| | | ᠵᠢᠷᠤᠭ ᠄ 10 ᠰᠠᠷ᠎ᠠ ᠶᠢᠨ 13 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠶᠢᠨ | ᠨᠡᠷ᠎ᠡ ᠳᠤᠷᠠᠳᠤᠭᠳᠠᠭᠰᠠᠨ ᠵᠢᠱᠢᠭᠳᠡᠭᠴᠢ ᠸᠠᠩ ᠭᠦᠸᠧ ᠴᠢᠤᠸᠠᠨ ᠨᠤᠸᠠᠨ ᠱᠦᠢ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠭᠦᠯᠭᠡ ᠶᠢᠨ | ᠣᠷᠳᠣᠨ ᠳᠤ ᠨᠤᠸᠠᠨ ᠱᠦᠢ ᠰᠢᠶᠠᠩ ᠤᠨ ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠶᠤᠸᠠᠢ ᠴᠧᠨ | ᠶᠠᠨ ᠰᠡᠭᠦᠳᠡᠷᠯᠡᠪᠡ | 10 ᠰᠠᠷ᠎ᠠ ᠶᠢᠨ 13 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠶᠢᠨ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠸᠠᠩ ᠭᠦᠸᠧ ᠴᠢᠤᠸᠠᠨ ᠤᠷᠢᠳ ᠬᠤᠵᠢᠳ ᠱᠠᠬᠳᠠᠷ ᠪᠠᠯᠭᠠᠰᠤᠨ ᠤ ᠴᠠᠩ ᠱᠧᠩ ᠳ᠋ᠢᠶᠠᠨ ᠲᠣᠰᠬᠤᠨ ᠤ ᠵᠢᠦᠢ ᠪᠠᠩ ᠨᠡᠬᠡᠮᠡᠯ ᠤᠨ | ᠤᠭᠤᠲᠠ ᠬᠢᠬᠦ ᠦᠢᠯᠡᠳᠪᠦᠷᠢ ᠂ ᠡᠯᠳᠡᠪ ᠠᠮᠤ ᠶᠢᠨ ᠰᠤᠳᠤᠯᠭᠠᠨ ᠤ ᠲᠥᠪ ᠂ ᠨᠤᠸᠠᠨ ᠱᠦᠢ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠵᠡᠭᠦᠯᠭᠡ ᠶᠢᠨ ᠣᠷᠳᠣᠨ ᠂ ᠨᠤᠸᠠᠨ ᠱᠦᠢ ᠰᠢᠶᠠᠩ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠳᠠ ᠶᠢᠨ ᠠᠬᠤᠢ ᠳᠠᠯᠠᠪᠠᠢ ᠂ ᠨᠠᠷᠠᠰᠤᠨ ᠪᠠᠯᠭᠠᠰᠤᠨ ᠤ ᠨᠠᠷᠢᠨᠰᠦ᠋ᠮᠠ ᠲᠣᠰᠬᠤᠨ ᠤ ᠢ ᠲᠠᠢ ᠶᠢᠨ ᠭᠠᠮᠰᠢᠭ ᠤᠨ ᠵᠠᠰᠠᠯᠳᠠ ᠶᠢᠨ ᠣᠷᠣᠨ᠂ ᠵᠢᠦᠢ ᠾᠧ | ᠺᠣᠮᠫᠠᠨᠢ᠂ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠤᠢ ᠲᠠᠯᠠᠪᠠᠢ ᠳᠤ ᠬᠦᠨᠵᠡᠭᠡᠶᠢᠷᠡᠨ ᠂ ᠰᠢᠶᠠᠩ ᠪᠠᠯᠭᠠᠰᠤᠨ ᠤ ᠠᠵᠤ ᠦᠢᠯᠡᠰ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ | ᠲᠣᠰᠬᠤᠨ ᠤ ᠵᠠᠰᠠᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠭᠠᠮᠰᠢᠭ ᠤᠨ ᠵᠠᠰᠠᠯᠳᠠ ᠶᠢᠨ ᠣᠷᠣᠨ ᠤ ᠳᠠᠬᠢᠨ | ᠬᠠᠭᠠᠯᠪᠤᠷᠢᠯᠠᠵᠤ ᠨᠣᠭᠤᠭᠠᠷᠠᠭᠤᠯᠬᠤ ᠵᠡᠷᠭᠡ ᠠᠵᠢᠯ ᠤᠳ ᠢ ᠪᠠᠶᠢᠴᠠᠭᠠᠨ ᠰᠤᠳᠤᠯᠵᠤ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠬᠤᠯᠪᠣᠭᠳᠠᠯ ᠪᠦᠬᠦᠢ | ᠰᠢᠶᠠᠩ ᠪᠠᠯᠭᠠᠰᠤ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | | ᠵᠢᠷᠤᠭ ᠄ 10 ᠰᠠᠷ᠎ᠠ ᠶᠢᠨ 13 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠶᠢᠨ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠸᠠᠩ ᠭᠦᠸᠧ ᠴᠢᠤᠸᠠᠨ ᠱᠠᠬᠳᠠᠷ ᠪᠠᠯᠭᠠᠰᠤᠨ ᠤ ᠴᠠᠩ ᠱᠧᠩ ᠳ᠋ᠢᠶᠠᠨ ᠲᠣᠰᠬᠤᠨ ᠳᠤ ᠰᠢᠶᠠᠩ ᠪᠠᠯᠭᠠᠰᠤᠨ ᠤ ᠠᠵᠤ ᠦᠢᠯᠡᠰ ᠵᠢᠴᠢ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ ᠃ ᠶᠤᠸᠠᠢ | ᠴᠧᠨ ᠶᠠᠨ ᠰᠡᠭᠦᠳᠡᠷᠯᠡᠪᠡ | ᠸᠠᠩ ᠭᠦᠸᠧ ᠴᠢᠤᠸᠠᠨ ᠬᠡᠯᠡᠬᠦ ᠳᠡᠭᠡᠨ ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ ᠂ ᠬᠥᠳᠡᠭᠡ ᠲᠣᠰᠬᠤᠨ ᠳᠤ ᠨᠠᠰᠤᠲᠠᠶᠢᠴᠤᠳ ᠤᠯᠠᠠ ᠪᠠᠶᠢᠬᠤ ᠣᠨᠴᠠᠯᠢᠭ ᠲᠤ | ᠴᠢᠭᠯᠡᠭᠦᠯᠦᠨ᠂ ᠬᠤᠯᠪᠤᠬᠳᠠᠯ ᠪᠦᠬᠦᠢ ᠬᠥᠮᠥᠰ ᠲᠤ ᠦᠢᠯᠡᠴᠢᠯᠡᠬᠦ ᠳᠤᠪᠶᠤᠭ ᠢ ᠦᠷᠭᠦᠯᠵᠢᠯᠡᠨ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠵᠠᠰᠠᠯᠲᠠ ᠶᠢᠨ | ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠰᠠᠶᠢᠲᠤᠷ ᠬᠥᠭᠵᠢᠭᠦᠯᠦᠭᠰᠡᠨ ᠰᠠᠭᠤᠷᠢᠨ ᠳᠡᠭᠡᠷ᠎ᠡ ᠂ ᠰᠡᠳᠬᠢᠬᠦᠢ ᠶᠢᠨ ᠠᠷᠭ᠎ᠠ ᠮᠠᠶ᠋ᠢᠭ ᠪᠠ ᠦᠢᠯᠡᠳᠪᠦᠷᠢᠯᠡᠯ ᠤᠨ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠂ ᠰᠢᠶᠠᠩ ᠪᠠᠯᠭᠠᠰᠤᠨ ᠤ ᠠᠵᠤ ᠦᠢᠯᠡᠰ ᠪᠠ ᠳᠤᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠂ ᠲᠠᠷᠢᠶᠠᠯᠠᠩ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠦᠷᠭᠦᠯᠵᠢᠯᠡᠨ | ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠯᠠᠨ ᠠᠷᠭ᠎ᠠ ᠵᠠᠮ᠂ ᠤᠯᠠᠨ ᠠᠷᠭ᠎ᠠ ᠪᠠᠷᠢᠯ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠤᠰᠤᠯᠡᠨ ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯᠳᠤᠯ ᠢ ᠠᠬᠢᠭᠤᠯᠵᠤ ᠂ ᠢᠯᠠᠩᠭᠤᠶ᠎ᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠠᠯᠳᠠᠷᠰᠢᠯ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ ᠂ ᠲᠣᠰ ᠭᠠᠵᠠᠷ ᠣᠷᠣᠨ ᠤ ᠲᠤᠰᠬᠠᠢ | ᠮᠡᠷᠭᠡᠵᠢᠯ ᠤᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠂ | ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠬᠦ ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠠᠬᠢᠭᠤᠯᠬᠤ ᠶᠠᠪᠤᠴᠠ ᠳᠤ ᠣᠷᠣᠰᠢᠵᠤ | ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠡᠮᠬᠢᠯᠡᠨ ᠰᠢᠢᠳᠪᠦᠷᠢᠯᠡᠵᠦ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠵᠦ ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠃ | ᠠᠭᠤᠷᠬᠠᠢ ᠶᠢᠨ ᠣᠷᠣᠨ ᠤ ᠠᠮᠢ ᠠᠬᠤᠢ ᠶᠢᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠠᠭᠤᠷᠬᠠᠢ ᠶᠢᠨ ᠳᠠᠬᠢᠨ ᠬᠠᠭᠠᠯᠪᠤᠷᠢᠯᠠᠬᠤ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠭᠦᠢᠴᠡᠳ | ᠠᠰᠢᠭᠯᠠᠨ ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠶᠢᠬᠠᠨ ᠦᠵᠡᠮᠵᠢ ᠲᠠᠢ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠡᠨᠧᠷᠭᠢ ᠶᠢᠨ ᠰᠠᠭᠤᠷᠢᠨ | ᠭᠠᠵᠠᠷ ᠤᠨ ᠲᠥᠷᠥᠯ ᠵᠦᠢᠯ ᠢ ᠬᠥᠭᠵᠢᠭᠦᠯᠵᠦ ᠂ ᠠᠭᠤᠷᠬᠠᠢ ᠮᠠᠯᠲᠠᠬᠤ ᠂ ᠳᠠᠬᠢᠨ ᠬᠠᠭᠠᠯᠪᠤᠷᠢᠯᠠᠬᠤ ᠂ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ | ᠤᠶᠠᠯᠳᠤᠭᠤᠯᠤᠭᠰᠠᠨ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠰᠢᠨ᠎ᠡ ᠠᠷᠭ᠎ᠠ ᠵᠠᠮ ᠢ ᠲᠦᠷᠭᠡᠳᠬᠡᠨ ᠰᠦᠪᠡᠭᠴᠢᠯᠡᠵᠦ ᠂ ᠠᠭᠤᠷᠬᠠᠢ ᠶᠢᠨ ᠠᠵᠤ | ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠂ ᠠᠮᠢ ᠠᠬᠤᠢ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠭᠡᠷᠡᠭᠳᠡᠢ ᠭᠡᠪᠡ ᠃ | | ᠵᠢᠷᠤᠭ ᠄ 10 ᠰᠠᠷ᠎ᠠ ᠶᠢᠨ 13 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠶᠢᠨ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠸᠠᠩ ᠭᠦᠸᠧ ᠴᠢᠤᠸᠠᠨ ᠨᠠᠷᠠᠰᠤᠨ ᠪᠠᠯᠭᠠᠰᠤᠨ ᠤ ᠨᠠᠷᠢᠨᠰᠦ᠋ᠮᠠᠲ᠋ᠣᠰᠬᠤᠨ ᠤ ᠢ ᠲᠠᠢ ᠶᠢᠨ ᠭᠠᠮᠰᠢᠭ ᠤᠨ ᠵᠠᠰᠠᠯᠳᠠ ᠶᠢᠨ | ᠣᠷᠣᠨ ᠳᠤ ᠦᠵᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠲᠥᠷᠥᠯ ᠵᠦᠢᠯ ᠤᠨ ᠲᠥᠯᠦᠪᠵᠢᠭᠦᠯᠭᠡ ᠶᠢᠨ ᠪᠠᠶᠢᠳᠠᠯ ᠢ ᠨᠠᠷᠢᠨ ᠣᠶᠢᠯᠠᠭᠠᠪᠠ ᠃ | ᠶᠤᠸᠠᠢ ᠴᠧᠨ ᠶᠠᠨ ᠰᠡᠭᠦᠳᠡᠷᠯᠡᠪᠡ | | | | |