠭ᠎ᠠ ᠶᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠵᠦ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠵᠢᠨᠲ᠋ᠣᠭᠲᠠᠭᠤᠨ | ᠬᠥᠭᠵᠢᠯᠲᠡ ᠶᠢ ᠠᠬᠢᠭᠤᠯᠤᠨ᠎ᠠ ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠂ ᠬᠤᠣᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ ᠂ ᠭᠠᠵᠠᠷ ᠣᠷᠣᠨ ᠤ | ᠮᠥᠷᠭᠦᠯᠳᠦᠭᠡᠨ ᠢ ᠰᠢᠢᠳᠪᠦᠷᠢᠯᠡᠬᠦ ᠵᠡᠷᠭᠡ ᠠᠰᠠᠭᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ ︶ | | |