| | 10 ᠰᠠᠷ᠎ᠠ ᠶᠢᠨ 10 ᠤ ᠡᠳᠦᠷ ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 | ᠣᠨ ᠤ ᠭᠤᠷᠪᠠᠳᠤᠭᠠᠷ ᠤᠳᠠᠭ᠎ᠠ ᠶᠢᠨ ᠲᠣᠬᠢᠷᠠᠭᠤᠯᠤᠯᠳᠠ ᠶᠢᠨ ᠬᠤᠷᠠᠯ ᠵᠢᠴᠢ ᠳᠥᠷᠪᠡᠳᠦᠭᠡᠷ ᠤᠯᠠᠷᠢᠯ ᠤᠨ ᠴᠢᠳᠠᠪᠤᠷᠢᠲᠠᠨ ᠤ ᠭᠤᠣᠯᠳᠠᠯᠭ᠎ᠠ ᠲᠠᠢ ᠠᠵᠢᠯ ᠤᠨ | ᠲᠣᠬᠢᠷᠠᠭᠤᠯᠤᠯᠳᠠ ᠶᠢᠨ ᠬᠤᠷᠠᠯ ᠬᠤᠷᠠᠯᠳᠤᠵᠤ ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠂ | ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠵᠠᠩ ᠴᠦᠨ ᠯᠢᠨ ᠬᠤᠷᠠᠯ ᠢ | ᠡᠷᠭᠢᠯᠡᠵᠦ ᠶᠠᠷᠢᠶ᠎ᠠ ᠲᠠᠯᠪᠢᠪᠠ ᠃ | | ᠬᠤᠷᠠᠯ ᠳᠡᠭᠡᠷ᠎ᠡ ᠂ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠬᠤᠶᠠᠳᠤᠭᠠᠷ | ᠤᠳᠠᠭ᠎ᠠ ᠶᠢᠨ ᠲᠤᠰᠬᠠᠢ ᠰᠡᠳᠦᠪᠲᠦ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠠᠩᠬᠠᠳᠤᠭᠠᠷ ᠤᠳᠠᠭ᠎ᠠ ᠶᠢᠨ ᠬᠤᠯᠪᠤᠭᠠᠳᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠪᠥᠬᠦ ᠬᠤᠰᠢᠭᠤᠨ ᠤ ᠴᠢᠳᠠᠪᠤᠷᠢᠲᠠᠨ ᠤ ᠠᠵᠢᠯ ᠳᠤ ᠳᠠᠬᠢᠨ ᠲᠠᠶᠢᠴᠢᠯᠠᠯᠳᠠ ᠳᠠᠬᠢᠨ | ᠪᠠᠶᠢᠷᠢᠯᠠᠭᠤᠯᠤᠯᠲᠠ ᠬᠢᠵᠡᠢ ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ ᠠᠵᠤ ᠦᠢᠯᠡᠳᠪᠦᠷᠢ ᠶᠢᠨ ᠮᠡᠳᠡᠭᠡ ᠵᠠᠩᠬᠢᠵᠢᠯᠳᠠ ᠪᠠ ᠰᠢᠨᠵᠢᠯᠡᠬᠦ ᠤᠬᠠᠭᠠᠨ | ᠮᠡᠷᠬᠡᠵᠢᠯ ᠤᠨ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠷᠠᠯ ᠳᠤ ᠣᠷᠣᠯᠴᠠᠬᠰᠠᠨ 7 ᠪᠦᠷᠢᠯᠳᠦᠭᠦᠨ ᠨᠢᠭᠡᠴᠢ ᠪᠠ 1 ᠭᠤᠣᠯᠳᠠᠯᠭ᠎ᠠ ᠲᠠᠢ ᠠᠵᠤ | ᠠᠬᠤᠶᠢᠯᠠᠯ ᠠᠴᠠ ᠲᠦᠷᠦᠭᠦᠤ ᠭᠤᠷᠪᠠᠨ ᠤᠯᠠᠷᠢᠯ ᠤᠨ ᠴᠢᠳᠠᠪᠤᠷᠢᠲᠠᠨ ᠤ ᠠᠵᠢᠯ ᠢ ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠴᠢᠳᠠᠪᠤᠷᠢᠲᠠᠨ ᠤ | ᠠᠵᠢᠯ ᠤᠨ ᠲᠥᠯᠥᠪᠯᠡᠭᠡ ᠪᠠᠨ ᠨᠠᠷᠢᠨ ᠲᠠᠨᠢᠯᠴᠠᠭᠤᠯᠪᠠ ᠃ ᠡᠭᠦᠨ ᠤ ᠲᠠᠭᠠᠤ ᠳᠤ ᠂ ᠬᠤᠷᠠᠯ ᠠᠴᠠ ᠪᠤᠷᠤᠳᠤᠬᠤᠢ ᠰᠤᠮᠤ ᠶᠢᠨ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠂ ᠣᠷᠳᠣᠰ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠦᠢᠯᠡᠴᠢᠯᠡᠭᠡᠨ ᠤ ᠲᠥᠪ ᠂ ᠤᠷᠤᠨ ᠲᠤᠭ᠎ᠠ ᠶᠢᠨ ᠵᠥᠪᠯᠡᠯ ᠤᠨ ᠠᠯᠪᠠᠨ ᠭᠡᠷ ᠵᠡᠷᠭᠡ 11 ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠴᠢᠳᠠᠪᠤᠷᠢᠲᠠᠨ ᠢ | ᠣᠷᠣᠭᠤᠯᠬᠤ ᠬᠡᠷᠡᠭᠵᠢᠬᠦᠯᠬᠦ ᠲᠦᠰᠦᠯ ᠢ ᠪᠡᠶ᠎ᠡ ᠪᠠᠨ ᠳᠠᠭᠠᠭᠠᠵᠤ ᠥᠷᠨᠢᠭᠦᠯᠦᠭᠰᠡᠨ ᠢ ᠬᠢᠨᠠᠨ ᠵᠥᠪᠯᠡᠭᠰᠡᠨ ᠪᠥᠭᠡᠳ ᠳᠥᠷᠪᠡᠳᠦᠭᠡᠷ ᠤᠯᠠᠷᠢᠯ ᠤᠨ ᠴᠢᠳᠠᠪᠤᠷᠢᠲᠠᠨ ᠤ | ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠬᠢᠵᠡᠢ ᠃ | ᠬᠤᠷᠠᠯ ᠠᠴᠠ ᠴᠢᠬᠤᠯᠠᠴᠢᠯᠠᠬᠤ ᠳᠠᠭᠠᠨ ᠂ ᠴᠢᠳᠠᠪᠤᠷᠢᠲᠠᠨ ᠤ ᠠᠵᠢᠯ ᠪᠣᠯ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠬᠤᠰᠢᠭᠤ ᠰᠢᠶᠠᠨ ᠢ ᠲᠤᠰᠬᠠᠢ ᠲᠦᠷᠦᠯ | ᠤᠨ ᠦᠨᠡᠯᠡᠯᠳᠡ ᠬᠢᠬᠦ ᠪᠠᠷ ᠬᠡᠷᠡᠭᠵᠢᠬᠦᠯᠦᠭᠰᠡᠨ ᠴᠢᠬᠤᠯᠠ ᠡᠭᠦᠷᠭᠡ ᠮᠥᠨ ᠂ ᠬᠤᠲᠠ ᠶᠢᠨ ᠵᠠᠰᠠᠭ ᠤᠨ ᠣᠷᠳᠣᠨ ᠤ ︽ ᠲᠠᠪᠤ ᠶᠢ ᠨᠢᠭᠡ ᠴᠣᠭᠴᠠᠵᠢᠭᠤᠯᠤᠬᠰᠠᠨ ︾ ᠢ | ᠶᠡᠷᠦᠩᠬᠡᠶᠢᠯᠡᠨ ᠬᠢᠨᠠᠨ ᠰᠢᠯᠭᠠᠬᠤ ᠭᠦᠢᠴᠡᠳᠭᠡᠯ ᠲᠣᠭᠠᠨ ᠤ ᠲᠤᠬᠳᠠᠯᠴᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ ᠃ ᠡᠭᠦᠨ ᠠᠴᠠ ᠭᠠᠳᠠᠨ᠎ᠠ ᠂ | ᠴᠢᠳᠠᠪᠤᠷᠢᠲᠠᠨ ᠤ ᠠᠵᠢᠯ ᠢ ᠪᠥᠬᠦ ᠬᠤᠰᠢᠭᠤᠨ ᠤ ᠣᠨ ᠤ ᠬᠢᠨᠠᠨ ᠰᠢᠯᠭᠠᠵᠤ ᠦᠨᠡᠯᠡᠬᠦ ᠲᠤᠬᠳᠠᠯᠴᠠᠭ᠎ᠠ ᠳᠤ ᠣᠷᠣᠭᠤᠯᠪᠠ ᠃ ᠡᠯ᠎ᠡ ᠪᠦᠷᠢᠯᠳᠦᠭᠦᠨ ᠨᠢᠭᠡᠴᠢ ᠶᠢᠨ ᠬᠢᠨ | ᠴᠢᠳᠠᠪᠤᠷᠢᠲᠠᠨ ᠢ ᠵᠡᠷᠬᠡ ᠪᠠᠷ ᠠᠳᠬᠤᠵᠦ ᠬᠠᠮᠳᠤᠪᠡᠷ ᠬᠠᠮᠢᠶᠠᠷᠬᠤ ᠤᠬᠠᠮᠰᠠᠷ ᠢᠶᠠᠨ ᠪᠠᠲᠤᠳᠬᠠᠵᠦ ᠂ ᠪᠦᠭᠦ ᠬᠤᠰᠢᠭᠤᠨ ᠤ ︽ ᠲᠠᠪᠤ ᠶᠢ ᠨᠢᠭᠡ ᠴᠣᠭᠴᠠᠵᠢᠭᠤᠯᠤᠬᠰᠠᠨ ︾ | ᠢ ᠶᠡᠷᠦᠩᠬᠡᠶᠢᠯᠡᠨ ᠬᠢᠨᠠᠨ ᠰᠢᠯᠭᠠᠵᠦ ᠦᠨᠡᠯᠡᠬᠦ ᠠᠵᠢᠯ ᠢ ᠲᠦᠷᠭᠡᠳᠭᠡᠨ ᠠᠬᠢᠭᠤᠯᠵᠤ ᠂ ᠭᠤᠣᠯᠳᠠᠯᠭ᠎ᠠ ᠲᠠᠢ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ | ᠪᠡᠶᠡᠯᠡᠭᠦᠯᠵᠦ ᠂ ᠴᠢᠳᠠᠪᠤᠷᠢᠲᠠᠨ ᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠬᠡᠪᠡ ᠃ | ᠬᠤᠷᠠᠯ ᠠᠴᠠ ᠵᠢᠭᠠᠵᠤ ᠭᠠᠷᠭᠠᠬᠤ ᠳᠠᠭᠠᠨ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠭᠡᠨ ᠠᠬᠢᠭᠤᠯᠵᠦ ᠂ ᠡᠯ᠎ᠡ ᠪᠦᠷᠢᠯᠳᠦᠭᠦᠨ ᠨᠢᠭᠡᠴᠢ ᠶᠢᠨ ᠬᠢᠨ | ᠵᠣᠬᠢᠶᠠᠨ ᠪᠠᠶᠢᠭᠤᠯᠬᠤ ᠬᠡᠯᠲᠡᠰ ᠠᠴᠠ ᠪᠠᠭᠤᠯᠭᠠᠭᠰᠠᠨ ︽ 2023 ᠣᠨ ᠤ ᠪᠥᠬᠦ ᠬᠤᠰᠢᠭᠤᠨ ᠤ ᠴᠢᠳᠠᠪᠤᠷᠢᠲᠠᠨ ᠤ ᠠᠵᠢᠯ ᠤᠨ ᠭᠤᠣᠯᠳᠠᠯᠭ᠎ᠠ ᠵᠢᠴᠢ ᠡᠭᠦᠷᠭᠡ ᠶᠢᠨ | ᠬᠤᠪᠢᠶᠠᠷᠢᠯᠠᠯᠳᠠ ᠶᠢᠨ ᠲᠥᠰᠥᠯ ︾ ᠲᠠᠢ ᠲᠤᠯᠭᠠᠨ ᠬᠠᠷᠭᠤᠭᠤᠯᠵᠦ ᠂ ᠲᠣᠰ ᠰᠠᠯᠠᠭ᠎ᠠ ᠮᠥᠴᠢᠷ ᠲᠣᠰ ᠬᠦᠷᠢᠶ᠎ᠠ ᠬᠡᠪᠴᠢᠶᠠᠨ ᠳᠠᠬᠢ ᠪᠥᠬᠦ ᠵᠢᠯ ᠤᠨ ᠴᠢᠳᠠᠪᠤᠷᠢᠲᠠᠨ ᠤ | ᠠᠵᠢᠯ ᠤᠨ ᠲᠥᠯᠥᠪᠯᠡᠭᠡ ᠶᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ ᠂ ᠳᠤᠲᠠᠭᠳᠠᠯ ᠲᠠᠢ ᠲᠠᠯ᠎ᠠ ᠪᠠᠨ ᠪᠠᠶᠢᠴᠠᠭᠠᠨ ᠨᠥᠬᠦᠪᠦᠷᠢᠯᠡᠵᠦ ᠂ ᠡᠭᠦᠷᠭᠡ ᠨᠢᠭᠡᠪᠦᠷᠢ ᠪᠠᠨ | ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ︔ ᠡᠯ᠎ᠡ ᠪᠦᠷᠢᠯᠳᠦᠭᠦᠨ ᠨᠢᠭᠡᠴᠢ ᠶᠢᠨ ᠬᠢᠨ ︽ᠴᠢᠳᠠᠪᠤᠷᠢᠲᠠᠨ ᠢ ᠵᠡᠬᠦᠨᠭᠠᠷ ᠲᠤ ᠴᠤᠭᠯᠠᠷᠠᠭᠤᠯᠵᠤ ᠂ | ᠢᠷᠡᠭᠡᠳᠦᠢ ᠪᠠᠨ ᠣᠶᠤᠨᠴᠢ ᠪᠠᠷ ᠴᠣᠭᠴᠠᠯᠠᠶ᠎ᠠ ︾ ᠭᠡᠬᠦ ᠵᠡᠭᠦᠨᠭᠠᠷ ᠬᠤᠰᠢᠭᠤᠨ ᠤ ᠴᠢᠳᠠᠪᠤᠷᠢᠲᠠᠨ ᠤ ᠰᠠᠷ᠎ᠠ ᠶᠢᠨ ᠰᠢᠷᠢᠰ ᠠᠵᠢᠯᠯᠠᠭ᠎ᠠ ᠶᠢᠨ ᠲᠥᠰᠥᠯ ᠢ | ᠨᠠᠷᠢᠯᠢᠭᠵᠢᠭᠤᠯᠬᠤ ᠶᠢᠨ ᠬᠠᠮᠲᠤ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠰᠠᠶᠢᠲᠤᠷ ᠬᠢᠬᠦ ᠬᠡᠷᠡᠭᠲᠡᠢ ᠃ ᠤᠬᠠᠭᠤᠯᠭ᠎ᠠ ᠶᠢᠨ ᠡᠷᠴᠢᠮ ᠢᠶᠠᠨ ᠦᠨᠡᠨᠬᠦ | ᠴᠢᠩᠭᠠᠷᠠᠭᠤᠯᠵᠤ ᠂ ᠵᠡᠭᠦᠨᠭᠠᠷ ᠬᠤᠰᠢᠭᠤᠨ ᠤ ᠴᠢᠳᠠᠪᠤᠷᠢᠲᠠᠨ ᠤ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠴᠢᠨᠠᠭᠰᠢᠳᠠ ᠥᠷᠭᠡᠳᠭᠡᠵᠦ ᠂ ︽ ᠴᠢᠳᠠᠪᠤᠷᠢᠲᠠᠨ ᠢ | ᠬᠦᠨᠳᠦᠳᠭᠡᠬᠦ ᠂ ᠴᠢᠳᠠᠪᠤᠷᠢᠲᠠᠨ ᠢ ᠬᠠᠶᠢᠷᠠᠯᠠᠬᠤ ᠂ ᠴᠢᠳᠠᠪᠤᠷᠢᠲᠠᠨ ᠢ ᠴᠢᠬᠤᠯᠠᠴᠢᠯᠠᠬᠤ ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠬᠡᠪᠡ ᠃ | |