| ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ ᠰᠢᠨᠬᠤᠸᠠ ᠬᠤᠷᠢᠶ᠎ᠠ ᠶᠢᠨ ᠨᠠᠨᠴᠠᠩ ᠤᠨ 10 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | 12 ᠤᠨ ᠦᠳᠡ ᠶᠢᠨ ᠬᠤᠶᠢᠨ᠎ᠠ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ | ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠂ ᠶᠡᠭᠡ | ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠥ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠ ᠠᠵᠢᠯ ᠤᠨ ᠬᠠᠮᠵᠢᠯᠴᠠᠭ᠎ᠠ ᠶᠢ | ᠴᠢᠩᠭᠠᠳᠬᠠᠵᠤ ᠂ ᠠᠯᠤᠰ ᠭᠡᠲᠦ ᠶᠢᠨ ᠬᠠᠨᠳᠤᠰᠢ ᠶᠢ ᠰᠦᠪᠡᠭᠴᠢᠯᠡᠵᠦ ᠂ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠂ ᠥᠨᠢᠳᠡ ᠶᠢᠨ ᠠᠮᠤᠷ | ᠲᠦᠪᠰᠢᠨ ᠤ ᠰᠠᠭᠤᠷᠢ ᠶᠢ ᠪᠠᠶᠢᠭᠤᠯᠵᠤ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠠᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | | 10 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ ᠃ | ᠰᠢ ᠶᠢᠨ ᠫᠢᠩ ᠵᠢᠶᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠲᠠᠭᠠᠨ ᠲᠤᠰᠬᠠᠶᠢᠯᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ | ᠬᠤᠷᠠᠯᠳᠤᠭᠤᠯᠪᠠ ᠃ ᠶᠠᠷᠢᠯᠴᠠᠬᠤ ᠬᠤᠷᠠᠯ ᠳᠡᠭᠡᠷ᠎ᠡ ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ ᠂ | ᠴᠦᠩᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ ᠂ ᠱᠠᠩᠬᠠᠢ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠤᠷᠢᠳ ᠬᠤᠵᠢᠳ ᠦᠭᠡ ᠬᠡᠯᠡᠵᠦ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠮᠡᠳᠡᠭᠦᠯᠵᠦ ᠂ ᠰᠠᠨᠠᠯ ᠰᠠᠨᠠᠭᠤᠯᠭ᠎ᠠ ᠳᠤᠷᠠᠳᠪᠠ ᠃ ᠶᠠᠷᠢᠯᠴᠠᠬᠤ ᠬᠤᠷᠠᠯ ᠳᠤ | ᠣᠷᠣᠯᠴᠠᠬᠰᠠᠨ ᠪᠤᠰᠤᠳᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠵᠢᠨᠬᠥ᠋ᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 8 ᠵᠢᠯ ᠤᠨ ᠲᠤᠷᠰᠢ ᠂ ᠮᠥᠷᠡᠨ ᠳᠠᠭᠠᠤ ᠮᠤᠵᠢ ᠬᠤᠲᠠ ᠪᠣᠯᠣᠨ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠵᠢᠨᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ ᠂ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ | ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ ᠂ ᠡᠷᠴᠢ ᠵᠣᠷᠢᠭ ᠤᠨ ᠶᠡᠭᠡ ᠂ ᠡᠷᠴᠢᠮ ᠤᠨ ᠶᠡᠭᠡ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠴᠢᠬᠤᠯᠠ ᠶᠡᠭᠡ ᠬᠤᠪᠢᠷᠠᠯᠲᠠ ᠭᠠᠷᠴᠠᠢ ᠃ ᠦᠵᠡᠯ ᠰᠠᠨᠠᠭ᠎ᠠ ᠲᠠᠨᠢᠯᠲᠠ ᠳᠤ ᠴᠢᠬᠤᠯᠠ ᠶᠡᠭᠡ | ᠬᠤᠪᠢᠷᠠᠯᠲᠠ ᠭᠠᠷᠴᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠨᠢ ᠬᠠᠮᠲᠤ ᠶᠢᠨ ᠲᠠᠨᠢᠯᠲᠠ ᠪᠤᠯᠪᠠ ︔ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠰᠡᠷᠭᠦᠭᠡᠯᠲᠡ ᠴᠢᠬᠤᠯᠠ ᠶᠡᠭᠡ ᠠᠮᠵᠢᠯᠲᠠ ᠣᠯᠵᠤ ᠂ ︽ ᠨᠣᠮᠢᠨ ᠤᠷᠤᠰᠬᠠᠯ ᠵᠡᠭᠦᠨᠰᠢᠯᠡᠬᠦ ︾ ᠭᠤᠶᠤ | ᠦᠵᠡᠮᠵᠢ ᠳᠠᠬᠢᠨᠲᠠ ᠢᠯᠡᠷᠡᠪᠡ ︔ ᠬᠥᠭᠵᠢᠯᠲᠡ ᠶᠢᠨ ᠠᠷᠭ᠎ᠠ ᠭᠡᠯᠪᠡᠷᠢ ᠳᠤ ᠴᠢᠬᠤᠯᠠ ᠶᠡᠭᠡ ᠬᠤᠪᠢᠰᠤᠯᠲᠠ ᠭᠠᠷᠴᠤ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠤᠯᠭᠠᠬᠤ ᠠᠵᠢᠯ ᠪᠦᠭᠦ ᠲᠠᠯ᠎ᠠ ᠪᠠᠷ ᠡᠷᠴᠢᠮᠵᠢᠪᠡ ︔ ᠣᠷᠣᠨ ᠪᠦᠰᠡ ᠶᠢᠨ ᠠᠭᠤᠰᠤᠯᠴᠠᠯ ᠴᠢᠬᠤᠯᠠ ᠶᠡᠭᠡ ᠳᠡᠭᠡᠭᠰᠢᠯᠡᠯᠲᠡ ᠶᠢ ᠪᠡᠶᠡᠯᠡᠭᠦᠯᠵᠦ ᠂ ᠣᠷᠣᠨ | ᠪᠦᠰᠡ ᠶᠢᠨ ᠬᠠᠮᠵᠢᠯᠴᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠪᠠ ︔ ᠥᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ ᠠᠬᠢᠯᠲᠠ ᠲᠠᠢ ᠪᠣᠯᠵᠤ ᠂ ᠪᠦᠭᠦ | ᠲᠠᠯ᠎ᠠ ᠪᠠᠷ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠬᠠᠨᠳᠤᠰᠢ ᠲᠦᠷᠭᠡᠨ ᠪᠦᠷᠢᠯᠳᠦᠪᠡ ᠃ ᠶᠡᠷᠦᠩᠬᠡᠢ ᠳᠤᠨᠢ ᠠᠪᠴᠤ ᠦᠵᠡᠪᠡᠯ ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠵᠢᠨᠬᠥ᠋ᠭᠵᠢᠯᠲᠡ ᠶᠢᠨ ᠠᠮᠵᠢᠯᠲᠠ ᠪᠦᠲᠦᠮᠵᠢ ᠤᠯᠠᠨ ᠤ ᠨᠢᠳᠦᠨ ᠳᠤ ᠢᠯᠡᠭᠡᠨ ᠪᠠᠶᠢᠵᠤ ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ | ᠳᠡᠭᠡᠭᠰᠢᠯᠡᠵᠦ ᠂ ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ ᠃ ᠡᠭᠦᠨ ᠤ ᠵᠡᠷᠭᠡ ᠪᠠᠷ ᠂ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠠᠭ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠂ ᠣᠯᠣᠭᠰᠠᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ ᠂ ᠪᠤᠰᠤᠳᠴᠢ ᠲᠠᠯ᠎ᠠ ᠪᠠᠷ ᠪᠠᠰᠠ ᠴᠥᠭᠡᠨ ᠪᠤᠰᠤ | ᠬᠦᠴᠢᠷᠳᠡᠯ ᠪᠣᠯᠣᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ ᠂ ᠦᠷᠭᠦᠯᠵᠢᠯᠡᠨ ᠴᠢᠷᠮᠠᠶᠢᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠠᠯᠤᠰ ᠭᠡᠳᠦ ᠠᠴᠠ ᠠᠪᠴᠤ ᠦᠵᠡᠪᠡᠯ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠦᠨᠳᠦᠰᠦᠨ ᠠᠴᠠ ᠨᠢ ᠠᠪᠴᠤ ᠬᠡᠯᠡᠬᠦ ᠳᠤ ᠬᠥᠬᠡᠮᠥ᠋ᠷᠡᠨ ᠤ ᠰᠠᠪᠠ ᠭᠠᠵᠠᠷ ᠤᠨ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠬᠦ ᠬᠡᠷᠡᠭᠲᠡᠢ ᠃ | ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ᠥᠨᠳᠥᠷ ᠲᠦᠪᠰᠢᠨ | ᠪᠦᠬᠦᠢ ᠬᠠᠮᠠᠭᠠᠯᠠᠯᠲᠠ ᠳᠡᠭᠡᠷ᠎ᠡ ᠨᠡᠩ ᠶᠡᠭᠡ ᠬᠦᠴᠦ ᠣᠷᠣᠭᠤᠯᠬᠤ ᠬᠡᠷᠡᠭᠲᠡᠢ ᠃ ᠮᠥᠷᠡᠨ ᠳᠠᠭᠠᠤ ᠡᠯ᠎ᠡ ᠭᠠᠵᠠᠷ ᠤᠨ ᠠᠮᠢ ᠠᠬᠤᠢ ᠶᠢᠨ ᠤᠯᠠᠭᠠᠨ ᠱᠤᠭᠤᠮ ᠢ ᠨᠢᠭᠡᠨᠲᠡ | ᠵᠠᠭᠠᠭᠯᠠᠨ ᠲᠣᠭᠲᠠᠭᠠᠭᠰᠠᠨ ᠪᠣᠯᠬᠤᠷ ᠡᠷᠬᠡᠪᠰᠢ ᠪᠠᠲᠤ ᠰᠠᠬᠢᠵᠤ ᠬᠠᠮᠢᠶᠠᠷᠤᠨ ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ ᠂ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠵᠠᠭᠠᠭᠯᠠᠨ ᠲᠣᠭᠲᠠᠭᠠᠭᠰᠠᠨ ᠲᠣᠰ ᠭᠠᠵᠠᠷ ᠤᠨ ᠢᠶᠠᠨ ᠴᠢᠬᠤᠯᠠ ᠠᠮᠢ ᠠᠬᠤᠢ ᠶᠢᠨ ᠣᠷᠣᠨ ᠵᠠᠢ ᠶᠢᠨ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠵᠤ ᠂ | ᠤᠷᠢᠳ ᠢᠶᠠᠷ ᠬᠠᠮᠠᠭᠠᠯᠠᠵᠤ ᠂ ᠴᠢᠩᠭ᠎ᠠ ᠬᠠᠮᠠᠭᠠᠯᠠᠬᠤ ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ | ᠴᠢᠩᠭᠠᠳᠬᠠᠵᠤ ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ ᠂ ᠤᠰᠤᠨ ᠤ ᠡᠬᠢ ᠪᠠᠶᠠᠯᠢᠭ ᠂ ᠤᠰᠤᠨ ᠤ ᠣᠷᠴᠢᠨ | ᠲᠣᠭᠤᠷᠢᠨ ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ ᠂ ᠠᠭᠠᠷ ᠮᠠᠨᠳᠠᠯ ᠪᠣᠯᠣᠨ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠯᠠᠪᠳᠠᠭᠤᠨ ᠪᠠᠲᠤᠲᠠᠢ ᠠᠬᠢᠭᠤᠯᠵᠤ ᠂ ᠡᠮᠦᠨ᠎ᠡ ᠬᠡᠰᠡᠭ ᠤᠨ ᠪᠣᠬᠢᠷᠳᠤᠯ ᠢ ᠡᠵᠡᠮᠳᠡᠬᠦ ᠶᠢ ᠨᠡᠩ ᠴᠢᠬᠤᠯᠠᠴᠢᠯᠠᠵᠤ ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ | ᠬᠡᠮᠵᠢᠶ᠎ᠡ ᠶᠢ ᠡᠬᠢ ᠡᠭᠦᠰᠦᠯ ᠠᠴᠠ ᠨᠢ ᠪᠠᠭᠤᠷᠠᠭᠤᠯᠬᠤ ᠬᠡᠷᠡᠭᠲᠡᠢ ᠃ ᠬᠥᠬᠡᠮᠥ᠋ᠷᠡᠨ ᠤ ︽ ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ︾ ᠠᠵᠢᠯ ᠢ ᠡᠷᠡᠰ | ᠠᠬᠢᠭᠤᠯᠵᠤ ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠂ | ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠶᠢ ᠥᠷᠭᠡᠳᠬᠡᠬᠦ ᠂ ᠨᠡᠮᠡᠭᠳᠡᠬᠦ ᠶᠢ ᠬᠠᠮᠵᠢᠯᠴᠠᠨ ᠠᠬᠢᠭᠤᠯᠵᠤ ᠂ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ ᠂ ᠪᠣᠬᠢᠷᠳᠤᠯ ᠦᠭᠡᠢ ᠮᠡᠷᠭᠡᠵᠢᠯ ᠂ ᠪᠣᠬᠢᠷᠳᠤᠯ ᠦᠭᠡᠢ ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠵᠦ ᠂ ᠠᠵᠤ | ᠠᠬᠤᠢ ᠶᠢᠨ ᠪᠣᠬᠢᠷᠳᠤᠯ ᠦᠭᠡᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ ᠂ ᠬᠥᠭᠵᠢᠯᠲᠡ ᠶᠢᠨ ᠳᠠᠯᠳᠠ ᠬᠦᠴᠦᠨ ᠪᠠ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠢ ᠃ | ᠠᠮᠢ ᠠᠬᠤᠢ ᠶᠢᠨ ᠳᠠᠪᠠᠭᠤᠯᠢᠭᠲᠤ ᠭᠠᠵᠠᠷ ᠣᠷᠣᠨ ᠢ ᠳᠡᠮᠵᠢᠵᠦ ᠪᠠᠶᠢᠭᠠᠳ ᠠᠮᠢ ᠠᠬᠤᠢ ᠶᠢ ᠠᠰᠢᠭᠯᠠᠬᠤ ᠠᠵᠢᠯ ᠢ ᠰᠠᠶᠢᠲᠤᠷ ᠬᠢᠵᠦ ᠂ ᠠᠮᠢ ᠠᠬᠤᠢ ᠶᠢᠨ ᠡᠳ᠋ | ᠪᠠᠶᠠᠯᠢᠭ ᠢ ᠠᠵᠤ ᠠᠬᠤᠢ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠢ ᠃ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠤ | ᠲᠣᠭᠲᠠᠴᠠ ᠶᠢ ᠲᠡᠭᠦᠯᠳᠡᠷᠵᠢᠭᠦᠯᠵᠦ ᠂ ᠪᠦᠭᠦ ᠰᠠᠪᠠ ᠭᠠᠵᠠᠷ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠣᠷᠤᠯᠴᠠᠬᠤ ᠢᠳᠡᠪᠬᠢᠵᠢᠯ ᠢ ᠬᠥᠭᠵᠢᠭᠡᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠂ ᠴᠢᠳᠠᠪᠤᠷᠢᠲᠠᠨ ᠤ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠂ | ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ | ᠪᠤᠢ ᠪᠤᠯᠭᠠᠬᠤ ᠬᠡᠷᠡᠭᠲᠡᠢ ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ ᠪᠠ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠭᠦ ᠪᠠ ᠠᠵᠤ | ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢᠨ ᠲᠣᠭᠤᠷᠢᠨ ᠳᠤ ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠬᠥᠲᠥᠯᠥᠨ ᠳᠠᠭᠠᠭᠤᠯᠬᠤ ᠴᠢᠨᠠᠷᠲᠠᠢ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠢᠳᠡᠪᠬᠢᠲᠡᠢ ᠪᠠᠶᠢᠷᠢᠰᠢᠭᠤᠯᠵᠤ ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠢ ᠲᠠᠳᠠᠨ ᠴᠤᠭᠯᠠᠭᠤᠯᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠰᠢᠭᠤᠷᠠᠯ ᠬᠦᠷᠢᠶᠡᠨ ᠤ ᠤᠤᠭᠠᠯ ᠡᠭᠦᠳᠦᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠃ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ | ᠴᠢᠩᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ ᠂ ᠲᠡᠷᠢᠭᠦᠨ ᠤ ᠦᠢᠯᠡᠳᠬᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ ᠂ ᠲᠣᠭᠠᠴᠢᠯᠠᠭᠰᠠᠨ ᠠᠵᠤ | ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠃ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ ᠂ ᠡᠮᠦᠨ᠎ᠡ ᠤᠮᠠᠷ᠎ᠠ ᠶᠢ ᠵᠠᠯᠭᠠᠬᠤ ᠂ ᠮᠥᠷᠡᠨ ᠲᠠᠢ | ᠵᠠᠯᠭᠠᠵᠤ ᠲᠠᠯᠠᠢ ᠳᠤ ᠨᠡᠪᠲᠡᠷᠡᠬᠦ ᠥᠪᠡᠷᠮᠢᠴᠡ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ | ᠳᠡᠯᠭᠡᠭᠦᠷ ᠢ ᠨᠡᠩ ᠰᠠᠶᠢᠲᠤᠷ ᠬᠤᠯᠪᠣᠯᠳᠤᠭᠤᠯᠵᠤ ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠤᠨ ᠳᠣᠲᠣᠭᠠᠳᠤ ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ ᠂ ᠤᠯᠠᠨ ᠤᠯᠤᠰ ᠤᠨ ᠣᠷᠴᠢᠯ ᠳᠠᠬᠢ ᠲᠠᠲᠠᠬᠤ ᠬᠦᠴᠦᠨ ᠂ | ᠬᠥᠳᠡᠯᠭᠡᠬᠦ ᠬᠦᠴᠦᠨ ᠢ ᠴᠢᠩᠭᠠᠳᠬᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ | ᠬᠡᠷᠡᠭᠲᠡᠢ ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠂ ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ | ᠪᠥᠭᠡᠳ ᠪᠠᠰᠠ ᠬᠠᠮᠵᠢᠯᠴᠠᠨᠬᠥ᠋ᠭᠵᠢᠵᠦ ᠂ ᠰᠤᠯᠪᠢᠴᠡᠨ ᠬᠥᠭᠵᠢᠵᠦ ᠂ ᠬᠤᠯᠪᠤᠭᠠᠯᠠᠨ ᠬᠥᠭᠵᠢᠬᠦ ᠬᠡᠷᠡᠭᠲᠡᠢ ᠃ ᠮᠥᠷᠡᠨ ᠳᠠᠭᠠᠤ ᠶᠢᠨ ᠠᠵᠤ ᠦᠢᠯᠡᠰ ᠤᠨ | ᠪᠠᠶᠢᠷᠢᠰᠢᠭᠤᠯᠤᠯᠲᠠ ᠪᠠ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠪᠡᠯᠡ ᠮᠥᠩᠭᠦ ᠂ ᠮᠡᠷᠭᠡᠵᠢᠯ ᠂ ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠢ ᠬᠥᠲᠥᠯᠥᠨ | ᠵᠢᠯᠤᠭᠤᠳᠴᠤ ᠪᠠᠶᠢᠭᠠᠳ ᠵᠡᠭᠦᠨ ᠬᠡᠰᠡᠭ ᠠᠴᠠ ᠳᠤᠮᠳᠠ ᠬᠡᠰᠡᠭ ᠪᠠᠷᠠᠭᠤᠨ ᠬᠡᠰᠡᠭ ᠲᠡᠶᠢᠰᠢ ᠰᠢᠯᠵᠢᠭᠦᠯᠵᠦ ᠂ ᠭᠤᠣᠯ ᠬᠤᠳᠠ ᠠᠴᠠ ᠥᠷᠥᠴᠡ ᠭᠠᠵᠠᠷ ᠲᠡᠶᠢᠰᠢ ᠡᠮᠬᠢ | ᠵᠢᠷᠤᠮ ᠲᠠᠢ ᠪᠠᠷ ᠰᠢᠯᠵᠢᠭᠦᠯᠬᠦ ᠬᠡᠷᠡᠭᠲᠡᠢ ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠪᠠᠷ ᠠᠬᠢᠭᠤᠯᠵᠤ ᠂ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠦᠷᠢᠶ᠎ᠡ ᠂ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠬᠦ ᠬᠡᠷᠡᠭᠲᠡᠢ ᠃ ᠮᠥᠷᠡᠨ ᠳᠠᠭᠠᠤ ᠶᠢᠨ ᠮᠤᠵᠢ ᠬᠤᠳᠠ ᠶᠢᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ ᠂ ᠮᠥᠷᠡᠨ | ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠤᠯᠪᠤᠭᠠᠯᠠᠨ ᠬᠥᠭᠵᠢᠬᠦ ᠶᠢ ᠠᠬᠢᠭᠤᠯᠵᠤ ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠳᠤ ᠰᠢᠨ᠎ᠡ ᠲᠤᠷᠰᠢᠯᠭ᠎ᠠ ᠬᠤᠷᠠᠮᠳᠤᠭᠤᠯᠵᠤ ᠂ ᠰᠢᠨ᠎ᠡ ᠠᠷᠭ᠎ᠠ ᠵᠠᠮ ᠢ | ᠬᠠᠶᠢᠨ ᠰᠦᠪᠡᠭᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠷᠣᠨ ᠪᠦᠰᠡ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠬᠤ ᠪᠠᠷ ᠬᠦᠴᠦᠯᠡᠬᠦ ᠴᠡᠭ ᠪᠤᠯᠭᠠᠬᠤ ᠶᠢ ᠪᠠᠷᠢᠮᠲᠠᠯᠠᠵᠤ ᠂ ᠮᠥᠷᠡᠨ | ᠳᠠᠭᠠᠤ ᠶᠢᠨ ᠮᠤᠵᠢ ᠬᠤᠳᠠ ᠶᠢᠨ ᠬᠢᠨ ᠮᠤᠵᠢ ᠶᠢᠨ ᠬᠤᠭᠤᠷᠣᠨᠳᠤ ᠪᠠᠨ ᠬᠠᠮᠲᠤ ᠪᠠᠷ ᠵᠥᠪᠳᠡᠯᠴᠡᠬᠦ ᠂ ᠠᠮᠢ ᠠᠬᠤᠢ ᠶᠢ ᠬᠠᠮᠲᠤ ᠪᠠᠷ ᠵᠠᠰᠠᠬᠤ ᠂ ᠪᠦᠭᠦ ᠣᠷᠣᠨ | ᠪᠦᠰᠡ ᠪᠠᠷ ᠢᠶᠠᠨ ᠬᠠᠮᠲᠤ ᠪᠠᠷ ᠪᠠᠶᠢᠭᠤᠯᠬᠤ ᠂ ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ ᠂ ᠣᠷᠣᠨ ᠪᠦᠰᠡ ᠶᠢᠨ ᠵᠠᠮ ᠬᠠᠷᠢᠯᠴᠠᠭᠠᠨ ᠤ ᠬᠤᠯᠪᠣᠯᠳᠤᠬᠤ | ᠴᠢᠨᠠᠷ ᠂ ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ ᠂ ᠳᠦᠷᠢᠮ ᠤᠨ ᠨᠢᠭᠡᠳᠦᠯᠲᠦ ᠴᠢᠨᠠᠷ ᠂ ᠬᠡᠷᠡᠭᠵᠢᠭᠦᠯᠦᠯᠲᠡ ᠶᠢᠨ ᠬᠠᠮᠵᠢᠯᠴᠠᠬᠤ ᠴᠢᠨᠠᠷ ᠢ ᠴᠢᠩᠭᠠᠳᠬᠠᠵᠤ ᠂ | ᠠᠮᠢ ᠠᠬᠤᠢ ᠶᠢᠨ ᠬᠠᠮᠲᠤ ᠶᠢᠨ ᠴᠣᠭᠴᠠ ᠪᠣᠯᠣᠨ ᠠᠰᠢᠭ ᠲᠤᠰᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠬᠦᠯᠢ | ᠴᠣᠭᠴᠠ ᠶᠢᠨ ᠲᠠᠯ᠎ᠠ ᠡᠴᠠᠲ᠋ᠥ᠋ᠯᠥᠪᠵᠢᠭᠦᠯᠦᠨ ᠪᠦᠲᠦᠭᠡᠨ ᠪᠠᠶᠢᠭᠤᠯᠵᠤ ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠤᠩᠭᠢᠯ ᠢ ᠲᠦᠷᠭᠡᠳᠬᠡᠨ | ᠪᠦᠲᠦᠭᠡᠨ ᠪᠠᠶᠢᠭᠤᠯᠵᠤ ᠂ ᠵᠠᠮ ᠬᠠᠷᠢᠯᠴᠠᠭᠠᠨ ᠤ ᠲᠣᠣᠷ ᠤᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠪᠠ ︽ ᠵᠠᠰᠠᠮᠠᠯ ᠵᠠᠮ ᠤᠰᠤᠨ ᠵᠠᠮ ᠲᠡᠮᠦᠷ ᠵᠠᠮ ︾ ᠵᠡᠷᠭᠡ | ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠵᠣᠯᠭᠠᠯᠳᠤᠬᠤ ᠶᠢ ᠴᠢᠩᠭᠠᠳᠬᠠᠵᠤ ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠬᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ ᠃ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠂ ᠭᠤᠣᠯᠴᠢ ᠪᠠᠷ ᠥᠷᠢᠰᠦᠯᠳᠦᠬᠦ ᠂ ᠨᠡᠶᠢᠭᠡᠮ ᠤᠨ ᠢᠲᠡᠭᠡᠮᠵᠢ ᠵᠡᠷᠭᠡ ᠰᠠᠭᠤᠷᠢ ᠳᠦᠷᠢᠮ ᠢ ᠲᠡᠭᠦᠯᠳᠡᠷᠵᠢᠭᠦᠯᠵᠦ ᠂ ᠣᠷᠣᠨ | ᠪᠦᠰᠡ ᠠᠯᠤᠰᠯᠠᠭᠰᠠᠨ ᠂ ᠰᠠᠯᠠᠭ᠎ᠠ ᠮᠥᠴᠢᠷ ᠠᠯᠤᠰᠯᠠᠭᠰᠠᠨ ᠂ ᠱᠠᠲᠤ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠶᠠᠪᠤᠴᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠡᠭᠦᠯᠳᠡᠷᠵᠢᠭᠦᠯᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ ᠃ ᠬᠥᠬᠡᠮᠥ᠋ᠷᠡᠨ ᠤ ᠰᠣᠶᠣᠯ ᠤᠨ ᠴᠠᠭ ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠤ ᠂ | ᠰᠢᠨ᠎ᠡ ᠴᠠᠭ ᠦᠶ᠎ᠡ ᠶᠢᠨ ᠬᠥᠬᠡᠮᠥ᠋ᠷᠡᠨ ᠤ ᠰᠣᠶᠣᠯ ᠢ ᠬᠠᠷᠠᠭᠤᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠭᠠᠷᠭᠠᠬᠤ ᠬᠡᠷᠡᠭᠲᠡᠢ ᠃ ᠰᠣᠶᠣᠯ | ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ ᠂ ᠨᠢᠭᠡ ᠪᠦᠯᠦᠭ ᠪᠠᠶᠢᠭᠠᠯᠢ ᠶᠢᠨ ᠠᠭᠤᠯᠠ ᠤᠰᠤᠨ ᠤ ᠣᠨᠴᠠᠯᠢᠭ ᠪᠠ | ᠲᠡᠦᠬᠡ ᠰᠣᠶᠣᠯ ᠢᠷᠭᠡᠨᠰᠢᠯ ᠤᠨ ᠠᠭᠤᠯᠤᠭᠳᠠᠬᠤᠨ ᠲᠠᠢ ᠮᠥᠷᠡᠨ ᠳᠠᠭᠠᠤ ᠬᠤᠳᠠ ᠂ ᠵᠢᠵᠢᠭ ᠬᠤᠲᠠ ᠪᠠᠯᠭᠠᠰᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠵᠤ ᠂ ᠬᠥᠬᠡᠮᠥ᠋ᠷᠡᠨ ᠤ ᠤᠯᠠᠨ ᠤᠯᠤᠰ ᠤᠨ ᠰᠢᠵᠢᠷ ᠠᠯᠳᠠᠨ ᠵᠢᠭᠤᠯᠴᠢᠯᠠᠯ ᠤᠨ ᠪᠦᠰᠡ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ ᠃ ᠬᠥᠭᠵᠢᠯᠲᠡ ᠪᠠ | ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠂ ᠴᠢᠬᠤᠯᠠ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠂ ᠤᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ | ᠦᠢᠯᠡᠳᠦᠯ ᠦᠵᠡᠭᠦᠯᠵᠦ ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠭᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠭᠦ ᠬᠡᠷᠡᠭᠲᠡᠢ ᠃ ᠮᠥᠷᠡᠨ | ᠳᠠᠭᠠᠤ ᠶᠢᠨ ᠮᠤᠵᠢ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠴᠦ ᠲᠡᠷᠡ ᠂ ᠭᠤᠣᠯ ᠪᠣᠷᠤᠯᠠᠭᠤᠯᠭ᠎ᠠ ᠶᠢᠨ ᠣᠷᠣᠨ ᠂ ᠦᠢᠯᠡᠳᠪᠦᠷᠢᠯᠡᠯ | ᠪᠣᠷᠤᠯᠠᠭᠤᠯᠭ᠎ᠠ ᠶᠢᠨ ᠲᠡᠩᠴᠡᠭᠦᠷᠢ ᠶᠢᠨ ᠣᠷᠣᠨ ᠴᠦ ᠲᠡᠷᠡ ᠂ ᠴᠥᠮ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ ᠃ | ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠂ ᠶᠠᠰᠤ ᠴᠢᠨᠠᠷ ᠂ ᠠᠮᠢ ᠠᠬᠤᠢ ᠶᠢ ︽ ᠭᠤᠷᠪᠠ ᠶᠢ ᠨᠢᠭᠡ ᠴᠣᠭᠴᠠᠵᠢᠭᠤᠯᠬᠤ ︾ ᠬᠠᠮᠠᠭᠠᠯᠠᠯᠲᠠ ᠶᠢ ᠴᠢᠩᠭᠠᠳᠬᠠᠵᠤ ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ ᠂ | ᠲᠠᠷᠢᠶᠠᠯᠠᠩ ᠤᠨᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠴᠢᠬᠤᠯᠠ ᠶᠡᠭᠡ | ᠲᠦᠷᠤᠯ ᠵᠦᠢᠯ ᠢ ᠬᠡᠷᠡᠭᠵᠢᠭᠦᠯᠵᠦ ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ ᠃ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠪᠠᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠳᠡᠭᠡᠷ᠎ᠡ | ᠲᠠᠯᠪᠢᠵᠤ ᠂ ᠰᠠᠶᠢᠨ ᠲᠠᠷᠢᠶᠠᠨ ᠤ ᠰᠠᠶᠢᠨ ᠡᠭᠦᠯᠳᠡᠷ ᠂ ᠰᠠᠶᠢᠨ ᠮᠠᠰᠢᠨ ᠰᠠᠶᠢᠨ ᠠᠷᠭ᠎ᠠ ᠶᠢ ᠲᠥᠪᠯᠡᠷᠡᠭᠦᠯᠦᠨ ᠳᠡᠯᠭᠡᠷᠡᠭᠦᠯᠬᠦ ᠪᠠᠨ ᠴᠢᠩᠭᠠᠳᠬᠠᠵᠤ ᠂ ᠣᠯᠠᠨ ᠵᠦᠢᠯ ᠤᠨ | ᠭᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠬᠡᠷᠡᠭᠲᠡᠢ ᠃ ᠪᠦᠭᠦ ᠤᠯᠤᠰ ᠢᠶᠠᠷ ᠢᠶᠠᠨ ︽ | ᠨᠢᠭᠡ ᠬᠥᠯᠭᠡ ᠰᠢᠲᠠᠷ᠎ᠠ ︾ ᠪᠤᠯᠬᠤ ᠶᠢ ᠪᠠᠷᠢᠮᠲᠠᠯᠠᠵᠤ ᠂ ᠳᠡᠭᠡᠳᠦ ᠤᠷᠤᠰᠬᠠᠯ ᠤᠨ ᠭᠠᠵᠠᠷ ᠣᠷᠣᠨ ᠪᠣᠯᠣᠨ ᠳᠤᠮᠳᠠ ᠳᠣᠣᠷᠠᠳᠤ ᠤᠷᠤᠰᠬᠠᠯ ᠤᠨ ᠭᠠᠵᠠᠷ ᠣᠷᠣᠨ ᠤ | ᠡᠨᠧᠷᠭᠢ ᠵᠢᠨᠬᠠᠮᠲᠤᠷᠠᠯᠴᠠᠭᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠃ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢᠨ ᠦᠨᠳᠦᠰᠦᠨ ᠬᠦᠴᠦᠨ ᠵᠦᠢᠯ ᠢ | ᠪᠠᠲᠤᠯᠠᠬᠤ ᠴᠢᠳᠠᠪᠤᠷᠢ ᠶᠢ ᠴᠢᠩᠭᠠᠳᠬᠠᠵᠤ ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ ᠂ ᠤᠰᠤᠨ | ᠴᠠᠭᠢᠯᠭᠠᠨ ᠵᠡᠷᠭᠡ ᠳᠠᠪᠠᠭᠤᠯᠢᠭ ᠤᠯᠠᠮᠵᠢᠯᠠᠯᠲᠤ ᠡᠨᠧᠷᠭᠢ ᠪᠣᠯᠣᠨ ᠰᠠᠯᠬᠢᠨ ᠬᠦᠴᠦᠨ ᠤ ᠴᠠᠭᠢᠯᠭᠠᠨ ᠂ ᠭᠡᠷᠡᠯᠴᠢ ᠴᠡᠨᠡᠭ ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ | ᠡᠨᠧᠷᠭᠢ ᠵᠢᠨᠤᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ ᠂ ᠭᠦᠨᠵᠡᠭᠡᠢ ᠠᠭᠤᠰᠤᠯᠴᠠᠬᠤ ᠶᠢ ᠴᠢᠬᠤᠯᠠᠴᠢᠯᠠᠵᠤ ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ | ᠲᠦᠷᠭᠡᠨ ᠪᠠᠶᠢᠭᠤᠯᠵᠤ ᠂ ᠡᠨᠧᠷᠭᠢ ᠶᠢᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠬᠡᠷᠡᠭᠲᠡᠢ ᠃ ᠠᠮᠤᠷ ᠳᠥᠯᠭᠡᠨ | ᠬᠥᠬᠡᠮᠥ᠋ᠷᠡᠨ ᠢ ᠴᠢᠷᠮᠠᠶᠢᠨ ᠪᠦᠲᠦᠭᠡᠨ ᠪᠠᠶᠢᠭᠤᠯᠵᠤ ᠂ ᠬᠥᠬᠡᠮᠥ᠋ᠷᠡᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ ᠂ ᠭᠠᠩ | ᠬᠠᠭᠰᠠᠷᠠᠭᠠᠨᠤᠰᠤᠲᠤᠯ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠪᠠᠷᠢᠮᠲᠠᠯᠠᠵᠤ ᠂ ᠤᠰᠤᠨ ᠤ ᠰᠢᠰᠲ᠋ᠧᠮ ᠢ ᠨᠡᠪᠲᠡᠷᠡᠭᠦᠯᠬᠦ ᠂ ᠤᠰᠤᠨ ᠤ ᠡᠬᠢ | ᠰᠤᠷᠪᠤᠯᠵᠢ ᠶᠢ ᠬᠠᠮᠠᠭᠠᠯᠠᠨᠠᠷᠠᠴᠢᠯᠠᠬᠤ ᠂ ᠬᠥᠷᠥᠰᠥ ᠰᠢᠷᠣᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠰᠠᠪᠠ ᠭᠠᠵᠠᠷ ᠤᠨ ᠤᠰᠤᠨ ᠤ | ᠢᠨᠵᠧᠨᠧᠷᠢᠩ ᠢ ᠨᠢᠭᠡᠳᠦᠯᠲᠡᠢ ᠬᠤᠯᠪᠤᠭᠠᠯᠠᠨ ᠲᠣᠬᠢᠷᠠᠭᠤᠯᠬᠤ ᠶᠢ ᠴᠢᠩᠭᠠᠳᠬᠠᠵᠤ ᠂ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠤᠨ ᠡᠯᠪᠡᠭᠵᠢᠯ | ᠬᠤᠮᠰᠠᠳᠠᠯ ᠢ ᠲᠣᠬᠢᠷᠠᠭᠤᠯᠬᠤ ᠶᠢ ᠴᠢᠩᠭᠠᠳᠬᠠᠵᠤ ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠂ ᠬᠤᠲᠠ ᠰᠢᠶᠠᠨ ᠠᠴᠠ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ ᠂ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠬᠦ | ᠲᠦᠷᠦᠯ ᠵᠦᠢᠯ ᠳᠤ ᠳᠡᠮᠵᠢᠯᠭᠡ ᠦᠵᠡᠭᠦᠯᠵᠦ ᠂ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠃ | ᠮᠥᠷᠡᠨ ᠳᠠᠭᠠᠤ ᠮᠤᠵᠢ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ ᠂ ᠥᠷᠭᠡᠨ ᠤᠯᠠᠨ | ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠬᠡᠷᠡᠭᠲᠡᠢ ᠃ ᠡᠯ᠎ᠡ ᠲᠦᠷᠦᠯ ᠤᠨ ᠠᠵᠤ ᠠᠬᠤᠶᠢᠯᠠᠯ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠬᠥᠲᠥᠯᠥᠨ ᠵᠢᠯᠤᠭᠤᠳᠴᠤ ᠪᠠᠶᠢᠭᠠᠳ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ ᠂ ᠬᠥᠮᠥᠨ ᠤ ᠬᠦᠴᠦᠨ ᠂ | ᠪᠣᠳᠠᠰ ᠤᠨ ᠬᠦᠴᠦᠨ ᠂ ᠡᠳ᠋ ᠤᠨ ᠬᠦᠴᠦᠨ ᠵᠡᠷᠭᠡ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ ᠂ ᠠᠷᠠᠳ ᠤᠯᠠᠨ ᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ | ᠪᠦᠲᠦᠭᠡᠯᠴᠢ ᠴᠢᠨᠠᠷ ᠢ ᠰᠠᠶᠢᠲᠤᠷ ᠪᠠᠳᠠᠷᠠᠭᠤᠯᠬᠤ ᠬᠡᠷᠡᠭᠲᠡᠢ ᠃ ︽ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ | ᠬᠥᠲᠥᠯᠪᠦᠷᠢ ︾ ᠶᠢ ᠬᠡᠷᠡᠭᠵᠢᠭᠦᠯᠦᠭᠰᠡᠨ ᠲᠤᠬᠠᠢ ᠪᠠᠶᠢᠴᠠᠭᠠᠯᠲᠠ ᠦᠨᠡᠯᠡᠯᠲᠡ ᠪᠠ ᠬᠢᠨᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠡᠯ᠎ᠡ | ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠯᠢ ᠴᠢᠶᠠᠩ ᠶᠠᠷᠢᠶᠠᠨ ᠳᠠᠭᠠᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ ᠂ ᠦᠷᠭᠦᠯᠵᠢᠯᠡᠨ ᠬᠦᠴᠦᠯᠡᠵᠦ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠶᠡᠷᠦᠩᠬᠡᠶᠢᠯᠡᠨ ᠵᠠᠰᠠᠬᠤ ᠂ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠵᠡᠷᠭᠡ ᠳᠦᠷᠢᠮ ᠢ ᠲᠡᠭᠦᠯᠳᠡᠷᠵᠢᠭᠦᠯᠵᠦ ᠂ ᠠᠮᠢ | ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠬᠡᠷᠡᠭᠲᠡᠢ ᠃ ᠭᠤᠣᠯ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠣᠳᠣᠯᠭ᠎ᠠ ᠪᠠᠷ ᠠᠵᠤ ᠠᠬᠤᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠤᠭᠤᠳᠴᠤ ᠂ ᠬᠠᠷᠢᠴᠠᠭᠤᠯᠤᠭᠰᠠᠨ ᠳᠠᠪᠠᠭᠤᠯᠢᠭ ᠲᠠᠭᠠᠨ | ᠰᠠᠭᠤᠷᠢᠯᠠᠵᠤ ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠭᠠᠭᠤᠯᠤᠭᠴᠢ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ ᠂ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠬᠠᠮᠲᠤ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠃ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ ᠂ ᠣᠷᠣᠨ ᠪᠦᠰᠡ ᠶᠢᠨ ᠳᠣᠲᠣᠷᠠᠬᠢ ︽ ᠵᠥᠭᠡᠯᠡᠨ ︾ ᠂ ︽ ᠬᠠᠲᠠᠭᠤ ︾ ᠬᠤᠯᠪᠣᠯᠳᠤᠨ | ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ ᠂ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ | ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ ᠬᠡᠷᠡᠭᠲᠡᠢ ᠭᠡᠵᠦ ᠢᠯᠡᠳᠬᠡᠪᠡ ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠂ ᠶᠡᠭᠡ ᠨᠡᠭᠡᠭᠡᠨ ᠬᠥᠭᠵᠢᠭᠦᠯᠦᠯᠲᠡ | ᠦᠯᠦ ᠬᠢᠬᠦ ᠶᠢ ᠪᠠᠷᠢᠮᠲᠠᠯᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠶᠢ ᠲᠤᠪᠤᠶᠢᠯᠭᠠᠵᠤ ᠂ ᠥᠨᠳᠥᠷ ᠲᠦᠪᠰᠢᠨ ᠲᠠᠢ | ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠬᠤ ᠭᠡᠷᠡᠭᠲᠡᠢ ︔ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ | ᠪᠤᠶᠢᠵᠢᠭᠤᠯᠬᠤ ᠭᠡᠷᠡᠭᠳᠠᠢ ︔ ︽ ᠨᠢᠭᠡ ᠬᠥᠯᠭᠡ ᠰᠢᠲᠠᠷ᠎ᠠ ︾ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ | ᠬᠥᠭᠵᠢᠯᠲᠡ ᠶᠢᠨ ᠴᠢᠭᠯᠡᠯ ᠢ ᠵᠦᠢ ᠵᠣᠬᠢᠰᠲᠠᠢ ᠲᠣᠭᠲᠠᠭᠠᠵᠤ ᠂ ᠲᠡᠯᠡᠶ ᠳᠠᠭᠠᠤ ᠮᠥᠷᠡᠨ ᠳᠠᠭᠠᠤ ᠬᠢᠯᠢ ᠳᠠᠭᠠᠤ ᠪᠠ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢ | ᠨᠢᠭᠡᠳᠦᠯᠲᠡᠢ ᠲᠥᠯᠥᠪᠵᠢᠭᠦᠯᠵᠦ ᠂ ᠥᠨᠳᠥᠷ ᠲᠦᠪᠰᠢᠨ ᠪᠦᠬᠦᠢ ᠬᠠᠮᠵᠢᠯᠴᠠᠨ ᠬᠠᠮᠲᠤᠷᠠᠯᠴᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠪᠦᠬᠦᠯᠢ | ᠴᠣᠭᠴᠠ ᠵᠢᠨᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ ᠃ | ᠯᠢ ᠭᠠᠨ ᠵᠢᠶᠧ ᠂ ᠾᠧ ᠯᠢ ᠹᠧᠩ ᠂ ᠦ᠋ ᠵᠧᠩ ᠯᠦᠩ ᠂ ᠮᠦ ᠬᠤᠩ ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ ᠂ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠣᠷᠣᠨ ᠨᠤᠲᠤᠭ ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨᠨᠥ᠋ᠬᠦᠳ ᠶᠠᠷᠢᠯᠴᠠᠬᠤ ᠬᠤᠷᠠᠯ ᠳᠤ ᠣᠷᠣᠯᠴᠠᠵᠠᠢ ᠃ | | | |