| ᠠᠩᠭ᠍ᠯᠢ ᠶᠢᠨ ᠺᠠᠮᠪᠷᠢᠵ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠳ ᠤᠨ ᠬᠢᠭᠰᠡᠨ 28 ᠲᠦᠮᠡᠨ ᠬᠥᠮᠦᠨ ᠳᠤ ᠬᠠᠨᠳᠤᠭᠤᠯᠤᠭᠰᠠᠨ ᠨᠢᠭᠡᠨ ᠵᠠᠳᠠᠯᠤᠯᠲᠠ ᠳᠤ | ᠢᠯᠡᠷᠡᠭᠦᠯᠦᠭᠰᠡᠨ ᠢᠶᠠᠷ ᠂ ᠡᠷᠡᠭᠦᠯ ᠴᠢᠭᠢᠷᠠᠭ ᠠᠮᠢᠳᠤᠷᠠᠯ ᠤᠨ ᠬᠡᠪ ᠮᠠᠶ᠋ᠢᠭ ᠢ ᠪᠠᠲᠤᠯᠠᠬᠤ ᠨᠢ ᠬᠥᠮᠦᠰ ᠤᠨ ᠭᠠᠨᠭ᠍ᠰᠠᠷᠠᠬᠤ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ | 57 % ᠪᠠᠷ ᠪᠠᠭᠤᠷᠠᠭᠤᠯᠵᠤ ᠪᠣᠯᠤᠨ᠎ᠠ ᠭᠡᠵᠡᠢ ᠃ | ᠰᠤᠳᠤᠯᠭᠠᠨ ᠤ ᠪᠦᠯᠬᠦᠮ ᠤᠨ ᠬᠢᠨ ᠠᠩᠭ᠍ᠯᠢ ᠶᠢᠨ 28 ᠲᠦᠮᠡ ᠭᠠᠷᠤᠶ ᠨᠠᠰᠤᠨ ᠳᠤ ᠬᠦᠷᠦᠭᠰᠡᠳ ᠤᠨ ᠰᠫᠢᠷᠲ ᠪᠣᠯᠤᠨ ᠨᠢᠺᠣᠲ᠋ᠢᠨ ᠤ ᠬᠡᠷᠡᠭᠯᠡᠯᠲᠡ ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠂ ᠢᠳᠡᠭᠡᠨ ᠤᠮᠳᠠᠭᠠᠨ ᠂ ᠨᠦᠢᠷ ᠪᠣᠯᠤᠨ ᠬᠥᠮᠦᠰ ᠤᠨ ᠬᠠᠷᠢᠴᠠᠭᠠᠨ ᠤ ᠲᠤᠭ᠎ᠠ ᠪᠠᠷᠢᠮᠲᠠ ᠶᠢ ᠵᠠᠳᠠᠯᠤᠨ ᠰᠢᠨᠵᠢᠯᠡᠪᠡ ᠃ ᠣᠷᠣᠯᠴᠠᠭᠰᠠᠳ | 2006 ᠣᠨ ᠠᠴᠠ 2010 ᠣᠨ ᠪᠣᠯᠲᠠᠯᠠᠬᠢ ᠬᠤᠭᠤᠴᠠᠭᠠᠨ ᠳᠤ ᠠᠮᠢᠳᠤᠷᠠᠯ ᠤᠨ ᠠᠷᠭ᠎ᠠ ᠮᠠᠶ᠋ᠢᠭ ᠤᠨ ᠠᠰᠠᠭᠤᠯᠲᠠ ᠶᠢᠨ ᠬᠠᠭᠤᠳᠠᠰᠤ ᠶᠢ ᠨᠢᠭᠡ ᠬᠤᠪᠢ ᠪᠢᠴᠢᠵᠦ | ᠳᠠᠭᠤᠰᠬᠠᠭᠰᠠᠨ ᠪᠥᠭᠡᠳ ᠰᠤᠳᠤᠯᠭᠠᠲᠠᠳ ᠴᠤ ᠲᠡᠳᠡᠨ ᠤ ᠡᠷᠡᠭᠦᠯ ᠮᠡᠨᠳᠦ ᠶᠢᠨ ᠲᠡᠮᠳᠡᠭᠯᠡᠯ ᠢ ᠪᠠᠶᠢᠴᠠᠭᠠᠨ ᠦᠵᠡᠵᠡᠢ ᠃ ᠲᠡᠭᠦᠨ ᠠᠴᠠ ᠬᠤᠶᠢᠰᠢᠬᠢ 13 | ᠵᠢᠯ ᠤᠨ ᠲᠠᠭᠠᠨ ᠰᠤᠷᠪᠤᠯᠵᠢᠯᠠᠭᠰᠠᠨ ᠬᠤᠭᠤᠴᠠᠭᠠᠨ ᠳᠤ 12916 ᠬᠥᠮᠦᠨ ᠭᠠᠨᠭ᠍ᠰᠠᠷᠠᠬᠤ ᠡᠪᠡᠳᠴᠢᠨ ᠳᠤ ᠨᠡᠷᠪᠡᠭᠳᠡᠭᠰᠡᠨ ᠢᠶᠠᠷ ᠣᠨᠣᠰᠢᠯᠠᠭᠳᠠᠵᠠᠶ ᠃ ᠰᠤᠳᠤᠯᠭᠠᠨ ᠤ | ᠠᠵᠢᠯᠲᠠᠨ ᠨᠠᠰᠤ ᠵᠢᠯ ᠂ ᠬᠦᠢᠰᠦ ᠂ ᠪᠡᠶ᠎ᠡ ᠶᠢᠨ ᠬᠦᠨᠳᠦ ᠶᠢᠨ ᠵᠢᠭᠠᠯᠲᠠ ᠲᠤᠭ᠎ᠠ ᠂ ᠨᠡᠶᠢᠭᠡᠮ ᠤᠨ ᠠᠵᠤ ᠠᠬᠤᠶ ᠶᠢᠨ ᠪᠠᠶᠢᠷᠢ ᠰᠠᠭᠤᠷᠢ ᠪᠠ ᠰᠤᠷᠭᠠᠨ ᠬᠥᠮᠦᠵᠢᠯ ᠤᠨ | ᠬᠢᠷᠢ ᠬᠡᠮᠵᠢᠶ᠎ᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ 7 ᠵᠦᠢᠯ ᠤᠨ ᠠᠮᠢᠳᠤᠷᠠᠯ ᠤᠨ ᠬᠡᠪ ᠮᠠᠶ᠋ᠢᠭ ᠨᠢ ᠭᠠᠩᠰᠠᠷᠠᠯ ᠤᠨ ᠲᠦᠭᠰᠢᠭᠦᠷᠢ ᠨᠡᠯᠢᠶᠡᠳ ᠳᠣᠤᠷ᠎ᠠ | ᠪᠠᠶᠢᠭ᠎ᠠ ᠲᠠᠢ ᠬᠤᠯᠪᠣᠭ᠎ᠠ ᠲᠠᠢ ᠶᠢ ᠣᠯᠵᠤ ᠮᠡᠳᠡᠵᠡᠶ ᠃ ᠡᠳᠡᠭᠡᠷ ᠨᠢ ᠵᠣᠬᠢᠬᠤ ᠬᠡᠮᠵᠢᠶ᠎ᠡ ᠪᠠᠷ ᠠᠷᠢᠬᠢ ᠤᠤᠭᠤᠬᠤ ᠂ ᠶᠡᠷᠦ ᠠᠴᠠ ᠲᠠᠮᠠᠬᠢ ᠲᠠᠲᠠᠬᠤ ᠦᠭᠡᠢ ᠂ ᠭᠦᠢᠴᠡᠳ | ᠤᠨᠲᠠᠬᠤ ᠂ ᠲᠣᠭᠲᠠᠭᠰᠠᠨ ᠬᠤᠭᠤᠴᠠᠭ᠎ᠠ ᠲᠠᠢ ᠪᠡᠶ᠎ᠡ ᠪᠣᠯᠪᠠᠰᠤᠷᠠᠬᠤ ᠂ ᠡᠷᠡᠭᠦᠯ ᠬᠤᠭᠤᠯᠠᠯᠠᠬᠤ ᠂ ᠦᠷᠭᠦᠯᠵᠢ ᠨᠡᠶᠢᠭᠡᠮ ᠤᠨ ᠬᠠᠷᠢᠯᠴᠠᠭ᠎ᠠ ᠬᠢᠬᠦ ᠪᠠ ᠤᠳᠠᠭᠠᠨ | ᠰᠠᠭᠤᠬᠤ ᠶᠢ ᠠᠯᠢ ᠴᠢᠳᠠᠬᠤ ᠪᠠᠷ ᠪᠠᠭᠠᠰᠬᠠᠬᠤ ᠵᠡᠷᠭᠡ ᠪᠤᠯᠤᠨ᠎ᠠ ᠃ | ᠳᠠᠷᠠᠭ᠎ᠠ ᠪᠠᠷ ᠨᠢ ᠰᠤᠳᠤᠯᠭᠠᠨ ᠤ ᠠᠵᠢᠯᠲᠠᠳ ᠣᠷᠣᠯᠴᠠᠭᠰᠠᠳ ᠤᠨ ᠠᠮᠢᠳᠤᠷᠠᠯ ᠤᠨ ᠬᠡᠪ ᠮᠠᠶ᠋ᠢᠭ ᠢ ᠦᠨᠳᠦᠰᠦᠯᠡᠨ ᠲᠡᠳᠡᠨ ᠢ ᠲᠥᠷᠥᠯ ᠬᠤᠪᠢᠶᠠᠵᠠᠶ ᠃ ᠡᠭᠦᠨ ᠤ | ᠦᠷ᠎ᠡ ᠳ᠋ᠦᠩ ᠳᠤ 5 — 7 ᠵᠦᠢᠯ ᠤᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠬᠥᠮᠦᠰ ᠤᠨ ᠭᠠᠨᠭ᠍ᠰᠠᠷᠠᠬᠤ ᠡᠪᠡᠳᠴᠢᠨ ᠳᠤ ᠨᠡᠷᠪᠡᠭᠳᠡᠬᠦ | ᠲᠦᠭᠰᠢᠭᠦᠷᠢ ᠨᠢ ᠵᠥᠪᠬᠡᠨ ᠲᠡᠭᠦᠨ ᠤ ᠳᠣᠲᠣᠷᠠᠬᠢ ᠬᠤᠶᠠᠷ ᠵᠦᠢᠯ ᠤᠨ ᠳᠠᠳᠬᠠᠯ ᠲᠠᠢ ᠬᠥᠮᠦᠰ ᠤᠨ ᠬᠢ ᠠᠴᠠ ᠳᠤᠮᠳᠠᠴᠢ ᠪᠠᠷ 57 % ᠪᠠᠷ ᠳᠣᠤᠷ᠎ᠠ ᠪᠠᠶᠢᠬᠤ ᠶᠢ | ᠢᠯᠡᠷᠡᠬᠦᠯᠵᠡᠢ ᠃ ᠤᠨᠲᠠᠬᠤ ᠂ ᠪᠣᠯᠪᠠᠰᠤᠷᠠᠬᠤ ᠪᠠ ᠨᠡᠶᠢᠭᠡᠮ ᠤᠨ ᠬᠠᠷᠢᠯᠴᠠᠭᠠᠨ ᠤ ᠠᠵᠢᠯᠯᠠᠭ᠎ᠠ ᠶᠢᠨ ᠨᠥᠯᠥᠭᠡ ᠨᠢ ᠬᠠᠮᠤᠭ ᠤᠨ ᠶᠡᠭᠡ ᠪᠠᠶᠢᠵᠤ ᠂ ᠡᠭᠦᠨ ᠤ ᠳᠣᠲᠣᠷᠠᠬᠢ | ᠠᠯᠢ ᠨᠢᠭᠡ ᠨᠢ ᠴᠦ ᠴᠥᠮ ᠭᠠᠩᠰᠠᠷᠠᠬᠤ ᠡᠪᠡᠳᠴᠢᠨ ᠤ ᠲᠦᠭᠰᠢᠭᠦᠷᠢ ᠶᠢᠨ 20 % ᠪᠠᠷ ᠪᠠᠭᠤᠷᠠᠭᠰᠠᠨ ᠲᠠᠢ ᠬᠤᠯᠪᠣᠭ᠎ᠠ ᠲᠠᠢ ᠃ | | | |