ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ ᠶᠢ ᠲᠤᠰᠬᠠᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2023/10/13
    ᠣᠶᠢᠷ᠎ᠠ ᠳᠤ ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠂ ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ ᠪᠠ ᠠᠵᠢᠯᠯᠠᠭᠤᠯᠵᠤ ᠲᠣᠬᠢᠷᠠᠭᠤᠯᠬᠤ ᠳᠤ ᠪᠤᠳᠤᠯᠢᠶᠠᠨᠲᠠᠢ ᠪᠠᠶᠢᠭ᠎ᠠ ᠠᠰᠠᠭᠤᠳᠠᠯ ᠢ ᠴᠡᠭᠴᠡᠯᠡᠬᠦ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ ᠃ ᠬᠤᠷᠠᠯ ᠠᠴᠠ ᠂ ᠡᠨᠡ ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ ᠠᠵᠢᠯ ᠪᠠ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ ᠂ ︽ ᠰᠦᠢᠳᠬᠡᠯ ᠬᠤᠷᠢᠶᠠᠬᠤ ᠬᠡᠯᠪᠡᠷᠢ ᠣᠯᠠᠨ ᠂ ᠰᠦᠢᠳᠬᠡᠯ ᠬᠤᠷᠢᠶᠠᠬᠤ ᠭᠤᠣᠯ ᠴᠣᠭᠴᠠ ᠣᠯᠠᠨ ᠂ ᠰᠦᠢᠳᠬᠡᠯ ᠬᠤᠷᠢᠶᠠᠬᠤ ᠨᠢ ᠢᠯᠡ ᠲᠣᠳᠣ ᠦᠭᠡᠢ ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠲᠧᠯᠸᠢᠰ ᠤᠨ ᠳᠠᠪᠬᠤᠷ ᠳᠠᠪᠬᠤᠷ ᠰᠦᠢᠳᠬᠡᠯ ᠬᠤᠷᠢᠶᠠᠬᠤ ᠦᠵᠡᠭᠳᠡᠯ ᠢ ᠢᠯᠡᠳᠲᠡ ᠬᠤᠪᠢᠷᠠᠭᠤᠯᠬᠤ ᠬᠡᠷᠡᠭᠲᠡᠢ ᠭᠡᠵᠡᠢ ᠃ ᠬᠡᠷᠡᠭᠯᠡᠭᠴᠢᠳ ᠤᠨ ᠲᠠᠭᠠᠯᠠᠮᠵᠢᠲᠠᠢ ᠪᠠᠷ ᠲᠧᠯᠸᠢᠰ ᠦᠵᠡᠬᠦ ᠶᠢ ᠠᠬᠢᠭᠤᠯᠬᠤ ᠂ ᠤᠲᠠᠰᠤᠲᠤ ᠲᠧᠯᠸᠢᠰ ᠪᠠ IPTV ᠲᠧᠯᠸᠢᠰ ᠢᠶᠠᠨ ᠨᠡᠭᠡᠭᠡᠮᠡᠭᠴᠡ ᠰᠢᠭᠤᠳ ᠲᠧᠯᠸᠢᠰ ᠰᠤᠪᠠᠭ ᠲᠤ ᠣᠷᠣᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ ᠃        
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ