| ᠲᠦᠭᠦᠬᠡᠢ ᠡᠳ᠋ ᠪᠠᠶᠢᠬᠰᠠᠨ ᠠᠴᠠ ᠮᠠᠲ᠋ᠧᠷᠢᠶᠠᠯ ᠪᠤᠯᠬᠤ ᠪᠤᠯᠳᠠᠯ᠎ᠠ ᠂ ᠳᠣᠣᠷ᠎ᠠ ᠦᠵᠦᠭᠦᠷ ᠠᠴᠠ ᠳᠡᠭᠡᠳᠦ ᠦᠵᠦᠭᠦᠷ ᠬᠦᠷᠲᠡᠯ᠎ᠡ ᠴᠡᠪᠡᠷ ᠪᠥᠭᠡᠳ ᠥᠨᠳᠥᠷ | ᠪᠦᠲᠦᠮᠵᠢᠲᠡᠶ ᠪᠠᠷ ᠠᠰᠢᠭᠯᠠᠨ᠎ᠠ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ︽ ᠨᠡᠭᠦᠷᠡᠰᠦᠨ ᠤ ᠠᠵᠤ ᠦᠢᠯᠡᠳᠪᠦᠷᠢ︾ ᠶᠢᠨ ᠳᠠᠪᠠᠭᠤᠯᠢᠭ ᠲᠤ | ᠰᠠᠭᠤᠷᠢᠯᠠᠵᠤ ᠂ ︽ ᠬᠢᠮᠢ ᠶᠢᠨ ᠠᠵᠤ ᠦᠢᠯᠡᠳᠪᠦᠷᠢ ︾ ᠶᠢᠨ ᠤᠷᠲᠤᠳᠬᠠᠯ ᠢ ᠳᠦᠷᠭᠡᠳᠭᠡᠵᠤ ᠂ ᠳᠡᠭᠡᠳᠦ ᠲᠡᠰ ᠤᠨ᠂ ᠤᠯᠠᠨ ᠡᠰᠢᠵᠢᠭᠰᠡᠨ᠂ ᠳᠣᠣᠷ᠎ᠠ | ᠨᠡᠭᠦᠷᠡᠰᠦᠲᠥ᠋ᠷᠥᠭᠴᠢᠲᠦ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠤ ᠪᠠᠶᠢᠨ᠎ᠠ ᠃ | ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠢᠯ ᠳᠤ 60 | ᠲᠦᠮᠡᠨ ᠲᠣᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠤᠨ ᠦᠢᠯᠡᠳᠪᠦᠷᠢᠯᠡᠯ ᠤᠨ ᠲᠠᠰᠤᠭ ᠲᠤ ᠂ ᠪᠥᠭᠡᠭᠡᠨᠡᠷᠡᠯ ᠡᠲ᠋ᠧᠨ ᠂ ᠪᠥᠭᠡᠭᠡᠨᠡᠷᠡᠯ ᠫᠷᠦᠫᠧᠨ ᠵᠡᠷᠭᠡ | ᠦᠢᠯᠡᠳᠪᠦᠷᠢᠯᠡᠯ ᠠᠮᠢᠳᠤᠷᠠᠯ ᠤᠨ ᠡᠯ᠎ᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠭ᠎ᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ | ᠲᠠᠰᠤᠷᠠᠯᠲᠠ ᠦᠭᠡᠢ ᠦᠢᠯᠡᠳᠪᠦᠷᠢᠯᠡᠨ ᠭᠠᠷᠭᠠᠵᠤ ᠂ ᠪᠦᠬᠦ ᠤᠯᠤᠰ ᠤᠨ ᠡᠯ᠎ᠡ ᠭᠠᠵᠠᠷ ᠤᠨ ᠵᠠᠬ᠎ᠠ ᠳᠡᠯᠭᠡᠭᠦᠷ ᠲᠤ ᠪᠣᠷᠣᠯᠠᠭᠤᠯᠵᠤ ᠪᠤᠢ᠃ | | ᠵᠢᠷᠤᠭ ᠄ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠵᠢᠯ ᠳᠤ 60 ᠲᠦᠮᠡᠨ ᠲᠣᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠤᠨ ᠦᠢᠯᠡᠳᠪᠦᠷᠢᠯᠡᠯ ᠪᠣᠷᠤᠯᠠᠭᠤᠯᠭ᠎ᠠ ᠮᠠᠰᠢ ᠬᠦᠭᠵᠢᠭᠡᠨ ᠲᠠᠢ ᠪᠠᠶᠢᠨ᠎ᠠ ᠃ | ︽ᠪᠥᠭᠡᠭᠡᠨᠡᠷᠡᠯ ᠡᠲ᠋ᠧᠨ᠂ ᠪᠥᠭᠡᠭᠡᠨᠡᠷᠡᠯ ᠫᠷᠦᠫᠧᠨ ᠢ ᠭᠤᠣᠯᠳᠠᠭᠤ ᠵᠠᠷᠢᠮ ᠰᠦᠯᠢᠶᠥᠦ ᠪᠦᠲᠦᠭᠡᠭᠳᠡᠬᠦᠨ ᠳᠤ ᠬᠡᠷᠡᠭᠯᠡᠳᠡᠭ ᠂ ᠵᠢᠱᠢᠶᠡᠯᠡᠪᠡᠯ ᠮᠠᠰᠢᠨ ᠲᠡᠷᠭᠡᠨ ᠤ ᠰᠡᠯᠪᠢᠭ | ᠲᠤᠨᠤᠭ ᠂ ᠠᠮᠢᠳᠤᠷᠠᠯ ᠤᠨ ᠳᠤᠮᠳᠠᠬᠢ ᠰᠦᠯᠢᠶᠥᠦ ᠪᠦᠲᠦᠭᠡᠭᠳᠡᠬᠦᠨ᠂ ᠪᠠᠰᠠ ᠡᠷᠭᠢᠯᠲᠡ ᠶᠢᠨ ᠬᠠᠶᠢᠷᠴᠠᠭ ᠂ ᠵᠢᠭᠠᠰᠤᠨ ᠲᠣᠣᠷ ᠂ ᠰᠦᠯᠢᠶᠥᠦ ᠨᠢᠮᠭᠡᠨ ᠪᠦᠷᠬᠦᠭᠦᠯ | ᠵᠡᠷᠭᠡ ᠳᠤ ᠬᠡᠷᠡᠭᠯᠡᠳᠡᠭ ᠶᠤᠮ᠂ ᠡᠨᠡ ᠨᠢ ᠮᠥᠨ ᠴᠦ ᠠᠵᠤ ᠦᠢᠯᠡᠰ ᠤᠨ ᠬᠡᠯᠬᠢᠶ᠎ᠡ ᠶᠢᠨ ᠨᠢᠭᠡ ᠵᠦᠢᠯ ᠤᠨ ᠦᠷᠭᠦᠯᠵᠢᠯᠡᠯ ᠪᠠᠶᠢᠵᠤ ᠂ ᠪᠦᠲᠦᠭᠡᠭᠳᠡᠬᠦᠨ ᠤ ᠨᠡᠮᠡᠯᠲᠡ | ᠦᠷᠲᠡᠭ ᠢ ᠳᠡᠭᠡᠭᠰᠢᠯᠡᠭᠦᠯᠵᠡᠢ︾ ᠭᠡᠵᠦ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠭᠦᠩ ᠸᠧᠢ ᠰᠢᠶᠠ ᠲᠠᠨᠢᠯᠴᠠᠭᠤᠯᠤᠨ᠎ᠠ ᠃ | 2010 ᠣᠨ ᠳᠤ ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠪᠠᠷ ᠮᠧᠲ᠋ᠢᠯ ᠠᠯᠺᠣᠣᠯ ᠦᠢᠯᠡᠳᠪᠦᠷᠢᠯᠡᠬᠦ ᠲᠥᠷᠥᠯ ᠵᠦᠢᠯ ᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠠᠰᠢᠭᠯᠠᠯᠲᠠ ᠳᠤ ᠣᠷᠣᠭᠤᠯᠪᠠ ᠃ᠠᠷᠪᠠᠨ ᠬᠡᠳᠦᠨ ᠵᠢᠯ ᠤᠨ ᠲᠤᠷᠰᠢ ᠂ ᠡᠨᠡᠬᠦ ᠤᠳᠤ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠵᠡᠭᠦᠨᠭᠠᠷ ᠬᠤᠰᠢᠭᠤᠨ ᠤ ᠡᠯᠪᠡᠭ ᠳᠡᠯᠪᠡᠭ ᠨᠡᠭᠦᠷᠡᠰᠦᠨ ᠤ ᠡᠬᠢ ᠪᠠᠶᠠᠯᠢᠭ ᠲᠤ ᠲᠦᠰᠢᠭᠯᠡᠨ᠂ | ᠨᠡᠭᠦᠷᠡᠰᠦ ᠪᠠᠷ ᠮᠧᠲ᠋ᠢᠯ ᠠᠯᠺᠣᠣᠯ ᠦᠢᠯᠡᠳᠪᠤᠷᠢᠯᠡᠬᠦ ᠠᠴᠠ ᠡᠬᠢᠯᠡᠵᠦ᠂ ᠰᠢᠨ᠎ᠡ ᠮᠡᠷᠭᠡᠵᠢᠯ ᠰᠢᠨ᠎ᠡ ᠴᠢᠭᠯᠡᠯ ᠢ ᠢᠳᠡᠪᠬᠢᠲᠡᠢ ᠰᠦᠪᠡᠭᠴᠢᠯᠡᠵᠦ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠳᠣᠣᠷᠠᠳᠤ ᠭᠡᠯᠬᠢᠶ᠎ᠠ ᠳᠡᠶᠢᠰᠢ ᠤᠷᠲᠤᠳᠬᠠᠵᠤ ᠂ ᠦᠷᠳᠡᠭ ᠤᠨ ᠬᠡᠯᠬᠢᠶ᠎ᠡ ᠶᠢ ᠳᠠᠰᠤᠷᠠᠯᠳᠠ | ᠦᠭᠡᠢ ᠥᠨᠳᠥᠷ ᠳᠡᠶᠢᠰᠢ ᠳᠡᠭᠡᠭᠰᠢᠯᠡᠭᠦᠯᠬᠦ ᠶᠢ ᠠᠬᠢᠭᠤᠯᠤᠬᠰᠠᠨ ᠪᠠᠶᠢᠨ᠎ᠠ ᠃ | | | | ᠵᠢᠷᠤᠭ ᠄ ᠨᠡᠭᠦᠷᠡᠰᠦ ᠬᠠᠷ᠎ᠠ ᠪᠠᠶᠢᠭᠰᠠᠨ ᠠᠴᠠ ᠪᠠᠨ ᠴᠠᠶᠢᠷᠠᠵᠤ ᠂ ᠲᠦᠭᠦᠬᠡᠢ ᠡᠳ᠋ ᠪᠠᠶᠢᠭᠰᠠᠨ ᠠᠴᠠ ᠪᠠᠨ ᠮᠠᠲ᠋ᠧᠷᠢᠶᠠᠯ ᠪᠣᠯᠵᠤ ᠂ ᠠᠵᠤ ᠦᠢᠯᠡᠰ ᠤᠨ ᠬᠡᠯᠬᠢᠶ᠎ᠡ | ᠲᠠᠰᠤᠷᠠᠯᠳᠠ ᠦᠭᠡᠢ ᠤᠷᠲᠤᠳᠴᠤ ᠪᠠᠶᠢᠨ᠎ᠠ ᠃ | ᠬᠥᠩ ᠸᠧᠢ ᠰᠢᠶᠠ ᠰᠤᠷᠪᠤᠯᠵᠢᠯᠠᠭᠴᠢ ᠳᠤ ᠬᠡᠯᠡᠬᠦ ᠳᠡᠭᠡᠨ ᠂ ᠵᠢᠯ ᠳᠤ 100 ᠲᠦᠮᠡᠨ ᠲᠣᠨ ᠮᠧᠲ᠋ᠢᠯ ᠠᠯᠺᠣᠣᠯ ᠦᠢᠯᠡᠳᠪᠦᠷᠢᠯᠡᠬᠦ ᠲᠥᠷᠥᠯ ᠵᠦᠢᠯ ᠳᠤ | ᠭᠤᠣᠯᠳᠠᠭᠤ ᠠᠵᠤ ᠦᠢᠯᠡᠳᠪᠦᠷᠢ ᠶᠢᠨ ᠲᠠᠰ ᠤᠨ ᠮᠧᠲ᠋ᠢᠯ ᠠᠯᠺᠣᠣᠯ ᠂ ᠳᠠᠭᠠᠯᠳᠠ ᠤᠶᠢᠯᠡᠳᠬᠦᠨ ᠬᠦᠬᠦᠷ ᠂ ᠰᠢᠩᠭᠡᠨ ᠬᠦᠴᠢᠯᠲᠥ᠋ᠷᠥᠭᠴᠢ ᠂ ᠰᠢᠩᠭᠡᠨ ᠠᠽᠣᠲ ᠵᠡᠷᠭᠡ | ᠦᠢᠯᠡᠳᠬᠦᠨ ᠢ ᠦᠢᠯᠡᠳᠪᠦᠷᠢᠯᠡᠵᠦ ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠣᠷᠳᠣᠰ ᠣᠷᠣᠨ ᠤ ᠨᠡᠭᠦᠷᠡᠰᠦ ᠶᠢ ᠲᠤᠬᠠᠢ ᠶᠢᠨ ᠭᠠᠵᠠᠷ ᠲᠤᠨᠢ | ᠬᠤᠪᠢᠷᠠᠭᠤᠯᠵᠤ ᠪᠠᠶᠢᠨ᠎ᠠ ᠃ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ ᠂ ᠦᠢᠯᠡᠳᠬᠦᠨ ᠤ ᠤᠯᠠᠨ ᠡᠰᠢᠴᠢᠯᠡᠭᠰᠡᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠂ ᠺᠣᠮᠫᠠᠨᠢ 2013 ᠣᠨ ᠳᠤ ᠵᠢᠯ ᠳᠤ 60 ᠲᠦᠮᠡᠨ ᠲᠣᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠢ ᠡᠬᠢᠯᠡᠨ ᠪᠠᠶᠢᠭᠤᠯᠵᠤ ᠂ | ᠭᠤᠣᠯᠳᠠᠭᠤ ᠪᠥᠭᠡᠭᠡᠨᠡᠷᠡᠯ ᠡᠲ᠋ᠧᠨ᠂ ᠪᠥᠭᠡᠭᠡᠨᠡᠷᠡᠯ ᠫᠷᠦᠫᠧᠨ᠂ ᠬᠤᠶᠠᠷᠴᠢ ᠪᠦᠲ᠋ᠧᠨ ᠂ MTV ᠵᠡᠷᠭᠡ ᠦᠢᠯᠡᠳᠬᠦᠨ ᠢ ᠦᠢᠯᠡᠳᠪᠦᠷᠢᠯᠡᠵᠦ ᠂ ᠨᠡᠭᠦᠷᠡᠰᠦ ᠶᠢ ᠬᠠᠷ᠎ᠠ ᠠᠴᠠ | ᠴᠠᠭᠠᠨ ᠪᠣᠯᠭᠠᠬᠤ ᠬᠤᠶᠠᠳᠠᠭᠢ ᠤᠳᠠᠭ᠎ᠠ ᠶᠢᠨ ᠬᠤᠪᠢᠷᠠᠯᠲᠠ ᠶᠢ ᠪᠡᠶᠡᠯᠡᠭᠦᠯᠪᠡ ᠭᠡᠵᠡᠢ ᠃ | ᠨᠡᠭᠦᠷᠡᠰᠦ ᠳᠤ ᠰᠠᠭᠤᠷᠢᠯᠠᠵᠤ ᠂ ᠨᠡᠬᠦᠷᠡᠰᠤᠨ ᠤ ᠤᠶᠢᠯᠡᠳᠪᠤᠷᠢᠯᠡᠯ ᠢ ᠤᠷᠲᠤᠳᠬᠠᠨ ᠂ ᠨᠡᠬᠦᠷᠡᠰᠤᠨ ᠤ ᠠᠵᠤ ᠤᠶᠢᠯᠡᠰ ᠠᠴᠠ ᠳᠠᠪᠠᠪᠠ ᠃ ᠡᠨᠡᠬᠦ ᠬᠥᠭᠵᠢᠯᠲᠡ ᠶᠢᠨ | ᠬᠠᠷᠠᠯᠲᠠ ᠪᠠᠷ ᠂ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠡᠬᠦᠷᠡᠰᠤᠨ ᠤ ᠭᠤᠷᠪᠠᠳᠤᠭᠠᠷ | ᠤᠳᠠᠭ᠎ᠠ ᠶᠢᠨ ᠬᠤᠪᠢᠰᠤᠯᠲᠠ ᠶᠢᠨ ᠠᠶᠠᠯᠠᠯ ᠢ ᠡᠬᠢᠯᠡᠭᠦᠯᠵᠡᠢ᠃ ᠡᠨᠡ ᠵᠢᠯ ᠂ ᠲᠣᠰ ᠺᠣᠮᠫᠠᠨᠢ ᠶᠢᠨ ᠴᠢᠩᠬᠤᠸᠠ ᠶᠡᠭᠡ ᠰᠤᠷᠭᠠᠭᠤᠯᠢ ᠲᠠᠢ ᠬᠠᠮᠲᠤᠷᠠᠨ ᠨᠡᠭᠡᠭᠡᠨ | ᠬᠥᠭᠵᠢᠭᠦᠯᠦᠭᠰᠡᠨ ᠲᠦᠮᠡᠨ ᠲᠣᠨ ᠤ ᠲᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠠᠵᠤ ᠦᠢᠯᠡᠳᠪᠦᠷᠢ ᠶᠢᠨ | ᠲᠤᠷᠰᠢᠯᠲᠠ ᠶᠢᠨ ᠲᠥᠷᠥᠯ ᠵᠦᠢᠯ ᠢ ᠵᠢᠩᠬᠢᠨᠢ ᠪᠠᠷ ᠪᠠᠶᠢᠭᠤᠯᠵᠤ ᠡᠬᠢᠯᠡᠪᠡ ᠃ ᠲᠤᠰ ᠲᠦᠷᠦᠯ ᠵᠦᠢᠯ ᠨᠢ ᠨᠢᠭᠡ ᠠᠯᠬᠤᠮ ᠤᠨ ᠠᠷᠭ᠎ᠠ ᠪᠠᠷ ᠦᠨᠦᠷᠲᠦ ᠨᠡᠭᠦᠷᠦᠭᠴᠢ | ᠤᠶᠢᠯᠡᠳᠪᠤᠷᠢᠯᠡᠬᠦ ᠤᠷ᠎ᠠ ᠮᠡᠷᠭᠡᠵᠢᠯ ᠢ ᠬᠡᠷᠡᠭᠯᠡᠵᠦ ᠂ ᠤᠰᠤᠲᠥ᠋ᠷᠥᠭᠴᠢ ᠬᠡᠢ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠲᠦᠭᠦᠬᠡᠢ ᠮᠠᠲ᠋ᠧᠷᠢᠶᠠᠯ ᠪᠣᠯᠭᠠᠵᠤ ᠂ | ᠪᠢᠴᠢᠯ ᠡᠯᠧᠺᠲᠷᠣᠨ᠂ ᠰᠠᠨᠰᠠᠷ ᠤᠨ ᠠᠶᠠᠯᠠᠯ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠤ ᠥᠷᠭᠡᠨ ᠢᠶᠠᠷ ᠬᠡᠷᠡᠭᠯᠡᠵᠦ ᠪᠠᠶᠢᠭ᠎ᠠ ᠪᠥᠭᠡᠭᠡᠨᠡᠷᠡᠯ | ᠠᠰᠢᠯ ᠳᠤᠲᠠᠭᠤ ᠠᠮᠢᠨ ᠢ ᠦᠢᠯᠡᠳᠪᠦᠷᠢᠯᠡᠵᠦ ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠲᠠᠬᠢᠨ ᠡᠭᠦᠰᠴᠦ ᠪᠣᠯᠬᠤ ᠡᠨᠧᠷᠭᠢ ᠂ | ᠪᠤᠬᠢᠷᠳᠤᠯ ᠦᠭᠡᠢ ᠤᠰᠤᠲᠥ᠋ᠷᠥᠭᠴᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠣᠯᠣᠨ ᠪᠢᠲᠡᠭᠦᠮᠵᠢᠯᠡᠨ ᠬᠠᠳᠠᠭᠠᠯᠠᠬᠤ ᠵᠡᠷᠭᠡ | ᠡᠪᠴᠡᠯᠳᠤᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠪᠠᠶᠢᠨ᠎ᠠ ᠃ ᠠᠵᠤ ᠦᠢᠯᠡᠰ ᠤᠨ ᠬᠡᠯᠬᠢᠶ᠎ᠡ ᠨᠢ ᠪᠠᠰᠠ ᠨᠢᠭᠡ ᠤᠳᠠᠭ᠎ᠠ ᠦᠷᠭᠦᠯᠵᠢᠯᠡᠵᠦ ᠂ | ᠨᠡᠬᠦᠷᠡᠰᠤᠨ ᠳᠤ ᠪᠠᠰᠠ ᠨᠢᠭᠡ ᠤᠳᠠᠭ᠎ᠠ ᠡᠷᠪᠡᠬᠡᠢ ᠶᠢᠨ ᠬᠤᠪᠢᠷᠠᠯᠲᠠ ᠭᠠᠷᠪᠠ ᠃ | | ᠵᠢᠷᠤᠭ ᠄ ᠵᠢᠤ ᠲᠠᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠶᠢᠯᠡᠯᠭᠡ ᠬᠡᠢ ᠪᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠲᠤᠷᠰᠢᠯᠲᠠ ᠶᠢᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢᠳᠡ ᠬᠦᠭ ᠲᠠᠢ ᠶᠠᠪᠤᠬᠳᠠᠵᠤ ᠪᠤᠢ᠃ | ︽ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠨᠢ ᠡᠨᠡᠬᠦ ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠲᠠᠢ ᠠᠳᠠᠯᠢ | ᠪᠣᠯᠬᠤᠷ ᠨᠡᠩ ᠣᠯᠠᠨ ᠠᠵᠤ ᠠᠬᠤᠢ ᠶᠢᠨ ᠦᠷ᠎ᠡ ᠠᠰᠢᠭ ᠢ ᠪᠤᠶ ᠪᠣᠯᠭᠠᠵᠤ ᠪᠣᠯᠣᠨ᠎ᠠ ᠃ ᠪᠢᠳᠡ ᠤᠳᠠᠭ᠎ᠠ ᠪᠦᠷᠢ ᠶᠢᠨ ᠮᠡᠷᠭᠡᠵᠢᠯ ᠤᠨ ᠰᠢᠨᠡᠴᠢᠯᠡᠯᠲᠡ ᠪᠠᠷ | ᠳᠠᠮᠵᠢᠭᠤᠯᠤᠨ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠦᠵᠦᠬᠦᠷᠰᠢᠬᠦᠯᠬᠦ ᠂ ᠣᠯᠠᠨ ᠡᠰᠢᠵᠢᠭᠦᠯᠬᠦ ᠂ ᠨᠡᠭᠦᠷᠡᠰᠦᠲᠥ᠋ᠷᠥᠭᠴᠢ ᠪᠠᠭ᠎ᠠ | ᠪᠣᠯᠭᠠᠬᠤ ᠴᠢᠭᠯᠡᠯ ᠢᠶᠠᠷ ᠲᠠᠰᠤᠷᠠᠯᠲᠠ ᠦᠭᠡᠢ ᠬᠥᠭᠵᠢᠭᠦᠯᠵᠦ ᠂ ᠨᠡᠭᠦᠷᠡᠰᠦ ᠶᠢ ᠬᠠᠷ᠎ᠠ ᠠᠴᠠ ᠴᠠᠭᠠᠨ ᠪᠣᠯᠭᠠᠬᠤ ᠂ ᠳᠠᠬᠢᠨ ᠪᠤᠬᠢᠷᠳᠤᠯ ᠦᠭᠡᠢ ᠪᠣᠯᠭᠠᠬᠤ ᠬᠤᠪᠢᠷᠠᠯᠲᠠ | ᠶᠢ ᠪᠡᠶᠡᠯᠡᠭᠦᠯᠦᠨ᠎ᠡ ︾ ᠭᠡᠵᠦ ᠭᠦᠩ ᠸᠧᠢ ᠰᠢᠶᠠ ᠢᠯᠡᠳᠬᠡᠨ᠎ᠠ ᠃ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠤᠨ ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ ᠃ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠳᠠᠭᠠᠭᠤᠯᠭ᠎ᠠ ᠳᠣᠣᠷ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠴᠦᠬᠦᠷᠡᠯ ᠦᠭᠡᠢ ᠤᠷᠲᠤᠳᠬᠠᠵᠤ ᠂ ᠣᠳᠣᠬᠠᠨ ᠳᠤ ᠬᠢᠮᠢ ᠶᠢᠨ ᠠᠵᠤ ᠦᠢᠯᠡᠳᠪᠦᠷᠢ ᠶᠢᠨ ᠶᠡᠷᠦᠩᠬᠡᠢ | ᠦᠢᠯᠡᠳᠪᠦᠷᠢᠯᠡᠯ ᠤᠨ ᠴᠢᠳᠠᠪᠤᠷᠢ ᠶᠢ 500 ᠲᠦᠮᠡᠨ ᠲᠣᠨ ᠰᠢᠬᠠᠮ ᠪᠦᠷᠢᠯᠳᠦᠭᠦᠯᠵᠦ ᠂ ᠵᠢᠯ ᠳᠤ 1000 ᠲᠦᠮᠡᠨ ᠲᠣᠨ ᠨᠡᠭᠦᠷᠡᠰᠦ ᠶᠢ ᠣᠨᠳᠣᠣᠰᠢᠭᠤᠯᠵᠤ ᠪᠠᠶᠢᠨ᠎ᠠ ᠃ | ᠦᠢᠯᠡᠳᠬᠦᠨ ᠳᠤ ᠨᠡᠭᠦᠷᠡᠰᠦ ᠪᠠᠷ ᠲᠣᠰᠣ ᠤᠶᠢᠯᠡᠳᠪᠤᠷᠢᠯᠡᠬᠦ ᠂ ᠨᠡᠭᠦᠷᠡᠰᠦ ᠪᠠᠷ ᠮᠧᠲ᠋ᠢᠯ ᠠᠯᠺᠣᠣᠯ ᠤᠶᠢᠯᠡᠳᠪᠤᠷᠢᠯᠡᠬᠦ ᠂ ᠪᠥᠭᠡᠭᠡᠨᠡᠷᠡᠯ ᠠᠯᠺᠧᠨ ᠂ ᠨᠡᠶᠢᠯᠡᠯᠭᠡ ᠰᠢᠪᠲᠦᠷ ᠂ | ᠰᠢᠭᠡᠰᠦᠯᠢᠭ ᠡᠳ᠋ ᠂ ᠾᠯᠣᠷᠲᠤ ᠨᠡᠭᠦᠷᠦᠭᠴᠢ ᠂ ᠨᠠᠷᠢᠯᠢᠭ ᠯᠠ ᠵᠡᠷᠭᠡ ᠪᠠᠭᠲᠠᠵᠤ ᠪᠤᠢ ᠃ 2023 ᠣᠨ ᠳᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ | ᠠᠰᠢᠭᠯᠠᠬᠤ ᠵᠡᠭᠦᠨᠭᠠᠷ ᠤᠨ ᠰᠤᠳᠤᠯᠤᠨ ᠨᠡᠭᠡᠭᠡᠬᠦ ᠲᠥᠪ ᠤᠨ ᠲᠦᠷᠦᠯ ᠵᠦᠢᠯ ᠢ ᠡᠬᠢᠯᠡᠭᠦᠯᠵᠦ ᠂ 238 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ | ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ ᠶᠢᠨ 80 ᠲᠦᠮᠡᠨ ᠲᠣᠨ ᠤ ᠨᠡᠭᠦᠷᠡᠰᠦ ᠪᠠᠷ ᠪᠥᠭᠡᠭᠡᠨᠡᠷᠡᠯ ᠠᠯᠺᠧᠨ ᠤᠶᠢᠯᠡᠳᠪᠤᠷᠢᠯᠡᠬᠦ ᠂ | 233 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠡᠭᠡᠵᠢᠩ ᠤᠨ ᠬᠤᠪᠢ ᠡᠵᠡᠮᠳᠡᠯ ᠤᠨ ᠺᠤᠮᠫᠠᠨᠢ ᠶᠢᠨ 40 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠤᠨ ᠨᠡᠭᠦᠷᠡᠰᠦ ᠪᠠᠷ ᠰᠢᠳᠠᠮᠠᠬᠠᠢ ᠬᠡᠢ ᠤᠶᠢᠯᠡᠳᠪᠤᠷᠢᠯᠡᠬᠦ ᠂ 120 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠢ ᠲᠠᠢ ᠸᠠᠨ ᠸᠧᠢ ᠶᠢᠨ 40 | ᠲᠦᠮᠡᠨ ᠲᠣᠨ ᠤ PVAᠤᠶᠢᠯᠡᠳᠪᠤᠷᠢᠯᠡᠬᠦ ᠵᠡᠷᠭᠡ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ ᠵᠠᠯᠭᠠᠪᠡᠷ | ᠨᠤᠳᠤᠬᠰᠢᠭᠤᠯᠪᠠ ᠃ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠳᠡᠭᠡᠷ᠎ᠡ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠣᠳᠣ ᠪᠠᠶᠢᠭ᠎ᠠ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢᠶᠠᠷ ᠲᠦᠭᠦᠬᠡᠢ ᠮᠠᠲ᠋ᠧᠷᠢᠶᠠᠯ ᠪᠣᠯᠭᠠᠵᠤ ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ ᠂ | ᠨᠡᠭᠦᠷᠡᠰᠦ ᠶᠢ ᠳᠠᠮ ᠢᠶᠠᠷ ᠰᠢᠩᠭᠡᠨᠵᠢᠭᠦᠯᠬᠦ ᠂ ᠨᠡᠭᠦᠷᠡᠰᠦ ᠪᠠᠷ ᠰᠢᠳᠠᠮᠠᠬᠠᠢ ᠬᠡᠢ ᠤᠶᠢᠯᠡᠳᠪᠤᠷᠢᠯᠡᠬᠦ ᠂ ᠨᠡᠭᠦᠷᠡᠰᠦ ᠪᠠᠷ ᠠᠯᠺᠧᠨ ᠤᠶᠢᠯᠡᠳᠪᠤᠷᠢᠯᠡᠬᠦ ᠪᠠ ᠨᠡᠭᠦᠷᠡᠰᠦ ᠪᠠᠷ | ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠶᠢ ᠲᠠᠰ ᠳᠡᠪᠰᠢᠭᠦᠯᠦᠨ ᠵᠢᠱᠢᠶ᠎ᠡ ᠦᠵᠡᠭᠦᠯᠬᠦ ᠶᠢ ᠲᠦᠷᠭᠡᠳᠬᠡᠨ ᠠᠬᠢᠭᠤᠯᠵᠤ ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ | ᠤᠷᠲᠤᠳᠬᠠᠨ ᠬᠥᠭᠵᠢᠭᠦᠯᠵᠦ ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠤᠯᠤᠨ ᠰᠢᠨ᠎ᠡ ᠡᠨᠧᠷᠭᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠵᠤ ᠂ | ᠣᠨᠴᠠᠯᠢᠭᠲᠤ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠴᠣᠭᠴᠠᠯᠠᠨ ᠪᠠᠶᠢᠭᠤᠯᠵᠤ ᠂ ᠨᠡᠭᠦᠷᠡᠰᠦ ᠶᠢ ᠦᠨᠡᠨ | ᠬᠦ ︽ ᠬᠠᠷ᠎ᠠ ᠠᠯᠲᠠ ︾ ᠪᠠᠶᠢᠬᠰᠠᠨ ᠠᠴᠠ ︽ ᠴᠠᠭᠠᠨ ᠠᠯᠲᠠ ︾ ᠪᠣᠯᠭᠠᠨ ᠬᠤᠪᠢᠷᠠᠭᠤᠯᠵᠤ ᠪᠠᠶᠢᠨ᠎ᠠ ᠃ | | | | |