| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠭᠢᠯᠭᠠᠨ ᠮᠡᠳᠡᠭᠡ 10 ᠰᠠᠷ᠎ᠠ ᠶᠢᠨ 17 ᠤ ᠣᠷᠣᠢ ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ ᠂ ᠭᠤᠷᠪᠠᠳᠤᠭᠠᠷ ᠬᠤᠭᠤᠴᠠᠭᠠᠨ ᠤ ︽ ᠨᠢᠭᠡ | ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ | ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ ᠃ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ | ᠰᠢ ᠂ ᠬᠠᠨ ᠵᠧᠩ ᠣᠷᠣᠯᠴᠠᠪᠠ ᠃ | | 10 ᠰᠠᠷ᠎ᠠ ᠶᠢᠨ 17 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠠᠶᠢᠯᠠᠯᠭ᠎ᠠ ᠬᠢᠵᠦ ᠂ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ | ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ ᠃ ᠵᠢᠷᠤᠭ ᠪᠣᠯ ᠰᠢ ᠶᠢᠨ ᠫᠢᠩ | ᠪᠣᠯᠣᠨ ᠫᠧᠩ ᠯᠢ ᠶᠤᠸᠠᠨ ᠤᠯᠠᠨ ᠤᠯᠤᠰ ᠤᠨ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠠᠯᠳᠠᠨ ᠨᠠᠮᠤᠷ ᠪᠡᠭᠡᠵᠢᠩ ᠬᠤᠳᠠ ᠶᠢᠨ ᠦᠳᠡᠰᠢ ᠶᠢᠨ ᠨᠡᠷᠡᠨ ᠵᠢᠷᠤᠭ ᠮᠡᠲᠦ ᠂ ᠲᠢᠶᠠᠨ ᠠᠨ ᠮᠧᠨ ᠲᠠᠯᠠᠪᠠᠢ ᠳᠤ ᠥᠩᠭᠡᠲᠦ ᠳ᠋ᠧᠩ ᠢ ᠭᠡᠷᠡᠯᠳᠦᠭᠦᠯᠵᠤ ᠂ | ᠠᠷᠠᠳ ᠤᠨ ᠶᠡᠭᠡ ᠬᠤᠷᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠡᠷᠡᠯ ᠳᠤᠸᠠᠯᠠᠵᠤ ᠪᠠᠶᠢᠯ᠎ᠠ ᠃ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ ᠂ ᠵᠠᠰᠠᠭ ᠤᠨ ᠣᠷᠳᠣᠨ ᠤ ᠲᠦᠷᠦᠭᠦᠴᠦᠳ ᠂ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠣᠯᠠᠨ ᠤᠯᠤᠰ ᠤᠨ ᠬᠦᠨᠳᠦᠲᠦ ᠵᠣᠴᠢᠳ ᠵᠢᠴᠢ ᠲᠡᠳᠡᠨ ᠤ ᠬᠠᠨᠢ ᠨᠥᠬᠦᠷ ᠬᠤᠶᠢᠨ᠎ᠠ | ᠬᠤᠶᠢᠨ᠎ᠠ ᠠᠴᠠ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠦᠷᠴᠦ ᠢᠷᠡᠪᠡ ᠃ ᠶᠣᠰᠣᠯᠠᠯ ᠤᠨ ᠴᠡᠷᠢᠭ ᠵᠢᠭᠰᠠᠵᠤ ᠶᠣᠰᠣᠯᠠᠪᠠ ᠃ ︽ ᠨᠢᠭᠡ ᠪᠦᠰᠡ ᠨᠢᠭᠡ | ᠵᠠᠮ ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ 150 ᠭᠠᠷᠤᠢ ᠤᠯᠤᠰ ᠤᠨ ᠤᠯᠤᠰ ᠤᠨ ᠲᠤᠭ ᠪᠣᠯᠣᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠲᠤᠭ ᠢ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠲᠡᠷᠢ ᠲᠡᠭᠰᠢ ᠮᠥᠷᠯᠡᠭᠦᠯᠦᠨ ᠪᠠᠶᠢᠷᠢᠯᠠᠭᠤᠯᠤᠭᠰᠠᠨ ᠨᠢ ᠰᠦᠷᠯᠢᠭ ᠦᠵᠡᠮᠵᠢᠲᠡᠢ ᠬᠠᠷᠠᠭᠳᠠᠨ᠎ᠠ ᠃ | ᠰᠢ ᠶᠢᠨ ᠫᠢᠩ ᠪᠣᠯᠣᠨ ᠫᠧᠩ ᠯᠢ ᠶᠤᠸᠠᠨ ᠭᠠᠳᠠᠭᠠᠳᠤ ᠶᠢᠨ ᠤᠳᠤᠷᠢᠳᠬᠤ ᠬᠥᠮᠥᠰ ᠪᠠ ᠲᠡᠳᠡᠨ ᠤ ᠬᠠᠨᠢ ᠨᠥᠬᠦᠷ ᠢ ᠬᠠᠯᠠᠭᠤᠨ ᠢᠶᠠᠷ ᠤᠭᠲᠤᠵᠤ ᠂ ᠲᠡᠳᠡᠨ ᠲᠠᠢ | ᠨᠢᠭᠡᠳ ᠨᠢᠭᠡ ᠪᠠᠷ ᠭᠠᠷ ᠠᠳᠬᠤᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ | ᠵᠣᠴᠢᠨ ᠤᠭᠲᠤᠬᠤ ᠬᠥᠭᠵᠢᠮ ᠤᠨ ᠠᠶᠠᠰ ᠳᠤᠮᠳᠠ ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ᠠᠯᠳᠠᠨ ᠰᠢᠷᠭᠠᠯ ᠶᠡᠭᠡ | ᠲᠢᠩᠬᠢᠮ ᠳᠤ ᠠᠯᠬᠤᠨ ᠣᠷᠣᠪᠠ ᠃ | ᠰᠢ ᠶᠢᠨ ᠫᠢᠩ ᠪᠠᠶᠠᠷ ᠤᠨ ᠦᠭᠡ ᠬᠡᠯᠡᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ | ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨᠶᠠᠷᠢᠶᠠᠨ ᠤ ᠲᠠᠪᠴᠠᠩ ᠳᠤ ᠣᠷᠤᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ | | 10 ᠰᠠᠷ᠎ᠠ ᠶᠢᠨ 17 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨᠲ᠋ᠠᠩᠬᠢᠮ ᠳᠤ | ᠳᠠᠶᠢᠯᠠᠯᠭ᠎ᠠ ᠬᠢᠵᠦ ᠂ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ | ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ ᠃ ᠵᠢᠷᠤᠭ ᠪᠣᠯ ᠂ ᠰᠢ ᠶᠢᠨ | ᠫᠢᠩ ᠪᠠᠶᠠᠷ ᠤᠨ ᠦᠭᠡ ᠬᠡᠯᠡᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠬᠦᠨᠳᠦᠲᠦ | ᠵᠣᠴᠢᠳ ᠤᠨ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ | ᠲᠠᠪᠴᠠᠩ ᠳᠤ ᠣᠷᠤᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ ᠂ ︽ ᠬᠠᠪᠤᠷ ᠴᠡᠴᠡᠭᠯᠡᠵᠦ ᠨᠠᠮᠤᠷ ᠵᠢᠮᠢᠰᠯᠡᠨ᠎ᠡ ︾ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ | ᠳᠤᠷᠠᠳᠤᠭᠰᠠᠨ 10 ᠵᠢᠯ ᠤᠨ ᠲᠤᠷᠰᠢ ᠳᠤᠮᠳᠠᠳᠤ ᠤᠯᠤᠰ ᠡᠯ᠎ᠡ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ ᠡᠶ᠎ᠡ ᠨᠠᠶᠢᠷᠲᠠᠢ ᠬᠠᠮᠲᠤᠷᠠᠯᠴᠠᠬᠤ ᠂ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ | ᠵᠠᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠬᠠᠮᠲᠤ ᠪᠠᠷ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠳᠤ ᠬᠦᠴᠦᠨ ᠴᠢᠳᠠᠯ ᠢᠶᠠᠨ ᠡᠷᠭᠦᠵᠦ ᠂ | ᠣᠯᠠᠨᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠲᠠᠪᠴᠠᠩ ᠪᠠᠶᠢᠭᠤᠯᠵᠤ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠥᠳᠡᠯᠭᠡᠬᠦ ᠬᠦᠴᠦᠨ | ᠨᠡᠮᠡᠷᠢᠯᠡᠪᠡ ᠃ ᠪᠢᠳᠡ ᠬᠡᠳᠦᠨ ᠮᠢᠩᠭᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠷᠦᠯ ᠵᠦᠢᠯ ᠢ ᠥᠷᠨᠢᠭᠦᠯᠵᠦ ᠂ ᠦᠨᠡᠨ ᠪᠣᠳᠠᠲᠠᠢ ᠂ ᠦᠯᠡᠮᠵᠢ ᠶᠡᠭᠡ | ᠦᠷ᠎ᠡ ᠪᠦᠲᠦᠭᠡᠯ ᠣᠯᠵᠤ ᠂ ᠳᠡᠯᠡᠬᠡᠢ ᠳ᠋ᠠᠬᠢᠨ ᠢ ᠬᠤᠯᠪᠣᠭᠰᠠᠨ ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠰᠦᠷᠯᠢᠭ ᠦᠵᠡᠮᠵᠢᠲᠦ ᠬᠠᠭᠤᠳᠠᠰᠤ ᠶᠢ ᠬᠠᠮᠲᠤ ᠪᠠᠷ | ᠵᠢᠷᠤᠭᠯᠠᠪᠠ ᠃ ᠡᠳᠡᠭᠡᠷ ᠠᠮᠵᠢᠯᠲᠠ ᠶᠢ ᠡᠯ᠎ᠡ ᠤᠯᠤᠰ ᠤᠨ ᠵᠠᠰᠠᠭ ᠤᠨ ᠣᠷᠳᠣᠨ ᠂ ᠠᠵᠤ ᠠᠬᠤᠶᠢᠯᠠᠯ ᠪᠣᠯᠣᠨ ᠠᠷᠠᠳ ᠲᠦᠮᠡᠨ ᠠᠵᠢᠯᠴᠢ ᠭᠦᠳᠡᠯᠮᠦᠷᠢᠴᠢ ᠵᠠᠩ ᠴᠢᠨᠠᠷ ᠂ | ᠤᠶᠤᠨ ᠤᠬᠠᠭᠠᠨ ᠂ ᠰᠥᠰᠥ ᠵᠣᠷᠢᠭ ᠢᠶᠠᠷ ᠢᠶᠠᠨ ᠬᠢᠵᠦ ᠪᠦᠲᠦᠭᠡᠭᠰᠡᠨ ᠶᠤᠮ ︕ ᠪᠢᠳᠠ ︽ ᠨᠢᠭᠡ ᠪᠦᠰᠡ ᠨᠢᠭᠡ ᠵᠠᠮ ︾ ᠤᠨ ᠬᠠᠮᠲᠤ ᠶᠢᠨ ᠪᠦᠲᠦᠭᠡᠨ | ᠪᠠᠶᠢᠭᠤᠯᠤᠯᠲᠠ ᠶᠢᠨ ᠪᠦᠭᠦ ᠣᠷᠣᠯᠴᠠᠭᠴᠢ ᠂ ᠪᠦᠲᠦᠭᠡᠨ ᠪᠠᠶᠢᠭᠤᠯᠤᠭᠴᠢ ᠳᠤ ᠬᠦᠨᠳᠦᠳᠬᠡᠯ ᠳᠡᠪᠰᠢᠭᠦᠯᠦᠶ᠎ᠡ ︕ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ︽ ᠨᠢᠭᠡ ᠪᠦᠰᠡ ᠨᠢᠭᠡ ᠵᠠᠮ ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠬᠥᠭᠵᠢᠯᠲᠡ ᠶᠢ ᠬᠥᠭᠡᠭᠡᠴᠡᠯᠳᠦᠵᠦ ᠂ ᠬᠠᠮᠲᠤ ᠪᠠᠷ ᠠᠰᠢᠭ | ᠭᠦᠷᠳᠡᠭᠦ ᠶᠢ ᠡᠷᠬᠢᠮᠯᠡᠵᠦ ᠂ ᠬᠦᠰᠡᠯ ᠡᠷᠡᠮᠡᠯᠵᠡᠯ ᠢ ᠳᠠᠮᠵᠢᠭᠤᠯᠪᠠ ᠃ ᠭᠠᠭᠴᠠ ᠬᠦ ᠬᠦᠴᠦᠷᠬᠡᠭᠵᠢᠬᠦ ᠪᠠᠷ ᠰᠢᠨᠲᠠᠷᠠᠰᠢ ᠦᠭᠡᠢ ᠴᠢᠷᠮᠠᠶᠢᠵᠤ ᠂ ᠴᠥᠬᠦᠷᠡᠰᠢ ᠦᠭᠡᠢ | ᠲᠡᠮᠡᠴᠡᠪᠡᠯ ᠰᠠᠶ᠋ᠢ ᠶᠡᠭᠡ ᠠᠮᠵᠢᠯᠲᠠ ᠪᠦᠲᠦᠮᠵᠢ ᠣᠯᠵᠤ ᠂ ᠰᠠᠶ᠋ᠢ ᠮᠢᠩᠭᠠᠨ ᠭᠠᠯᠪᠠ ᠳᠤ ᠠᠰᠢᠭ ᠬᠦᠷᠲᠡᠭᠡᠬᠦ ᠂ ᠠᠷᠠᠳ ᠲᠦᠮᠡᠨ ᠳᠤ ᠪᠤᠶᠠᠨ ᠦᠢᠯᠡᠳᠬᠦ ᠥᠨᠢᠳᠡ ᠶᠢᠨ | ᠭᠠᠪᠢᠶ᠎ᠠ ᠶᠢ ᠪᠠᠶᠢᠭᠤᠯᠵᠤ ᠴᠢᠳᠠᠨ᠎ᠠ ᠃ ᠡᠨᠡ ᠪᠣᠯ ᠮᠠᠨ ᠤ ᠡᠨᠡ ᠦᠶ᠎ᠡ ᠶᠢᠨ ᠤᠯᠤᠰ ᠲᠥᠷᠥᠴᠢᠳ ᠤᠨ ᠣᠳᠣ ᠦᠶ᠎ᠡ ᠶᠢᠨ ᠬᠥᠮᠥᠰ ᠪᠠ ᠬᠤᠶᠢᠴᠢ ᠦᠶ᠎ᠡ ᠶᠢᠨ | ᠬᠥᠮᠥᠰ ᠲᠤ ᠬᠠᠷᠢᠭᠤᠴᠠᠬᠤ ᠬᠠᠷᠢᠭᠤᠴᠠᠯᠭ᠎ᠠ ᠮᠥᠨ ᠃ ︽ ᠨᠢᠭᠡ ᠪᠦᠰᠡ ᠨᠢᠭᠡ ᠵᠠᠮ ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠠᠩᠬᠠᠨ ᠤ | ᠬᠤᠭᠤᠴᠠᠭᠠᠨ ᠤ ᠥᠷᠨᠢᠩᠭᠦᠢ ᠬᠥᠭᠵᠢᠭᠰᠡᠨ ᠠᠷᠪᠠᠨ ᠵᠢᠯ ᠢ ᠳᠤᠭᠤᠯᠵᠤ ᠂ ᠶᠠᠭ ᠰᠠᠶᠢᠬᠠᠨ ᠬᠥᠭᠵᠢᠯ ᠪᠠᠳᠠᠷᠠᠯ ᠤᠨ ᠦᠶ᠎ᠡ ᠳᠡᠭᠡᠨ ᠪᠠᠶᠢᠨ᠎ᠠ ᠂ ᠣᠮᠤᠭ ᠪᠠᠳᠠᠷᠠᠩᠭᠤᠢ | ᠡᠷᠡᠮᠡᠬᠡᠶᠢᠯᠡᠨ ᠤᠷᠤᠭᠰᠢᠯᠠᠵᠤ ᠂ ᠲᠠᠷᠠᠭᠠᠴᠢ ᠶᠢᠨ ᠰᠢᠵᠢᠷ ᠠᠯᠲᠠᠨ ᠠᠷᠪᠠᠨ ᠵᠢᠯ ᠢ ᠵᠣᠷᠢᠵᠠᠭᠠᠶᠠ ︕ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠣᠳᠣᠬᠠᠨ ᠤ ᠳᠡᠯᠡᠬᠡᠢ ᠶᠢᠷᠲᠢᠨᠴᠦ ᠡᠩᠬᠡ ᠲᠠᠶᠢᠪᠤᠩ ᠪᠢᠰᠢ ᠂ ᠳᠡᠯᠡᠬᠡᠢ ᠶᠢᠨ ᠠᠵᠤ ᠠᠬᠤᠢ ᠶᠢᠨ ᠤᠷᠤᠭᠤᠳᠠᠬᠤ ᠳᠠᠷᠤᠯᠲᠠ ᠨᠡᠮᠡᠭᠳᠡᠵᠦ ᠂ ᠪᠦᠭᠦ | ᠪᠥᠮᠪᠥᠷᠴᠡᠭ ᠤᠨ ᠬᠥᠭᠵᠢᠯᠲᠡ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠂ ᠭᠡᠪᠡᠴᠦ ᠡᠩᠬᠡ ᠲᠠᠶᠢᠪᠤᠩ ᠂ ᠬᠥᠭᠵᠢᠯᠲᠡ ᠂ ᠬᠠᠮᠲᠤᠷᠠᠯᠴᠠᠭ᠎ᠠ ᠂ | ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ | ᠬᠤᠷᠢᠭᠯᠠᠭᠳᠠᠰᠢ ᠦᠭᠡᠢ ᠂ ᠡᠯ᠎ᠡ ᠤᠯᠤᠰ ᠤᠨ ᠬᠠᠮᠲᠤ ᠪᠠᠷ ᠬᠥᠭᠵᠢᠨ ᠴᠡᠴᠡᠭᠯᠡᠬᠦ ᠶᠢ ᠪᠡᠶᠡᠯᠡᠭᠦᠯᠬᠦ ᠬᠦᠰᠡᠯ ᠡᠷᠡᠮᠡᠯᠵᠡᠯ ᠬᠤᠷᠢᠭᠯᠠᠭᠳᠠᠰᠢ ᠦᠭᠡᠢ ᠭᠡᠳᠡᠭ ᠢ ᠪᠢᠳᠡ ᠪᠠᠲᠤ | ᠢᠲᠡᠭᠡᠵᠦ ᠪᠠᠶᠢᠨ᠎ᠠ ᠃ ᠭᠠᠭᠴᠠ ᠬᠦ ᠪᠢᠳᠡ ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤ ᠰᠠᠬᠢᠵᠤ ᠂ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠷᠪᠡᠯ ᠯᠠᠪᠲᠠᠢ ᠴᠠᠭ ᠦᠶ᠎ᠡ ᠶᠢᠨ ᠭᠡᠷᠡᠯ ᠭᠢᠯᠪᠠᠭ᠎ᠠ ᠶᠢ | ᠰᠠᠴᠤᠷᠠᠭᠤᠯᠵᠤ ᠂ ᠪᠢᠳᠡᠨ ᠤ ᠬᠠᠮᠲᠤ ᠶᠢᠨ ᠴᠢᠷᠮᠠᠶᠢᠯᠭ᠎ᠠ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠴᠦ ᠴᠢᠳᠠᠨ᠎ᠠ ︕ ᠭᠡᠵᠦ ᠵᠢᠭᠠᠵᠤ | ᠭᠠᠷᠭᠠᠪᠠ ᠃ | ᠳᠠᠶᠢᠯᠠᠯᠭ᠎ᠠ ᠶᠢᠨ ᠲᠠᠷᠠᠭ᠎ᠠ ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ︽ ᠲᠣᠷᠭᠠᠨ ᠵᠠᠮ ᠢᠶᠠᠷ ᠬᠠᠮᠲᠤ ᠤᠷᠤᠭᠰᠢᠯᠠᠶ᠎ᠠ ︾ | ᠭᠡᠬᠦ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠵᠤ ᠂ ︽ ᠨᠢᠭᠡ ᠪᠦᠰᠡ ᠨᠢᠭᠡ ᠵᠠᠮ ︾ ᠤᠨ ᠤᠯᠤᠰ ᠤᠳ ᠤᠨ ᠲᠠᠩᠰᠤᠭ ᠰᠠᠶᠢᠬᠠᠨ ᠪᠣᠯᠪᠠᠰᠤᠨ ᠪᠣᠯᠣᠨ ᠭᠡᠷᠡᠯ | ᠰᠠᠴᠤᠷᠠᠩᠭᠤᠢ ᠰᠣᠶᠣᠯ ᠤᠨ ᠰᠣᠯᠢᠯᠴᠠᠭ᠎ᠠ ᠲᠣᠯᠢᠯᠠᠯ ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠲᠡᠦᠬᠡ ᠶᠢ ᠣᠶᠢᠯᠠᠭᠠᠨ ᠮᠡᠳᠡᠷᠡᠪᠡ ᠃ | ᠸᠠᠩ ᠢ ᠂ ᠶᠢᠨ ᠯᠢ ᠂ ᠯᠢ ᠱᠣ᠋ ᠯᠧᠢ ᠂ ᠾᠧ ᠯᠢ ᠹᠧᠩ ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | | | |