| ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ ᠄ ᠡᠨᠡ ᠵᠢᠯ ᠡᠬᠢᠯᠡᠭᠰᠡᠨ ᠠᠴᠠ ᠨᠠᠭᠠᠰᠢ ᠂ ᠥᠪᠥᠷ ᠮᠣᠩᠭᠤᠯ ᠤᠨ ᠡᠯ᠎ᠡ ᠱᠠᠲᠤᠨ ᠤ | ᠡᠳ᠋ ᠤᠨ ᠵᠠᠰᠠᠭ ᠤᠨ ᠨᠢᠭᠡᠳᠦᠯᠲᠡᠢ ᠲᠥᠯᠥᠪᠯᠡᠬᠦ ᠪᠡᠯᠡ ᠮᠥᠩᠭᠦ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ ᠲᠠᠪᠤᠨ ᠶᠡᠭᠡ | ᠡᠭᠦᠷᠭᠡ ︾ ᠳᠤ ᠠᠩᠬᠠᠷᠤᠯ ᠪᠠ ᠬᠦᠴᠦ ᠪᠠᠨ ᠲᠥᠪᠯᠡᠷᠡᠭᠦᠯᠵᠦ ᠂ ᠡᠳ᠋ ᠤᠨ ᠵᠠᠰᠠᠭ ᠠᠴᠠ ︽ ᠲᠠᠪᠤᠨ ᠶᠡᠭᠡ ᠡᠭᠦᠷᠭᠡ ︾ ᠶᠢ ᠳᠡᠮᠵᠢᠬᠦ ᠪᠡᠯᠡ ᠮᠥᠩᠭᠦ ᠶᠢᠨ | ᠣᠷᠣᠭᠤᠯᠤᠯᠲᠠ ᠶᠢᠨ ᠪᠠᠷᠢᠮᠵᠢᠶ᠎ᠠ ᠪᠠᠷ ᠪᠦᠷᠢᠳᠬᠡᠪᠡᠯ ᠂ 1 – 9 ᠳ᠋ᠦ᠋ᠭᠡᠷ ᠰᠠᠷ᠎ᠠ ᠳᠤ ᠪᠥᠬᠦ ᠣᠷᠣᠨ ᠤ ︽ ᠲᠠᠪᠤᠨ ᠶᠡᠭᠡ ᠡᠭᠦᠷᠭᠡ ︾ ᠶᠢ ᠪᠠᠲᠤᠯᠠᠬᠤ ᠵᠠᠷᠤᠯᠭ᠎ᠠ | 1767 ᠳ᠋ᠦᠩᠰᠢᠭᠤᠷ ᠲᠥᠭᠦᠷᠢᠭ ᠲᠤ ᠬᠦᠷᠴᠦ ᠂ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 38% ᠶᠢ ᠡᠵᠡᠯᠡᠪᠡ ᠃ | ᠡᠨᠡ ᠵᠢᠯ ᠤᠨ 1 – 9 ᠳ᠋ᠦ᠋ᠭᠡᠷ ᠰᠠᠷ᠎ᠠ ᠳᠤ ᠂ ᠪᠥᠬᠦ ᠣᠷᠣᠨ ᠤ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ 4651.1 ᠳ᠋ᠦᠩᠰᠢᠭᠤᠷ ᠲᠥᠭᠦᠷᠢᠭ ᠲᠤ | ᠬᠦᠷᠴᠦ ᠂ ᠠᠳᠠᠯᠢ ᠬᠤᠭᠤᠴᠠᠭᠠᠨ ᠤ ᠬᠢ ᠠᠴᠠ 288.3 ᠳ᠋ᠦᠩᠰᠢᠭᠤᠷ ᠲᠥᠭᠦᠷᠢᠭ ᠨᠡᠮᠡᠭᠳᠡᠨ ᠂ 6.6% ᠪᠠᠷ ᠨᠡᠮᠡᠭᠳᠡᠵᠦ ᠂ 1 – 8 ᠳ᠋ᠤᠭᠠᠷ ᠰᠠᠷ᠎ᠠ ᠶᠢᠨ | ᠬᠢ ᠠᠴᠠ 1.6 ᠵᠠᠭᠤᠨ ᠤ ᠴᠡᠭ ᠳᠡᠭᠡᠭᠰᠢᠯᠡᠵᠡᠢ ᠃ ᠡᠮᠦᠨ᠎ᠡ ᠭᠤᠷᠪᠠᠨ ᠤᠯᠠᠷᠢᠯ ᠳᠤ ᠂ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠭᠤᠣᠯᠳᠠᠯᠭ᠎ᠠ ᠲᠠᠢ ᠵᠠᠷᠤᠯᠭ᠎ᠠ ᠶᠢᠨ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ 21 ᠵᠦᠢᠯ ᠤᠨ ᠭᠤᠣᠯ ᠪᠣᠯᠬᠤ ᠵᠠᠷᠤᠯᠭ᠎ᠠ ᠶᠢᠨ | ᠲᠥᠷᠥᠯ ᠤᠨ 19 ᠵᠦᠢᠯ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠯ ᠢᠶᠠᠨ ᠪᠠᠲᠤᠯᠠᠵᠤ ᠂ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠨᠡᠯᠢᠶᠡᠳ | ᠲᠦᠷᠭᠡᠨ ᠨᠡᠮᠡᠭᠳᠡᠯ ᠢ ᠳᠠᠶᠢᠴᠢᠯᠠᠪᠠ ᠃ ᠡᠭᠦᠨ ᠳᠤ ᠂ ᠰᠢᠨᠵᠢᠯᠡᠬᠦ ᠤᠬᠠᠭᠠᠨ ᠮᠡᠷᠭᠡᠵᠢᠯ ᠂ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠂ ᠵᠠᠮ ᠬᠠᠷᠢᠯᠴᠠᠭ᠎ᠠ | ᠲᠡᠭᠡᠭᠡᠪᠦᠷᠢ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠠᠮᠤ ᠲᠣᠰᠣ ᠡᠳ᠋ ᠪᠣᠳᠠᠰ ᠤᠨ ᠨᠥᠭᠡᠴᠡ ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠶᠢᠨ ᠮᠡᠳᠡᠭᠡᠯᠡᠯ ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠴᠥᠮ | 10% ᠶᠢ ᠳᠠᠪᠠᠵᠤ ᠂ ᠪᠣᠳᠠᠲᠠᠢ ᠨᠡᠮᠡᠭᠳᠡᠯ ᠤᠨ ᠬᠡᠮᠵᠢᠶ᠎ᠡ ᠨᠢ ᠲᠣᠰ ᠲᠣᠰ ᠄ 107.1% ᠂ 46.2% ᠂ 17.2% ᠂ 10.6% ᠂ 13.5% ᠂ 31.9% ᠂ | 19.8% ᠂ 10.6% ᠪᠣᠯᠣᠨ᠎ᠠ ᠃ | ᠡᠨᠡ ᠵᠢᠯ ᠤᠨ 1 – 9 ᠳ᠋ᠦ᠋ᠭᠡᠷ ᠰᠠᠷ᠎ᠠ ᠳᠤ ᠂ ᠥᠪᠥᠷ ᠮᠣᠩᠭᠤᠯ ᠤᠨ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ 2411.1 ᠳ᠋ᠦᠩᠰᠢᠭᠤᠷ | ᠲᠥᠭᠦᠷᠢᠭ ᠲᠤ ᠬᠦᠷᠴᠦ ᠂ ᠵᠢᠯ ᠤᠨ ᠡᠬᠢᠨ ᠤ ᠵᠢᠱᠢᠯᠲᠡ ︵ 2850 ᠳ᠋ᠦᠩᠰᠢᠭᠤᠷ ᠲᠥᠭᠦᠷᠢᠭ ︶ ᠶᠢᠨ 84.6% ᠶᠢ ᠪᠡᠶᠡᠯᠡᠭᠦᠯᠵᠦ ᠂ ᠠᠳᠠᠯᠢ ᠬᠤᠭᠤᠴᠠᠭᠠᠨ ᠤ | ᠬᠢ ᠠᠴᠠ 176.6 ᠳ᠋ᠦᠩᠰᠢᠭᠤᠷ ᠲᠥᠭᠦᠷᠢᠭ ᠨᠡᠮᠡᠭᠳᠡᠨ ᠂ 7.9% ᠪᠠᠷ ᠨᠡᠮᠡᠭᠳᠡᠪᠡ ᠃ ᠡᠭᠦᠨ ᠤ ᠳᠣᠲᠣᠷ᠎ᠠ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ | ᠬᠠᠷᠢᠴᠠᠯ 74.4% ᠳᠤ ᠬᠦᠷᠴᠡᠢ ᠃ | | | |