| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠭᠢᠯᠭᠠᠨ ᠮᠡᠳᠡᠭᠡ 10 ᠰᠠᠷ᠎ᠠ ᠶᠢᠨ 16 ᠤ ᠡᠳᠦᠷ ᠬᠡᠪᠯᠡᠭᠳᠡᠬᠦ 20 ᠳ᠋ᠤᠭᠠᠷ | ᠬᠤᠭᠤᠴᠠᠭᠠᠨ ᠤ ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ | ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ | ᠨᠡᠭᠡᠭᠡᠬᠦ ᠴᠢᠬᠤᠯᠠ ᠶᠡᠭᠡ ᠡᠭᠦᠷᠭᠡ ᠶᠢ ᠳᠤᠷᠠᠳᠴᠤ ᠂ ᠡᠨᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ | ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠪᠠ ᠃ ᠪᠢᠳᠡ ᠡᠨᠡ ᠬᠦ ᠰᠡᠳᠦᠪ ᠢᠶᠠᠷ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠵᠦ ᠪᠠᠶᠢᠭ᠎ᠠ ᠶᠢᠨ ᠵᠣᠷᠢᠯᠭ᠎ᠠ ᠪᠣᠯ | ᠨᠠᠮ ᠤᠨ ᠤᠨᠤᠯ ᠤᠨ ᠰᠢᠨ᠎ᠡ ᠶᠢ ᠡᠭᠦᠳᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ ᠂ ᠤᠨᠤᠯ ᠤᠨ ᠰᠢᠨ᠎ᠡ ᠶᠢ ᠡᠭᠦᠳᠬᠦ ᠣᠷᠣᠨ | ᠪᠠᠶᠢᠷᠢ ᠂ ᠴᠢᠭᠯᠡᠯ ᠂ ᠠᠷᠭ᠎ᠠ ᠶᠢ ᠤᠯᠠᠮ ᠲᠣᠳᠣᠷᠬᠠᠢ ᠪᠤᠯᠭᠠᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠨᠤᠯ ᠤᠨ ᠰᠢᠨ᠎ᠡ ᠶᠢ ᠡᠭᠦᠳᠦᠭᠰᠡᠨ ᠨᠡᠩ ᠡᠯᠪᠡᠭ ᠪᠠᠶᠠᠯᠢᠭ | ᠦᠷ᠎ᠡ ᠪᠦᠲᠦᠭᠡᠯ ᠣᠯᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠵᠠᠢ ᠃ | ᠵᠣᠬᠢᠶᠠᠯ ᠳᠤ ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠡᠷᠭᠢᠴᠡᠭᠦᠯᠪᠡᠯ ᠂ ᠮᠠᠨ ᠤ ᠨᠠᠮ ᠬᠤᠪᠢᠰᠬᠠᠯ ᠂ ᠪᠦᠲᠦᠭᠡᠨ ᠪᠠᠶᠢᠭᠤᠯᠤᠯᠲᠠ ᠂ | ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠴᠢᠬᠤᠯᠠ ᠶᠡᠭᠡ ᠠᠮᠵᠢᠯᠲᠠ ᠣᠯᠵᠤ ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠪᠤᠰᠤᠳ | ᠤᠯᠤᠰ ᠲᠦᠷᠦ ᠶᠢᠨ ᠬᠦᠴᠦᠨ ᠤ ᠪᠡᠶᠡᠯᠡᠭᠦᠯᠵᠦ ᠳᠡᠶᠢᠯᠦᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ ᠰᠢᠯᠲᠠᠭᠠᠨ ᠨᠢ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠭᠰᠡᠨ ᠪᠥᠭᠡᠳ ᠰᠢᠨ᠎ᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠤᠯ ᠤᠨ ᠰᠢᠨ᠎ᠡ ᠶᠢ | ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ ᠂ ᠨᠠᠮ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠢ ᠡᠵᠡᠮᠰᠢᠭᠰᠡᠨ ᠳᠤ ᠣᠷᠣᠰᠢᠨ᠎ᠠ ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠡᠳᠬᠡᠯ ᠳᠤ ᠲᠡᠦᠬᠡᠨ ᠲᠤᠷᠰᠢᠯᠭ᠎ᠠ ᠶᠢ ᠳ᠋ᠦᠩᠨᠡᠭᠰᠡᠨ ᠤ ᠰᠠᠭᠤᠷᠢᠨ ᠳᠡᠭᠡᠷ᠎ᠡ ᠂ ︽ ᠬᠤᠶᠠᠷ ᠢ ᠤᠶᠠᠯᠳᠤᠭᠤᠯᠬᠤ ︾ ᠂ ︽ ᠵᠢᠷᠭᠤᠭ᠎ᠠ ᠶᠢ ᠡᠷᠬᠡᠪᠰᠢ | ᠪᠠᠷᠢᠮᠲᠠᠯᠠᠬᠤ ︾ ᠵᠡᠷᠭᠡ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠳᠤᠷᠠᠳᠤᠨ ᠭᠠᠷᠭᠠᠭᠰᠠᠨ ᠪᠥᠭᠡᠳ | ᠲᠣᠳᠣᠷᠬᠠᠶᠢᠯᠠᠨ ᠥᠭᠦᠯᠡᠵᠦ ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ ᠂ ᠪᠢᠳᠡ ᠰᠠᠶᠢᠲᠤᠷ | ᠪᠠᠷᠢᠮᠲᠠᠯᠠᠵᠤ ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ ᠃ | ᠵᠣᠬᠢᠶᠠᠯ ᠳᠤ ᠂ ᠤᠨᠤᠯ ᠤᠨ ᠰᠢᠨ᠎ᠡ ᠶᠢ ᠡᠭᠦᠳᠬᠦ ᠶᠢᠨ ᠰᠦᠭ ᠰᠦᠨᠡᠰᠦ ᠪᠠ ᠤᠭ ᠦᠨᠳᠦᠰᠦ ᠶᠢ ᠢᠮᠠᠭᠲᠠ ᠪᠠᠲᠤ ᠰᠠᠬᠢᠬᠤ ᠬᠡᠷᠡᠭᠲᠡᠢ ᠃ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠡᠨᠡ ᠬᠦ ᠴᠢᠬᠤᠯᠠ ᠶᠡᠭᠡ ᠰᠡᠳᠦᠪ ᠤᠨ ᠲᠤᠰ ᠪᠡᠶ᠎ᠡ ᠨᠢ ᠪᠢᠳᠡ ᠮᠠᠷᠺᠰ ᠤᠨ ᠦᠵᠡᠯ ᠡᠨᠡ ᠬᠦ ᠰᠦᠭ ᠰᠦᠨᠡᠰᠦ ᠶᠢ | ᠶᠠᠭᠠᠬᠢᠭᠰᠠᠨ ᠴᠤ ᠲᠠᠶᠠᠭᠳᠠᠵᠤ ᠪᠤᠯᠬᠤ ᠦᠭᠡᠢ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠡᠨᠡ ᠬᠦ ᠤᠭ ᠦᠨᠳᠦᠰᠦ ᠶᠢ ᠶᠠᠭᠠᠬᠢᠭᠰᠠᠨ ᠴᠤ ᠬᠠᠶᠠᠵᠤ | ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ ᠃ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠰᠠᠶᠢᠲᠤᠷ ᠰᠠᠬᠢᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ | ᠡᠭᠦᠳᠬᠦ ᠶᠢᠨ ᠰᠠᠭᠤᠷᠢ ᠪᠠ ᠤᠷᠢᠲᠠᠯ ᠮᠥᠨ ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠨᠢ ᠴᠦ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠨᠡᠩ | ᠰᠠᠶᠢᠲᠤᠷ ᠪᠠᠲᠤ ᠰᠠᠬᠢᠬᠤ ᠶᠢᠨ ᠲᠥᠯᠥᠭᠡ ᠶᠤᠮ ᠃ ᠡᠷᠬᠡᠪᠰᠢ ᠮᠠᠷᠺᠰ ᠤᠨ ᠦᠵᠡᠯ ᠡᠨᠡ ᠬᠦ ᠨᠠᠮ ᠪᠠᠶᠢᠭᠤᠯᠵᠤ ᠤᠯᠤᠰ ᠪᠠᠶᠢᠭᠤᠯᠬᠤ ᠂ ᠨᠠᠮ ᠢ ᠮᠠᠨᠳᠤᠭᠤᠯᠵᠤ | ᠤᠯᠤᠰ ᠢᠶᠠᠨ ᠮᠠᠨᠳᠤᠭᠤᠯᠬᠤ ᠦᠨᠳᠦᠰᠦ ᠶᠢ ᠭᠤᠶᠢᠪᠢᠰᠢ ᠦᠭᠡᠢ ᠪᠠᠷᠢᠮᠲᠠᠯᠠᠵᠤ ᠂ ᠲᠤᠰ ᠤᠯᠤᠰ ᠲᠠᠭᠠᠨ ᠦᠨᠳᠦᠰᠦᠯᠡᠬᠦ ᠂ ᠲᠤᠰ ᠦᠨᠳᠦᠰᠦᠲᠡᠨ ᠤ ᠪᠠᠨ ᠲᠡᠦᠬᠡ | ᠰᠣᠶᠣᠯ ᠤᠨ ᠰᠢᠮᠡᠲᠦ ᠬᠥᠷᠥᠰᠥᠨ ᠳᠤ ᠮᠠᠷᠺᠰ ᠤᠨ ᠦᠵᠡᠯ ᠢ ᠬᠥᠭᠵᠢᠭᠦᠯᠬᠦ ᠶᠢ ᠵᠣᠭᠰᠣᠰᠢ ᠦᠭᠡᠢ ᠪᠠᠷᠢᠮᠲᠠᠯᠠᠵᠤ ᠂ ᠮᠠᠷᠺᠰ ᠤᠨ ᠦᠵᠡᠯ ᠤᠨ ᠦᠵᠡᠯ ᠰᠠᠨᠠᠭᠠᠨ ᠤ | ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠪᠦᠲᠦᠮᠵᠢᠲᠡᠢ ᠨᠠᠪᠲᠠᠷᠡᠭᠦᠯᠵᠦ ᠂ ᠰᠢᠨ᠎ᠡ ᠤᠨᠤᠯ ᠤᠨ ᠳᠠᠪᠠᠭᠤᠯᠢᠭ | ᠪᠣᠯᠭᠠᠨ ᠬᠤᠪᠢᠷᠠᠭᠤᠯᠵᠤ ᠂ ᠰᠢᠨ᠎ᠡ ᠦᠵᠡᠯ ᠰᠠᠨᠠᠭᠠᠨ ᠤ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠬᠤ ᠬᠡᠷᠡᠭᠲᠡᠢ ᠃ ᠤᠨᠤᠯ ᠤᠨ ᠬᠠᠷᠠᠭ᠎ᠠ ᠪᠠᠨ ᠥᠷᠭᠡᠳᠬᠡᠵᠦ ᠂ | ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ | ᠲᠣᠯᠢ ᠪᠤᠯᠭᠠᠵᠤ ᠂ ︽ ᠬᠥᠮᠥᠨ ᠲᠥᠷᠥᠯᠬᠢᠲᠡᠨ ᠤ ᠮᠡᠳᠡᠯᠭᠡ ᠶᠢᠨ ᠶᠡᠷᠦᠩᠬᠡᠢ ᠨᠡᠶᠢᠯᠡᠪᠦᠷᠢ ︾ ᠶᠢᠨ ᠳᠤᠮᠳᠠ ᠠᠴᠠ ᠰᠢᠯᠢᠳᠡᠭ ᠦᠵᠡᠯ ᠰᠠᠨᠠᠭ᠎ᠠ ᠰᠣᠶᠣᠯ ᠤᠨ ᠡᠬᠢ | ᠪᠠᠶᠠᠯᠢᠭ ᠢ ᠰᠢᠩᠭᠡᠬᠡᠨ ᠠᠪᠴᠤ ᠨᠠᠮ ᠤᠨ ᠤᠨᠤᠯ ᠢ ᠰᠢᠨᠡᠴᠢᠯᠡᠨ ᠬᠥᠭᠵᠢᠭᠦᠯᠵᠦ ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠂ ᠪᠤᠰᠤᠳ ᠤᠨ ᠰᠠᠶᠢᠨ ᠢ | ᠥᠷᠭᠡᠨ ᠢᠶᠠᠷ ᠰᠢᠩᠭᠡᠬᠡᠨ ᠠᠪᠬᠤ ᠤᠨᠤᠯ ᠤᠨ ᠶᠡᠭᠡ ᠪᠠᠶᠢᠷᠢᠰᠢᠯ ᠶᠡᠭᠡ ᠳᠦᠷᠰᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠴᠠᠭ ᠦᠶ᠎ᠡ ᠶᠢᠨ ᠰᠢᠨ᠎ᠡ ᠰᠡᠳᠦᠪ ᠲᠤ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠬᠦ ᠬᠡᠷᠡᠭᠲᠡᠢ ᠃ ᠴᠠᠭ ᠦᠶ᠎ᠡ ᠶᠢ | ᠵᠠᠭᠠᠭᠯᠠᠭᠰᠠᠨ ᠠᠯᠢᠪᠠ ᠤᠨᠤᠯ ᠪᠣᠯ ᠴᠥᠮ ᠴᠠᠭ ᠦᠶ᠎ᠡ ᠶᠢᠨ ᠬᠡᠷᠡᠭᠴᠡᠭᠡ ᠶᠢ ᠬᠠᠩᠭᠠᠭᠰᠠᠨ ᠪᠦᠲᠦᠭᠡᠭᠳᠡᠬᠦᠨ ᠮᠥᠨ ᠃ ᠤᠨᠤᠯ ᠤᠨ ᠦᠰᠦᠷᠦᠯᠲᠡ ᠨᠢ ᠦᠭᠡ | ᠥᠭᠦᠯᠡᠪᠦᠷᠢ ᠶᠢᠨ ᠰᠢᠨ᠎ᠡ ᠰᠡᠪᠡᠭᠦᠨ ᠢ ᠪᠦᠲᠦᠭᠡᠬᠦ ᠳᠡᠭᠡᠷ᠎ᠡ ᠢᠯᠡᠷᠡᠬᠦ ᠪᠢᠰᠢ ᠂ ᠯᠣᠭᠢᠭ ᠤᠨ ᠥᠪᠡᠷ ᠢ ᠪᠠᠨ ᠵᠣᠬᠢᠴᠠᠭᠤᠯᠤᠨ ᠭᠡᠷᠡᠴᠢᠯᠡᠬᠦ ᠳᠡᠭᠡᠷ᠎ᠡ ᠴᠦ ᠢᠯᠡᠷᠡᠬᠦ ᠪᠢᠰᠢ ᠂ | ᠡᠴᠦᠰ ᠤᠨ ᠡᠴᠦᠰ ᠲᠡᠭᠡᠨ ᠦᠢᠯᠡᠳᠦᠯᠭᠡ ᠶᠢᠨ ᠠᠰᠠᠭᠤᠳᠠᠯ ᠢ ᠬᠠᠷᠢᠭᠤᠯᠬᠤ ᠂ ᠦᠢᠯᠡᠳᠦᠯᠭᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠡᠭᠡᠷ᠎ᠡ ᠢᠯᠡᠷᠡᠬᠦ | ᠬᠡᠷᠡᠭᠲᠡᠢ ᠃ ᠮᠠᠷᠺᠰ ᠤᠨ ᠦᠵᠡᠯ ᠪᠣᠯ ᠦᠢᠯᠡᠳᠦᠯᠭᠡ ᠶᠢᠨ ᠣᠨᠣᠯ ᠮᠥᠨ ᠃ ᠪᠢᠳᠡᠨ ᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠪᠠᠶᠢᠭ᠎ᠠ ᠨᠢ | ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠮᠥᠨ ᠂ ᠬᠠᠷᠢᠨ ᠬᠦᠰᠡᠯᠡᠩᠲᠦ ᠤᠷᠴᠢᠰ ᠲᠤ ᠰᠠᠭᠤᠵᠤ ᠲᠥᠰᠥᠭᠡᠯᠡᠭᠰᠡᠨ ᠬᠡᠢ ᠪᠤᠳᠤᠯ | ᠪᠢᠰᠢ ᠂ ᠡᠷᠬᠡᠪᠰᠢ ᠦᠢᠯᠡᠳᠦᠯᠭᠡ ᠶᠢᠨ ᠳᠤᠮᠳᠠ ᠦᠨᠡᠨ ᠶᠣᠰᠣ ᠶᠢ ᠢᠯᠡᠷᠡᠭᠦᠯᠬᠦ ᠂ ᠦᠨᠡᠨ ᠶᠣᠰᠣ ᠶᠢ ᠬᠥᠭᠵᠢᠭᠦᠯᠬᠦ ᠂ ᠦᠢᠯᠡᠳᠦᠯᠭᠡ ᠪᠠᠷ ᠦᠨᠡᠨ ᠶᠣᠰᠣ ᠶᠢ | ᠪᠡᠶᠡᠯᠡᠭᠦᠯᠬᠦ ᠂ ᠦᠨᠡᠨ ᠶᠣᠰᠣ ᠶᠢ ᠰᠢᠯᠭᠠᠬᠤ ᠶᠢ ᠪᠠᠷᠢᠮᠲᠠᠯᠠᠬᠤ ᠬᠡᠷᠡᠭᠲᠡᠢ ᠃ ᠥᠨᠥᠳᠥᠷ ᠂ ᠪᠢᠳᠡᠨ ᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ | ᠦᠶᠡᠴᠢᠯᠡᠬᠦ ᠶᠢ ᠠᠬᠢᠭᠤᠯᠬᠤ ᠡᠭᠦᠷᠭᠡ ᠬᠥᠩᠭᠡᠷᠡᠭᠰᠡᠨ ᠪᠢᠰᠢ ᠂ ᠬᠠᠷᠢᠨ ᠨᠡᠩ ᠬᠦᠨᠳᠦᠷᠡᠪᠡ ᠃ ᠶᠡᠭᠡ ᠲᠡᠦᠬᠡ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠵᠤ ᠂ ᠨᠡᠩ | ᠥᠷᠭᠡᠨ ᠬᠠᠷᠠᠭᠠᠰᠤ ᠂ ᠨᠡᠩ ᠠᠯᠤᠰ ᠭᠡᠳᠦ ᠶᠢᠨ ᠬᠠᠷᠠᠴᠠ ᠪᠠᠷ ᠳᠡᠯᠡᠬᠡᠢ ᠶᠢᠨ ᠲᠡᠦᠬᠡ ᠶᠢᠨ ᠬᠥᠭᠵᠢᠯᠲᠡ ᠶᠢᠨ ᠰᠤᠳᠠᠰᠤ ᠪᠠ ᠵᠥᠪ ᠴᠢᠭᠯᠡᠯ ᠢ ᠡᠵᠡᠮᠳᠡᠵᠦ ᠂ ᠮᠠᠨ ᠤ | ᠤᠯᠤᠰ ᠤᠨ ᠨᠡᠶᠢᠭᠡᠮ ᠤᠨ ᠬᠥᠭᠵᠢᠯᠲᠡ ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠯᠣᠭᠢᠭ ᠶᠡᠭᠡ ᠬᠠᠨᠳᠤᠰᠢ ᠶᠢ ᠲᠣᠳᠣᠷᠬᠠᠢ ᠲᠠᠨᠢᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡ ᠶᠢᠨ ᠤᠯᠠᠷᠢᠯ ᠬᠤᠪᠢᠰᠤᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ ᠂ ᠪᠣᠳᠠᠲᠤ | ᠠᠰᠠᠭᠤᠳᠠᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠂ ᠪᠦᠲᠦᠮᠵᠢᠲᠡᠢ ᠠᠷᠭᠠᠴᠠᠭᠠᠬᠤ ᠪᠣᠳᠣᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ | ᠳᠤᠷᠠᠳᠤᠨ ᠭᠠᠷᠭᠠᠵᠤ ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠬᠦᠴᠦᠷᠬᠡᠭ ᠶᠡᠭᠡ ᠂ | ᠨᠡᠩ ᠢᠲᠡᠭᠡᠭᠦᠯᠬᠦ ᠬᠦᠴᠦᠨ ᠲᠠᠢ ᠦᠨᠡᠨ ᠶᠣᠰᠣᠨ ᠤ ᠬᠦᠴᠦᠨ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠰᠢᠰᠲ᠋ᠧᠮᠵᠢᠵᠦ ᠵᠦᠢ ᠶᠣᠰᠣᠵᠢᠬᠤ ᠶᠢ ᠬᠦᠴᠦᠯᠡᠨ ᠠᠬᠢᠭᠤᠯᠬᠤ ᠬᠡᠷᠡᠭᠲᠡᠢ ᠃ ᠤᠨᠤᠯ ᠤᠨ | ᠰᠢᠰᠲ᠋ᠧᠮᠵᠢᠵᠦ ᠵᠦᠢ ᠶᠣᠰᠣᠵᠢᠬᠤ ᠶᠢ ᠠᠬᠢᠭᠤᠯᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠠᠷᠭ᠎ᠠ ᠵᠠᠮ | ᠮᠥᠨ ᠃ ᠮᠠᠷᠺᠰ ᠤᠨ ᠦᠵᠡᠯ ᠭᠦᠨᠵᠡᠭᠡᠢ ᠨᠥᠯᠥᠭᠡ ᠲᠠᠢ ᠪᠠᠶᠢᠳᠠᠭ ᠤᠨ ᠰᠢᠯᠲᠠᠭᠠᠨ ᠨᠢ ᠭᠦᠨ ᠭᠦᠨᠵᠡᠭᠡᠢ ᠵᠦᠢ ᠶᠣᠰᠣ ᠪᠠᠷ ᠢᠶᠠᠨ ᠬᠥᠮᠥᠨ ᠲᠥᠷᠥᠯᠬᠢᠲᠡᠨ ᠤ | ᠨᠡᠶᠢᠭᠡᠮ ᠤᠨ ᠬᠥᠭᠵᠢᠯᠲᠡ ᠶᠢᠨ ᠦᠨᠡᠨ ᠶᠣᠰᠣᠴᠢ ᠴᠢᠨᠠᠷ ᠢ ᠢᠯᠡᠷᠡᠭᠦᠯᠵᠦ ᠂ ᠪᠦᠷᠢᠨ ᠲᠡᠭᠦᠯᠳᠡᠷ ᠰᠢᠰᠲ᠋ᠧᠮ ᠢᠶᠠᠷ ᠢᠶᠠᠨ ᠲᠡᠭᠦᠨ ᠤ ᠤᠨᠤᠯ ᠤᠨ ᠰᠢᠨᠵᠢᠯᠡᠬᠦ ᠤᠬᠠᠭᠠᠨᠴᠢ | ᠴᠢᠨᠠᠷ ᠢ ᠨᠤᠲᠠᠯᠠᠭᠰᠠᠨ ᠳᠤ ᠣᠷᠣᠰᠢᠨ᠎ᠠ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠭᠵᠢᠯᠲᠡ | ᠪᠣᠯ ᠲᠠᠰᠤᠷᠠᠯᠲᠠ ᠦᠭᠡᠢ ᠪᠠᠶᠠᠯᠢᠭᠵᠢᠨ ᠥᠷᠭᠡᠵᠢᠬᠦ ᠶᠢᠨ ᠬᠠᠮᠲᠤ ᠲᠠᠰᠤᠷᠠᠯᠲᠠ ᠦᠭᠡᠢ ᠰᠢᠰᠲ᠋ᠧᠮᠵᠢᠬᠦ ᠂ ᠵᠦᠢ ᠶᠣᠰᠣᠵᠢᠬᠤ ᠶᠠᠪᠤᠴᠠ ᠮᠥᠨ ᠃ ᠦᠢᠯᠡᠳᠦᠯᠭᠡ ᠶᠢᠨ | ᠠᠬᠢᠴᠠ ᠶᠢᠨ ᠭᠦᠨᠵᠡᠭᠡᠶᠢᠷᠡᠬᠦ ᠶᠢ ᠳᠠᠭᠠᠯᠳᠤᠨ ᠂ ᠨᠠᠮ ᠤᠨ ᠤᠨᠤᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠠᠮ ᠶᠠᠪᠤᠬᠤ ᠲᠤᠳᠤᠮ ᠪᠠᠶᠠᠯᠢᠭᠵᠢᠬᠤ ᠪᠣᠯᠣᠨ᠎ᠠ ᠃ | ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠮᠠᠨ ᠤ ᠨᠠᠮ ᠤᠨ ᠳᠤᠷᠠᠳᠤᠭᠰᠠᠨ ᠰᠢᠨ᠎ᠡ ᠣᠶᠢᠯᠠᠭᠠᠭᠳᠠᠬᠤᠨ ᠰᠢᠨ᠎ᠡ | ᠨᠤᠲᠠᠯᠠᠯᠲᠠ ᠶᠢᠨ ᠤᠭ ᠶᠣᠰᠣᠨ ᠤ ᠴᠢᠨᠠᠷᠲᠠᠢ ᠤᠨᠤᠯ ᠤᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠰᠤᠳᠤᠯᠤᠨ ᠲᠠᠶᠢᠯᠪᠤᠷᠢᠯᠠᠵᠤ ᠂ ᠳᠣᠲᠣᠭᠠᠳᠤ ᠶᠢᠨ ᠬᠢᠨᠢ | ᠬᠠᠷᠢᠴᠠᠭ᠎ᠠ ᠶᠢ ᠡᠵᠡᠮᠳᠡᠵᠦ ᠂ ᠪᠦᠭᠦ ᠨᠠᠮ ᠪᠦᠭᠦ ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠤᠨᠤᠯ ᠤᠨ ᠰᠢᠰᠲ᠋ᠧᠮ ᠢ ᠨᠡᠩ ᠰᠠᠶᠢᠲᠤᠷ ᠰᠤᠷᠤᠯᠴᠠᠨ ᠡᠵᠡᠮᠰᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠠᠷᠠᠳ ᠤᠯᠠᠨ ᠤ ᠡᠭᠦᠳᠦᠨ ᠪᠦᠲᠦᠭᠡᠯᠲᠡ ᠳᠤᠮᠳᠠ ᠠᠴᠠ ᠤᠨᠤᠯ ᠤᠨ ᠰᠢᠨ᠎ᠡ ᠶᠢ ᠡᠭᠦᠳᠬᠦ ᠤᠶᠤᠨ ᠤᠬᠠᠭᠠᠨ ᠢ ᠰᠢᠩᠭᠡᠬᠡᠨ ᠠᠪᠬᠤ ᠶᠢ | ᠴᠢᠬᠤᠯᠠᠴᠢᠯᠠᠬᠤ ᠬᠡᠷᠡᠭᠲᠡᠢ ᠃ ᠮᠠᠷᠺᠰ ᠤᠨ ᠦᠵᠡᠯ ᠪᠣᠯ ᠠᠷᠠᠳ ᠲᠦᠮᠡᠨ ᠤ ᠲᠥᠯᠥᠭᠡ ᠦᠭᠡ ᠬᠡᠯᠡᠵᠦ ᠂ ᠠᠷᠠᠳ ᠲᠦᠮᠡᠨ ᠤ ᠲᠥᠯᠥᠭᠡ ᠣᠷᠣᠯᠠᠨ ᠥᠭᠦᠯᠡᠬᠦ ᠤᠨᠤᠯ | ᠮᠥᠨ ᠂ ᠠᠷᠠᠳ ᠲᠦᠮᠡᠨ ᠤ ᠬᠤᠪᠢ ᠵᠠᠶᠠᠭ᠎ᠠ ᠶᠢ ᠬᠤᠪᠢᠷᠠᠭᠤᠯᠬᠤ ᠶᠢᠨ ᠲᠥᠯᠥᠭᠡ ᠡᠭᠦᠳᠦᠨ ᠪᠦᠲᠦᠭᠡᠵᠦ ᠂ ᠠᠷᠠᠳ ᠲᠦᠮᠡᠨ ᠤ ᠴᠢᠯᠦᠭᠡᠯᠡᠯᠲᠡ ᠶᠢ ᠡᠷᠢᠯᠬᠢᠯᠡᠬᠦ | ᠦᠢᠯᠡᠳᠦᠯᠭᠡ ᠶᠢᠨ ᠳᠤᠮᠳᠠ ᠪᠠᠶᠠᠯᠢᠭᠵᠢᠨ ᠬᠥᠭᠵᠢᠭᠰᠡᠨ ᠶᠤᠮ ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠮᠠᠷᠺᠰ ᠤᠨ ᠦᠵᠡᠯ ᠤᠨ ᠤᠨᠤᠯ ᠤᠨ | ᠰᠢᠨ᠎ᠡ ᠶᠢ ᠡᠭᠦᠳᠬᠦ ᠰᠢᠷᠭᠢᠰᠢ ᠦᠭᠡᠢ ᠡᠬᠢ ᠪᠤᠯᠠᠭ ᠮᠥᠨ ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠦᠷ᠎ᠡ ᠪᠦᠲᠦᠭᠡᠯ ᠪᠣᠯ ᠴᠥᠮ | ᠨᠠᠮ ᠪᠠ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠠ ᠬᠠᠮᠲᠤ ᠶᠢᠨ ᠤᠶᠤᠨ ᠤᠬᠠᠭᠠᠨ ᠤ ᠤᠭᠢ ᠪᠦᠲᠦᠭᠡᠯ ᠮᠥᠨ ᠃ ᠪᠢᠳᠡ ᠡᠯ᠎ᠡ ᠵᠦᠢᠯ ᠤᠨ ᠠᠵᠢᠯ ᠤᠨ | ᠦᠢᠯᠡᠳᠦᠯᠭᠡ ᠳᠡᠭᠡᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠠᠭᠠᠨ ᠴᠤ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ ᠃ ᠠᠷᠠᠳ ᠲᠦᠮᠡᠨ ᠤ ᠪᠦᠲᠦᠭᠡᠯᠴᠢ ᠵᠣᠷᠢᠭ ᠰᠠᠨᠠᠭ᠎ᠠ ᠶᠢ ᠭᠦᠨᠳᠦᠳᠭᠡᠵᠦ ᠂ ᠠᠷᠠᠳ ᠲᠦᠮᠡᠨ ᠤ ᠪᠦᠲᠦᠭᠡᠯᠴᠢ | ᠴᠢᠨᠠᠷᠲᠠᠢ ᠦᠢᠯᠡᠳᠦᠯᠭᠡ ᠶᠢᠨ ᠳᠤᠮᠳᠠ ᠠᠴᠠ ᠰᠢᠨ᠎ᠡ ᠰᠣᠷᠭᠤᠭ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ ᠂ ᠣᠶᠤᠨᠯᠢᠭ ᠲᠠᠨᠢᠯᠲᠠ ᠪᠣᠯᠭᠠᠨ ᠳᠡᠭᠡᠭᠰᠢᠯᠡᠭᠦᠯᠵᠦ ᠂ | ᠰᠢᠨ᠎ᠡ ᠤᠨᠤᠯ ᠤᠨ ᠦᠷ᠎ᠡ ᠪᠦᠲᠦᠭᠡᠯ ᠢ ᠰᠢᠷᠭᠠᠭᠠᠨ ᠪᠤᠯᠪᠠᠰᠤᠷᠠᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠲᠦᠭ ᠲᠦᠮᠡᠨ ᠠᠷᠠᠳ ᠤᠨ ᠰᠡᠳᠬᠢᠯ ᠳᠤ | ᠬᠠᠳᠠᠩᠰᠢᠭᠤᠯᠵᠤ ᠂ ᠠᠮᠢᠳᠤᠷᠠᠯ ᠳᠤ ᠣᠶᠢᠷᠠᠲᠤᠵᠤ ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ ᠂ ᠠᠷᠠᠳ ᠤᠨ ᠰᠠᠨᠠᠭᠠᠨ ᠳᠤ ᠨᠡᠶᠢᠴᠡᠵᠦ ᠂ ᠠᠷᠠᠳ ᠤᠨ | ᠰᠡᠳᠬᠢᠯ ᠢ ᠣᠯᠣᠭᠰᠠᠨ ᠤᠨᠤᠯ ᠪᠤᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | | | |