| ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ 10 ᠳ᠋ᠤᠭᠠᠷ ᠰᠠᠷ᠎ᠠ ᠶᠢᠨ 10 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ︽ ᠣᠷᠣᠯᠭ᠎ᠠ | ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠶᠢ ᠴᠢᠩᠭᠠᠳᠬᠠᠨ ᠲᠠᠰ ᠲᠥᠷᠥᠯ ᠬᠤᠪᠢᠶᠠᠨ ᠨᠡᠶᠢᠭᠡᠮ ᠤᠨ ᠲᠤᠰᠠᠯᠠᠯᠲᠠ ᠶᠢ ᠰᠠᠶᠢᠲᠤᠷ ᠬᠢᠬᠦ ᠲᠤᠬᠠᠢ | ᠰᠠᠨᠠᠯ ︾ ᠂ ︽ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠠᠵᠢᠯᠯᠠᠭ᠎ᠠ ᠶᠢᠨ ᠲᠥᠰᠥᠯ ︾ ᠪᠠ ︽ | ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠲᠤᠰᠬᠠᠢ ᠠᠵᠢᠯᠯᠠᠭ᠎ᠠ ᠶᠢᠨ ᠲᠥᠰᠥᠯ ︵ 2023 – 2025 ᠣᠨ ︶ ︾ ᠢ ᠶᠠᠷᠢᠯᠴᠠᠵᠤ ᠪᠠᠲᠤᠯᠠᠪᠠ ᠃ ᠬᠤᠷᠠᠯ ᠳᠤ ᠂ | ᠨᠡᠶᠢᠭᠡᠮ ᠤᠨ ᠲᠤᠰᠠᠯᠠᠯᠲᠠ ᠪᠣᠯ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠳᠠᠬᠢ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ ᠰᠠᠭᠤᠷᠢ ᠴᠢᠨᠠᠷᠲᠠᠢ | ᠳᠦᠷᠢᠮ ᠤᠨ ᠲᠣᠬᠢᠷᠠᠭᠤᠯᠤᠯᠲᠠ ᠪᠣᠯᠣᠨ᠎ᠠ ᠃ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠣᠷᠣᠯᠭ᠎ᠠ | ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠶᠢ ᠴᠢᠩᠭᠠᠳᠬᠠᠨ ᠂ ᠨᠡᠶᠢᠭᠡᠮ ᠤᠨ ᠲᠤᠰᠠᠯᠠᠯᠲᠠ ᠶᠢ ᠨᠠᠩ ᠣᠨᠣᠪᠴᠢᠲᠠᠢ ᠂ ᠴᠠᠭ ᠲᠤᠬᠠᠢ ᠳᠤ ᠨᠢ ᠂ | ᠪᠦᠲᠦᠮᠵᠢᠲᠡᠶ ᠰᠠᠶᠢᠲᠤᠷ ᠬᠢᠵᠦ ᠂ ᠪᠥᠬᠦ ᠲᠠᠯ᠎ᠠ ᠶᠢ ᠬᠠᠮᠤᠷᠤᠭᠰᠠᠨ ᠂ ᠲᠠᠰ ᠲᠥᠷᠥᠯ ᠬᠤᠪᠢᠶᠠᠭᠰᠠᠨ ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠨᠡᠶᠢᠭᠡᠮ ᠤᠨ | ᠲᠤᠰᠠᠯᠠᠯᠲᠠ ᠶᠢᠨ ᠪᠠᠶᠢᠷᠢᠰᠢᠯ ᠢ ᠲᠦᠷᠭᠡᠪᠴᠢᠯᠡᠨ ᠪᠦᠲᠦᠭᠡᠵᠦ ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠠᠩ | ᠨᠢᠭᠲᠠ ᠂ ᠨᠠᠩ ᠪᠠᠲᠤ ᠰᠦᠯᠵᠢᠬᠦ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ ᠂ | ᠭᠠᠮᠰᠢᠭᠳᠠᠭᠰᠠᠨ ᠵᠡᠷᠭᠡ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠵᠦᠢᠯ ᠤᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ ᠂ ᠡᠯ᠎ᠡ ᠲᠦᠷᠦᠯ ᠤᠨ | ᠲᠤᠰᠠᠯᠠᠯᠲᠠ ᠶᠢᠨ ᠮᠥᠩᠭᠦ ᠂ ᠪᠠᠲᠤᠯᠠᠭ᠎ᠠ ᠶᠢᠨ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠠᠷᠬᠠᠭᠠᠨ ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ | ᠠᠮᠢᠳᠤᠷᠠᠯ ᠢ ᠰᠠᠶᠢᠲᠤᠷ ᠪᠠᠲᠤᠯᠠᠵᠤ ᠂ ᠲᠠᠪᠤᠲᠠᠢ ᠰᠠᠶᠢᠬᠠᠨ ᠡᠪᠦᠯᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠳᠤ ᠂ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠬᠥᠭᠵᠢᠭᠦᠯᠬᠦ ᠪᠣᠯ ᠠᠷᠠᠳ ᠤᠨ ᠠᠮᠢᠳᠤᠷᠠᠯ ᠤᠨ ᠴᠢᠬᠤᠯᠠ | ᠢᠨᠵᠧᠨᠧᠷᠢᠩ ᠪᠠᠶᠢᠵᠤ ᠂ ᠭᠡᠷ ᠲᠤ ᠪᠠᠨ ᠰᠠᠭᠤᠵᠤ ᠨᠡᠶᠢᠭᠡᠮ ᠲᠣᠭᠤᠷᠢᠭ ᠢᠶᠠᠷ ᠠᠰᠠᠷᠠᠭᠤᠯᠬᠤ ᠶᠢ ᠳᠡᠮᠵᠢᠬᠦ ᠂ ᠨᠠᠰᠤᠲᠠᠶᠢᠴᠤᠳ ᠤᠨ ᠪᠤᠶᠠᠨ ᠵᠢᠷᠭᠠᠯ ᠢ ᠨᠡᠮᠡᠭᠳᠡᠭᠦᠯᠬᠦ | ᠴᠢᠬᠤᠯᠠ ᠠᠷᠭ᠎ᠠ ᠪᠣᠯᠣᠨ᠎ᠠ ᠃ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢ ᠬᠥᠭᠵᠢᠭᠦᠯᠬᠦ ᠶᠢ ᠠᠷᠠᠳ ᠲᠤ ᠪᠣᠳᠠᠲᠠᠢ ᠠᠵᠢᠯ ᠬᠢᠬᠦ ᠶᠢᠨ | ᠴᠢᠬᠤᠯᠠ ᠠᠭᠤᠯᠭ᠎ᠠ ᠪᠣᠯᠭᠠᠵᠤ ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠂ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ | ᠦᠢᠯᠡᠴᠢᠯᠡᠭᠡ ᠶᠢ ᠢᠳᠡᠪᠬᠢᠲᠡᠢ ᠮᠥᠷᠲᠡᠭᠡᠨ ᠯᠠᠪᠳᠠᠭᠤᠨ ᠂ ᠲᠤᠬᠠᠢ ᠭᠠᠵᠠᠷ ᠲᠤ ᠨᠢ ᠵᠣᠬᠢᠴᠠᠭᠤᠯᠤᠨ ᠬᠥᠭᠵᠢᠭᠦᠯᠵᠦ ᠂ ᠬᠡᠯᠪᠠᠶᠢᠯᠭᠡᠬᠦ ᠴᠢᠨᠠᠷᠲᠠᠢ ᠠᠷᠭ᠎ᠠ ᠪᠠᠷ ᠬᠥᠳᠡᠭᠡ | ᠲᠣᠰᠬᠤᠨ ᠤ ᠦᠢᠯᠡᠴᠢᠯᠡᠭᠡᠨ ᠤ ᠬᠠᠩᠭᠠᠯᠭ᠎ᠠ ᠪᠠᠨ ᠥᠷᠭᠡᠳᠬᠡᠬᠦ ᠶᠢ ᠨᠢ ᠳᠡᠮᠵᠢᠬᠦ ᠬᠡᠷᠡᠭᠲᠡᠢ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠶᠢᠲᠤᠷ ᠬᠠᠮᠵᠢᠯᠴᠠᠨ ᠂ | ᠬᠦᠴᠦᠨ ᠢᠶᠠᠨ ᠨᠢᠭᠡᠳᠬᠡᠵᠦ ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠳᠤ ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ ᠂ ᠲᠤᠰᠬᠠᠢ ᠠᠰᠢᠭ ᠤᠨ ᠦᠷᠳᠡᠭ ᠢ ᠭᠦᠢᠴᠡᠳ ᠠᠭᠤᠳᠠᠯᠵᠤ ᠂ ᠲᠤᠰᠬᠠᠢ ᠠᠰᠢᠭ | ᠬᠤᠷᠠᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ | ᠪᠣᠯᠣᠨ᠎ᠠ ᠃ ᠲᠤᠰᠬᠠᠢ ᠠᠰᠢᠭ ᠤᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠢ ᠴᠢᠩᠭᠠᠳᠬᠠᠬᠤ | ᠬᠤᠶᠠᠷ ᠲᠠᠯ᠎ᠠ ᠠᠴᠠ ᠬᠦᠴᠦᠯᠡᠵᠦ ᠂ ᠪᠣᠳᠠᠲᠤ ᠬᠡᠷᠡᠭᠴᠡᠭᠡᠨ ᠤ ᠳᠤᠮᠳᠠ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠠᠰᠠᠭᠤᠳᠠᠯ ᠢ ᠪᠣᠯᠪᠠᠰᠤᠷᠠᠭᠤᠯᠬᠤ ᠶᠢᠨ ᠬᠠᠮᠲᠤ | ᠪᠡᠷᠬᠡ ᠰᠡᠳᠦᠪ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ ᠂ ᠲᠤᠰᠬᠠᠢ ᠠᠰᠢᠭ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠳᠤ ᠠᠰᠢᠭᠲᠠᠢ ᠳᠦᠷᠢᠮ ᠤᠨ | ᠲᠣᠬᠢᠷᠠᠭᠤᠯᠤᠯᠲᠠ ᠪᠠ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠶᠢᠨ | ᠵᠠᠩᠭᠢᠯᠠᠭ᠎ᠠ ᠶᠢᠨ ᠲᠦᠭᠵᠢᠷᠡᠯ ᠢ ᠬᠦᠴᠦᠯᠡᠨ ᠨᠠᠪᠲᠠᠷᠡᠭᠦᠯᠵᠦ ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠤᠯᠠᠮ ᠰᠢᠯᠢᠳᠡᠭᠵᠢᠭᠦᠯᠵᠦ ᠂ ᠰᠠᠶᠢᠨ ᠰᠠᠶᠢᠬᠠᠨ ᠠᠮᠢ | ᠠᠬᠤᠢ ᠶᠢ ᠪᠣᠢ ᠪᠣᠯᠭᠠᠨ ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ ᠃ | | | |