| ᠡᠨᠡ ᠵᠢᠯ ᠤᠨ 6 ᠰᠠᠷ᠎ᠠ ᠳᠤ ᠂ ᠵᠡᠭᠦᠨᠭᠠᠷ ᠬᠤᠰᠢᠭᠤ ᠡᠩ ᠲᠡᠷᠢᠭᠦᠨ ᠳᠤ ᠪᠥᠬᠦ ᠬᠤᠲᠠ ᠶᠢᠨ ᠬᠡᠪᠴᠢᠶᠡᠨ ᠳᠤ ᠠᠩᠬᠠᠳᠠᠭᠴᠢ ︽ ᠨᠢᠭᠡᠳᠦᠭᠡᠷ ᠱᠦᠵᠢ ᠶᠢᠨ | ᠦᠢᠯᠡᠴᠢᠯᠡᠭᠡᠨ ᠤ ᠥᠷᠲᠡᠭᠡ ︾ ᠶᠢ ᠪᠠᠶᠢᠭᠤᠯᠵᠤ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠂ ᠬᠥᠳᠡᠭᠡ ᠲᠣᠰᠬᠤᠨ ᠤ ᠵᠠᠰᠠᠯᠲᠠ ᠂ ᠣᠯᠠᠨ | ᠲᠦᠮᠡᠨ ᠤ ᠦᠢᠯᠡᠴᠢᠯᠡᠭᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠂ ᠨᠢᠭᠡᠳᠦᠭᠡᠷ ᠱᠦᠵᠢ ᠠᠴᠠ ︽ ᠨᠢᠭᠡᠳᠦᠭᠡᠷ ᠱᠦᠵᠢ + ︾ ᠪᠣᠯᠭᠠᠨ | ᠬᠤᠪᠢᠷᠠᠭᠤᠯᠬᠤ ᠶᠢ ᠪᠡᠶᠡᠯᠡᠭᠦᠯᠪᠡ ᠃ | | | ᠱᠢ ᠡᠯ ᠯᠢᠶᠠᠨ ᠴᠧᠩ ᠰᠢᠶᠠᠩ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠂ ᠱᠢ ᠡᠯ ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ | ᠲᠣᠰᠬᠤᠨ ᠤ ᠠᠷᠠᠳ ᠵᠧᠦ ᠰᠢᠶᠦ᠋ᠨ ᠵᠦ ᠨᠢᠭᠡᠳᠦᠭᠡᠷ ᠱᠦᠵᠢ ᠶᠢᠨ ᠦᠢᠯᠡᠴᠢᠯᠡᠭᠡᠨ ᠤ ᠴᠣᠩᠬᠤᠪᠴᠢ ᠳᠤ ᠬᠦᠷᠴᠤ ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ | ᠳᠦᠷᠦ ᠶᠢᠨ ᠪᠣᠳᠣᠯᠭ᠎ᠠ ᠶᠢ ᠠᠰᠠᠭᠤᠨ ᠯᠠᠪᠯᠠᠵᠤ ᠂ ᠱᠢ ᠡᠯ ᠯᠢᠶᠠᠨ ᠴᠧᠩ ᠰᠢᠶᠠᠩ ᠤᠨ ᠤᠪᠤᠭᠠᠨ ᠳᠤᠬᠤᠢ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠢᠦᠢ ᠮᠧᠢ ᠰᠢᠶᠠᠨ ᠬᠦᠯᠢᠴᠡᠩᠭᠦᠢ ᠪᠠᠷ ᠲᠡᠭᠦᠨ ᠳᠤ ᠨᠠᠷᠢᠨ ᠨᠢᠮᠪᠠᠢ ᠬᠠᠷᠢᠭᠤᠯᠲᠠ ᠥᠭᠴᠤ ᠪᠠᠶᠢᠯ᠎ᠠ᠃ ︽ᠥᠨᠥᠳᠥᠷ ᠨᠠᠮᠠᠶᠢ ᠬᠠᠪᠰᠤᠷᠴᠤ ᠲᠠᠷᠢᠶᠠᠯᠠᠩ ᠤᠨ | ᠮᠠᠰᠢᠨ ᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠣᠪ ᠲᠣᠳᠣᠷᠬᠠᠢ ᠶᠠᠷᠢᠵᠤ ᠦᠭᠬᠦᠯ᠎ᠠ ᠂ ᠤᠳᠤ ᠭᠡᠷ ᠠᠴᠠ ᠪᠠᠨ ᠭᠠᠷᠬᠤ ᠦᠭᠡᠢ ᠪᠠᠷ ᠡᠳᠡᠭᠡᠷ ᠪᠠᠶᠢᠳᠠᠯ ᠢ | ᠣᠶᠢᠯᠠᠭᠠᠵᠤ ᠪᠣᠯᠣᠨ᠎ᠠ᠂ ᠵᠠᠷᠢᠮ ᠢ ᠨᠢ ᠲᠤᠬᠠᠢᠶᠢᠨ ᠭᠠᠵᠠᠷ ᠲᠠᠭᠠᠨ ᠬᠦᠢᠴᠡᠳᠭᠡᠵᠤ ᠪᠣᠯᠣᠨ᠎ᠠ᠂ ᠡᠭᠦᠨ ᠳᠤ ᠪᠢᠳᠡ ᠲᠤᠶᠢᠯ ᠢᠶᠠᠷ ᠪᠠᠶᠠᠷᠯᠠᠵᠤ ᠪᠠᠶᠢᠨ᠎ᠠ︾ ᠭᠡᠵᠦ ᠵᠧᠦ | ᠰᠢᠶᠦ᠋ᠨ ᠵᠦ ᠶᠠᠷᠢᠨ᠎ᠠ᠃ | ᠢᠦᠢ ᠮᠧᠶ ᠰᠢᠶᠠᠨ ᠳᠤ ᠠᠪᠴᠤ ᠬᠡᠯᠡᠪᠡᠯ ᠂ ᠲᠡᠭᠦᠨ ᠤ ᠡᠭᠦᠷᠭᠡᠯᠡᠵᠦ ᠪᠠᠶᠢᠭ᠎ᠠ ᠨᠢ ᠣᠯᠠᠩᠬᠢ ᠳᠠᠭᠠᠨ ᠠᠰᠠᠭᠤᠨ ᠰᠤᠷᠪᠤᠯᠵᠢᠯᠠᠬᠤ ᠪᠠᠷ ᠢᠷᠡᠭᠰᠡᠨ ᠣᠯᠠᠨ | ᠲᠦᠮᠡᠨ ᠳᠤ ᠮᠠᠰᠢᠨ ᠢᠶᠠᠷ ᠬᠠᠭᠠᠯᠪᠤᠷᠢᠯᠠᠬᠤ ᠂ ᠮᠠᠰᠢᠨ ᠢᠶᠠᠷ ᠳᠠᠷᠢᠬᠤ ᠂ ᠮᠠᠰᠢᠨ ᠢᠶᠠᠷ ᠬᠢᠮᠢ ᠶᠢᠨ ᠪᠣᠷᠳᠣᠭᠤᠷ ᠢ ᠭᠦᠨ ᠣᠷᠣᠭᠤᠯᠬᠤ ᠵᠢᠴᠢ ᠮᠠᠰᠢᠨ ᠮᠧᠬᠠᠨᠢᠭ ᠂ | ᠳᠠᠷᠢᠶᠠᠨ ᠭᠤᠤᠷᠰᠤ ᠶᠢ ᠬᠡᠮᠬᠡᠯᠦᠨ ᠲᠠᠷᠢᠶᠠᠨ ᠳᠤ ᠪᠤᠴᠠᠭᠠᠬᠤ ᠵᠡᠷᠭᠡ ᠮᠡᠷᠭᠡᠵᠢᠯ ᠤᠨ ᠲᠠᠯ᠎ᠠ ᠪᠠᠷ ᠬᠢ ᠠᠰᠠᠭᠤᠨ ᠯᠠᠪᠯᠠᠬᠰᠠᠨ ᠠᠰᠠᠭᠤᠳᠠᠯ ᠤᠳ ᠢ ᠬᠠᠷᠢᠭᠤᠯᠬᠤ ᠶᠠᠪᠤᠳᠠᠯ | ᠪᠣᠯᠣᠨ᠎ᠠ ᠃ ︽ ᠨᠠᠮᠠᠢᠢ ᠵᠢᠵᠢᠬᠦᠷᠯᠡᠵᠤ ᠪᠠᠶᠢᠬᠤ ᠦᠶ᠎ᠡ ᠳᠤ ᠠᠰᠠᠭᠤᠨ ᠯᠠᠪᠯᠠᠬᠤ ᠪᠠᠷ ᠢᠷᠡᠭᠰᠡᠨ ᠲᠠᠷᠢᠶᠠᠴᠢᠨ ᠡᠷᠦᠭᠡ 1000 ᠬᠥᠮᠥᠨ ᠠᠴᠠ ᠳᠠᠪᠠᠵᠠᠢ︾ ᠭᠡᠵᠦ ᠢᠦᠢ | ᠮᠧᠢ ᠰᠢᠶᠠᠨ ᠶᠠᠷᠢᠨ᠎ᠠ᠃ | | | ︽ ᠨᠢᠭᠡᠳᠦᠭᠡᠷ ᠱᠦᠵᠢ ᠶᠢᠨ ᠦᠢᠯᠡᠴᠢᠯᠡᠭᠡᠨ ᠤ ᠥᠷᠲᠡᠭᠡ ︾ ᠪᠠᠶᠢᠭᠤᠯᠤᠭᠳᠠᠭᠰᠠᠨ ᠠᠴᠠ ᠨᠠᠭᠠᠰᠢ ᠂ ᠠᠵᠤ ᠦᠢᠯᠡᠰ ᠢ ᠬᠥᠭᠵᠢᠭᠦᠯᠬᠦ ᠂ ᠲᠦᠷᠦᠯ ᠵᠦᠢᠯ ᠢ | ᠭᠤᠶᠤᠴᠢᠯᠠᠨ ᠮᠡᠳᠡᠭᠦᠯᠬᠦ ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠂ ᠵᠠᠰᠠᠯᠲᠠ ᠶᠢᠨ ᠦᠢᠯᠡᠴᠢᠯᠡᠭᠡ᠂ ᠲᠦᠷᠦᠯ ᠳᠡᠮᠳᠡᠭᠳᠤ ᠪᠠᠷ ᠴᠢᠳᠠᠪᠤᠷᠢ ᠣᠯᠭᠤᠬᠤ ᠵᠡᠷᠭᠡ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠪᠠᠷ ᠪᠦᠲᠦᠮᠵᠢᠲᠡᠢ ᠬᠥᠳᠡᠯᠭᠡᠬᠦ ᠬᠦᠴᠦᠨ ᠢ ᠪᠦᠷᠢᠯᠳᠦᠭᠦᠯᠵᠦ ᠂ ᠡᠯ᠎ᠡ ᠲᠦᠷᠦᠯ ᠤᠨ | ᠲᠠᠷᠢᠶᠠᠯᠠᠩ ᠤᠨ ᠪᠦᠲᠦᠭᠡᠭᠳᠡᠬᠦᠨ ᠢ ᠨᠡᠶᠢᠳᠡ 28 ᠲᠣᠨ ᠬᠠᠪᠰᠤᠷᠤᠨ ᠪᠣᠷᠣᠯᠠᠭᠤᠯᠵᠤ ᠂ ᠪᠣᠷᠤᠯᠠᠭᠤᠯᠭ᠎ᠠ ᠶᠢᠨ ᠳᠤᠭ᠎ᠠ ᠶᠢ 27.36 ᠲᠦᠮᠡᠨ ᠲᠥᠭᠦᠷᠢᠭ | ᠪᠡᠶᠡᠯᠡᠭᠦᠯᠵᠦ ᠂ ᠡᠯ᠎ᠡ ᠲᠦᠷᠦᠯ ᠤᠨ ᠨᠥᠬᠦᠪᠦᠷᠢ ᠪᠡᠯᠡ ᠮᠥᠩᠭᠦ ᠶᠢ 320 ᠲᠦᠮᠡᠨ ᠲᠥᠭᠦᠷᠢᠭ᠂ ᠲᠠᠷᠢᠶᠠᠯᠠᠩ ᠤᠨ ᠮᠠᠰᠢᠨ ᠪᠠᠭᠠᠵᠢ ᠶᠢ 152 ᠬᠤᠪᠢᠳᠠᠨ ᠣᠯᠬᠤ ᠪᠠᠷ | ᠢᠳᠡᠪᠬᠢᠲᠡᠢ ᠴᠢᠷᠮᠠᠶᠢᠵᠤ ᠂ ᠡᠯ᠎ᠡ ᠲᠦᠷᠦᠯ ᠤᠨ ᠵᠢᠭᠤᠷᠠᠯᠳᠤᠭᠠᠨ ᠤ ᠠᠰᠠᠭᠤᠳᠠᠯ ᠢ 69 ᠡᠶᠡᠳᠡᠭᠦᠯᠵᠦ ᠂ ᠲᠣᠰᠬᠤᠨ ᠤ ᠠᠷᠠᠳ ᠲᠤ ᠪᠣᠳᠠᠲᠠᠢ ᠶᠠᠪᠤᠳᠠᠯ ᠬᠢᠵᠦ | ᠬᠦᠴᠢᠷᠳᠡᠯ ᠢ ᠰᠢᠢᠳᠪᠦᠷᠢᠯᠡᠵᠦ ᠦᠭᠬᠦᠭᠰᠡᠨ ᠨᠢ 48 ᠪᠤᠢ᠃ | ︽ᠨᠢᠭᠡᠳᠦᠭᠡᠷ ᠱᠦᠵᠢ ᠶᠢᠨ ᠦᠢᠯᠡᠴᠢᠯᠡᠭᠡᠨ ᠤ ᠦᠷᠳᠡᠭᠡ ᠭᠡᠬᠦ ᠡᠨᠡᠬᠦ ᠲᠠᠪᠴᠠᠩ ᠢᠶᠠᠷ ᠳᠠᠮᠵᠢᠭᠤᠯᠵᠤ ᠂ ᠴᠡᠭ ᠠᠴᠠ ᠪᠦᠬᠦ ᠲᠠᠯ᠎ᠠ ᠳᠤ ᠬᠦᠷᠲᠡᠯ᠎ᠡ ᠮᠠᠨ ᠤ | ᠲᠣᠰᠬᠤᠨ ᠳᠤ ᠰᠠᠭᠤᠬᠤ ᠠᠵᠢᠯ ᠤᠨ ᠬᠠᠷᠠᠭ᠎ᠠ ᠶᠢ ᠳᠡᠯᠡᠵᠤ ᠂ ᠲᠤᠰ ᠲᠤᠰ ᠤᠨ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠬᠢ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠤᠬᠰᠠᠨ ᠤ ᠬᠠᠮᠲᠤ ᠠᠷᠠᠳ ᠤᠯᠠᠨ ᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠣᠷᠣᠯᠠᠭᠤᠯᠬᠤ ᠵᠠᠮ ᠢ ᠨᠡᠭᠡᠭᠡᠵᠦ ᠂ ᠠᠷᠠᠳ ᠤᠯᠠᠨ ᠳᠤ ᠦᠢᠯᠡᠴᠢᠯᠡᠬᠦ ᠳᠤ | ᠨᠡᠩ ᠳᠥᠭᠦᠮ ᠳᠥᠲᠡ ᠪᠣᠯᠤᠭᠰᠠᠨ ᠪᠠᠶᠢᠨ᠎ᠠ︾ ᠭᠡᠵᠦ ᠱᠢ ᠡᠯ ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠸᠠᠩ ᠱᠢ ᠵᠢᠶᠦ᠋ᠨ ᠰᠡᠳᠬᠢᠯ ᠬᠥᠳᠡᠯᠦᠨ ᠶᠠᠷᠢᠨ᠎ᠠ᠃ | ︽ ᠲᠠᠷᠠᠭᠠᠴᠢ ᠶᠢᠨ ᠠᠯᠬᠤᠮ ᠳᠤ ᠂ ᠪᠢᠳᠡ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠳᠤ ᠨᠢᠭᠡᠳᠦᠭᠡᠷ ᠱᠦᠵᠢ ᠶᠢᠨ ᠦᠢᠯᠡᠴᠢᠯᠡᠭᠡᠨ ᠤ | ᠥᠷᠲᠡᠭᠡ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ ᠂ ᠡᠯ᠎ᠡ ᠲᠠᠯ᠎ᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ ᠂ ᠡᠯ᠎ᠡ | ᠳᠠᠭᠠᠭᠠᠴᠢᠯᠠᠭᠰᠠᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠦᠨᠡᠨ ᠬᠦ ᠪᠠᠳᠠᠷᠠᠭᠤᠯᠵᠤ ᠂ ᠮᠠᠨ ᠤ ᠲᠣᠰᠬᠤᠨ ᠳᠤ ᠰᠠᠭᠤᠭ᠎ᠠ ᠺᠠᠳ᠋ᠷᠴᠤᠳ ᠢᠶᠠᠨ | ᠦᠨᠡᠨ ᠬᠦ ᠦᠨᠳᠦᠰᠦᠨ ᠱᠠᠲᠤᠨ ᠳᠤ ᠦᠨᠳᠦᠰᠦᠯᠡᠭᠦᠯᠵᠦ ᠂ ᠠᠷᠠᠳ ᠣᠯᠠᠨ ᠳᠤ ᠦᠢᠯᠡᠴᠢᠯᠡᠭᠦᠯᠬᠦ ᠪᠠᠷ ᠲᠥᠯᠥᠪᠯᠡᠵᠦ ᠪᠠᠶᠢᠨ᠎ᠠ ︾ ᠭᠡᠵᠦ ᠵᠡᠭᠦᠨᠭᠠᠷ ᠬᠤᠰᠢᠭᠤᠨ ᠤ | ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠠᠯᠪᠠᠨ ᠭᠡᠷ ᠤᠨ ᠡᠷᠬᠢᠯᠡᠭᠴᠢ ᠸᠠᠩ ᠰᠢᠶᠣᠣ ᠯᠢ ᠲᠠᠨᠢᠯᠴᠠᠭᠤᠯᠤᠨ ᠶᠠᠷᠢᠨ᠎ᠠ ᠃ | |