| ᠨᠠᠮᠤᠷ ᠤᠨ ᠤᠯᠠᠷᠢᠯ ᠳᠤ ᠠᠭᠠᠷ ᠤᠨ ᠲᠤᠯᠠᠭᠠᠨ ᠲᠤᠷᠤᠭᠰᠢᠯᠠᠬᠤ ᠶᠢ ᠲᠠᠭᠠᠯᠳᠤᠨ ᠂ ᠡᠪᠡᠳᠴᠢᠨ ᠡᠬᠦᠰᠬᠦ ᠲᠤᠬᠢᠶᠠᠯᠳᠤᠮᠵᠢ ᠨᠡᠮᠡᠭᠳᠡᠳᠡᠭ ᠃ ᠡᠬᠦᠨ ᠳᠤ ᠰᠡᠷᠬᠡᠶᠢᠯᠡᠬᠦ | ᠠᠵᠢᠯ ᠢᠶᠠᠨ ᠰᠠᠶᠢᠳᠤᠷ ᠬᠢᠬᠦ ᠴᠢᠬᠤᠯᠠᠳᠠᠢ ᠃ | 1 ᠂ ᠰᠢᠯᠦᠬᠡᠢ ᠡᠪᠡᠳᠴᠢᠨ | ᠰᠢᠯᠦᠬᠡᠢ ᠡᠪᠡᠳᠴᠢᠨ ᠪᠤᠯ ᠵᠤᠨ ᠨᠠᠮᠤᠷ ᠤᠨ ᠤᠯᠠᠷᠢᠯ ᠳᠤ ᠦᠷᠬᠦᠯᠵᠢ ᠲᠤᠬᠢᠶᠠᠯᠳᠤᠳᠠᠭ ᠬᠠᠯᠳᠠᠪᠤᠷᠢᠳᠦ ᠡᠪᠡᠳᠴᠢᠨ ᠪᠠᠶᠢᠵᠤ ᠂ ᠪᠠᠳᠠᠭᠠᠨ᠎ᠠ ᠪᠤᠯ ᠲᠡᠬᠦᠨ ᠤ | ᠲᠠᠷᠬᠠᠭᠠᠭᠴᠢ ᠮᠦᠨ ᠃ ᠰᠢᠯᠦᠬᠡᠢ ᠡᠪᠡᠳᠴᠢᠨ ᠨᠢ ᠲᠠᠭᠠᠷᠠᠬᠤ ᠂ ᠴᠡᠴᠡᠷᠡᠬᠦ ᠂ ᠬᠠᠯᠠᠭᠤᠷᠠᠬᠤ ᠵᠡᠷᠬᠡ ᠢᠯᠡᠷᠡᠯ ᠲᠠᠢ ᠪᠠᠶᠢᠵᠤ ᠂ ᠵᠠᠷᠢᠮ ᠦᠶ᠎ᠡ ᠳᠤ ᠪᠡᠶ᠎ᠡ ᠶᠢᠨ | ᠬᠠᠯᠠᠭᠤᠨ ᠨᠢ ᠬᠠᠮᠤᠭ ᠤᠨ ᠦᠨᠳᠦᠷ ᠲᠡᠭᠡᠨ 40 ᠭᠷᠡᠳᠦ᠋ᠰ ᠲᠤ ᠬᠦᠷᠴᠦ ᠂ ᠲᠤᠯᠤᠭᠠᠢ ᠡᠷᠬᠢᠵᠦ ᠲᠠᠮᠢᠷᠳᠠᠬᠤ ᠂ ᠶᠠᠳᠠᠷᠠᠬᠤ ᠂ ᠢᠳᠡᠬᠡᠨ ᠤ ᠲᠤᠷᠠᠰᠢᠯ ᠮᠠᠭᠤᠳᠠᠬᠤ | ᠵᠡᠷᠬᠡ ᠪᠠᠶᠢᠳᠠᠯ ᠢᠯᠡᠷᠡᠨ᠎ᠠ ᠃ ᠡᠪᠡᠳᠴᠢᠨ ᠨᠢ ᠬᠦᠨᠳᠦ ᠦᠶ᠎ᠡ ᠳᠤ ᠮᠠᠨᠠᠷᠠᠬᠤ ᠪᠤᠶᠤ ᠴᠢᠨᠠᠭᠰᠢᠯᠠᠪᠠᠯ ᠠᠮᠢ ᠨᠠᠰᠤᠨ ᠤ ᠠᠶᠤᠯ ᠲᠠᠢ ᠪᠠᠶᠢᠳᠠᠭ ᠃ | 2 ᠂ ᠰᠠᠯᠪᠤᠷᠢ ᠮᠦᠬᠡᠷᠰᠦᠨ ᠬᠤᠭᠤᠯᠠᠢ ᠶᠢᠨ ᠬᠢᠷᠬᠢᠷ᠎ᠠ | ᠬᠢᠷᠬᠢᠷ᠎ᠠ ᠪᠤᠯ ᠬᠠᠷᠰᠢᠮᠠᠳᠠᠭᠠᠢ ᠴᠢᠨᠠᠷᠳᠠᠢ ᠡᠪᠡᠳᠴᠢᠨ ᠮᠦᠨ ᠂ ᠵᠢᠯ ᠪᠦᠷᠢ ᠶᠢᠨ ᠵᠤᠨ ᠤ ᠰᠡᠬᠦᠯᠴᠢ ᠨᠠᠮᠤᠷ ᠤᠨ ᠡᠬᠢ ᠪᠠᠷ ᠡᠪᠡᠳᠴᠢᠨ ᠬᠦᠳᠡᠯᠵᠦ ᠂ ᠨᠠᠮᠤᠷ ᠤᠨ | ᠲᠤᠮᠳᠠ ᠦᠶ᠎ᠡ ᠪᠠᠷ ᠬᠦᠨᠳᠦᠷᠡᠵᠦ ᠂ ᠬᠠᠬᠢᠷ ᠡᠪᠦᠯ ᠤᠨ ᠬᠦᠬᠡᠬᠡ ᠰᠠᠷ᠎ᠠ ᠪᠤᠯᠬᠤ ᠳᠤ ᠨᠠᠮᠳᠠᠳᠠᠭ ᠃ ᠬᠢᠷᠬᠢᠷ᠎ᠡ ᠬᠦᠳᠡᠯᠬᠦ ᠠᠴᠠ ᠡᠮᠦᠨ᠎ᠡ ᠦᠷᠬᠦᠯᠵᠢ ᠤᠷᠢᠳᠴᠢᠯᠠᠭᠰᠠᠨ | ᠰᠢᠨᠵᠢ ᠲᠡᠮᠳᠡᠭ ᠢᠯᠡᠷᠡᠨ᠎ᠠ ᠂ ᠵᠢᠱᠢᠶᠡᠯᠡᠪᠡᠯ ᠂ ᠬᠠᠨᠢᠶᠠᠬᠤ ᠂ ᠴᠡᠬᠡᠵᠢ ᠪᠢᠳᠡᠬᠦᠷᠡᠬᠦ ᠂ ᠦᠷᠬᠦᠯᠵᠢᠯᠡᠨ ᠨᠠᠶᠢᠳᠠᠭᠠᠬᠤ ᠵᠡᠷᠬᠡ ᠪᠠᠶᠢᠵᠤ ᠂ ᠬᠡᠷᠪᠡ ᠴᠠᠭ ᠲᠤᠨᠢ ᠡᠮᠨᠡᠨ | ᠵᠠᠰᠠᠭᠤᠯᠬᠤ ᠦᠬᠡᠢ ᠪᠤᠯ ᠠᠮᠢᠰᠬᠤᠭᠠᠳᠠᠬᠤ ᠪᠠᠶᠢᠳᠠᠯ ᠢᠯᠡᠷᠡᠨ᠎ᠡ ᠃ | 3 ᠂ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ | ᠨᠠᠮᠤᠷ ᠤᠨ ᠤᠯᠠᠷᠢᠯ ᠳᠤ ᠠᠭᠤᠷ ᠠᠮᠢᠰᠬᠤᠯ ᠭᠠᠨᠭ᠌ ᠬᠠᠭᠤᠷᠠᠢ ᠂ ᠲᠤᠨᠳᠠᠰᠤ ᠴᠦᠬᠡᠨ ᠪᠠᠶᠢᠳᠠᠭ ᠃ ᠲᠦᠷᠬᠡᠨ ᠴᠢᠨᠠᠷᠳᠠᠢ ᠬᠤᠭᠤᠯᠠᠢ ᠶᠢᠨ ᠦᠷᠪᠢᠰᠦᠯ ᠢ | ᠲᠦᠢᠯᠪᠤᠷᠢᠳᠠᠢ ᠵᠠᠰᠠᠵᠤ ᠲᠡᠶᠢᠯᠬᠦ ᠦᠬᠡᠢ ᠪᠤᠯ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠪᠤᠯᠳᠠᠭ ᠃ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠢ | ᠰᠡᠷᠬᠡᠶᠢᠯᠡᠬᠦ ᠳᠤ ᠬᠡᠢ ᠲᠡᠩᠭᠡᠷᠡᠬᠦᠯᠵᠦ ᠬᠠᠯᠠᠭᠤᠨ ᠢ ᠠᠷᠢᠯᠭᠠᠨ ᠂ ᠬᠤᠭᠤᠯᠠᠢ ᠪᠠᠨ ᠴᠡᠪᠡᠷᠯᠡᠵᠦ ᠂ ᠢᠳᠡᠭᠡᠨ ᠤᠮᠳᠠᠭᠠᠨ ᠤ ᠲᠠᠯ᠎ᠠ ᠪᠠᠷ ᠦᠷᠬᠦᠯᠵᠢ ᠨᠤᠭᠤᠭᠠᠨ | ᠪᠤᠷᠴᠠᠭ ᠤᠨ ᠤᠮᠳᠠᠭᠠᠨ ᠪᠤᠶᠤ ᠴᠠᠰᠤᠨ ᠠᠯᠢᠮ᠎ᠠ ᠶᠢᠨ ᠡᠬᠡᠳᠡᠩ ᠢᠳᠡᠪᠡᠯ ᠵᠤᠬᠢᠨ᠎ᠠ ᠃ | ᠡᠪᠡᠳᠴᠢᠨ ᠢ ᠰᠡᠷᠬᠡᠶᠢᠯᠡᠬᠦ ᠳᠤ ᠲᠤᠤᠷᠠᠬᠢ ᠵᠦᠢᠯᠡᠰ ᠢ ᠠᠩᠬᠠᠷᠪᠠᠯ ᠵᠤᠬᠢᠨ᠎ᠠ | 1 ᠂ ᠤᠨᠳᠠᠵᠤ ᠠᠮᠠᠷᠠᠬᠤ ᠪᠠᠨ ᠲᠤᠬᠢᠷᠠᠭᠤᠯᠤᠨ᠎ᠠ ᠃ ᠡᠷᠳᠡ ᠤᠨᠳᠠᠵᠤ ᠡᠷᠳᠡ ᠪᠤᠰᠴᠤ ᠂ ᠬᠤᠪᠴᠠᠰᠤ ᠬᠤᠨᠠᠷ ᠢᠶᠠᠨ ᠵᠤᠵᠠᠭᠠᠯᠠᠨ ᠂ ᠵᠢᠩᠭᠢᠨᠡᠬᠦ ᠠᠴᠠ ᠰᠡᠷᠬᠡᠶᠢᠯᠡᠨ᠎ᠠ ᠃ | ᠬᠡᠷ ᠤᠨ ᠭᠠᠳᠠᠨᠠᠬᠢ ᠬᠦᠳᠡᠯᠬᠡᠬᠡᠨ ᠢᠶᠠᠨ ᠨᠡᠮᠡᠭᠳᠡᠬᠦᠯᠬᠦ ᠬᠡᠷᠡᠭᠳᠡᠢ ᠃ | 2 ᠂ ᠢᠳᠡᠬᠡᠨ ᠤᠮᠳᠠᠭᠠᠨ ᠢᠶᠠᠨ ᠵᠤᠬᠢᠰᠳᠠᠢ ᠲᠤᠬᠢᠷᠠᠭᠤᠯᠤᠨ᠎ᠠ ᠃ ᠭᠤᠰᠢᠭᠤᠨ ᠢᠳᠡᠬᠡᠨ ᠪᠠᠭ᠎ᠠ ᠢᠳᠡᠵᠦ ᠂ ᠢᠰᠬᠦᠯᠡᠩ ᠢᠳᠡᠬᠡᠨ ᠢᠯᠡᠬᠦᠦ ᠢᠳᠡᠨ᠎ᠠ ᠃ | ᠵᠢᠱᠢᠶᠡᠯᠡᠪᠡᠯ ᠂ ᠠᠯᠮᠤᠷᠠᠳ ᠂ ᠵᠦᠷᠵᠢ ᠂ ᠲᠤᠯᠤᠨᠤ ᠂ ᠲᠤᠰᠢᠯᠤᠭ ᠵᠡᠷᠬᠡ ᠶᠢ ᠢᠯᠡᠬᠦᠦ ᠢᠳᠡᠪᠡᠯ ᠠᠭᠤᠰᠬᠢᠨ ᠤ ᠬᠡᠢ ᠶᠢ ᠲᠠᠷᠤᠵᠤ ᠲᠡᠶᠢᠯᠦᠨ᠎ᠠ ᠃ ᠰᠤᠩᠭᠢᠨ᠎ᠠ ᠂ ᠭᠠ | ᠵᠡᠷᠬᠡ ᠭᠤᠱᠤᠭᠤᠨ ᠢᠳᠡᠬᠡᠨ ᠢ ᠪᠠᠭ᠎ᠠ ᠢᠳᠡᠨ᠎ᠠ ᠃ | 3 ᠂ ᠤᠰᠤ ᠢᠯᠡᠬᠦᠦ ᠤᠤᠭᠤᠨ᠎ᠠ ᠃ ᠤᠰᠤ ᠢᠯᠡᠬᠦᠦ ᠤᠤᠭᠤᠬᠤ ᠪᠤᠯ ᠨᠠᠮᠤᠷ ᠤᠨ ᠤᠯᠠᠷᠢᠯ ᠳᠤ ᠠᠭᠤᠰᠬᠢ ᠶᠢ ᠰᠢᠮᠡᠵᠢᠬᠦᠯᠬᠦ ᠰᠡᠶᠢᠨ ᠠᠷᠭ᠎ᠠ ᠮᠦᠨ ᠂ ᠨᠢᠬᠡ ᠯᠠ | ᠤᠳᠠᠭ᠎ᠠ ᠳᠤ ᠶᠡᠭᠡ ᠬᠡᠮᠵᠢᠶ᠎ᠡ ᠪᠠᠷ ᠤᠰᠤ ᠤᠤᠭᠤᠵᠤ ᠪᠤᠯᠬᠤ ᠦᠬᠡᠢ ᠂ ᠬᠠᠷᠢᠨ ᠤᠯᠠᠨ ᠤᠳᠠᠭ᠎ᠠ ᠪᠠᠭ᠎ᠠ ᠪᠠᠭ᠎ᠠ ᠪᠠᠷ ᠤᠤᠭᠤᠬᠤ ᠬᠡᠷᠡᠭᠳᠡᠢ ᠃ | 4 ᠂ ᠤᠷᠮ᠎ᠠ ᠰᠡᠳᠬᠢᠯᠬᠡ ᠪᠠᠨ ᠰᠠᠶᠢᠳᠤᠷ ᠲᠤᠬᠢᠷᠠᠭᠤᠯᠤᠨ᠎ᠠ ᠃ ᠦᠷᠯᠦᠬᠡ ᠡᠷᠳᠡ ᠪᠠᠶ᠎ᠠ ᠪᠤᠯᠪᠠᠰᠤᠷᠠᠭᠤᠯᠬᠤ ᠦᠶ᠎ᠡ ᠳᠤ ᠴᠡᠬᠡᠵᠢ ᠲᠡᠨᠢᠢᠨ ᠢᠨᠢᠶᠡᠪᠡᠯ ᠠᠭᠤᠰᠬᠢ ᠶᠢ | ᠴᠡᠪᠡᠷᠰᠢᠬᠦᠯᠵᠦ ᠂ ᠬᠠᠶᠠᠭᠳᠠᠮᠠᠯ ᠬᠡᠢ ᠶᠢ ᠭᠠᠷᠭᠠᠵᠤ ᠂ ᠴᠢᠰᠤᠨ ᠤ ᠡᠷᠬᠢᠯᠳᠡ ᠶᠢ ᠲᠦᠷᠬᠡᠳᠬᠡᠵᠦ ᠂ ᠵᠢᠷᠦᠬᠡ ᠠᠭᠤᠰᠬᠢ ᠬᠡᠢ ᠴᠢᠰᠤ ᠶᠢ ᠲᠤᠬᠢᠷᠠᠭᠤᠯᠵᠤ ᠂ ᠡᠯᠢᠬᠡᠨ ᠤ | ᠬᠡᠢ ᠶᠢ ᠢᠯᠭᠤᠮ ᠪᠤᠯᠭᠠᠵᠤ ᠂ ᠬᠦᠮᠦᠨ ᠤ ᠤᠷᠮ᠎ᠠ ᠰᠡᠳᠬᠢᠯᠬᠡ ᠶᠢ ᠲᠤᠭᠳᠠᠭᠤᠨ ᠪᠠᠶᠢᠯᠭᠠᠵᠤ ᠴᠢᠳᠠᠨ᠎ᠠ ᠃ | ︵ ︽ ᠦᠪᠦᠷ ᠮᠤᠩᠭᠤᠯ ᠤᠨ ᠮᠤᠩᠭᠤᠯ ᠷᠠᠳᠢᠣ᠋ ︾ ᠵᠢᠷᠬᠢᠶ᠎ᠠ ᠲᠠᠪᠴᠡᠩ ᠠᠴᠠ ︶ | | | |