ᠨᠠᠰᠤᠨ ᠳᠤ ᠦᠯᠦ ᠬᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠯᠣᠭᠤᠳᠴᠤ ᠠᠳᠡᠯ ᠭᠠᠷᠪᠠᠯ ᠲᠥᠯᠥᠪᠦᠷᠢ ᠶᠢᠨ ᠬᠠᠷᠢᠭᠤᠴᠠᠯᠭ᠎ᠠ ᠶᠢ ᠬᠡᠨ ᠡᠭᠦᠷᠭᠡᠯᠡᠬᠦ ᠪᠤᠶ︖
ᠨᠡᠶᠢᠲᠡᠯᠡᠭᠰᠡᠨ ᠴᠠᠭ᠄
2023/10/13
   ᠰᠢᠭᠦᠬᠦ ᠬᠤᠷᠢᠶ᠎ᠠ ᠄ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠦᠨ ᠬᠡᠷᠪᠡ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠤᠯ ᠬᠢᠨᠠᠨ ᠬᠠᠮᠠᠭᠠᠯᠠᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ   ᠠᠷᠠᠳ ᠤᠨ ᠡᠳᠦᠷ ᠤᠨ ᠰᠣᠨᠢᠨ ᠤ ᠮᠡᠳᠡᠭᠡ ︵ ᠰᠤᠷᠪᠤᠯᠵᠢᠯᠠᠭᠴᠢ ᠮᠧᠶ ᠬᠦᠶ ᠴᠢᠮᠡᠭᠡᠯᠡᠭᠴᠢ ᠹᠠᠨ ᠹᠠᠨ ︶ ᠨᠠᠰᠤᠨ ᠳᠤ ᠥᠯᠥ ᠭᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠯᠣᠭᠤᠳᠤᠨ ᠵᠠᠮ ᠳᠤ ᠭᠠᠷᠤᠭᠠᠳ ᠬᠡᠷᠪᠡ ᠵᠠᠮ ᠬᠠᠷᠢᠯᠴᠠᠭᠠᠨ ᠤ ᠠᠳᠡᠯ ᠭᠠᠷᠭᠠᠪᠠᠯ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠬᠡᠨ ᠡᠭᠦᠷᠭᠡᠯᠡᠬᠦ ᠪᠣᠶ ︖ ᠣᠶᠢᠷ᠎ᠠ ᠳᠤ ᠬᠤᠪᠸᠢ ᠮᠤᠵᠢ ᠶᠢᠨ ᠰᠦᠢᠵᠧᠦ ᠬᠤᠲᠠ ᠶᠢᠨ ᠽᠸᠡᠭ ᠳ᠋ᠦ᠋ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠮᠠᠰᠢᠨᠲᠤ ᠪᠤᠰᠤ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠵᠢᠭᠤᠷᠠᠯᠳᠤᠭᠠᠨ ᠤ ᠬᠡᠷᠡᠭ ᠢ ᠰᠢᠭᠦᠨ ᠰᠢᠢᠳᠪᠦᠷᠢᠯᠡᠵᠦ ᠂ ᠵᠠᠭᠠᠯᠳᠤᠭᠳᠠᠭᠴᠢ ᠴᠧᠨ ᠣᠪᠣᠭᠲᠤ ᠶᠢᠨ ᠬᠢᠨᠠᠨ ᠬᠠᠮᠠᠭᠠᠯᠠᠭᠴᠢ ᠪᠠᠷ ᠵᠠᠮ ᠬᠠᠷᠢᠯᠴᠠᠭᠠᠨ ᠤ ᠠᠳᠡᠯ ᠠᠴᠠ ᠪᠣᠯᠤᠭᠰᠠᠨ ᠵᠠᠭᠠᠯᠳᠤᠭᠴᠢ ᠶᠢᠨ ᠬᠤᠬᠢᠷᠠᠯ ᠢ 1.2 ᠲᠦᠮᠡᠨ ᠲᠥᠭᠦᠷᠢᠭ ᠳᠥᠯᠥᠭᠦᠯᠬᠦ ᠪᠠᠷ ᠲᠡᠰᠦᠯᠵᠡᠶ ᠃   ᠯᠸᠢ ᠣᠪᠣᠭᠲᠤ ᠪᠣᠯᠤᠨ ᠴᠧᠨ ᠣᠪᠣᠭᠲᠤ ᠪᠣᠯ ᠬᠠᠮᠲᠤ ᠰᠤᠷᠤᠯᠭᠠᠲᠠᠨ ᠮᠥᠨ ᠃ 2022 ᠣᠨ ᠤ 7 ᠰᠠᠷ᠎ᠠ ᠶᠢᠨ 29 ᠤ ᠡᠳᠦᠷ ᠂ ᠰᠤᠷᠭᠠᠭᠤᠯᠢ ᠲᠠᠷᠬᠠᠭᠰᠠᠨ ᠤ ᠳᠠᠷᠠᠭ᠎ᠠ ᠴᠧᠨ ᠣᠪᠣᠭᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠯᠣᠭᠤᠳᠤᠨ ᠯᠸᠢ ᠣᠪᠣᠭᠲᠤ ᠶᠢ ᠰᠤᠨᠲᠠᠯᠠᠭᠤᠯᠵᠤ ᠰᠦᠢᠵᠧᠦ ᠬᠤᠲᠠ ᠶᠢᠨ ᠶᠢᠩ ᠪᠢᠨ ᠶᠡᠭᠡ ᠵᠠᠮ ᠤᠨ ᠪᠢᠨ ᠬᠤ᠋ ᠸᠠᠨ ᠤ ᠡᠮᠤᠨᠡᠭᠦᠷ ᠦᠡᠭᠭᠡᠷᠡᠬᠦ ᠵᠠᠮ ᠤᠨ ᠬᠡᠰᠡᠭ ᠲᠤ ᠬᠦᠷᠬᠦ ᠳᠤ ᠨᠥᠭᠦᠭᠡ ᠨᠢᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠨ ᠲᠠᠢ ᠮᠥᠷᠭᠦᠯᠳᠦᠵᠦ ᠂ ᠯᠸᠢ ᠣᠪᠣᠭᠲᠤ ᠰᠢᠷᠬᠠᠲᠤᠭᠰᠠᠨ ᠪᠠ ᠬᠤᠶᠠᠷ ᠲᠡᠷᠭᠡ ᠬᠤᠬᠢᠷᠠᠭᠰᠠᠨ ᠵᠠᠮ ᠬᠠᠷᠢᠯᠴᠠᠭᠠᠨ ᠤ ᠠᠳᠡᠯ ᠭᠠᠷᠭᠠᠵᠠᠶ ᠃ ᠵᠠᠮ ᠬᠠᠷᠢᠯᠴᠠᠭᠠᠨ ᠤ ᠴᠠᠭᠳᠠᠭ᠎ᠠ ᠨᠠᠷ ᠂ ᠴᠧᠨ ᠣᠪᠣᠭᠲᠤ ᠡᠨᠡ ᠤᠳᠠᠭᠠᠨ ᠤ ᠠᠳᠡᠯ ᠤᠨ ᠳᠡᠳ᠋ ᠬᠠᠷᠢᠭᠤᠴᠠᠯᠭ᠎ᠠ ᠶᠢ ᠡᠭᠦᠷᠭᠡᠯᠡᠨ᠎ᠡ ᠂ ᠯᠸᠢ ᠣᠪᠣᠭᠲᠤ ᠬᠠᠷᠢᠭᠤᠴᠠᠯᠭ᠎ᠠ ᠡᠭᠦᠷᠭᠡᠯᠡᠬᠦ ᠦᠭᠡᠢ ᠭᠡᠵᠦ ᠮᠠᠭᠠᠳᠯᠠᠨ ᠲᠤᠬᠳᠠᠭᠠᠪᠠ ᠃ ᠯᠸᠢ ᠣᠪᠣᠭᠲᠤ ᠡᠮᠨᠡᠯᠭᠡ ᠠᠴᠠ ᠭᠠᠷᠤᠭᠰᠠᠨ ᠤ ᠳᠠᠷᠠᠭ᠎ᠠ ᠴᠧᠨ ᠣᠪᠣᠭᠲᠤ ᠲᠠᠢ ᠵᠥᠪᠳᠡᠯᠴᠡᠨ ᠶᠠᠷᠢᠯᠴᠠᠬᠰᠠᠨ ᠪᠤᠯᠪᠠᠴᠤ ᠲᠥᠯᠥᠪᠦᠷᠢ ᠥᠭᠭᠦᠭᠰᠡᠨ ᠦᠭᠡᠶ ᠪᠤᠯᠬᠤᠷ ᠴᠧᠨ ᠣᠪᠣᠭᠲᠤ ᠶᠢ ᠰᠢᠭᠦᠬᠦ ᠬᠤᠷᠢᠶ᠎ᠠ ᠳᠤ ᠵᠠᠭᠠᠯᠳᠤᠵᠤ ᠂ ᠲᠡᠭᠦᠨ ᠤ ᠡᠯ᠎ᠡ ᠵᠦᠢᠯ ᠤᠨ ᠠᠵᠤ ᠠᠬᠤᠶ ᠶᠢᠨ ᠬᠤᠬᠢᠷᠠᠯ ᠨᠡᠶᠢᠲᠡ 1.5 ᠲᠦᠮᠡ ᠭᠠᠷᠤᠶ ᠲᠥᠭᠦᠷᠢᠭ ᠳᠥᠯᠥᠭᠦᠯᠬᠦ ᠪᠠᠷ ᠱᠠᠭᠠᠷᠳᠠᠵᠠᠶ ᠃   ᠰᠢᠭᠦᠬᠦ ᠬᠤᠷᠢᠶ᠎ᠠ ᠰᠢᠭᠦᠭᠰᠡᠨ ᠤ ᠲᠠᠷᠠᠭ᠎ᠠ ᠂ ᠦᠢᠯᠠ ᠠᠵᠢᠯᠯᠠᠭᠠᠳᠠᠨ ᠤ ᠪᠤᠷᠤᠭᠤ ᠠᠴᠠ ᠪᠤᠯᠵᠤ ᠪᠤᠰᠤᠳ ᠤᠨ ᠢᠷᠭᠡᠨ ᠤ ᠬᠡᠷᠡᠭ ᠤᠨ ᠡᠷᠬᠡ ᠳᠤ ᠬᠠᠯᠳᠠᠭᠰᠠᠨ ᠪᠠᠶᠢᠪᠠᠯ ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠵᠠᠭᠠᠯᠳᠤᠭᠳᠠᠭᠴᠢ ᠴᠧᠨ ᠣᠪᠣᠭᠲᠤ ᠬᠡᠳᠦ᠋ᠢᠪᠡᠷ ᠪᠦᠬᠦᠯᠢ 17 ᠨᠠᠰᠤ ᠬᠦᠷᠦᠭᠰᠡᠨ ᠪᠣᠯᠪᠠᠴᠤ ᠮᠥᠨ ᠯᠡ ᠨᠠᠰᠤᠨ ᠳᠤ ᠦᠯᠦ ᠬᠦᠷᠦᠭᠰᠡᠳ ᠪᠠᠶᠢᠬᠰᠠᠭᠠᠷ ᠲᠤᠯᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠦᠨ ᠳᠤ ᠲᠤᠭᠠᠴᠠᠬᠳᠠᠨ᠎ᠠ ᠂ ᠲᠡᠭᠦᠨ ᠤ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠶᠠᠪᠤᠳᠠᠯ ᠢ ᠬᠢᠨᠠᠨ ᠬᠠᠮᠠᠭᠠᠯᠠᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠦᠵᠡᠭᠡᠳ ᠰᠢᠭᠦᠬᠦ ᠬᠤᠷᠢᠶ᠎ᠠ ᠲᠡᠷᠡ ᠳᠣᠣᠷ᠎ᠠ ᠨᠢ ᠲᠡᠭᠡᠷᠡᠬᠢ ᠲᠠᠰᠤᠯᠤᠯᠲᠠ ᠶᠢ ᠭᠠᠷᠭᠠᠪᠠ ᠃        
ᠢᠷᠡᠯᠲᠡ᠄ ᠣᠷᠳᠣᠰ ᠤᠨ ᠡᠳᠦᠷ ᠤᠨ ᠰᠣᠨᠢᠨ